ᠥᠪᠥᠷ ᠮᠣᠩᠭᠤᠯ ᠤᠨ ᠴᠢᠩᠭᠢᠰ ᠬᠠᠭᠠᠨ ᠤ ᠣᠩᠭᠤᠨ ᠳᠤ ᠬᠠᠮᠤᠭ ᠤᠨ ᠥᠷᠭᠡᠨ ᠬᠡᠪᠴᠢᠶᠡᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠪᠣᠯᠪᠠ
ᠨᠡᠶᠢᠲᠡᠯᠡᠭᠰᠡᠨ ᠴᠠᠭ᠄
2015/5/12
    5 ᠳ᠋ᠤᠭᠠᠷ ᠰᠠᠷ᠎ᠠ ᠶᠢᠨ 9᠎ ᠤ ᠡᠳᠦᠷ᠂ ᠴᠢᠩᠭᠢᠰ ᠬᠠᠭᠠᠨ ᠤ ᠣᠩᠭᠤᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠳᠤ ᠬᠦᠷᠦᠯᠴᠡᠨ ᠢᠷᠡᠭᠰᠡᠨ ᠬᠥᠮᠥᠰ      ᠲᠤᠰ ᠡᠳᠦᠷ ᠪᠣᠯ ᠪᠢᠯᠢᠭ ᠤᠨ ᠤᠯᠠᠷᠢᠯ ᠤᠨ 3 ᠳ᠋ᠤᠭᠠᠷ ᠰᠠᠷ᠎ᠠ ᠶᠢᠨ 21᠎ ᠤ ᠡᠳᠦᠷ ᠪᠣᠯᠣᠨ᠎ᠠ᠃ ᠴᠢᠩᠭᠢᠰ ᠬᠠᠭᠠᠨ ᠤ ᠬᠠᠪᠤᠷ ᠤᠨ ᠴᠠᠭᠠᠨ ᠰᠦᠷᠦᠭ ᠤᠨ ᠶᠡᠭᠡ ᠳᠠᠶᠢᠯᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠡᠵᠡᠨᠬᠤᠷᠤᠭ᠎ᠠ ᠬᠤᠰᠢᠭᠤᠨ ᠤ ᠴᠢᠩᠭᠢᠰ ᠬᠠᠭᠠᠨ ᠤ ᠣᠩᠭᠤᠨ ᠳᠤ ᠪᠣᠯᠪᠠ᠃ ᠬᠠᠪᠤᠷ ᠤᠨ ᠶᠡᠭᠡ ᠳᠠᠶᠢᠯᠭ᠎ᠠ ᠪᠣᠯ ᠴᠢᠩᠬᠢᠰ ᠬᠠᠭᠠᠨ ᠤ ᠣᠩᠭᠤᠨ ᠳᠤ ᠪᠣᠯᠬᠤ ᠨᠢᠭᠡ ᠵᠢᠯ ᠳᠠᠬᠢ ᠬᠠᠮᠤᠭ ᠤᠨ ᠥᠷᠭᠡᠨ ᠬᠡᠪᠴᠢᠶᠡᠨ ᠤ ᠶᠡᠭᠡ ᠳᠠᠶᠢᠯᠭ᠎ᠠ ᠪᠣᠯᠣᠨ᠎ᠠ᠃  ᠡᠨᠡ ᠬᠦ ᠳᠠᠶᠢᠯᠭ᠎ᠠ ᠨᠢ 700 ᠭᠠᠷᠤᠢ ᠵᠢᠯ ᠤᠨ ᠤᠯᠠᠮᠵᠢᠯᠠᠭᠳᠠᠭᠰᠠᠨ ᠲᠡᠦᠬᠡ ᠲᠠᠢ᠂ ᠵᠢᠯ ᠪᠦᠷᠢ ᠶᠢᠨ ᠪᠢᠯᠢᠭ ᠤᠨ 3 ᠳ᠋ᠤᠭᠠᠷ ᠰᠠᠷ᠎ᠠ ᠶᠢᠨ 17᠎ ᠤ ᠡᠳᠦᠷ ᠠᠴᠠ 24᠎ ᠤ ᠡᠳᠦᠷ ᠪᠣᠯᠲᠠᠯ᠎ᠠ ᠶᠠᠪᠤᠭᠳᠠᠳᠠᠭ᠂ ᠡᠭᠦᠨ ᠤ ᠳᠣᠲᠣᠷ᠎ᠠ 3 ᠳ᠋ᠤᠭᠠᠷ ᠰᠠᠷ᠎ᠠ ᠶᠢᠨ 21᠎ ᠤ ᠡᠳᠦᠷ ᠪᠣᠯ ᠭᠤᠣᠯ ᠳᠠᠶᠢᠯᠭ᠎ᠠ ᠶᠢᠨ ᠡᠳᠦᠷ ᠪᠣᠯᠣᠨ᠎ᠠ᠃ ᠳᠠᠶᠢᠯᠭ᠎ᠠ ᠳᠤ᠂ ᠮᠣᠩᠭᠤᠯ ᠬᠢᠲᠠᠳ ᠦᠨᠳᠦᠰᠦᠲᠡᠨ ᠨᠦᠭᠦᠳ ᠤᠨ ᠣᠯᠠᠨ ᠲᠦᠮᠡᠨ ᠮᠠᠨᠢ ᠬᠠᠳᠠᠭ ᠎ ᠶᠤᠭᠠᠨ ᠡᠷᠭᠦᠵᠦ᠂ ᠴᠠᠭᠠᠨ ᠢᠳᠡᠭᠡ ᠲᠣᠰᠣ᠂ ᠬᠤᠨᠢᠨ ᠮᠢᠬ᠎ᠠ ᠵᠡᠷᠭᠡ ᠢᠳᠡᠭᠡᠨ ᠤ ᠳᠡᠭᠡᠵᠢ ᠪᠠᠨ ᠳᠠᠶᠢᠯᠭ᠎ᠠ ᠳᠤ ᠳᠡᠪᠰᠢᠭᠦᠯᠵᠦ᠂ ᠮᠣᠩᠭᠤᠯ ᠦᠨᠳᠦᠰᠦᠲᠡᠨ ᠤ ᠳᠡᠭᠡᠳᠦᠰ ᠴᠢᠩᠭᠢᠰ ᠬᠠᠭᠠᠨ ᠤ ᠠᠯᠳᠠᠷ ᠭᠠᠪᠢᠶ᠎ᠠ ᠶᠢ ᠮᠥᠷᠥᠭᠡᠳᠦᠨ ᠳᠤᠷᠠᠰᠬᠠᠵᠤ᠂ ᠰᠢᠨ᠎ᠡ ᠨᠢᠭᠡ ᠵᠢᠯ ᠳᠤ ᠬᠤᠷ᠎ᠠ ᠪᠣᠷᠣᠭᠠᠨ ᠲᠡᠭᠰᠢ᠂ ᠡᠪᠡᠰᠦ ᠪᠡᠯᠴᠢᠭᠡᠷ ᠥᠩᠭᠡᠰᠢᠭ ᠰᠢᠮᠡᠯᠢᠭ᠂ ᠠᠷᠠᠳ ᠲᠦᠮᠡᠨ ᠪᠠᠶᠠᠷ ᠵᠢᠷᠭᠠᠯ ᠡᠩᠬᠡ ᠠᠮᠤᠭᠤᠯᠠᠩ ᠲᠠᠢ ᠪᠠᠶᠢᠬᠤ ᠶᠢ ᠳᠠᠭᠠᠳᠬᠠᠳᠠᠭ᠃ ᠶᠡᠭᠡ ᠳᠠᠶᠢᠯᠭ᠎ᠠ ᠳᠤ ᠮᠣᠩᠭᠤᠯ ᠬᠢᠲᠠᠳ ᠦᠨᠳᠦᠰᠦᠲᠡᠨ ᠨᠦᠭᠦᠳ ᠤᠨ 12 ᠲᠦᠮᠡᠨ ᠠᠷᠠᠳ ᠣᠯᠠᠨ ᠣᠷᠣᠯᠴᠠᠪᠠ᠃ 2006 ᠣᠨ ᠳᠤ᠂ ᠴᠢᠩᠭᠢᠰ ᠬᠠᠭᠠᠨ ᠤ ᠳᠠᠶᠢᠯᠭ᠎ᠠ ᠶᠢ ᠮᠠᠨ ᠤ ᠤᠯᠤᠰ ᠤᠨ ᠨᠢᠭᠡᠳᠦᠭᠡᠷ ᠪᠥᠯᠥᠭ ᠲᠠᠬᠢ ᠪᠤᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠷᠡᠰ ᠲᠤ ᠵᠢᠭᠰᠠᠭᠠᠨ ᠣᠷᠤᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号