| 5 ᠳ᠋ᠤᠭᠠᠷ ᠰᠠᠷ᠎ᠠ 18 ᠶᠢᠨ ᠡᠳᠦᠷ᠂ ᠥᠪᠥᠷ ᠮᠣᠩᠭᠤᠯ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠢ | ᠠᠩᠭᠢ ᠶᠢᠨ ᠡᠷᠢᠶᠡᠨ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡ ᠶᠢᠨ | ᠪᠠᠶᠢᠯᠳᠤᠭᠴᠢᠳ ᠬᠢᠯᠢ ᠠᠴᠠ ᠭᠠᠷᠬᠤ ᠠᠴᠢᠶᠠᠨ ᠤ ᠲᠡᠷᠭᠡ ᠶᠢᠨ ᠭᠠᠷᠳᠠᠮ ᠢ ᠪᠠᠶᠢᠴᠠᠭᠠᠵᠤ ᠪᠠᠶᠢᠨ᠎ᠠ᠃ ᠪᠣᠭᠤᠮᠲᠠ ᠪᠠᠷ | ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠬᠦ ᠶᠢᠨ ᠲᠤᠰᠠᠳᠠ᠂ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ | ᠬᠢᠯᠢ ᠶᠢᠨ ᠬᠠᠮᠠᠭᠠᠯᠠᠯᠲᠠ ᠶᠢᠨ ᠶᠡᠷᠦᠩᠬᠡᠢ ᠠᠩᠭᠢ ᠶᠢᠨ ᠡᠷᠢᠶᠡᠨ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ | ᠪᠠᠶᠢᠴᠠᠭᠠᠯᠲᠠ ᠶᠢᠨ ᠥᠷᠲᠡᠭᠡ ︽ᠦᠨᠡᠨᠴᠢ ᠢᠲᠡᠭᠡᠮᠵᠢᠲᠡᠢ ᠪᠣᠭᠤᠮᠲᠠ ᠪᠠᠷ ᠥᠩᠭᠡᠷᠡᠭᠦᠯᠬᠦ︾ ᠦᠢᠯᠡᠴᠢᠯᠡᠭᠡᠨ ᠤ | ᠠᠷᠭ᠎ᠠ ᠪᠠᠷᠢᠯ ᠢ ᠭᠠᠷᠭᠠᠵᠤ᠂ ᠤᠷᠢᠳ ᠬᠤᠵᠢᠳᠠ ᠪᠦᠬᠦ ᠬᠤᠲᠠ ᠶᠢᠨ ᠭᠠᠳᠠᠭᠠᠳᠤ ᠳᠤ ᠬᠤᠯᠪᠣᠭᠳᠠᠬᠤ 500 ᠭᠠᠷᠤᠢ | ᠠᠵᠤ ᠠᠬᠤᠶᠢᠯᠠᠯ᠂ ᠠᠶᠠᠨᠴᠢᠳ ᠪᠠ ᠠᠴᠢᠶᠠᠨ ᠤ ᠲᠡᠷᠭᠡ 4600 ᠭᠠᠷᠤᠢ ᠶᠢ ᠳᠠᠩᠰᠠᠯᠠᠭᠰᠠᠨ ᠤ ᠬᠠᠮᠲᠤ ᠬᠠᠮᠤᠭ | ᠡᠴᠦᠰ ᠢᠲᠡᠭᠡᠮᠵᠢ ᠪᠠᠷ ᠰᠠᠶᠢᠨ᠂ ᠰᠢᠯᠭᠠᠨ ᠲᠣᠭᠲᠠᠭᠠᠬᠤ ᠳᠤ ᠪᠠᠲᠤᠯᠠᠭᠳᠠᠭᠰᠠᠨ 10ᠠᠵᠤ ᠠᠬᠤᠶᠢᠯᠠᠯ ᠯᠤᠭ᠎ᠠ ︽ | ᠦᠨᠡᠨᠴᠢ ᠢᠲᠡᠭᠡᠮᠵᠢᠲᠡᠢ ᠪᠣᠭᠤᠮᠲᠠ ᠪᠠᠷ ᠥᠩᠭᠡᠷᠡᠭᠦᠯᠬᠦ ᠵᠥᠪᠳᠡᠯᠴᠡᠭᠡᠷ︾ ᠲᠣᠭᠲᠠᠵᠤ᠂ ᠲᠡᠳᠡᠨ ᠳᠤ ᠨᠡᠶᠢᠳᠡᠮ ᠥᠯᠥ | ᠪᠠᠶᠢᠴᠠᠭᠠᠬᠤ ᠪᠠ ᠴᠢᠭᠯᠡᠭᠦᠯᠬᠦ ᠴᠢᠨᠠᠷ ᠲᠠᠢ ᠰᠤᠭᠤᠴᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠤᠭᠰᠠᠨ | ᠪᠣᠭᠤᠯᠲᠠ ᠪᠠᠷ ᠥᠩᠭᠡᠷᠡᠭᠦᠯᠬᠦ ᠦᠢᠯᠡᠴᠢᠯᠡᠭᠡ ᠬᠦᠷᠲᠡᠭᠡᠪᠡ᠃ ᠠᠷᠭ᠎ᠠ ᠪᠠᠷᠢᠯ ᠭᠠᠷᠭᠠᠭᠰᠠᠨ ᠤ ᠳᠠᠷᠠᠭ᠎ᠠ᠂ ᠵᠠᠰᠠᠮᠠᠯ | ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠭᠦᠯᠬᠦ ᠬᠤᠷᠳᠤᠴᠠ 60% ᠠᠴᠠ ᠳᠡᠭᠡᠭᠰᠢ ᠪᠠᠷ ᠳᠡᠭᠡᠭᠰᠢᠯᠡᠭᠰᠡᠨ | ᠪᠠᠶᠢᠨ᠎ᠠ᠃ |