ᠮᠠᠨ ᠤ ᠤᠷᠤᠨ ᠰᠤᠷᠭᠠᠭᠤᠯᠢ ᠶᠢᠨ ᠠᠮᠤᠷ ᠲᠦᠪᠰᠢᠨ ᠤ ᠬᠦᠮᠦᠵᠢᠯ ᠤᠨ ᠠᠵᠢᠯ ᠢ ᠰᠠᠶᠢᠳᠦᠷ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2015/4/30
     ᠡᠮᠤᠨᠡᠬᠡᠨ ᠰᠤᠷᠪᠤᠯᠵᠢᠯᠠᠬᠴᠢ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠴᠠ ᠤᠢᠢᠯᠠᠭᠠᠬᠰᠠᠨ  ᠢᠶᠠᠷ᠂ ᠤᠢᠢᠷ᠎ᠡ ᠶᠢᠨ ᠵᠢᠯ ᠤᠳ ᠲᠤ ᠮᠠᠨ ᠤ ᠤᠷᠤᠨ ᠰᠤᠷᠤᠭᠴᠢᠳ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠤᠯᠤᠨ ᠠᠮᠤᠷ ᠲᠦᠪᠰᠢᠨ ᠤ ᠲᠠᠨᠢᠯᠳᠡ ᠶᠢ ᠠᠮᠤᠷ ᠲᠦᠪᠰᠢᠨ ᠤ ᠬᠦᠮᠦᠵᠢᠯ ᠤᠨ ᠲᠠᠷᠢᠬᠦᠨ ᠪᠠᠶᠢᠷᠢᠨ ᠳᠤ ᠲᠠᠯᠪᠢᠵᠤ᠂ ᠰᠤᠷᠭᠠᠭᠤᠯᠢ ᠠᠴᠠ ᠪᠠᠴᠢᠮ ᠠᠶᠤᠯ ᠠᠴᠠ ᠵᠠᠶᠢᠯᠠᠬᠤ ᠪᠤᠯᠪᠠᠰᠤᠷᠠᠯ ᠢ ᠵᠢᠯ ᠪᠤᠯᠭᠠᠨ ᠵᠤᠬᠢᠶᠠᠨ ᠪᠠᠶᠢᠭᠤᠯᠤᠨ᠂ ᠭᠠᠵᠡᠷ ᠬᠦᠳᠡᠯᠤᠯᠳᠡ ᠲᠠᠢ ᠲᠡᠮᠡᠴᠡᠬᠦ᠂ ᠭᠠᠯ ᠢ ᠰᠡᠷᠬᠡᠶᠢᠯᠡᠬᠦ᠂ ᠠᠰᠠᠷ ᠤᠨ ᠱᠠᠳᠤ ᠪᠠᠷ ᠴᠢᠬᠢᠯᠳᠤᠵᠤ ᠠᠶᠤᠯ ᠭᠠᠷᠬᠤ ᠠᠴᠠ ᠪᠤᠯᠭᠤᠮᠵᠢᠯᠠᠬᠤ ᠵᠡᠷᠬᠡ ᠶᠢ ᠬᠠᠮᠤᠷᠠᠬᠰᠠᠨ ᠲᠤᠰᠬᠠᠢ ᠬᠢᠴᠢᠶᠡᠯᠡᠯᠬᠡ ᠪᠤᠯᠤᠨ ᠤᠯᠠᠨ ᠵᠦᠢᠯ ᠤᠨ ᠠᠷᠭ᠎ᠠ ᠪᠠᠷ ᠰᠤᠷᠤᠭᠴᠢᠳ ᠲᠤ ᠠᠮᠤᠷ ᠲᠦᠪᠰᠢᠨ ᠤ ᠬᠦᠮᠦᠵᠢᠯ ᠬᠢᠬᠦ ᠶᠢ ᠪᠠᠷᠢᠮᠳᠠᠯᠠᠬᠰᠠᠭᠠᠷ ᠢᠷᠡᠵᠡᠢ᠃      4 ᠰᠠᠷ᠎ᠡ ᠶᠢᠨ 15᠎ ᠤ ᠡᠳᠤᠷ ᠤᠨ 15 ᠴᠠᠭ 39 ᠮᠢᠨᠦ᠋ᠲ ᠲᠤ ᠠᠯᠠᠱᠠ ᠠᠶᠢᠮᠠᠬ ᠤᠨ ᠠᠯᠠᠱᠠ ᠵᠡᠬᠦᠨ ᠬᠤᠰᠢᠭᠤᠨ ᠳᠤ 5.8 ᠲᠡᠰ ᠤᠨ ᠭᠠᠵᠡᠷ ᠬᠦᠳᠡᠯᠤᠨ᠂ ᠦᠬᠠᠢ ᠬᠤᠳᠡ ᠳᠤ ᠲᠤᠷᠬᠢᠯᠳᠡ ᠭᠠᠷᠤᠬᠰᠠᠨ ᠪᠠᠶᠢᠳᠠᠯ ᠲᠤᠤᠷ᠎ᠡ᠂ ᠠᠯᠠᠱᠠ ᠠᠶᠢᠮᠠᠬ ᠪᠤᠯᠤᠨ ᠦᠬᠠᠢ ᠬᠤᠳᠡ ᠶᠢᠨ ᠲᠤᠮᠳᠠ ᠪᠠᠭ᠎ᠠ ᠰᠤᠷᠭᠠᠭᠤᠯᠢ᠂ ᠴᠡᠴᠡᠷᠯᠢᠭ ᠤᠨ ᠪᠦᠬᠦ ᠪᠠᠭᠰᠢ ᠰᠤᠷᠤᠭᠴᠢᠳ ᠴᠠᠬ ᠲᠤᠬᠠᠢ ᠳᠤᠨᠢ ᠲᠦᠷᠬᠡᠨ᠂ ᠡᠮᠬᠢ ᠵᠢᠷᠤᠮ ᠲᠠᠢ᠂ ᠠᠮᠤᠷ ᠲᠦᠪᠰᠢᠨ ᠢᠶᠠᠷ ᠬᠢᠴᠢᠶᠡᠯᠯᠡᠬᠦ ᠠᠰᠠᠷ ᠠᠴᠠ ᠰᠠᠯᠵᠤ᠂ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠭᠠᠵᠡᠷ ︵ᠲᠠᠮᠢᠷ ᠤᠨ ᠲᠠᠯᠠᠪᠤᠷ ᠵᠡᠷᠬᠡ︶᠎ ᠲᠤ ᠬᠦᠷᠤᠨ᠂ ᠰᠢᠷᠬᠠᠳᠠᠵᠤ ᠠᠳᠡᠭᠰᠡᠨ ᠤᠴᠢᠷ ᠭᠠᠷᠤᠬᠰᠠᠨ ᠦᠬᠡᠢ ᠪᠦᠬᠡᠳ ᠡᠨᠡ ᠬᠦ ᠪᠦᠬᠦ᠋ᠢᠯᠡ ᠶᠠᠪᠤᠴᠡ ᠨᠢ ᠲᠡᠭᠰᠢᠳᠬᠡᠬᠡᠳ 2 ᠮᠢᠨᠦ᠋ᠲ ᠭᠠᠷᠦ᠋ᠢᠬᠠᠠ ᠴᠠᠭ ᠬᠡᠷᠡᠭᠰᠡᠵᠡᠢ᠃      ᠤᠢᠢᠷ᠎ᠡ ᠶᠢᠨ ᠵᠢᠯ ᠤᠳ ᠲᠤ᠂ ᠮᠠᠨ ᠤ ᠤᠷᠤᠨ ᠪᠠᠭᠰᠢ ᠰᠤᠷᠤᠭᠴᠢᠳ ᠤᠨ ᠪᠠᠴᠢᠮ ᠠᠶᠤᠯ ᠠᠴᠠ ᠵᠠᠶᠢᠯᠠᠬᠤ ᠪᠤᠯᠪᠠᠰᠤᠷᠠᠯ ᠢ ᠴᠢᠩᠭᠠᠳᠬᠠᠭᠰᠠᠨ ᠠᠴᠠ ᠰᠤᠷᠤᠭᠴᠢᠳ ᠦᠪᠡᠷ ᠤᠨ ᠪᠡᠶ᠎ᠡ ᠪᠠᠨ ᠬᠠᠮᠠᠭᠠᠯᠠᠬᠤ᠂ ᠠᠶᠤᠯ ᠲᠦᠭᠰᠢᠬᠦᠷᠢ ᠶᠢᠨ ᠲᠤᠮᠳᠠ ᠠᠴᠠ ᠲᠤᠳᠠᠭᠠᠬᠤ᠂ ᠦᠪᠡᠷ ᠢ ᠪᠠᠨ ᠠᠪᠤᠷᠠᠬᠤ᠂ ᠬᠠᠷᠢᠯᠴᠠᠨ ᠲᠤᠰᠠᠯᠠᠬᠤ ᠵᠡᠷᠬᠡ ᠦᠨᠳᠦᠰᠦᠨ ᠠᠷᠭ᠎ᠠ ᠨᠤᠭᠤᠳ ᠢ ᠰᠤᠷᠴᠤ᠂ ᠤᠳᠤᠬᠠᠨ ᠳᠤ᠂ ︽ᠪᠠᠴᠢᠮ ᠠᠶᠤᠯ ᠠᠴᠠ ᠵᠠᠶᠢᠯᠠᠬᠤ ᠪᠤᠯᠪᠠᠰᠤᠷᠠᠯ︾᠎ ᠨᠢ ᠮᠠᠨ ᠤ ᠤᠷᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠦᠮᠦᠵᠢᠯ ᠤᠨ ᠪᠠᠶᠢᠩᠭᠤ ᠶᠢᠨ ᠠᠵᠢᠯ ᠪᠤᠯᠵᠤ᠂ ᠡᠯ᠎ᠡ ᠰᠤᠷᠭᠠᠭᠤᠯᠢ ᠨᠤᠭᠤᠳ ︽ᠰᠡᠷᠬᠡᠶᠢᠯᠡᠬᠦ ᠪᠠᠷ ᠭᠤᠤᠯ ᠪᠤᠯᠭᠠᠨ᠂ ᠶᠡᠷᠤᠩᠬᠡᠶᠢᠯᠡᠨ ᠴᠡᠭᠴᠡᠯᠡᠵᠤ᠂ ᠠᠮᠤᠷ ᠲᠦᠪᠰᠢᠨ ᠨᠢᠬᠡᠳᠤᠬᠡᠷ︾ ᠬᠡᠬᠦ ᠵᠠᠷᠴᠢᠮ ᠢ ᠪᠠᠷᠢᠮᠳᠠᠯᠠᠨ᠂ ᠡᠶ᠎ᠡ ᠵᠤᠬᠢᠴᠠᠩᠭᠤᠢ ᠠᠮᠤᠷ ᠲᠠᠶᠢᠪᠤᠩ ᠰᠤᠷᠭᠠᠭᠤᠯᠢ ᠶᠢ ᠪᠠᠶᠢᠭᠤᠯᠤᠨ᠂ ᠪᠦᠬᠦ ᠪᠠᠭᠰᠢ ᠰᠤᠷᠤᠭᠴᠢᠳ ᠤᠨ ᠠᠮᠤᠷ ᠲᠦᠪᠰᠢᠨ ᠤ ᠲᠠᠨᠢᠯᠳᠡ ᠶᠢ ᠴᠢᠩᠭᠠᠳᠬᠠᠨ᠂ ᠭᠠᠵᠡᠷ ᠬᠦᠳᠡᠯᠦᠯᠳᠡ ᠪᠤᠯᠤᠨ ᠬᠡᠨᠡᠳᠳᠡ ᠶᠢᠨ ᠭᠠᠯ ᠤᠨ ᠠᠶᠤᠯ ᠠᠴᠠ ᠦᠪᠡᠷ ᠢ ᠪᠠᠨ ᠠᠪᠤᠷᠠᠬᠤ᠂ ᠦᠪᠡᠷ  ᠢ ᠪᠠᠨ ᠬᠠᠮᠠᠭᠠᠯᠠᠬᠤ ᠤᠬᠠᠮᠰᠠᠷ ᠢ ᠨᠡᠮᠡᠭᠳᠡᠬᠦᠯᠦᠨ᠂ ᠰᠤᠷᠭᠠᠭᠤᠯᠢ ᠶᠢᠨ ᠠᠮᠤᠷ ᠲᠦᠪᠨᠰᠢᠨ ᠤ ᠬᠠᠮᠢᠶᠠᠷᠤᠯᠳᠡ ᠶᠢ ᠲᠡᠬᠡᠭᠰᠢᠯᠡᠬᠦᠯᠵᠡᠢ᠃ ᠤᠳᠤᠬᠠᠨ ᠪᠤᠯᠲᠠᠯ᠎ᠠ᠂ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠨᠢ ᠰᠤᠷᠤᠭᠴᠢᠳ ᠤᠨ ᠰᠢᠷᠠᠬᠳᠠᠵᠤ ᠠᠳᠡᠭᠰᠡᠨ᠂ ᠴᠢᠬᠢᠯᠳᠤᠵᠤ ᠠᠶᠤᠯ ᠭᠠᠷᠤᠬᠰᠠᠨ ᠵᠡᠷᠬᠡ ᠬᠡᠷᠡᠭ ᠤᠨ ᠮᠡᠳᠡᠬᠦᠯᠦᠯᠳᠡ ᠶᠢ ᠤᠯᠤᠭ᠎ᠠ ᠦᠭᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号