ᠮᠠᠨ ᠤ ᠣᠷᠣᠨ ᠣᠶᠤᠲᠠᠳ ᠤᠨ ᠢᠲᠡᠬᠡᠮᠵᠢ ᠶᠢᠨ ᠳᠠᠩᠰᠠ ᠡᠪᠬᠡᠮᠡᠯ ᠢ ᠪᠠᠶᠢᠭᠤᠯᠵᠤ ᠡᠬᠢᠯᠡᠪᠡ
ᠨᠡᠶᠢᠲᠡᠯᠡᠭᠰᠡᠨ ᠴᠠᠭ᠄
2015/5/18
     5 ᠰᠠᠷ᠎ᠡ ᠶᠢᠨ 14 ᠪ᠊ ᠡᠳᠦᠷ᠂ ᠪᠥᠬᠦ ᠣᠷᠣᠨ ᠤ ᠶᠡᠭᠡ ᠲᠡᠬᠡᠳᠤ ᠰᠤᠷᠭᠠᠭᠤᠯᠢ ᠶᠢᠨ ᠤᠶᠤᠳᠠᠳ ᠤᠨ ᠢᠳᠡᠬᠡᠮᠵᠢ ᠶᠢᠨ ᠲᠠᠩᠰᠡ ᠡᠪᠬᠡᠮᠡᠯ ᠪᠠᠶᠢᠭᠤᠯᠬᠤ ᠠᠵᠢᠯ ᠤᠨ ᠡᠬᠢᠯᠡᠯᠳᠡ ᠶᠢᠨ ᠶᠣᠰᠣᠯᠠᠯ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠤᠢᠢᠯᠠᠭᠠᠬᠰᠠᠨ ᠢᠶᠠᠷ᠂ ᠦᠪᠡᠷᠳᠡᠬᠡᠨ ᠵᠠᠰᠠᠬᠤ ᠤᠷᠤᠨ ᠤ ᠤᠶᠤᠳᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ ᠡᠳᠦᠷ ᠲᠣᠲᠣᠮ ᠤᠨ ᠬᠠᠮᠢᠶᠠᠷᠤᠯᠲᠠ ᠪᠣᠯᠣᠨ ᠠᠵᠢᠯ ᠤᠯᠭᠤᠯᠳᠡ ᠶᠢᠨ ᠵᠢᠯᠤᠭᠤᠳᠤᠯᠭ᠎ᠠ ᠵᠡᠷᠬᠡ ᠠᠵᠢᠯ ᠤᠨ ᠪᠤᠳᠠᠳᠤ ᠬᠡᠷᠡᠭᠴᠡᠭᠡ ᠪᠠᠷ 5 ᠰᠠᠷ᠎ᠡ ᠠᠴᠠ ᠡᠬᠢᠯᠡᠨ ᠪᠦᠬᠦ ᠤᠷᠤᠨ ᠤ ᠡᠩ ᠤᠨ ᠲᠡᠬᠡᠳᠤ ᠵᠡᠷᠬᠡ ᠶᠢᠨ ᠰᠤᠷᠭᠠᠭᠤᠯᠢ ᠤᠶᠤᠳᠠᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ ᠶᠤᠰᠤ ᠰᠤᠷᠳᠠᠬᠤᠨ᠂ ᠤᠶᠤᠨ ᠮᠡᠳᠡᠯᠬᠡ᠂ ᠪᠡᠶ᠎ᠡ ᠶᠢᠨ ᠲᠠᠮᠢᠷ᠂ ᠭᠤᠸ᠎ᠡ ᠰᠠᠶᠢᠬᠠᠨ ᠵᠡᠷᠬᠡ ᠡᠯ᠎ᠡ ᠲᠠᠯ᠎ᠡ ᠳᠤ ᠬᠤᠯᠪᠤᠬᠳᠠᠬᠰᠠᠨ ᠲᠡᠩᠰᠡ ᠡᠪᠬᠡᠮᠡᠯ ᠢ ᠪᠠᠶᠢᠭᠤᠯᠵᠤ ᠡᠬᠢᠯᠡᠪᠡ᠃ ᠡᠨᠡᠬᠦ ᠠᠵᠢᠯ ᠢ ᠭᠠᠷᠳᠠᠨ ᠬᠢᠬᠦ ᠨᠢ ᠰᠢᠨ᠎ᠡ ᠬᠡᠪ ᠪᠠᠶᠢᠳᠠᠯ ᠲᠤᠤᠷ᠎ᠡ ᠵᠠᠬ᠎ᠠ ᠲᠡᠯᠬᠡᠬᠦᠷ ᠤᠨ ᠠᠵᠤ ᠠᠬᠤᠢ ᠶᠢᠨ ᠦᠬᠡᠷᠡᠴᠢᠯᠡᠯᠳᠡ ᠶᠢ ᠪᠦᠬᠦ ᠲᠠᠯ᠎ᠡ ᠪᠠᠷ ᠬᠦᠨᠵᠡᠬᠡᠶᠢᠷᠡᠬᠦᠯᠬᠦ᠂ ᠰᠢᠨ᠎ᠡ ᠬᠡᠪ ᠪᠠᠶᠢᠳᠠᠯ ᠲᠤᠤᠷ᠎ᠡ ᠤᠶᠤᠳᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠦᠮᠦᠵᠢᠯ ᠢ ᠴᠢᠩᠭᠠᠳᠬᠠ ᠰᠠᠶᠢᠵᠢᠷᠠᠭᠤᠯᠬᠤ ᠵᠡᠷᠬᠡ ᠴᠢᠬᠤᠯᠡ ᠠᠴᠢ ᠬᠤᠯᠪᠤᠭᠳᠠᠯ ᠲᠠᠢ ᠶᠤᠮ᠃ ᠬᠤᠷᠠᠯ ᠠᠴᠠ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠳᠡᠬᠡᠮᠵᠢ ᠶᠢᠨ ᠪᠠᠶᠢᠭᠤᠯᠤᠯᠳᠡ ᠶᠢᠨ ᠠᠵᠢᠯ ᠢ ᠲᠦᠷᠢᠮᠵᠢᠬᠦᠯᠤᠨ ᠪᠠᠶᠢᠩᠭᠤᠵᠢᠭᠤᠯᠵᠦ᠂ ᠰᠤᠷᠭᠠᠨ ᠬᠦᠮᠤᠵᠢᠯ ᠤᠨ ᠤᠬᠠᠭᠤᠯᠭ᠎ᠠ ᠶᠢᠨ ᠠᠵᠢᠯ ᠢ ᠴᠢᠩᠭᠠᠳᠬᠠᠨ᠂ ᠰᠠᠶᠢᠨ ᠰᠠᠶᠢᠬᠠᠨ ᠠᠵᠢᠯ ᠤᠨ ᠤᠷᠴᠢᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号