| | | ᠰᠤᠷᠪᠤᠯᠵᠢᠯᠠᠨ ᠶᠠᠷᠢᠯᠴᠠᠭᠰᠠᠨ ᠭᠤᠣᠯ ᠰᠡᠳᠦᠪ᠄ | ᠰᠢᠨ᠎ᠡ ᠬᠡᠪ ᠪᠠᠶᠢᠳᠠᠯ ᠳᠤ ᠵᠣᠬᠢᠴᠠᠭᠤᠯᠵᠤ ᠰᠢᠨ᠎ᠡ ᠠᠵᠠ ᠲᠣᠬᠢᠶᠠᠯ ᠢ ᠵᠠᠪᠳᠤᠨ ᠠᠵᠤ | ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠶ᠎ᠠ | ᠰᠤᠷᠪᠤᠯᠵᠢᠯᠠᠨ ᠶᠠᠷᠢᠯᠴᠠᠭᠰᠠᠨ ᠴᠠᠭ᠄ 2015 ᠣᠨ ᠤ 5 ᠳ᠋ᠤᠭᠠᠷ ᠰᠠᠷ᠎ᠠ ᠶᠢᠨ 6 ᠤ ᠡᠳᠦᠷ | ᠰᠤᠷᠪᠤᠯᠵᠢᠯᠠᠭᠰᠠᠨ ᠵᠣᠴᠢᠨ᠄ ᠲᠦᠩᠯᠢᠶᠣᠣ ᠬᠤᠲᠠ ᠶᠢᠨ ᠠᠵᠤ ᠠᠬᠤᠢ ᠮᠡᠳᠡᠭᠡ | ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ ᠴᠢᠶᠦ᠋ᠩ | ᠰᠤᠷᠪᠤᠯᠵᠢᠯᠠᠨ ᠶᠠᠷᠢᠯᠴᠠᠭᠰᠠᠨ ᠲᠣᠪᠴᠢ ᠲᠠᠨᠢᠯᠴᠠᠭᠤᠯᠭ᠎ᠠ᠄ | ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠰᠢᠨ᠎ᠡ ᠬᠡᠪ ᠪᠠᠶᠢᠳᠠᠯ ᠳᠤ ᠣᠷᠣᠭᠰᠠᠨ ᠶᠠᠪᠤᠳᠠᠯ | ᠪᠣᠯ᠂ ᠰᠢ ᠶᠢᠨ ᠫᠢᠩ ᠨᠥᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠬᠢᠭᠰᠡᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯ ᠪᠣᠯᠣᠨ᠎ᠠ᠃ ᠡᠶᠢᠮᠦᠷᠬᠦᠦ ᠠᠵᠤ ᠠᠬᠤᠢ ᠶᠢᠨ | ᠬᠥᠭᠵᠢᠯᠲᠡ ᠶᠢᠨ ᠣᠷᠴᠢᠨ ᠪᠠᠶᠢᠳᠠᠯ ᠳᠣᠣᠷ᠎ᠠ᠂ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠵᠤ ᠠᠬᠤᠢ ᠶᠢᠨ ᠰᠢᠨ᠎ᠡ ᠬᠡᠪ ᠪᠠᠶᠢᠳᠠᠯ ᠤᠨ ᠲᠤᠬᠠᠢ ᠲᠥᠪ᠂ ᠥᠪᠡᠷᠲᠡᠭᠡᠨ ᠵᠠᠰᠠᠬᠤ ᠣᠷᠣᠨ ᠤ | ᠵᠠᠳᠠᠯᠤᠯᠲᠠ ᠮᠠᠭᠠᠳᠯᠠᠯ ᠪᠠ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠡᠪ ᠪᠠᠶᠢᠳᠠᠯ ᠳᠤ ᠵᠣᠬᠢᠴᠠᠭᠤᠯᠤᠨ᠂ ᠰᠢᠨ᠎ᠡ | ᠠᠵᠠ ᠲᠣᠬᠢᠶᠠᠯ ᠢ ᠵᠠᠪᠳᠤᠨ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠠᠵᠤ ᠠᠬᠤᠢ ᠶᠢᠨ | ᠬᠤᠷᠳᠤᠴᠠ ᠶᠢ ᠨᠡᠮᠡᠭᠳᠡᠭᠦᠯᠬᠦ᠂ ᠬᠥᠭᠵᠢᠭᠦᠯᠬᠦ ᠠᠷᠭ᠎ᠠ ᠮᠠᠶ᠋ᠢᠭ᠂ ᠠᠵᠤ ᠠᠬᠤᠢ ᠶᠢᠨ ᠪᠦᠲᠦᠴᠡ᠂ ᠨᠡᠮᠡᠭᠳᠡᠯ ᠤᠨ | ᠬᠥᠳᠡᠯᠭᠡᠬᠦ ᠬᠦᠴᠦᠨ ︽ᠳᠥᠷᠪᠡᠨ ᠵᠦᠭ ᠴᠢᠭᠯᠡᠯ ᠢᠶᠠᠨ ᠰᠣᠯᠢᠬᠤ︾ ᠶᠢ ᠭᠦᠢᠴᠡᠳ ᠲᠠᠨᠢᠬᠤ ᠪᠠ ᠰᠠᠶᠢᠳᠤᠷ | ᠡᠵᠡᠮᠰᠢᠬᠦ ᠪᠠᠷ ᠭᠤᠣᠯᠳᠠᠯᠭ᠎ᠠ ᠪᠣᠯᠭᠠᠨ᠂ ᠰᠢᠨ᠎ᠡ ᠬᠡᠪ ᠪᠠᠶᠢᠳᠠᠯ ᠳᠣᠣᠷᠠᠬᠢ ᠠᠵᠤ ᠦᠢᠯᠡᠳᠪᠦᠷᠢ ᠶᠢᠨ ᠠᠵᠤ | ᠠᠬᠤᠢ ᠶᠢᠨ ᠰᠢᠨ᠎ᠡ ᠬᠤᠪᠢᠷᠠᠯᠲᠠ ᠳᠤ ᠬᠤᠪᠢᠰᠤᠩᠭᠤᠢ ᠪᠠᠷ ᠬᠠᠨᠳᠤᠵᠤ᠂ ᠯᠠᠪᠳᠠᠭᠤᠨ ᠢᠶᠠᠷ ᠨᠡᠮᠡᠭᠳᠡᠭᠦᠯᠬᠦ ᠶᠢ ᠰᠢᠨ᠎ᠡ | ᠬᠡᠪ ᠪᠠᠶᠢᠳᠠᠯ ᠳᠣᠣᠷᠠᠬᠢ ᠲᠡᠷᠢᠭᠦᠨ ᠴᠢᠬᠤᠯᠠ ᠡᠭᠦᠷᠭᠡ ᠪᠣᠯᠭᠠᠨ᠂ ᠨᠡᠮᠡᠭᠳᠡᠯ ᠤᠨ ᠰᠢᠨ᠎ᠡ ᠴᠡᠭ ᠢ ᠪᠣᠶᠢᠵᠢᠭᠤᠯᠬᠤ ᠶᠢ | ᠰᠢᠨ᠎ᠡ ᠬᠡᠪ ᠪᠠᠶᠢᠳᠠᠯ ᠳᠣᠣᠷᠠᠬᠢ ᠭᠤᠣᠯ ᠳᠠᠭᠠᠷᠢᠬᠤ ᠴᠢᠭᠯᠡᠯ ᠪᠣᠯᠭᠠᠪᠠ᠃ ᠣᠶᠢᠷ᠎ᠠ ᠳᠤ᠂ ᠪᠢᠳᠡ ᠲᠦᠩᠯᠢᠶᠣᠣ | ᠬᠤᠲᠠ ᠶᠢᠨ ᠠᠵᠤ ᠠᠬᠤᠢ ᠠᠵᠤ ᠠᠬᠤᠢ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ | ᠴᠢᠶᠦ᠋ᠩ ᠢ ᠤᠷᠢᠵᠤ᠂ ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠪᠠᠶᠢᠳᠠᠯ ᠬᠢᠭᠡᠳ ᠳᠠᠷᠠᠭ᠎ᠠ ᠠᠯᠬᠤᠮ ᠤᠨ ᠪᠣᠳᠣᠯᠬᠢᠯᠠᠯ ᠤᠨ ᠲᠤᠬᠠᠢ ᠰᠦᠯᠵᠢᠶᠡᠨ | ᠠᠨᠳᠠ ᠨᠠᠷ ᠲᠠᠢ ᠵᠤᠭᠤᠭᠳᠠᠭᠤᠯᠬᠤ ᠪᠠᠷ ᠪᠤᠯᠪᠠ᠃ ᠲᠤᠬᠠᠢ ᠶᠢᠨ ᠴᠠᠭ ᠳᠤᠨᠢ ᠰᠦᠯᠵᠢᠶᠡᠨ ᠠᠨᠳᠠ ᠨᠠᠷ ᠤᠨ | ᠢᠳᠡᠪᠬᠢᠲᠠᠢ ᠤᠷᠤᠯᠴᠠᠬᠤ ᠶᠢ ᠪᠠᠶᠠᠷᠯᠠᠨ ᠤᠭᠳᠤᠵᠦ ᠪᠠᠶᠢᠨᠠᠮ︕ | ﹇ᠬᠥᠲᠥᠯᠥᠭᠴᠢ﹈᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ | ᠲᠤᠰ ᠬᠤᠭᠤᠴᠠᠭᠠᠨ ᠤ ︽ᠳᠤᠮᠳᠠᠳᠤ ᠤᠯᠤᠰ ᠂ ᠦᠪᠤᠷ ᠮᠤᠩᠭᠤᠯ ︾ ᠰᠦᠯᠵᠢᠶ᠎ᠡ ᠶᠢᠨ ᠰᠤᠷᠪᠤᠯᠵᠢᠯᠠᠵᠤ | ᠶᠠᠷᠢᠯᠴᠠᠬᠤ ᠫᠷᠦᠭᠷᠡᠮ ᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠥᠨᠥᠳᠥᠷ ᠪᠢᠳᠡᠲ᠋ᠦ᠋ᠩᠯᠢᠶᠣᠣ | ᠬᠤᠲᠠ ᠶᠢᠨ ᠠᠵᠤ ᠠᠬᠤᠢ ᠮᠡᠳᠡᠭᠡ ᠵᠠᠩᠭᠢᠵᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠸᠠᠩ ᠴᠢᠶᠦ᠋ᠩ ᠢ ᠤᠷᠢᠵᠤ | ᠲᠦᠩᠯᠢᠶᠣᠣ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠵᠦ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠣᠯᠠᠨ ᠲᠠᠢ ᠰᠦᠯᠵᠢᠶᠡᠨ ᠳᠡᠭᠡᠷ᠎ᠡ ᠵᠣᠭᠤᠭᠳᠠᠬᠤ | ᠪᠣᠯᠣᠨ᠎ᠠ᠃ ᠸᠠᠩ ᠡᠷᠬᠢᠯᠡᠭᠴᠢ ᠡ᠂ ᠳᠠᠨ ᠢ ᠪᠠᠶᠠᠷᠯᠠᠨ ᠤᠭᠳᠤᠵᠦ ᠪᠠᠶᠢᠨ᠎ᠠ︕ | ﹇ᠸᠠᠩ ᠴᠢᠶᠥ᠋ᠩ﹈᠄ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ | ︖ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠪᠠᠷ ᠳᠠᠮᠵᠢᠭᠤᠯᠤᠨ ᠲᠠ ᠪᠦᠬᠦᠨ ᠲᠠᠢ | ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠯᠠᠵᠦ ᠪᠠᠶᠢᠨ᠎ᠠ᠃ ᠰᠦᠯᠵᠢᠶᠡᠨ ᠠᠨᠳᠠ ᠨᠠᠷ ᠲᠦᠩᠯᠢᠶᠣᠣ ᠬᠤᠲᠠ ᠶᠢᠨ | ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠳᠠᠯᠠᠷᠬᠠᠵᠦ | ᠪᠠᠶᠢᠨ᠎ᠠ︕ | ﹇ᠬᠥᠲᠥᠯᠥᠭᠴᠢ﹈᠄ ᠸᠠᠩ ᠡᠷᠬᠢᠯᠡᠭᠴᠢ ᠡ᠂ ᠲᠦᠩᠯᠢᠶᠣᠣ ᠬᠤᠲᠠ ᠶᠢᠨ 2015 ᠣᠨ ᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠨᠢ ᠶᠠᠭᠤ ᠪᠤᠢ︖ | ᠸᠠᠩ ᠴᠢᠶᠦ᠋ᠩ᠄ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠣᠣᠷᠠᠬᠢ ᠲᠣᠲᠣᠭᠠᠳᠤ ᠬᠡᠷᠡᠭᠴᠡᠭᠡ | ᠱᠠᠭᠠᠷᠲᠠᠯᠭ᠎ᠠ ᠪᠣᠯᠣᠨ ᠬᠠᠨᠳᠤᠯᠭ᠎ᠠ ᠶᠢᠨ ᠴᠢᠨᠠᠷᠲᠠᠢ ᠬᠤᠪᠢᠷᠠᠯᠲᠠ ᠶᠢ ᠭᠦᠢᠴᠡᠳ ᠪᠣᠳᠣᠯᠬᠢᠯᠠᠨ᠂ ᠲᠦᠩᠯᠢᠶᠣᠣ | ᠬᠤᠲᠠ ᠶᠢᠨ ᠠᠵᠤ ᠠᠬᠤᠢ ᠶᠢᠨ ᠬᠤᠪᠢᠷᠠᠯᠲᠠ ᠶᠢᠨ ᠱᠠᠲᠤ ᠦᠶ᠎ᠡ ᠶᠢᠨ ᠴᠢᠨᠠᠷᠲᠠᠢ ᠣᠨᠴᠠᠯᠢᠭ ᠪᠣᠯᠣᠨ ᠭᠠᠳᠠᠭᠠᠳᠤ | ᠣᠷᠴᠢᠨ ᠨᠦᠬᠦᠴᠡᠯ ᠤᠨ ᠨᠥᠯᠥᠭᠡ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠭᠰᠠᠨ ᠤᠷᠢᠳᠠᠯ ᠳᠣᠣᠷ᠎ᠠ᠂ | ᠲᠦᠩᠯᠢᠶᠣᠣ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ 2015 ᠣᠨ ᠤ ᠪᠦᠬᠦ | ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠭᠤᠣᠯ ᠵᠢᠱᠢᠭᠰᠡᠨ ᠬᠠᠷᠠᠯᠲᠠ ᠶᠢ ᠲᠣᠳᠣᠷᠬᠠᠶᠢᠯᠠᠪᠠ᠄ | ᠡᠨᠡ ᠨᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠠᠳᠠᠯᠢ ᠬᠤᠭᠤᠴᠠᠭᠠᠨ ᠤ | ᠬᠢ ᠠᠴᠠ10% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠰᠢᠨ᠎ᠡ ᠪᠠᠷ 40 | ᠡᠷᠦᠬᠡ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ | ᠲᠠᠢ ᠲᠥᠷᠥᠯ ᠵᠦᠢᠯ 280 ᠶᠢ ᠰᠢᠨ᠎ᠡ ᠪᠠᠷ ᠠᠵᠢᠯ ᠡᠬᠢᠯᠡᠭᠦᠯᠬᠦ ᠪᠠ ᠦᠷᠭᠦᠯᠵᠢᠯᠡᠨ ᠪᠠᠶᠢᠭᠤᠯᠵᠤ᠂ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 600 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠡᠶᠡᠯᠡᠭᠦᠯᠦᠨ᠎ᠡ᠃ | ﹇ᠬᠦᠳᠤᠯᠦᠭᠴᠢ﹈ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠴᠦᠮ ᠶᠠᠭᠤ ᠶᠠᠭᠤ ᠶᠢ ᠬᠢᠬᠦ ᠴᠢᠬᠤᠯᠠᠲᠠᠢ | ᠪᠣᠢ ᠭᠡᠳᠡᠭ ᠢ ᠲᠠ ᠪᠢᠳᠡᠨ ᠳᠤ ᠲᠠᠨᠢᠯᠴᠠᠭᠤᠯᠤᠭᠠᠳ ᠥᠭᠭᠦᠨᠦ︖ | ﹇ᠸᠠᠩ ᠴᠢᠶᠥ᠋ᠩ﹈ ᠰᠢᠨ᠎ᠡ ᠬᠡᠪ ᠪᠠᠶᠢᠳᠠᠯ ᠤᠨ ᠳᠣᠣᠷ᠎ᠠ᠂ ᠡᠶᠢᠮᠦᠷᠬᠦ ᠬᠠᠷᠠᠯᠲᠠ ᠶᠢ ᠪᠡᠶᠡᠯᠡᠭᠦᠯᠬᠦ ᠳᠤ᠂ | ᠳᠣᠣᠷᠠᠬᠢ ᠭᠤᠷᠪᠠᠨ ᠲᠠᠯ᠎ᠠ ᠶᠢ ᠭᠦᠢᠴᠡᠳᠬᠡᠬᠦ ᠬᠡᠷᠡᠭᠲᠡᠢ᠄ ᠨᠢᠭᠡ ᠳᠤ ᠠᠵᠤ ᠦᠢᠯᠡᠰ ᠤᠨ ᠪᠠᠶᠢᠷᠢᠰᠢᠭᠤᠯᠤᠯ ᠢ | ᠰᠢᠯᠢᠳᠡᠭᠵᠢᠭᠦᠯᠵᠦ᠂ ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾ ᠢ ᠪᠠᠬᠢᠵᠢᠭᠦᠯᠦᠨ | ᠳᠡᠭᠡᠭᠰᠢᠯᠡᠭᠦᠯᠦᠨ᠎ᠡ︔ ᠬᠤᠶᠠᠷ ᠲᠤ ᠲᠥᠷᠥᠯ ᠵᠦᠢᠯ ᠤᠨ ᠪᠥᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠠᠵᠤ | ᠦᠢᠯᠡᠰ ᠤᠨ ᠪᠥᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ︔ ᠭᠤᠷᠪᠠ ᠳᠤ | ᠰᠢᠨ᠎ᠡ ᠶᠢ ᠡᠭᠦᠳᠬᠦ ᠬᠥᠳᠡᠯᠭᠡᠭᠦᠷ ᠢ ᠲᠡᠭᠦᠯᠳᠡᠷᠵᠢᠭᠦᠯᠦᠨ᠂ ᠠᠵᠤ ᠦᠢᠡᠯᠰ ᠤᠨ ᠬᠥᠭᠵᠢᠯᠲᠡ ᠶᠢᠨ ᠴᠢᠨᠠᠷ | ᠴᠢᠨᠰᠠᠭ᠎ᠠ ᠶᠢᠨ ︽ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ | ﹇ᠬᠦᠳᠤᠯᠦᠭᠴᠢ﹈ ᠸᠠᠩ ᠡᠷᠬᠢᠯᠡᠭᠴᠢ ᠡ᠂ ᠲᠠᠨ ᠤ ᠰᠠᠶ᠋ᠢ ᠶᠢᠨ ᠳᠤᠷᠠᠳᠤᠭᠰᠠᠨ ︽ᠭᠤᠷᠪᠠᠨ ᠲᠣᠮᠣ | ᠠᠵᠤ ᠦᠢᠯᠡᠰ ᠤᠨ ᠲᠥᠪᠯᠡᠷᠡᠭᠰᠡᠨ ᠪᠥᠯᠬᠦᠮ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠣᠢ︖ | ﹇ᠸᠠᠩ ᠴᠢᠶᠥ᠋ᠩ﹈ ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾ ᠢ | ᠪᠥᠲᠦᠭᠡᠨ ᠪᠠᠶᠢᠭᠤᠯᠬᠤ ᠪᠣᠯ ᠲᠦᠩᠯᠢᠶᠣᠣ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ︽8337︾ | ᠬᠥᠭᠵᠢᠯᠲᠡ ᠶᠢᠨ ᠰᠡᠳᠬᠢᠮᠵᠢ ᠶᠢ ᠪᠥᠬᠦ ᠲᠠᠯ᠎ᠠ ᠪᠠᠷ ᠲᠤᠤᠱᠯᠠᠭᠤᠯᠵᠤ᠂ ᠡᠬᠢ ᠪᠠᠶᠠᠯᠢᠭ ᠤᠨ ᠲᠥᠷᠥᠯᠬᠢ ᠨᠥᠬᠦᠴᠡᠯ᠂ | ᠣᠷᠣᠨ ᠪᠠᠶᠢᠷᠢ ᠶᠢᠨ ᠳᠠᠪᠠᠭᠤᠯᠢᠭ᠂ ᠪᠠᠶᠢᠭᠠᠯᠢ ᠶᠢᠨ ᠣᠷᠴᠢᠨ ᠲᠣᠭᠤᠷᠢᠨ᠂ ᠠᠵᠤ ᠦᠢᠯᠡᠰ ᠤᠨ ᠪᠠᠶᠢᠷᠢᠰᠢᠭᠤᠯᠤᠯ | ᠳᠠᠭᠠᠨ ᠲᠦᠰᠢᠭᠯᠡᠵᠦ ᠵᠢᠷᠤᠭᠯᠠᠭᠰᠠᠨ ᠨᠢᠭᠡᠨ ᠠᠤᠭ᠎ᠠ ᠶᠡᠭᠡ ᠲᠥᠰᠥᠪ ᠪᠣᠯᠬᠤ ᠶᠤᠮ᠃ ᠡᠨᠡᠬᠦ ᠲᠥᠰᠥᠪ ᠤᠨ ᠪᠤᠲᠠᠲᠠᠢ | ᠠᠭᠤᠯᠭ᠎ᠠ ᠪᠣᠯ᠄ ᠬᠤᠶᠢᠲᠤ ᠬᠡᠰᠡᠭ ᠲᠡᠭᠡᠨ ᠬᠤᠣᠯᠢᠨ ᠭᠤᠣᠯ ᠬᠤᠲᠠ᠂ ᠵᠠᠷᠤᠳ ᠬᠤᠰᠢᠭᠤ ᠪᠠᠷ ᠭᠤᠣᠯᠳᠠᠯᠭ᠎ᠠ | ᠪᠣᠯᠭᠠᠨ᠂ ᠳᠠᠪᠠᠭᠤᠯᠢᠭ ᠢᠶᠠᠨ ᠪᠠᠳᠠᠷᠠᠭᠤᠯᠵᠤ ᠡᠷᠬᠢᠨ ᠲᠣᠭᠤᠷᠢᠨ ᠤ ᠭᠠᠵᠠᠷ ᠣᠷᠣᠨ ᠤ ᠨᠡᠭᠦᠷᠡᠰᠦ᠂ ᠴᠠᠬᠢᠯᠭᠠᠨ | ᠬᠦᠴᠦᠨ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠥᠩᠭᠡᠨᠴᠠᠭᠠᠨ ᠤ ᠰᠢᠨ᠎ᠡ ᠮᠠᠲ᠋ᠧᠷᠢᠶᠠᠯ᠂ ᠣᠳᠣ | ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ | ᠪᠥᠲᠦᠭᠡᠨ ᠪᠠᠶᠢᠭᠤᠯᠵᠤ᠂ ᠨᠡᠭᠦᠷᠡᠰᠦ ᠴᠠᠬᠢᠯᠭᠠᠨ ᠬᠥᠩᠭᠡᠨᠴᠠᠭᠠᠨ᠂ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ | ᠰᠢᠨ᠎ᠡ ᠡᠨᠧᠷᠭᠢ ᠵᠡᠷᠭᠡ ᠠᠵᠤ ᠦᠢᠯᠡᠰ ᠤᠨ ᠲᠥᠪᠯᠡᠷᠡᠨ ᠪᠥᠯᠬᠦᠮᠵᠢᠬᠦ᠂ ᠳᠡᠭᠡᠳᠦ ᠳᠡᠰᠵᠢᠨ ᠬᠥᠭᠵᠢᠬᠦ ᠶᠢ ᠲᠦᠯᠬᠢᠨ | ᠠᠬᠢᠭᠤᠯᠤᠨ᠎ᠠ᠃ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠢ ᠬᠠᠯᠠᠭᠤᠨ ᠢ ᠳᠠᠮᠵᠢᠭᠤᠯᠬᠤ᠂ ᠮᠠᠰᠢᠨ ᠲᠡᠷᠭᠡᠨ ᠤ | ᠲᠣᠨᠣᠭᠯᠠᠭᠠᠰᠤ᠂ ᠵᠢᠮᠲᠣ ᠵᠠᠮ ᠬᠠᠷᠢᠯᠴᠠᠭᠠᠨ ᠳᠤ ᠬᠡᠷᠡᠭᠯᠡᠬᠦ ᠮᠠᠲ᠋ᠧᠷᠢᠶᠠᠯ ᠪᠣᠯᠣᠨ ᠬᠤᠣᠰ ᠲᠡᠭ ᠪᠥᠬᠦᠢ ᠬᠥᠩᠭᠡᠨᠴᠠᠭᠠᠨ | ᠤ ᠢᠯᠳᠠᠰᠦ᠂ ᠢᠰᠦᠯᠳᠦᠭᠦᠯᠦᠭᠰᠡᠨ ᠬᠥᠩᠭᠡᠨᠴᠠᠭᠠᠨ ᠤ ᠢᠯᠳᠠᠰᠦ ᠵᠡᠷᠭᠡ ᠳᠡᠭᠡᠳᠦ ᠳᠡᠰ ᠤᠨ ᠦᠢᠯᠡᠳᠬᠦᠨ ᠤ ᠴᠢᠭᠯᠡᠯ | ᠲᠡᠰᠢ ᠬᠥᠭᠵᠢᠭᠦᠯᠦᠨ᠎ᠡ︔ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢ ᠴᠢᠯᠠᠭᠤᠨ ᠲᠣᠰᠣᠨ ᠤ ᠣᠷᠣᠯᠠᠬᠤ | ᠡᠳ᠋᠂ ᠡᠲ᠋ᠢᠯ ᠠᠯᠺᠣᠣᠯ ᠤᠨ ᠰᠡᠭᠦᠯᠴᠢ ᠶᠢᠨ ᠦᠢᠯᠡᠳᠬᠦᠨ ᠵᠡᠷᠭᠡ ᠨᠠᠷᠢᠯᠠᠭ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠬᠦᠨ ᠲᠡᠰᠢ ᠬᠥᠭᠵᠢᠭᠦᠯᠦᠨ᠎ᠡ᠃ ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠲᠣᠮᠣ ᠬᠡᠯᠪᠡᠷᠢ ᠶᠢᠨ ᠰᠠᠭᠤᠷᠢᠨ | ᠭᠠᠵᠠᠷ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠥᠲᠦᠭᠡᠨ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ | ᠭᠠᠵᠠᠷ ᠣᠷᠣᠨ ᠢ ᠨᠥᠯᠦᠭᠡᠯᠡᠨ ᠳᠠᠶᠢᠴᠢᠯᠠᠭᠰᠠᠨ᠂ ᠣᠷᠣᠰ ᠮᠣᠩᠭᠤᠯ ᠯᠤᠭ᠎ᠠ ᠵᠠᠯᠭᠠᠭᠤᠯᠤᠭᠰᠠᠨ ᠵᠠᠬ᠎ᠠ ᠳᠡᠯᠭᠡᠭᠦᠷ ᠤᠨ | ᠠᠵᠤ ᠠᠬᠤᠢ ᠶᠢᠨ ᠬᠤᠷᠰᠢᠯᠴᠠᠭᠠᠨ ᠤ ᠣᠷᠣᠨ ᠢ ᠪᠣᠢ ᠪᠣᠯᠭᠠᠨ᠎ᠠ᠃ ᠳᠤᠮᠳᠠᠳᠤ ᠬᠡᠰᠡᠭ ᠲᠡᠭᠡᠨ ᠬᠤᠷᠴᠢᠨ ᠲᠣᠭᠤᠷᠢᠭ | ᠂ ᠨᠡᠬᠡᠬᠡᠯᠲᠡ ᠶᠢᠨ ᠲᠣᠭᠤᠷᠢᠭ᠂ ᠺᠠᠶᠢᠯᠤ ᠰᠢᠶᠠᠨ ᠢᠶᠠᠷ ᠭᠤᠣᠯᠳᠠᠯᠭ᠎ᠠ ᠪᠣᠯᠭᠠᠨ᠂ ᠭᠤᠣᠯ ᠬᠤᠲᠠ ᠲᠤᠭᠤᠷᠢᠭ ᠤᠨ | ᠴᠢᠳᠠᠪᠤᠷᠢᠲᠠᠨ᠂ ᠪᠡᠯᠡ ᠮᠥᠩᠭᠦ᠂ ᠮᠡᠷᠭᠡᠵᠢᠯ ᠵᠡᠷᠭᠡ ᠴᠢᠬᠤᠯᠡ ᠬᠦᠴᠦᠨ ᠵᠦᠢᠯ ᠢ ᠰᠢᠩᠭᠡᠭᠡᠨ ᠠᠪᠬᠤ ᠴᠢᠳᠠᠪᠤᠷᠢ ᠪᠠ | ᠬᠤᠷᠠᠭᠤᠯᠬᠤ ᠳᠠᠪᠠᠭᠤᠯᠢᠭ ᠲᠤ ᠲᠦᠰᠢᠭᠯᠡᠨ᠂ ᠡᠷᠳᠡᠨᠢ ᠰᠢᠰᠢ ᠶᠢᠨ ᠠᠮᠢᠳᠤ ᠪᠤᠳᠠᠰ᠂ ᠣᠳᠣ ᠦᠶ᠎ᠡ ᠶᠢᠨ ᠮᠤᠩᠭᠤᠯ | ᠡᠮ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠢᠯᠡᠳᠬᠦ | ᠵᠡᠷᠭᠡ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ ᠪᠠᠶᠢᠭᠤᠯᠤᠨ᠎ᠠ᠃ ᠡᠮᠦᠨᠡᠲᠦ ᠬᠡᠰᠡᠭ ᠲᠡᠭᠡᠨ ᠬᠤᠷᠴᠢᠨ ᠵᠡᠭᠦᠨ | ᠭᠠᠷᠤᠨ ᠳᠤᠮᠳᠠᠲᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ | ᠬᠤᠰᠢᠭᠤ ᠪᠠᠷ ᠭᠤᠣᠯᠳᠠᠯᠭ᠎ᠠ ᠪᠣᠯᠭᠠᠨ᠂ ᠵᠡᠭᠦᠨ ᠬᠤᠶᠢᠲᠤ ᠶᠢᠨ ᠭᠤᠷᠪᠠᠨ ᠮᠤᠵᠢ ᠯᠤᠭ᠎ᠠ ᠵᠠᠯᠭᠠᠯᠳᠤᠭᠰᠠᠨ ᠭᠠᠵᠠᠷ | ᠣᠷᠣᠨ ᠤ ᠳᠠᠪᠠᠭᠤᠯᠢᠭ ᠪᠥᠬᠦᠢ ᠠᠵᠤ ᠦᠢᠯᠡᠰ ᠪᠠ ᠳᠡᠭᠡᠳᠦ ᠳᠡᠰ ᠤᠨ ᠴᠢᠬᠤᠯᠡ ᠬᠦᠴᠦᠨ ᠵᠦᠢᠯ ᠳᠤ ᠨᠡᠶᠢᠯᠡᠵᠦ᠂ | ᠲᠤᠨᠤᠭ ᠲᠥᠬᠦᠭᠡᠷᠦᠮᠵᠢ ᠦᠢᠯᠡᠳᠬᠦ᠂ ᠪᠣᠬᠢᠷᠳᠤᠯ ᠦᠭᠡᠢ ᠢᠳᠡᠭᠡᠨ ᠡᠳ᠋ᠰᠢᠭᠦᠯᠬᠦ᠂ ᠰᠢᠨ᠎ᠡ ᠬᠡᠯᠪᠡᠷᠢ ᠶᠢᠨ ᠣᠨᠴᠠ | ᠲᠥᠷᠥᠯ ᠤᠨ ᠪᠣᠯᠣᠳ ᠵᠡᠷᠭᠡ ᠠᠵᠤ ᠦᠢᠯᠡᠰ ᠤᠨ ᠲᠥᠪᠯᠡᠷᠡᠭᠰᠡᠨ ᠪᠥᠯᠬᠦᠮ ᠢ ᠪᠠᠶᠢᠭᠤᠯᠤᠨ᠎ᠠ᠃ | ︽ᠭᠤᠷᠪᠠᠨ ᠲᠣᠮᠣ ᠠᠵᠤ ᠦᠢᠯᠡᠰ ᠤᠨ ᠲᠥᠪᠯᠡᠷᠡᠭᠰᠡᠨ ᠪᠥᠯᠬᠦᠮ︾ ᠳᠤ ᠲᠦᠩᠯᠢᠶᠣᠣ ᠣᠷᠣᠨ | ᠭᠤᠣᠯᠯᠠᠬᠤ ᠦᠢᠯᠡᠰ ᠤᠨ ᠴᠢᠳᠠᠪᠬᠢ ᠶᠢᠨ ᠣᠷᠣᠨ ᠲᠣᠭᠲᠠᠭᠠᠯᠲᠠ ᠶᠢ ᠲᠣᠳᠣᠷᠬᠠᠶᠢᠯᠠᠨ᠂ ᠦᠢᠯᠡᠳᠪᠦᠷᠢᠯᠡᠯ ᠤᠨ | ᠴᠢᠬᠤᠯᠡ ᠬᠦᠴᠦᠨ ᠵᠦᠢᠯ ᠤᠨ ᠳᠠᠪᠠᠭᠤᠯᠢᠭ ᠭᠠᠵᠠᠷ ᠣᠷᠣᠨ ᠲᠡᠰᠢ ᠲᠥᠪᠯᠡᠷᠡᠬᠦ ᠶᠢ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠠᠭᠤᠯᠤᠭᠳᠠᠬᠤᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠵᠦᠷᠢᠶᠡᠴᠢᠯᠡᠭᠰᠡᠨ | ᠥᠷᠢᠰᠦᠯᠳᠦᠭᠡᠨ ᠤ ᠳᠠᠪᠠᠭᠤᠯᠢᠭ ᠢ ᠳᠣᠪᠣᠶᠢᠯᠭᠠᠨ᠂ ᠲᠦᠩᠯᠢᠶᠣᠣ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ | ᠭᠤᠣᠯ ᠥᠷᠢᠰᠦᠯᠳᠦᠬᠦ ᠴᠢᠳᠠᠯ ᠢ ᠨᠡᠮᠡᠭᠳᠡᠭᠦᠯᠪᠡ᠃ | ﹇ᠬᠦᠲᠦᠯᠦᠭᠴᠢ﹈ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠬᠡᠷᠭᠢᠨ ᠲᠦᠯᠬᠢᠨ ᠠᠬᠢᠭᠤᠯᠬᠤ ᠪᠤᠢ︖ | ﹇ᠸᠠᠩ ᠴᠢᠶᠦ᠋ᠡᠭ﹈ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠲᠦᠯᠬᠢᠨ ᠠᠬᠢᠭᠤᠯᠬᠤ ᠳᠤ ᠳᠤᠤᠷᠠᠬᠢ ᠭᠤᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠠᠢ᠄ | ᠨᠢᠭᠡᠳᠦᠭᠡᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ | ᠠᠬᠢᠭᠤᠯᠬᠤ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠠᠩᠬᠢᠯᠠᠭ᠎ᠠ ᠪᠤᠯᠤᠨ᠎ᠠ᠃ ᠡᠨᠡ ᠵᠢᠯ᠂ | ᠲᠦᠡᠭᠯᠢᠶᠤᠤ ᠬᠤᠲᠠ ᠶᠢᠨ ᠯᠢᠶᠠᠨ ᠬᠦᠡᠭᠭᠡᠨᠴᠠᠭᠠᠨ ᠬᠠᠪᠲᠠᠰᠤ ᠪᠦᠰᠡ ᠢᠯᠳᠠᠰᠤ᠂ ᠴᠤᠸᠠᠩ ᠶᠤᠸᠠᠨ ᠦᠨᠳᠦᠷ | ᠬᠦᠴᠦᠯᠡᠴᠡᠲᠦ ᠤᠶᠠᠨ ᠬᠦᠡᠭᠭᠡᠨᠴᠡᠭᠠᠨ ᠤ ᠬᠠᠶᠢᠯᠤᠰᠢ᠂ ᠯᠢᠶᠠᠨ ᠮᠤᠤ ᠬᠦᠡᠭᠭᠡᠨᠴᠠᠭᠠᠨ ᠬᠠᠪᠲᠠᠰᠤ ᠪᠦᠰᠡ ᠢᠯᠳᠠᠰᠤ | ᠬᠢᠭᠡᠳ ᠬᠤᠤᠰ ᠲᠡᠭ ᠲᠠᠢ ᠢᠯᠳᠠᠰᠤ᠂ ᠺᠠᠨᠭ᠌ ᠨᠠᠢ ᠡᠯ ᠡᠲ᠋ᠢᠯ ᠬᠤᠶᠠᠷᠴᠢ ᠠᠯᠺᠤᠤᠯ ᠵᠡᠷᠭᠡ ᠴᠢᠬᠤᠯᠠ ᠶᠡᠭᠡ | ᠲᠦᠷᠦᠯ ᠵᠦᠢᠯ ᠳᠤ ᠭᠤᠤᠯᠳᠠᠯᠭ᠎ᠠ ᠲᠠᠢ ᠲᠦᠯᠬᠢᠨ ᠠᠬᠢᠭᠤᠯᠬᠤ ᠶᠢ ᠬᠡᠷᠡᠭᠵᠢᠬᠦᠯᠵᠤ᠂ ᠬᠠᠷᠢᠭᠤᠴᠠᠯᠭᠠᠲᠤ ᠨᠢᠭᠡᠴᠡ ᠶᠢ | ᠲᠤᠲᠤᠷᠬᠠᠶᠢᠯᠠᠨ᠂ ᠪᠤᠳᠠᠲᠠᠢ ᠬᠠᠷᠢᠭᠤᠴᠠᠯᠭ᠎ᠠ ᠲᠠᠢ ᠬᠦᠮᠦᠰ ᠢ ᠲᠤᠭᠲᠠᠭᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠴᠠᠭ ᠬᠤᠭᠤᠴᠠᠭ᠎ᠠ᠂ ᠠᠬᠢᠴᠠ᠂ ᠪᠡᠯᠡ ᠮᠦᠡᠭᠭᠦ ᠵᠡᠷᠭᠡ ᠵᠠᠩᠬᠢᠯᠠᠭ᠎ᠠ ᠶᠢᠨ ᠴᠢᠭ᠋ ᠢ ᠴᠢᠩᠭ᠎ᠠ ᠪᠠᠷᠢᠨ | ᠂ ᠡᠮᠦᠨᠡᠬᠢ ᠬᠤᠭᠤᠴᠠᠭ᠎ᠠ᠂ ᠠᠵᠢᠯ ᠡᠬᠢᠯᠡᠬᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠤᠷᠤᠭᠤᠯᠬᠤ ᠵᠡᠷᠭᠡ | ᠲᠠᠯ᠎ᠠ ᠠᠴᠠ ᠪᠦᠬᠦ ᠶᠠᠪᠤᠴᠠ ᠳᠤᠨᠢ ᠮᠦᠷᠳᠡᠨ ᠳᠠᠭᠠᠵᠤ᠂ ᠲᠦᠷᠦᠯ ᠵᠦᠢᠯ ᠤᠨ ᠪᠡᠯᠡ ᠤᠷᠤᠭᠤᠯᠤᠯᠲᠠ ᠳᠤ ᠪᠦᠬᠦ | ᠬᠦᠴᠦᠨ ᠢᠶᠠᠷ ᠢᠶᠠᠨ ᠨᠦᠬᠦᠴᠡᠯ ᠪᠦᠷᠢᠯᠳᠦᠬᠦᠯᠦᠨ᠂ ᠲᠤᠭᠲᠠᠭᠰᠠᠨ ᠴᠠᠭ ᠲᠠᠭᠠᠨ ᠪᠤᠶᠤ ᠤᠷᠢᠳᠴᠢᠯᠠᠨ ᠠᠵᠢᠯ | ᠳᠠᠭᠤᠰᠬᠠᠨ ᠠᠰᠢᠭᠯᠠᠯᠲᠠ ᠳᠤ ᠤᠷᠤᠭᠤᠯᠬᠤ ᠶᠢ ᠦᠨᠡᠨᠬᠦ ᠪᠠᠲᠤᠯᠠᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ | ᠴᠢᠭ᠋ ᠢ ᠲᠦᠷᠭᠡᠳᠭᠡᠨ ᠪᠤᠢ ᠪᠤᠯᠭᠠᠨ᠎ᠠ᠃ | ᠬᠤᠶᠠᠳᠤᠭᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ | ᠠᠬᠢᠭᠤᠯᠬᠤ ᠳᠤ᠂ ᠪᠤᠬᠢᠷᠳᠤᠯ ᠦᠭᠡᠢ ᠬᠦᠭᠵᠢᠬᠦᠯᠬᠦ ᠪᠤᠯ ᠴᠢᠭᠯᠡᠯ ᠪᠤᠯᠤᠨ᠎ᠠ᠃ ᠲᠦᠡᠭᠯᠢᠶᠤᠤ ᠬᠤᠲᠠ ᠮᠸᠡᠭ ᠳ᠋ᠦᠡᠭ | ᠡᠨᠧᠷᠬᠢ ᠶᠢᠨ ᠤᠷᠴᠢᠯ ᠠᠵᠤ ᠠᠬᠤᠢ ᠶᠢᠨ ᠵᠢᠱᠢᠶ᠎ᠡ ᠦᠵᠡᠬᠦᠯᠬᠦ ᠢᠨᠵᠧᠨᠧᠷᠢᠩ ᠳᠤ ᠲᠦᠰᠢᠭᠯᠡᠨ᠂ ᠤᠷᠤᠨ | ᠪᠦᠰᠡ ᠶᠢᠨ ᠪᠢᠴᠢᠯ ᠴᠠᠬᠢᠯᠭᠠᠨ ᠲᠤᠤᠷ ᠤᠨ ᠢᠨᠵᠧᠨᠧᠷᠢᠩ᠂ ᠲᠤᠮᠤ ᠬᠡᠷᠡᠭᠯᠡᠭᠴᠢᠳ ᠲᠤ ᠰᠢᠭᠤᠳ ᠴᠠᠬᠢᠯᠭᠠᠨ | ᠬᠠᠨᠭ᠍ᠭᠠᠬᠤ ᠲᠦᠷᠦ ᠶᠢᠨ ᠪᠤᠳᠤᠯᠭ᠎ᠠ ᠶᠢ ᠬᠦᠢᠴᠡᠳ ᠠᠰᠢᠭᠯᠠᠵᠤ᠂ ᠨᠡᠭᠦᠷᠡᠰᠦ ᠴᠠᠬᠢᠯᠭᠠᠨ ᠬᠦᠡᠭᠭᠡᠨᠴᠠᠭᠠᠨ ᠵᠡᠷᠭᠡ | ᠡᠨᠧᠷᠬᠢ ᠶᠡᠭᠡ ᠵᠠᠷᠤᠴᠠᠭᠤᠯᠵᠤ ᠪᠠᠶᠢᠭ᠎ᠠ ᠠᠵᠤ ᠦᠢᠯᠡᠰ ᠤᠨ ᠳᠤᠤᠷ᠎ᠠ ᠨᠡᠭᠦᠷᠠᠰᠤᠳᠦ᠋ᠷᠦᠭᠴᠢ ᠲᠠᠢ ᠪᠠᠷ | ᠤᠷᠴᠢᠯᠳᠤᠭᠤᠯᠤᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠬᠦᠡᠭᠭᠡᠨᠴᠠᠭᠠᠨ ᠤ ᠰᠢᠨ᠎ᠡ ᠮᠠᠲ᠋ᠧᠷᠢᠶᠠᠯ ᠤᠨ | ᠦᠢᠯᠡᠳᠭᠦᠨ ᠢ ᠠᠩᠬᠠᠨ ᠤ ᠳᠡᠰ ᠤᠨ ᠡᠳ᠋ᠰᠢᠬᠦᠯᠬᠡ ᠠᠴᠠ ᠬᠦᠨᠵᠡᠬᠡᠢ ᠨᠠᠷᠢᠯᠢᠭ ᠡᠳ᠋ᠰᠢᠭᠦᠯᠬᠦ ᠲᠠᠰᠢ ᠬᠡᠯᠪᠡᠷᠢ ᠶᠢ ᠨᠢ | ᠬᠤᠪᠢᠷᠠᠭᠤᠯᠵᠤ᠂ ᠬᠦᠡᠭᠭᠡᠨᠴᠠᠭᠠᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠨᠵᠡᠭᠡᠢ ᠨᠠᠷᠢᠯᠢᠭᠵᠢᠭᠤᠯᠤᠯᠲᠠ᠂ | ᠦᠨᠳᠦᠷ ᠳᠡᠰᠵᠢᠬᠦᠯᠦᠯᠲᠡ᠂ ᠰᠢᠨ᠎ᠡ ᠬᠡᠯᠪᠡᠷᠢᠵᠢᠭᠦᠯᠦᠯᠲᠡ ᠲᠡᠰᠢ ᠬᠦᠭᠵᠢᠬᠦ ᠶᠢ ᠪᠡᠶᠡᠯᠡᠭᠦᠯᠦᠨ᠎ᠡ᠃ ᠡᠷᠳᠡᠨᠢ | ᠰᠢᠰᠢ ᠶᠢᠨ ᠠᠮᠢᠳᠤ ᠪᠤᠳᠠᠰ ᠤᠨ ᠠᠵᠤ ᠦᠢᠯᠡᠰ ᠲᠤ ᠬᠡᠯᠬᠢᠶ᠎ᠡ ᠶᠢ ᠤᠷᠲᠤᠳᠬᠠᠬᠤ᠂ ᠴᠢᠨᠠᠷ ᠢ ᠳᠡᠭᠡᠭᠰᠢᠯᠡᠬᠦᠯᠦᠨ | ᠦᠷ᠎ᠡ ᠠᠰᠢᠭ ᠢ ᠨᠡᠮᠡᠭᠳᠡᠬᠦᠯᠬᠦ ᠪᠠᠷ ᠭᠤᠤᠯ ᠳᠠᠭᠠᠷᠢᠬᠤ ᠴᠢᠭᠯᠡᠯ ᠪᠤᠯᠭᠠᠨ᠂ ᠡᠷᠳᠡᠨᠢ ᠰᠢᠰᠢ ᠶᠢᠨ ᠡᠬᠢ ᠪᠠᠶᠠᠯᠢᠭ ᠢ | ᠦᠨᠳᠦᠷ ᠦᠷ᠎ᠡ ᠠᠰᠢᠭ ᠲᠠᠢ᠂ ᠡᠷᠬᠢᠯᠳᠦᠭᠦᠯᠦᠨ ᠠᠰᠢᠭᠯᠠᠬᠤ ᠶᠢ ᠴᠢᠷᠮᠠᠶᠢᠨ ᠲᠦᠯᠬᠢᠨ ᠠᠬᠢᠭᠤᠯᠤᠨ᠎ᠠ᠃ | ᠪᠤᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠶᠢ ᠡᠳ᠋ᠰᠢᠬᠦᠯᠬᠦ ᠠᠵᠤ ᠦᠢᠯᠡᠰ ᠢ | ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠪᠠᠶᠠᠯᠢᠭ ᠡᠬᠢ ᠪᠠᠶᠠᠯᠢᠭ ᠢᠶᠠᠷ ᠲᠦᠰᠢᠭ ᠪᠤᠯᠭᠠᠨ᠂ ᠨᠠᠷᠢᠯᠢᠭ ᠬᠦᠨᠵᠡᠭᠡᠢ | ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠨᠢ ᠤᠷᠲᠤᠳᠬᠠᠨ ᠦᠷᠭᠡᠵᠢᠬᠦᠯᠵᠤ᠂ ᠲᠦᠷᠦᠯ ᠲᠡᠮᠳᠡᠭ | ᠪᠤᠶᠢᠵᠢᠭᠤᠯᠬᠤ ᠶᠢ ᠴᠢᠩᠭᠠᠷᠠᠭᠤᠯᠤᠨ᠂ ᠪᠤᠬᠢᠷᠳᠤᠯ ᠦᠭᠡᠢ ᠢᠳᠡᠭᠡᠨ ᠡᠳ᠋ᠰᠢᠭᠦᠯᠬᠦ ᠠᠵᠤ ᠦᠢᠯᠡᠰ ᠤᠨ ᠦᠨᠳᠦᠷ | ᠨᠡᠮᠡᠯᠲᠡ ᠦᠷᠲᠡᠭ ᠲᠠᠢ᠂ ᠠᠵᠤ ᠦᠢᠯᠡᠰᠴᠢᠯᠡᠬᠦ ᠲᠡᠰᠢ ᠬᠦᠭᠵᠢᠬᠦ ᠶᠢ ᠲᠦᠯᠬᠢᠨ ᠠᠬᠢᠭᠤᠯᠤᠨ᠎ᠠ᠃ ᠤᠳᠤ ᠦᠶ᠎ᠡ ᠶᠢᠨ | ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠲᠤ ᠨᠠᠷᠢᠯᠢᠭ ᠬᠦᠨᠵᠡᠭᠡᠢ ᠪᠤᠯᠪᠠᠰᠤᠷᠠᠭᠤᠯᠬᠤ᠂ | ᠴᠤᠪᠤᠷᠠᠯ ᠦᠢᠯᠡᠳᠭᠦᠨ ᠨᠡᠭᠡᠭᠡᠬᠦ ᠵᠠᠮ ᠢᠶᠠᠷ ᠵᠠᠮᠨᠠᠭᠤᠯᠬᠤ ᠶᠢ ᠪᠠᠷᠢᠮᠲᠠᠯᠠᠨ᠂ ᠰᠢᠨ᠎ᠡ ᠶᠢ ᠡᠭᠦᠳᠴᠦ ᠬᠦᠭᠵᠢᠬᠦ ᠶᠢ | ᠪᠡᠶᠡᠯᠡᠭᠦᠯᠦᠨ᠎ᠡ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠲᠤ ᠴᠠᠬᠢᠭᠤᠷᠲᠤ | ᠡᠯᠡᠰᠦ ᠶᠢᠨ ᠡᠨᠧᠷᠬᠢ ᠶᠢ ᠶᠡᠷᠦᠩᠭᠡᠶᠢᠯᠡᠨ ᠨᠡᠭᠡᠭᠡᠨ ᠠᠰᠢᠭᠯᠠᠬᠤ ᠶᠢ ᠴᠢᠩᠭᠠᠳᠬᠠᠨ᠂ ᠪᠡᠶ᠎ᠡ ᠪᠠᠨ ᠳᠠᠭᠠᠭᠠᠨ ᠰᠢᠨ᠎ᠡ ᠶᠢ | ᠡᠭᠦᠳᠭᠦ ᠪᠠ ᠮᠡᠷᠭᠡᠵᠢᠯ ᠦᠭᠡᠷᠡᠴᠢᠯᠡᠯᠲᠡ ᠬᠢᠬᠦ ᠡᠷᠴᠢᠮ ᠢ ᠨᠢ ᠨᠡᠮᠡᠭᠳᠡᠭᠦᠯᠵᠤ᠂ ᠳᠡᠭᠡᠲᠦ ᠳᠡᠰ ᠤᠨ ᠰᠢᠯ ᠰᠠᠭᠤᠷᠢ | ᠬᠠᠪᠲᠠᠰᠤ ᠬᠢᠭᠡᠳ ᠹᠦ᠋ ᠱᠸᠡᠭ ᠡᠯᠡᠰᠦ᠂ ᠴᠢᠯᠠᠭᠤᠨ ᠲᠤᠰᠤᠨ ᠤ ᠴᠠᠪᠠ ᠶᠢ ᠳᠠᠷᠤᠬᠤ ᠡᠯᠡᠰᠦ ᠵᠡᠷᠭᠡ ᠴᠠᠬᠢᠭᠤᠷᠲᠤ | ᠡᠯᠡᠰᠦ ᠶᠢ ᠬᠦᠨᠵᠡᠭᠡᠢ ᠪᠤᠯᠪᠠᠰᠤᠷᠠᠭᠤᠯᠤᠭᠰᠠᠨ ᠦᠢᠯᠡᠳᠭᠦᠨ ᠢ ᠰᠤᠳᠤᠯᠤᠨ ᠨᠡᠭᠡᠭᠡᠵᠤ ᠦᠢᠯᠡᠳᠪᠦᠷᠢᠯᠡᠨ᠎ᠡ᠃ ᠤᠳᠤ | ᠦᠶ᠎ᠡ ᠶᠢᠨ ᠮᠤᠩᠭᠤᠯ ᠡᠮ ᠤᠨ ᠠᠵᠤ ᠦᠢᠯᠡᠰ ᠤᠨ ᠲᠠᠯ᠎ᠠ ᠪᠠᠷ ᠡᠬᠢ ᠪᠠᠶᠠᠯᠢᠭ ᠢ ᠠᠭᠤᠳᠠᠯᠯᠠᠬᠤ ᠪᠠᠷ ᠳᠠᠮᠵᠢᠭᠤᠯᠤᠨ᠂ | ᠡᠳ᠋ ᠬᠦᠷᠦᠩᠭᠡ ᠶᠢ ᠳᠠᠬᠢᠨ ᠵᠤᠬᠢᠶᠠᠨ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠤᠷᠠᠨ ᠲᠠᠷᠬ᠎ᠠ ᠶᠢ ᠢᠳᠡᠪᠬᠢᠲᠠᠢ | ᠤᠷᠤᠭᠤᠯᠵᠤ ᠢᠷᠡᠨ᠂ ᠰᠢᠨ᠎ᠡ ᠲᠦᠷᠦᠯ ᠵᠦᠢᠯ ᠢ ᠨᠡᠭᠡᠭᠡᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ᠂ ᠡᠮᠴᠢᠯᠡᠬᠡᠨ ᠤ ᠪᠠᠶᠢᠭᠤᠯᠤᠮᠵᠢ᠂ ᠦᠢᠯᠡᠳᠪᠦᠷᠢᠯᠡᠬᠦ ᠠᠵᠤ ᠠᠬᠤᠶᠢᠯᠠᠯ ᠢᠶᠠᠷ ᠦᠨᠳᠦᠰᠦᠨ ᠴᠢᠬᠤᠯᠠ ᠬᠦᠴᠦᠨ | ᠵᠦᠢᠯ ᠪᠤᠯᠭᠠᠭᠰᠠᠨ ᠮᠤᠩᠭᠤᠯ ᠡᠮ ᠤᠨ ᠠᠵᠤ ᠦᠢᠯᠡᠰ ᠤᠨ ᠪᠦᠭᠡᠮᠨᠡᠷᠡᠯ ᠢ ᠪᠦᠬᠦ ᠲᠠᠯ᠎ᠠ ᠪᠠᠷ ᠴᠤᠭᠴᠠᠯᠠᠨ | ᠪᠠᠶᠢᠭᠤᠯᠤᠨ᠎ᠠ᠃ 2015 ᠤᠨ ᠳᠤ᠂ ᠲᠦᠡᠭᠯᠢᠶᠤᠤ ᠬᠤᠲᠠ ᠬᠦᠡᠭᠭᠡᠨᠴᠠᠭᠠᠨ ᠤ ᠠᠵᠤ ᠦᠢᠯᠡᠳᠪᠦᠷᠢ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠲᠤ ᠦᠢᠯᠡᠳᠪᠦᠷᠢᠯᠡᠬᠦ ᠴᠢᠳᠠᠪᠤᠷᠢ 80 ᠲᠦᠮᠡᠨ ᠳᠤᠨ᠂ ᠦᠢᠯᠡᠳᠭᠦᠨ 40 ᠶᠢ | ᠰᠢᠨ᠎ᠡ ᠪᠠᠷ ᠪᠤᠯᠪᠠᠰᠤᠷᠠᠭᠤᠯᠤᠨ ᠨᠡᠮᠡᠭᠳᠡᠭᠦᠯᠵᠤ᠂ ᠬᠦᠡᠭᠭᠡᠨᠴᠡᠭᠠᠨ ᠢ ᠲᠤᠬᠠᠢ ᠶᠢᠨ ᠭᠠᠵᠠᠷ ᠲᠤᠨᠢ ᠤᠯᠠᠷᠢᠭᠤᠯᠤᠨ | ᠪᠤᠯᠪᠠᠰᠤᠷᠠᠭᠤᠯᠬᠤ ᠨᠤᠷᠮ᠎ᠠ ᠶᠢ 80% ᠳᠤ ᠬᠦᠷᠦᠭᠦᠯᠦᠨ᠎ᠡ︔ ᠡᠷᠳᠡᠨᠢ ᠰᠢᠰᠢ ᠶᠢᠨ ᠠᠮᠢᠳᠤ ᠪᠤᠳᠠᠰ ᠤᠨ ᠠᠵᠤ | ᠦᠢᠯᠡᠰ ᠤᠨ ᠲᠠᠯ᠎ᠠ ᠪᠠᠷ ᠠᠵᠤ ᠦᠢᠯᠡᠰ ᠤᠨ ᠬᠡᠯᠬᠢᠶ᠎ᠡ ᠶᠢ 5 ᠵᠤᠷᠪᠤᠰ᠂ ᠦᠢᠯᠡᠳᠭᠦᠨ 30᠂ ᠴᠠᠷᠳᠠᠭᠤᠯ ᠢ | ᠬᠤᠪᠢᠷᠠᠭᠤᠯᠬᠤ ᠨᠤᠷᠮ᠎ᠠ ᠶᠢ 53% ᠠᠴᠠ ᠳᠡᠭᠡᠭᠰᠢ ᠪᠠᠶᠢᠯᠭᠠᠬᠤ ᠶᠢ ᠰᠢᠨ᠎ᠡ ᠪᠠᠷ ᠨᠡᠮᠡᠭᠳᠡᠭᠦᠯᠦᠨ᠎ᠡ︔ ᠤᠳᠤ | ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠠᠵᠤ ᠦᠢᠯᠡᠰ ᠤᠨ ᠬᠡᠯᠬᠢᠶ᠎ᠡ ᠶᠢ 5 | ᠵᠤᠷᠪᠤᠰ ᠳᠠᠪᠠᠭᠤᠯᠬᠤ ᠪᠠᠷ ᠴᠢᠷᠮᠠᠶᠢᠵᠤ᠂ ᠡᠲ᠋ᠢᠯ ᠬᠤᠶᠠᠷᠴᠢ ᠠᠯᠺᠤᠤᠯ ᠤᠨ ᠦᠢᠯᠡᠳᠪᠦᠷᠢᠯᠡᠬᠦ ᠴᠢᠳᠠᠪᠤᠷᠢ ᠶᠢ 30 | ᠲᠦᠮᠡᠨ ᠳᠤᠨ ᠰᠢᠨ᠎ᠡ ᠪᠠᠷ ᠨᠡᠮᠡᠭᠳᠡᠭᠦᠯᠦᠨ᠎ᠡ᠃ | ﹇ᠸᠠᠩ ᠴᠢᠶᠦ᠋ᠡᠭ﹈ ᠭᠤᠷᠪᠠᠳᠤᠭᠠᠷ ᠲᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠬᠦ ᠶᠢ ᠲᠦᠯᠬᠢᠨ ᠠᠬᠢᠭᠤᠯᠬᠤ ᠳᠤ᠂ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠪᠤᠯ ᠬᠦᠳᠡᠯᠭᠡᠬᠦᠷ ᠪᠤᠯᠤᠨ᠎ᠠ | ᠃ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠬᠦᠭᠵᠢᠯᠲᠡ ᠶᠢᠨ ᠲᠠᠯ᠎ᠠ ᠪᠠᠷ᠂ ᠲᠦᠡᠭᠯᠢᠶᠤᠤ ᠬᠤᠲᠠ ᠨᠢᠺᠧᠯ | ᠲᠠᠮᠦᠷ ᠤᠨ ᠬᠠᠶᠢᠯᠤᠰᠢ ᠬᠢᠭᠡᠳ ᠬᠦᠨᠵᠡᠭᠡᠢ ᠡᠳ᠋ᠰᠢᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠂ ᠶᠠᠰᠤ ᠴᠢᠨᠠᠷ ᠰᠠᠶᠢᠲᠠᠢ ᠤᠨᠴᠠᠭᠠᠢ ᠪᠤᠯᠤᠳ᠂ ᠰᠢᠨ᠎ᠡ ᠬᠡᠯᠪᠡᠷᠢ ᠶᠢᠨ ᠬᠠᠶᠢᠯᠤᠰᠢ ᠵᠡᠷᠭᠡ ᠳᠠᠪᠰᠢᠩᠭᠤᠢ | ᠪᠦᠲᠦᠴᠡ ᠮᠠᠲ᠋ᠧᠷᠢᠶᠠᠯ ᠢ ᠢᠳᠡᠪᠬᠢᠲᠠᠢ ᠬᠦᠭᠵᠢᠬᠦᠯᠵᠤ᠂ ᠨᠢᠺᠧᠯ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠬᠦ | ᠴᠢᠳᠠᠪᠤᠷᠢ ᠶᠢ 20 ᠲᠦᠮᠡᠨ ᠳᠤᠨ ᠢ ᠳᠠᠪᠠᠭᠤᠯᠬᠤ ᠶᠢ ᠲᠦᠯᠬᠢᠨ ᠠᠬᠢᠭᠤᠯᠵᠤ᠂ ᠵᠢᠪᠡᠷᠡᠭᠦ ᠦᠭᠡᠢ ᠪᠤᠯᠤᠳ ᠤᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠰᠢᠨ᠎ᠡ ᠰᠢᠪᠲᠤᠯᠤᠯᠲᠠ ᠲᠠᠢ ᠪᠤᠯᠭᠠᠬᠤ ᠶᠢ | ᠪᠡᠶᠡᠯᠡᠬᠦᠯᠦᠨ᠎ᠡ᠃ ᠲᠠᠪᠤᠨ ᠶᠡᠭᠡ ᠴᠠᠬᠢᠯᠭᠠᠨ ᠬᠦᠴᠦᠨ ᠤ ᠪᠦᠯᠦᠭᠯᠡᠯ ᠵᠡᠷᠭᠡ ᠠᠵᠤ ᠠᠬᠤᠶᠢᠯᠠᠯ ᠢᠶᠠᠷ ᠭᠤᠤᠯᠳᠠᠯᠭ᠎ᠠ | ᠪᠤᠯᠭᠠᠨ᠂ ᠰᠢᠨ᠎ᠡ ᠡᠨᠧᠷᠬᠢ ᠶᠢᠨ ᠵᠢᠱᠢᠶ᠎ᠡ ᠦᠵᠡᠬᠦᠯᠬᠦ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠵᠤ᠂ | ᠰᠠᠯᠬᠢᠨ ᠬᠦᠴᠦᠨ᠂ ᠬᠡᠷᠡᠯ ᠸᠤᠯᠲ᠂ ᠠᠮᠢᠳᠤ ᠪᠤᠳᠠᠰ ᠤᠨ ᠡᠳ᠋ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ | ᠲᠦᠷᠭᠡᠳᠭᠡᠨ ᠠᠬᠢᠭᠤᠯᠵᠤ᠂ ᠬᠡᠷᠡᠯ ᠸᠤᠯᠲ ᠢᠶᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠲᠠᠭᠠᠮᠵᠢ ᠶᠢ | 20 ᠲᠦᠮᠡᠨ ᠺᠢᠯᠤᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠮᠠᠰᠢᠨ ᠲᠤᠨᠤᠭᠯᠠᠯ ᠦᠢᠯᠡᠳᠬᠦ ᠠᠵᠤ | ᠦᠢᠯᠡᠰ ᠤᠨ ᠲᠠᠯ᠎ᠠ ᠪᠠᠷ ᠰᠠᠯᠬᠢᠨ ᠡᠨᠧᠷᠬᠢ ᠶᠢ ᠨᠡᠭᠡᠭᠡᠬᠦ ᠪᠠ ᠰᠠᠯᠬᠢᠨ ᠬᠦᠴᠦᠨ ᠤ ᠴᠠᠬᠢᠯᠭᠠᠨ ᠤ ᠲᠦᠬᠦᠭᠡᠷᠦᠮᠵᠢ ᠶᠢ | ᠢᠵᠢ ᠪᠦᠷᠢᠳᠦᠭᠦᠯᠬᠦ᠂ ᠭᠤᠤᠯᠯᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠬᠢᠭᠡᠳ ᠮᠠᠰᠢᠨ ᠲᠦᠭᠦᠭᠡᠷᠦᠮᠵᠢ ᠶᠢ | ᠢᠵᠢ ᠪᠦᠷᠢᠳᠦᠭᠦᠯᠦᠨ ᠬᠦᠭᠵᠢᠬᠦᠯᠬᠦ ᠴᠢᠭᠯᠡᠯ ᠢ ᠪᠠᠷᠢᠮᠲᠠᠯᠠᠨ᠂ ᠮᠠᠰᠢᠨ ᠲᠦᠭᠦᠭᠡᠷᠦᠮᠵᠢ ᠶᠢ ᠦᠪᠴᠢ | ᠪᠤᠯᠪᠠᠰᠤᠷᠠᠭᠤᠯᠬᠤ ᠴᠢᠳᠠᠪᠤᠷᠢ ᠪᠤᠯᠤᠨ ᠰᠠᠭᠤᠷᠢ ᠢᠵᠢ ᠪᠦᠷᠢᠳᠦᠭᠦᠯᠬᠦ ᠬᠢᠷᠢ ᠬᠡᠮᠵᠢᠶ᠎ᠠ ᠶᠢ ᠲᠠᠰᠤᠷᠤᠯᠲᠠ ᠦᠭᠡᠢ | ᠳᠡᠭᠡᠭᠰᠢᠯᠡᠬᠦᠯᠵᠤ᠂ ᠰᠠᠯᠬᠢᠨ ᠬᠦᠴᠦᠨ ᠤ ᠴᠠᠬᠢᠯᠭᠠᠨ ᠤ ᠲᠦᠭᠦᠭᠡᠷᠦᠮᠵᠢ᠂ ᠠᠭᠠᠷ ᠤᠨ ᠲᠡᠭᠡᠭᠡᠪᠦᠷᠢ ᠶᠢᠨ ᠭᠡᠷᠡᠭᠰᠡᠯ᠂ | ᠮᠠᠰᠢᠨ ᠲᠡᠷᠭᠡᠨ ᠤ ᠰᠡᠯᠪᠢᠭ ᠲᠤᠨᠤᠭ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠠᠭᠤᠷᠬᠠᠢ ᠶᠢᠨ | ᠲᠦᠭᠦᠭᠡᠷᠦᠮᠵᠢ᠂ ᠬᠦᠡᠭᠭᠡᠨᠴᠠᠭᠠᠨ ᠮᠠᠲ᠋ᠧᠷᠢᠶᠠᠯ ᠡᠳ᠋ᠰᠢᠬᠦᠯᠬᠦ ᠲᠦᠭᠦᠬᠡᠷᠦᠮᠵᠢ ᠵᠡᠷᠭᠡ ᠮᠠᠰᠢᠨ ᠲᠤᠨᠤᠭᠯᠠᠯ ᠦᠢᠯᠡᠳᠭᠦ | ᠲᠦᠷᠦᠯ ᠵᠦᠢᠯ ᠢ ᠶᠡᠭᠡᠪᠡᠷ ᠤᠷᠤᠭᠤᠯᠵᠤ ᠢᠷᠡᠨ᠎ᠡ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠡᠬᠢ | ᠪᠠᠶᠠᠯᠢᠭ ᠤᠨ ᠰᠠᠭᠤᠷᠢ ᠪᠠ ᠡᠨᠧᠷᠬᠢ ᠶᠢᠨ ᠳᠠᠪᠠᠭᠤᠯᠢᠭ ᠲᠠᠭᠠᠨ ᠲᠦᠰᠢᠭᠯᠡᠨ᠂ ᠨᠡᠭᠦᠷᠡᠰᠦ ᠴᠠᠬᠢᠯᠭᠠᠨ ᠴᠠᠬᠢᠭᠤᠷ | ᠬᠢᠭᠡᠳ ᠬᠡᠷᠡᠯ ᠸᠤᠯᠲ ᠶᠢ ᠨᠢᠭᠡ ᠴᠤᠭᠴᠠᠵᠢᠭᠤᠯᠬᠤ ᠲᠦᠷᠦᠯ ᠵᠦᠢᠯ᠂ ᠪᠢᠳᠤᠷᠶ᠎ᠠ ᠲᠠᠯᠠᠰᠲᠤ ᠶᠢ ᠬᠦᠨᠵᠡᠭᠡᠢ | ᠡᠳ᠋ᠰᠢᠭᠦᠯᠬᠦ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠵᠤ᠂ ᠡᠨᠡ ᠵᠢᠯ 500 ᠳᠤᠨ ᠳᠠᠩ ᠲᠠᠯᠠᠰᠲᠤ | ᠴᠠᠬᠢᠭᠤᠷ᠂ 1600 ᠲᠦᠮᠡᠨ ᠮᠢᠯᠢᠮᠧᠲᠷ ᠪᠢᠳᠤᠷᠶ᠎ᠠ ᠶᠢ ᠬᠦᠨᠵᠡᠭᠡᠢ ᠡᠳ᠋ᠰᠢᠭᠦᠯᠦᠭᠰᠡᠨ ᠦᠢᠯᠡᠳᠭᠦᠨ ᠤ ᠴᠢᠳᠠᠪᠤᠷᠢ ᠶᠢ | ᠪᠤᠢ ᠪᠤᠯᠭᠠᠨ᠎ᠠ᠃ | ﹇ᠬᠥᠲᠥᠯᠦᠭᠴᠢ﹈ ᠸᠠᠩ ᠡᠷᠬᠢᠯᠡᠭᠴᠢ ᠡ᠂ ᠲᠠᠨ ᠤ ᠲᠠᠨᠢᠯᠴᠠᠭᠤᠯᠤᠭᠰᠠᠨ ᠢᠶᠠᠷ ᠳᠠᠮᠵᠢᠭᠠᠳ ᠪᠢᠳᠡ | ᠲᠦᠩᠯᠢᠶᠣᠣ ᠬᠤᠲᠠ ᠶᠢᠨ 2015 ᠣᠨ ᠤ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ | ᠬᠦᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠳᠤ ᠪᠠᠰᠠ ᠰᠢᠨ᠎ᠡ ᠶᠢ ᠡᠭᠦᠳᠬᠦ ᠬᠥᠳᠡᠯᠭᠡᠭᠦᠷ ᠢ | ᠲᠡᠭᠦᠯᠳᠡᠷᠵᠢᠭᠦᠯᠦᠨ᠂ ᠠᠵᠤ ᠦᠢᠯᠡᠰ ᠤᠨ ᠬᠦᠭᠵᠢᠯᠲᠡ ᠶᠢᠨ ᠴᠢᠨᠠᠷ ᠴᠢᠨᠰᠠᠭ᠎ᠠ ᠶᠢᠨ ︽ᠬᠤᠶᠠᠷ ᠳᠡᠭᠡᠭᠰᠢᠯᠡᠭᠦᠯᠬᠦ︾ | ᠶᠢ ᠪᠡᠶᠡᠯᠡᠭᠦᠯᠬᠦ ᠴᠢᠬᠤᠯᠠᠲᠠᠢ ᠭᠡᠰᠡᠨ ᠢ ᠣᠶᠢᠯᠠᠭᠠᠪᠠ᠂ ᠲᠡᠭᠡᠪᠡᠯ ᠶᠠᠮᠠᠷ ᠶᠠᠮᠠᠷ ᠠᠵᠢᠯ ᠬᠢᠬᠦ ᠪᠠᠷ ᠲᠦᠯᠦᠪᠯᠡᠵᠦ ᠪᠠᠶᠢᠬᠤ | ᠪᠤᠢ︖ | ﹇ᠸᠠᠩ ᠴᠢᠶᠦ᠋ᠩ﹈ ᠰᠢᠨ᠎ᠡ ᠬᠡᠪ ᠪᠠᠶᠢᠳᠠᠯ ᠳᠤ ᠵᠣᠬᠢᠴᠠᠭᠤᠯᠤᠨ᠂ ᠲᠦᠩᠯᠢᠶᠣᠣ ᠬᠤᠲᠠ ᠶᠢᠨ | ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠬᠦᠭᠵᠢᠯᠲᠡ ᠶᠢ ᠪᠡᠶᠡᠯᠡᠭᠦᠯᠬᠦ ᠳᠤ᠂ ᠮᠡᠷᠭᠡᠵᠢᠯ ᠤᠨ ᠰᠢᠨ᠎ᠡ ᠶᠢ | ᠡᠭᠦᠳᠬᠦ ᠶᠢ ᠴᠢᠩᠭᠠᠷᠠᠭᠤᠯᠤᠨ᠂ ᠠᠵᠤ ᠦᠢᠯᠡᠰ ᠤᠨ ᠭᠤᠣᠯ ᠦᠷᠢᠰᠦᠯᠳᠦᠬᠦ ᠴᠢᠳᠠᠯ ᠢ ᠴᠢᠩᠭᠠᠷᠠᠭᠤᠯᠬᠤ ᠪᠣᠯ | ᠵᠠᠶᠢᠯᠠᠰᠢ ᠦᠭᠡᠢ ᠰᠤᠩᠭᠤᠯᠲᠠ ᠪᠣᠯᠣᠨ᠎ᠠ᠃ ᠰᠢᠨ᠎ᠡ ᠨᠢᠭᠡᠨ ᠵᠢᠯ ᠳᠤ᠂ ᠲᠦᠩᠯᠢᠶᠣᠣ ᠬᠤᠲᠠ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ | ᠠᠬᠤᠶᠢᠯᠠᠯ ᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠤᠨ ᠪᠣᠭᠤᠮᠲᠠ ᠰᠢᠪᠲᠤᠯᠬᠤ ᠪᠠ | ᠳᠡᠯᠭᠡᠷᠡᠭᠦᠯᠦᠨ ᠬᠡᠷᠡᠭᠯᠡᠬᠦ ᠠᠵᠢᠯ ᠢ ᠦᠷᠨᠢᠭᠦᠯᠦᠨ᠂ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠦᠷᠦᠯ ᠤᠨ | ᠬᠦᠭᠵᠢᠯᠲᠡ ᠶᠢ ᠬᠦᠲᠦᠯᠦᠨ ᠳᠠᠭᠠᠭᠤᠯᠤᠭᠰᠠᠨ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ | ᠡᠭᠦᠳᠦᠨ ᠪᠠᠶᠢᠭᠤᠯᠤᠨ᠎ᠠ᠃ | ᠪᠤᠳᠠᠳᠠᠢ ᠪᠠᠷ ᠬᠡᠯᠡᠪᠡᠯ᠂ ᠮᠧᠢ ᠬᠤᠸᠠ ᠠᠮᠢᠳᠤ ᠪᠤᠳᠠᠰ᠂ ᠮᠣᠩᠭᠤᠯ ᠡᠮ ᠤᠨ ᠬᠤᠪᠢ ᠣᠷᠣᠭᠤᠯᠣᠯᠲᠠ᠂ ᠶᠢᠨ ᠯᠢᠶᠠᠨ | ᠬᠥᠩᠭᠡᠨᠴᠠᠭᠠᠨ ᠤ ᠮᠠᠲ᠋ᠧᠷᠢᠶᠠᠯ ᠵᠡᠷᠭᠡ ᠠᠵᠤ ᠠᠬᠤᠶᠢᠯᠠᠯ ᠢᠶᠠᠷ ᠲᠠᠪᠴᠠᠩ ᠪᠣᠯᠭᠠᠵᠤ᠂ ᠥᠪᠥᠷ ᠮᠣᠩᠭᠤᠯ ᠤᠨ ᠮᠣᠩᠭᠤᠯ | ᠡᠮ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠬᠦᠷᠢᠶᠠᠯᠠᠩ᠂ ᠥᠪᠥᠷ ᠮᠣᠩᠭᠤᠯ ᠤᠨ ᠵᠡᠭᠦᠨ ᠬᠡᠰᠡᠭ ᠤᠨ | ᠬᠥᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ᠡᠷᠳᠡᠨᠢ ᠰᠢᠰᠢ ᠶᠢᠨ ᠠᠮᠢᠳᠤ ᠪᠤᠳᠠᠰ ᠤᠨ ᠠᠵᠤ ᠦᠢᠯᠡᠰ ᠢ ᠭᠦᠨᠵᠡᠭᠡᠶᠢᠷᠡᠭᠦᠯᠬᠦ ᠶᠢ ᠪᠡᠭᠡᠵᠢᠩ ᠤᠨ ᠬᠢᠮᠢ ᠶᠢᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠯᠤᠭ᠎ᠠ ᠬᠤᠷᠰᠢᠯᠴᠠᠨ᠂ | ᠮᠧᠢ ᠬᠤᠸᠠ ᠠᠮᠢᠳᠤ ᠪᠣᠳᠠᠰ ᠢ ᠤᠯᠤᠰ ᠤᠨ ᠳᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢᠶᠠᠷ ᠠᠮᠵᠢᠯᠲᠠᠢ | ᠮᠡᠳᠡᠭᠦᠯᠬᠦ ᠶᠢ ᠲᠥᠯᠬᠢᠨ ᠠᠬᠢᠭᠤᠯᠵᠤ᠂ 2015 ᠣᠨ ᠳᠤ 2 ᠵᠦᠢᠯ ᠠᠴᠠ ᠳᠡᠭᠡᠭᠰᠢᠬᠢ ᠢᠳᠡᠭᠡᠨ ᠤ ᠲᠥᠷᠦᠯ ᠤᠨ | ᠪᠤᠶᠤ ᠡᠮ ᠡᠮᠨᠡᠯᠭᠡ ᠶᠢᠨ ᠲᠥᠷᠥᠯ ᠤᠨ ᠳᠡᠭᠡᠳᠦ ᠳᠡᠰ ᠤᠨ ᠰᠢᠪᠲᠤᠷᠲᠤ ᠬᠦᠴᠢᠯ ᠤᠨ ᠰᠢᠨ᠎ᠡ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠰᠢᠨ᠎ᠡ ᠬᠥᠩᠭᠡᠨᠴᠠᠭᠠᠨ ᠤ | ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠶᠢᠨ ᠯᠢᠶᠠᠨ ᠬᠥᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠬᠢᠭᠡᠳ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ | ᠶᠡᠭᠡ ᠰᠤᠷᠭᠠᠭᠤᠯᠢ ᠬᠢᠭᠡᠳ ᠮᠥᠭᠳᠡᠨ ᠤ ᠬᠥᠩᠭᠡᠨᠴᠠᠭᠠᠨ ᠮᠠᠭᠨᠢ ᠶᠢᠨ ᠵᠢᠷᠤᠭ ᠲᠥᠯᠥᠪᠯᠡᠭᠡ ᠶᠢᠨ ᠰᠤᠳᠤᠯᠭᠠᠨ ᠤ | ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠦᠢᠯᠡᠳᠪᠦᠷᠢᠯᠡᠬᠦ ᠵᠢᠭᠠᠬᠤ | ᠰᠤᠷᠬᠤ ᠲᠠᠯ᠎ᠠ ᠶᠢᠨ ᠬᠤᠷᠰᠢᠯᠴᠠᠭ᠎ᠠ ᠬᠢᠬᠦ ᠶᠢ ᠲᠥᠯᠬᠢᠨ ᠠᠬᠢᠭᠤᠯᠵᠤ᠂ 2015 ᠣᠨ ᠳᠤ ᠥᠴᠥᠬᠡᠨ | ᠬᠤᠷᠣᠭᠳᠠᠯᠳᠤ ᠠᠷᠭ᠎ᠠ ᠲᠤᠶᠢᠯ ᠤᠨ ᠮᠡᠷᠭᠡᠵᠢᠯ ᠤᠨ ᠨᠡᠭᠡᠭᠡᠯᠲᠡ ᠪᠠ ᠬᠡᠷᠡᠭᠯᠡᠯᠲᠡ᠂ ᠳᠣᠣᠷ᠎ᠠ ᠬᠤᠷᠣᠭᠳᠠᠯ ᠥᠨᠳᠦᠷ | ᠦᠷ᠎ᠡ ᠠᠰᠢᠭ ᠲᠠᠢ ᠬᠥᠩᠭᠡᠨᠴᠠᠭᠠᠨ ᠴᠠᠬᠢᠯᠭᠠᠨ ᠵᠠᠳᠠᠯᠤᠯ ᠤᠨ ᠮᠡᠷᠭᠡᠵᠢᠯ ᠤᠨ ᠰᠤᠳᠤᠯᠤᠯ ᠤᠨ ᠲᠠᠯ᠎ᠠ ᠪᠠᠷ ᠱᠠᠲᠤ | ᠦᠶ᠎ᠡ ᠶᠢᠨ ᠴᠢᠨᠠᠷᠲᠠᠢ ᠮᠡᠷᠭᠡᠵᠢᠯ ᠤᠨ ᠦᠷ᠎ᠡ ᠪᠦᠲᠦᠭᠡᠯ ᠢ ᠣᠯᠬᠤ ᠶᠢᠨ ᠬᠠᠮᠲᠤ ᠤᠯᠠᠷᠢᠭᠤᠯᠬᠤ ᠶᠢ | ᠬᠡᠷᠡᠭᠵᠢᠭᠦᠯᠦᠨ᠎ᠡ᠃ | ﹇ᠸᠠᠩ ᠴᠢᠶᠦ᠋ᠩ﹈ ᠮᠡᠳᠡᠭᠡ ᠵᠠᠩᠭᠢᠵᠢᠭᠤᠯᠬᠤ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ︽ᠮᠡᠳᠡᠭᠡ ᠵᠠᠩᠭᠢᠵᠢᠯᠲᠠ ᠬᠢᠭᠡᠳ ᠣᠶᠣᠨᠴᠢᠯᠠᠯᠲᠠ︾ ᠶᠢ ᠭᠦᠨᠵᠡᠭᠡᠢ ᠠᠭᠤᠰᠤᠯᠴᠠᠭᠤᠯᠬᠤ ᠶᠢ | ᠬᠡᠷᠡᠭᠵᠢᠭᠦᠯᠦᠨ᠎ᠡ᠃ ︽ᠪᠥᠷᠬᠦᠬᠦᠯ ᠣᠶᠣᠨᠴᠢ ᠲᠦᠩᠯᠢᠶᠣᠣ︾ ᠶᠢᠨ ᠲᠦᠷᠦᠯ ᠵᠦᠢᠯ ᠤᠨ ᠪᠦᠬᠦ ᠲᠠᠯ᠎ᠠ ᠪᠠᠷ | ᠡᠬᠢᠯᠡᠭᠦᠯᠦᠨ ᠠᠵᠢᠯᠯᠠᠭᠤᠯᠬᠤ ᠶᠢ ᠲᠥᠯᠬᠢᠨ ᠠᠬᠢᠭᠤᠯᠬᠤ ᠪᠠᠷ ᠳᠠᠮᠵᠢᠭᠤᠯᠤᠨ᠂ ᠠᠵᠤ ᠦᠢᠯᠡᠰ ᠤᠨ ᠮᠡᠳᠡᠭᠡ | ᠵᠠᠩᠭᠢᠴᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢᠵᠢᠯᠲᠠ ᠪᠠᠷ | ᠠᠵᠤ ᠠᠬᠤᠶᠢᠯᠠᠯ ᠤᠨ ᠦᠢᠯᠡᠳᠪᠦᠷᠢᠯᠡᠯ᠂ ᠬᠠᠮᠢᠶᠠᠷᠤᠯᠲᠠ᠂ ᠪᠣᠷᠣᠯᠠᠭᠤᠯᠭ᠎ᠠ ᠶᠢᠨ ᠰᠢᠰᠲ᠋ᠧᠮᠵᠢ ᠶᠢ ᠥᠭᠡᠷᠡᠴᠢᠯᠡᠨ᠂ | ᠦᠢᠯᠡᠳᠬᠦᠨ ᠤ ᠣᠶᠣᠨᠴᠢᠯᠠᠯᠲᠠ᠂ ᠲᠥᠬᠦᠭᠡᠷᠦᠮᠵᠢ ᠶᠢᠨ ᠣᠶᠣᠨᠴᠢᠯᠠᠯᠲᠠ᠂ ᠦᠢᠯᠡᠳᠪᠦᠷᠢᠯᠡᠯ ᠤᠨ | ᠣᠶᠣᠨᠴᠢᠯᠠᠯᠲᠠ᠂ ᠬᠠᠮᠢᠶᠠᠷᠤᠯᠲᠠ ᠶᠢᠨ ᠣᠶᠣᠨᠴᠢᠯᠠᠯᠲᠠ᠂ ᠦᠢᠯᠡᠴᠢᠯᠡᠭᠡᠨ ᠤ ᠣᠶᠣᠨᠴᠢᠯᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠡᠭᠦᠯᠡᠨ ᠠᠮᠢ ᠠᠬᠤᠢ︾ ᠶᠢᠨ ᠲᠦᠩᠯᠢᠶᠣᠣ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠢᠨᠵᠧᠨᠧᠷᠢᠩ ᠢ | ᠡᠬᠢᠯᠡᠭᠦᠯᠦᠨ᠂ ᠳᠤᠮᠳᠠᠳᠤ ᠮᠣᠩᠭᠤᠯ ᠣᠷᠣᠰ ᠤᠨ ᠮᠡᠳᠡᠭᠡ ᠵᠠᠩᠭᠢ ᠶᠢᠨ ᠭᠠᠷᠠᠮ ᠤᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠬᠤᠰᠢᠭᠤ ᠰᠢᠶᠠᠨ ᠤ ᠣᠷᠣᠨ ᠪᠦᠰᠡ ᠶᠢᠨ ᠮᠡᠳᠡᠭᠡ ᠵᠠᠩᠭᠢᠴᠢᠯᠠᠬᠤ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠵᠤ ᠦᠢᠯᠡᠰ ᠤᠨ ᠬᠦᠭᠵᠢᠯᠲᠡ ᠶᠢᠨ ᠡᠯ᠎ᠡ ᠭᠤᠭᠴᠣᠭᠠᠨ ᠳᠠᠬᠢ | ᠮᠡᠳᠡᠭᠡ ᠵᠠᠩᠭᠢ ᠶᠢᠨ ᠮᠡᠷᠭᠡᠵᠢᠯ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠡᠭᠦᠯᠡᠨ ᠪᠤᠳᠣᠯᠲᠠ ᠶᠢᠨ ᠠᠵᠤ | ᠦᠢᠯᠡᠰ ᠤᠨ ᠪᠦᠯᠦᠭᠯᠡᠯᠵᠢᠨ ᠬᠥᠭᠵᠢᠬᠦ ᠶᠢ ᠲᠦᠯᠬᠢᠨ ᠠᠬᠢᠭᠤᠯᠤᠨ᠎ᠠ ᠃ | ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ | ᠬᠦᠭᠵᠢᠯᠲᠡ ᠶᠢᠨ ᠠᠮᠢᠵᠢᠷᠡᠯ ᠤᠨ ᠬᠦᠴᠦᠨ ᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠶᠠᠮᠤᠨ ᠤ 2015 ᠣᠨ ᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ︽6+1︾ ᠲᠤᠰᠬᠠᠢ ᠵᠦᠢᠯ ᠤᠨ | ᠠᠵᠢᠯᠯᠠᠭ᠎ᠠ᠂ ᠲᠣᠬᠠᠶᠢᠯᠠᠪᠠᠯ ᠠᠵᠤ ᠦᠢᠯᠡᠳᠪᠦᠷᠢ ᠶᠢᠨ ᠰᠠᠭᠤᠷᠢ ᠶᠢ ᠪᠠᠬᠢᠵᠢᠭᠦᠯᠬᠦ᠂ ᠣᠶᠣᠨᠴᠢ ᠪᠠᠷ ᠦᠢᠯᠡᠳᠬᠦ | ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ᠂ ᠴᠡᠷᠢᠭ ᠤᠨ ᠬᠡᠷᠡᠭᠯᠡᠭᠡᠨ ᠤ ᠬᠡᠷᠡᠭᠰᠡᠯ ᠦᠢᠯᠡᠳᠪᠦᠷᠢᠯᠡᠬᠦ ᠬᠢᠭᠡᠳ | ᠠᠷᠠᠳ ᠤᠨ ᠬᠡᠷᠡᠭᠯᠡᠭᠡᠨ ᠤ ᠬᠡᠷᠡᠭᠰᠡᠯi ᠦᠢᠯᠡᠳᠪᠦᠷᠢᠯᠡᠬᠦ ᠶᠢᠨ ᠠᠭᠤᠰᠤᠯᠴᠠᠯ ᠤᠨ ᠭᠦᠨᠵᠡᠭᠡᠶᠢᠷᠡᠨ ᠬᠥᠭᠵᠢᠬᠦ ᠶᠢ | ᠲᠥᠯᠬᠢᠨ ᠠᠬᠢᠭᠤᠯᠬᠤ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠠᠷ ᠬᠦᠭᠵᠢᠬᠦ᠂ ᠦᠷᠭᠡᠨ ᠪᠦᠰᠡᠲᠦ | ᠳᠤᠮᠳᠠᠳᠤ ᠤᠯᠤᠰ 2015᠂ ᠪᠠᠭ᠎ᠠ ᠵᠢᠵᠢᠭ ᠠᠵᠤ ᠠᠬᠤᠶᠢᠯᠠᠯ ᠢ ᠳᠡᠳᠬᠦᠨ ᠲᠤᠰᠠᠯᠠᠬᠤ ᠲᠤᠰᠬᠠᠢ ᠵᠦᠢᠯ ᠤᠨ | ᠠᠵᠢᠯᠯᠠᠭ᠎ᠠ ᠪᠠ ᠠᠵᠢᠯ ᠤᠨ ᠰᠤᠷᠲᠠᠯ ᠢ ᠬᠠᠯᠠᠨ ᠰᠠᠶᠢᠵᠢᠷᠠᠭᠤᠯᠬᠤ ᠣᠨ ᠤ ᠠᠵᠢᠯᠯᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠢ ᠥᠷᠭᠦᠯᠵᠢᠯᠡᠨ | ᠭᠦᠨᠵᠡᠭᠡᠶᠢᠷᠡᠭᠦᠯᠵᠦ᠂ ᠤᠯᠤᠰ ᠤᠨ ᠦᠮᠴᠢᠯᠡᠯᠲᠦ ᠡᠳ᠋ ᠬᠥᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ | ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠳᠠᠬᠢ ᠬᠤᠯᠢᠮᠠᠭ | ᠦᠮᠴᠢᠯᠡᠯ ᠤᠨ ᠳᠦᠷᠢᠮ ᠤᠨ ᠦᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ | ᠰᠲ᠋ᠣᠺ ᠤᠨ ᠡᠷᠬᠡ ᠶᠢᠨ ᠪᠦᠲᠦᠴᠡ ᠶᠢᠨ ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠣᠭᠲᠠᠴᠠ ᠶᠢ | ᠠᠯᠬᠤᠮ ᠠᠯᠬᠤᠮ ᠢᠶᠠᠷ ᠪᠠᠶᠢᠭᠤᠯᠤᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠤᠯᠤᠰ ᠤᠨ ᠦᠮᠴᠢᠯᠡᠯᠲᠦ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠨᠡᠮᠡᠭᠳᠡᠭᠦᠯᠵᠦ᠂ ᠠᠵᠤ ᠦᠢᠯᠡᠰ ᠤᠨ ᠬᠦᠭᠵᠢᠯᠲᠡ ᠶᠢᠨ ᠶᠠᠰᠤ ᠴᠢᠨᠠᠷ ᠪᠠ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | ﹇ᠬᠦᠲᠦᠯᠦᠭᠴᠢ﹈ ᠵᠠ᠂ ᠸᠠᠩ ᠡᠷᠬᠢᠯᠡᠭᠴᠢ ᠶᠢᠨ ᠬᠠᠯᠠᠰᠢᠷᠠᠯ ᠦᠭᠡᠢ ᠬᠠᠷᠢᠭᠤᠯᠤᠭᠰᠠᠨ ᠳᠤ ᠲᠤᠩ | ᠲᠠᠯᠠᠷᠬᠠᠵᠤ ᠪᠠᠶᠢᠨ᠎ᠠ ᠂ ᠮᠦᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠵᠤ | ᠪᠠᠶᠢᠨ᠎ᠠ︕ ᠲᠤᠰ ᠤᠳᠠᠭᠠᠨ ᠤ ᠰᠤᠷᠪᠤᠯᠵᠢᠯᠠᠭᠰᠠᠨ ᠶᠠᠷᠢᠯᠴᠠᠭ᠎ᠠ ᠠᠳᠡ ᠬᠦᠷᠲᠡᠯ᠎ᠡ ᠲᠡᠭᠦᠰᠦᠯ᠎ᠡ᠂ ᠳᠠᠷᠠᠭᠠᠴᠢ ᠶᠢᠨ | ᠫᠷᠦᠭᠷᠡᠮ ᠳᠤ ᠪᠠᠶᠠᠷᠳᠠᠢ ᠵᠣᠯᠭᠠᠶ᠎ᠠ︕ | | |