ᠦᠪᠦᠷ ᠮᠤᠩᠭᠤᠯ ᠤᠨ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠤᠰᠤ ᠳᠤᠯᠠᠭᠠᠯᠭ᠎ᠠ ᠴᠠᠬᠢᠯᠭᠠᠨ ᠬᠡᠢ ᠶᠢᠨ ᠬᠠᠷᠠᠭᠠᠯᠵᠠᠯᠲᠤ ᠦᠨ᠎ᠡ ᠲᠤᠭᠲᠠᠪᠠ
ᠨᠡᠶᠢᠲᠡᠯᠡᠭᠰᠡᠨ ᠴᠠᠭ᠄
2015/5/15
     ᠦᠪᠦᠷ ᠮᠤᠩᠭᠤᠯ ᠤᠨ ᠨᠡᠶᠢᠭᠡᠮ ᠤᠨ ᠨᠠᠰᠤᠲᠠᠶᠢᠴᠤᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠭᠵᠢᠯᠲᠡ ᠶᠢ ᠳᠡᠮᠵᠢᠵᠤ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠠᠨᠭ᠍ᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠰᠠᠶᠢᠵᠢᠷᠠᠭᠤᠯᠵᠤ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠶᠢᠨ ᠲᠤᠯᠠᠳᠠ᠂ ︽ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ᠪᠠ ︽ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠵᠠᠷᠤᠳᠠᠯ ᠬᠤᠷᠢᠶᠠᠬᠤ ᠬᠠᠮᠢᠶᠠᠷᠤᠯᠲᠠ ᠶᠢ ᠵᠢᠷᠤᠮᠵᠢᠭᠤᠯᠵᠤ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠲᠤᠬᠠᠢ ᠤᠯᠤᠰ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠷᠠᠳ ᠤᠨ ᠶᠠᠪᠤᠳᠠᠯ ᠤᠨ ᠶᠠᠮᠤᠨ ᠤ ᠵᠢᠯᠤᠭᠤᠳᠬᠤ ᠰᠠᠨᠠᠯ︾᠎ ᠤᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠨ᠂ ᠨᠠᠰᠤᠲᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠬᠦ᠂ ᠳᠤᠯᠠᠭᠠᠯᠭ᠎ᠠ ᠬᠡᠷᠡᠭᠯᠡᠬᠦ ᠬᠤᠯᠪᠤᠭᠳᠠᠯ ᠪᠦᠬᠦᠢ ᠬᠠᠷᠠᠭᠠᠯᠵᠠᠯᠲᠤ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠪᠠ᠃ ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ︵ᠡᠯ᠎ᠡ ᠲᠦᠷᠦᠯ ᠤᠨ ᠰᠢᠨᠵᠢ ᠴᠢᠨᠠᠷ ᠲᠠᠢ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠪᠠᠭᠲᠠᠨ᠎ᠠ︶᠎ ᠶᠢᠨ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ᠂ ᠬᠡᠢ ᠬᠡᠷᠡᠭᠯᠡᠬᠦ᠂ ᠳᠤᠯᠠᠭᠠᠯᠭ᠎ᠠ ᠬᠡᠷᠡᠭᠯᠡᠬᠦ ᠶᠢ ᠴᠦᠮ ᠰᠠᠭᠤᠭᠠᠯᠢ ᠠᠷᠠᠳ ᠤᠨ ᠲᠦᠷᠦᠯ ᠤᠨ ᠦᠨ᠎ᠡ ᠶᠢᠨ ᠪᠠᠷᠢᠮᠵᠢᠶ᠎ᠠ ᠶᠤᠰᠤᠭᠠᠷ ᠬᠡᠷᠡᠭᠵᠢᠬᠦᠯᠦᠨ᠎ᠡ᠃ ᠴᠠᠬᠢᠯᠭᠠᠨ ᠬᠡᠷᠡᠭᠯᠡᠬᠦ ᠳᠤ ᠰᠠᠭᠤᠭᠠᠯᠢ ᠠᠷᠠᠳ ᠤᠨ ᠴᠠᠬᠢᠯᠭᠠᠨ ᠬᠠᠶᠢᠷᠴᠠᠭ ᠬᠡᠷᠡᠭᠯᠡᠵᠤ ᠪᠦᠬᠦᠢ ᠡᠷᠦᠭᠡ ᠶᠢᠨ ᠴᠠᠬᠢᠯᠭᠠᠨ ᠤ ᠦᠨ᠎ᠡ ᠶᠢᠨ ᠪᠠᠷᠢᠮᠵᠢᠶ᠎ᠠ ᠶᠤᠰᠤᠭᠠᠷ ᠬᠡᠷᠡᠭᠵᠢᠬᠦᠯᠵᠤ᠂ ᠳᠤᠯᠠᠭᠠᠯᠭ᠎ᠠ ᠬᠡᠷᠡᠭᠯᠡᠬᠦ ᠳᠤ ᠰᠠᠭᠤᠭᠠᠯᠢ ᠠᠷᠠᠳ ᠤᠨ ᠦᠨ᠎ᠡ ᠶᠢᠨ ᠪᠠᠷᠢᠮᠵᠢᠶ᠎ᠠ ᠶᠤᠰᠤᠭᠠᠷ ᠬᠡᠷᠡᠭᠵᠢᠬᠦᠯᠵᠤ᠂ ᠤᠰᠤ ᠬᠡᠷᠡᠭᠯᠡᠬᠦ᠂ ᠬᠡᠢ ᠬᠡᠷᠡᠭᠯᠡᠬᠦ ᠳᠤ ᠲᠤᠰ ᠲᠤᠰ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠨᠢᠭᠡᠳᠦᠬᠡᠷ ᠳᠡᠰ᠂ ᠬᠤᠶᠠᠳᠤᠭᠠᠷ  ᠳᠡᠰ ᠤᠨ ᠤᠰᠤᠨ ᠤ ᠦᠨ᠎ᠡ ᠪᠠ ᠬᠡᠢ ᠶᠢᠨ ᠦᠨ᠎ᠡ ᠶᠢᠨ ᠳᠤᠮᠳᠠᠴᠢ ᠬᠢᠷᠢ ᠲᠦᠪᠰᠢᠨ ᠶᠤᠰᠤᠭᠠᠷ ᠬᠡᠷᠡᠭᠵᠢᠬᠦᠯᠦᠨ᠎ᠡ ︵ᠱᠠᠲᠤᠯᠢᠭ ᠤᠰᠤᠨ ᠤ ᠦᠨ᠎ᠡ᠂ ᠱᠠᠲᠤᠯᠢᠭ ᠬᠡᠢ ᠶᠢᠨ ᠦᠨ᠎ᠡ ᠶᠢ ᠬᠡᠷᠡᠭᠵᠢᠬᠦᠯᠬᠦ ᠠᠴᠠ ᠡᠮᠦᠨ᠎ᠡ᠂ ᠲᠦᠷ ᠴᠠᠭ ᠡᠩ ᠤᠨ ᠰᠠᠭᠤᠭᠠᠯᠢ ᠠᠷᠠᠳ ᠤᠨ ᠤᠰᠤ ᠬᠡᠷᠡᠭᠯᠡᠬᠦ᠂ ᠬᠡᠢ ᠬᠡᠷᠡᠭᠯᠡᠬᠦ ᠦᠨ᠎ᠡ ᠪᠠᠷ ᠬᠡᠷᠡᠭᠵᠢᠬᠦᠯᠦᠨ᠎ᠡ︶᠃ ᠦᠪᠦᠷ ᠮᠤᠩᠭᠤᠯ ᠤᠨ ᠬᠦᠭᠵᠢᠬᠦᠯᠦᠯᠲᠡ ᠦᠭᠡᠷᠡᠴᠢᠯᠡᠯᠲᠡ ᠶᠢᠨ ᠵᠦᠪᠯᠡᠯ ᠠᠴᠠ ᠡᠯ᠎ᠡ ᠱᠠᠲᠤᠨ ᠤ ᠦᠨ᠎ᠡ ᠬᠠᠨᠭ᠍ᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠵᠤ᠂ ᠲᠤᠭᠲᠠᠭᠠᠯ ᠶᠤᠰᠤᠭᠠᠷ ᠦᠯᠦ ᠬᠡᠷᠡᠭᠵᠢᠬᠦᠯᠦᠭᠰᠡᠳ ᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠬᠦ ᠶᠢ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号