ᠥᠪᠥᠷ ᠮᠣᠩᠭᠤᠯ᠄ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠳᠠ  ᠶᠢᠨ ᠠᠰᠠᠷ ᠢ ᠪᠣᠰᠬᠠᠵᠤ᠂ ᠲᠤᠮᠳᠠᠳᠤ ᠣᠷᠣᠰ ᠤᠨ ᠠᠵᠤ ᠠᠬᠤᠢ ᠠᠷᠠᠯᠵᠢᠶ᠎ᠠ ᠳᠤ ᠦᠯᠡᠴᠢᠯᠡᠨ᠎ᠠ
ᠨᠡᠶᠢᠲᠡᠯᠡᠭᠰᠡᠨ ᠴᠠᠭ᠄
2015/5/11
     5 ᠳ᠋ᠤᠭᠠᠷ ᠰᠠᠷ᠎ᠠ ᠶᠢᠨ 9᠎ ᠤ ᠡᠳᠦᠷ᠂ ᠰᠢᠪᠡᠭᠡ ᠪᠣᠭᠤᠮᠲᠠ ᠳᠤ ᠠᠵᠢᠯᠴᠢᠳ ᠪᠠᠷᠢᠯᠭ᠎ᠠ ᠪᠠᠷᠢᠵᠤ ᠪᠠᠶᠢᠭ᠎ᠠ ᠨᠢ      ᠲᠤᠮᠳᠠᠳᠤ ᠣᠷᠣᠰ ᠬᠤᠶᠠᠷ ᠲᠠᠯ᠎ᠠ ᠶᠢᠨ ᠬᠢᠨ ᠤ ᠡᠳ᠋ ᠪᠠᠷᠠᠭ᠎ᠠ ᠲᠡᠭᠡᠭᠡᠪᠦᠷᠢᠯᠡᠬᠦ᠂ ᠬᠤᠪᠢ ᠬᠥᠮᠥᠨ ᠪᠠ ᠪᠦᠯᠬᠦᠮ ᠤᠨ ᠵᠢᠭᠤᠯᠴᠢᠯᠠᠯ ᠳᠤ ᠦᠢᠯᠡᠴᠢᠯᠡᠬᠦ ᠶᠢᠨ ᠲᠤᠰᠠᠳᠠ᠂ ᠡᠳ᠋ ᠪᠠᠷᠠᠭ᠎ᠠ ᠪᠠ ᠠᠶᠠᠨᠴᠢᠳ ᠤᠨ ᠲᠡᠭᠡᠭᠡᠪᠦᠷᠢ ᠶᠢᠨ ᠵᠠᠮ ᠢ ᠰᠠᠯᠭᠠᠵᠤ ᠠᠵᠢᠯᠯᠠᠭᠤᠯᠬᠤ ᠪᠠᠷ ᠥᠪᠥᠷ ᠮᠣᠩᠭᠤᠯ ᠤᠨ ᠬᠦᠯᠦᠨ ᠪᠣᠶᠢᠷ ᠤᠨ ᠰᠢᠪᠡᠭᠡ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠲᠣᠮᠣ ᠠᠰᠠᠷ ᠢ ᠰᠢᠨ᠎ᠡ ᠪᠠᠷ ᠪᠠᠷᠢᠬᠤ ᠠᠵᠢᠯ ᠨᠢ 2014 ᠣᠨ ᠤ 3 ᠳ᠋ᠤᠭᠠᠷ ᠰᠠᠷ᠎ᠠ ᠳᠤ ᠪᠠᠷᠢᠯᠭ᠎ᠠ ᠪᠠᠨ ᠡᠬᠢᠯᠡᠭᠦᠯᠵᠦ᠂ ᠲᠥᠰᠥᠭᠡᠯᠡᠭᠰᠡᠨ ᠢᠶᠠᠷ 2015 ᠣᠨ ᠤ 9 ᠳ᠋ᠦ᠋ᠭᠡᠷ ᠰᠠᠷ᠎ᠠ ᠳᠤ ᠲᠠᠭᠤᠰᠬᠠᠬᠤ ᠪᠣᠯᠣᠨ᠎ᠠ᠃ ᠬᠠᠮᠲᠤᠷᠠᠭᠰᠠ ᠪᠠᠶᠢᠴᠠᠭᠠᠯᠲᠠ ᠶᠢᠨ ᠰᠢᠨ᠎ᠡ ᠠᠰᠠᠷ ᠨᠢ ᠪᠣᠯ ᠤᠯᠤᠰ ᠤᠨ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠤᠭᠤᠯᠬᠤ ᠶᠢ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ᠂ ᠪᠣᠭᠤᠮᠲᠠ᠂ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ᠂ ᠪᠣᠭᠤᠮᠲᠠ ᠶᠢᠨ ᠠᠯᠪᠠᠨ ᠭᠡᠷ ᠳᠦᠷᠪᠡᠨ ᠶᠡᠭᠡ ᠠᠵᠢᠯᠯᠠᠬᠤ ᠲᠣᠭᠤᠷᠢᠭ ᠢᠶᠠᠷ ᠪᠦᠷᠢᠯᠳᠦᠪᠡ᠃ ᠰᠢᠪᠡᠭᠡ ᠪᠣᠭᠤᠮᠲᠠ ᠨᠢ ᠲᠤᠮᠳᠠᠳᠤ ᠣᠷᠣᠰ ᠬᠤᠶᠠᠷ ᠤᠯᠤᠰ ᠤᠨ ᠬᠢᠯᠢ ᠶᠢᠨ ᠡᠷᠭᠦᠨ᠎ᠡ ᠭᠤᠣᠯ ᠤᠨ ᠲᠤᠮᠳᠠᠳᠤ ᠤᠷᠤᠰᠬᠠᠯ ᠤᠨ ᠵᠡᠭᠦᠨ ᠲᠠᠢ᠂ ᠣᠷᠣᠰ ᠤᠨ ᠴᠢᠲ᠋ᠠ ᠵᠧᠦ ᠶᠢᠨ ᠣᠯᠦ᠋ᠸ᠋ᠴᠢ ᠪᠣᠭᠤᠮᠲᠠ ᠲᠠᠢ ᠵᠣᠬᠢᠴᠠᠯᠳᠤᠨ ᠪᠠᠶᠢᠷᠢᠯᠠᠵᠤ᠂ ᠮᠣᠳᠣᠨ ᠮᠠᠲ᠋ᠧᠷᠢᠶᠠᠯ ᠪᠠ ᠠᠭᠤᠷᠬᠠᠢ ᠶᠢᠨ ᠭᠠᠷᠤᠯᠲᠠ ᠣᠷᠤᠭᠤᠯᠬᠤ ᠎ ᠪᠠᠷ ᠭᠤᠣᠯᠳᠠᠭᠤᠯᠤᠨ᠎ᠠ᠃
    5 ᠳ᠋ᠤᠭᠠᠷ ᠰᠠᠷ᠎ᠠ ᠶᠢᠨ 9᠎ ᠤ ᠡᠳᠦᠷ᠂ ᠰᠢᠪᠡᠭᠡ ᠪᠣᠭᠤᠮᠲᠠ ᠳᠤ ᠠᠵᠢᠯᠴᠢᠳ ᠪᠠᠷᠢᠯᠭ᠎ᠠ ᠪᠠᠷᠢᠵᠤ ᠪᠠᠶᠢᠭ᠎ᠠ ᠎ ᠨᠢ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号