ᠷᠧᠨ ᠶᠠ ᠫᠢᠩ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠵᠡᠷᠭᠡ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2015/5/22
     5 ᠳ᠋ᠤᠭᠠᠷ ᠰᠠᠷ᠎ᠠ  ᠶᠢᠨ 19᠎ ᠠᠴᠠ 20 ᠎ ᠤ ᠡᠲᠦᠷ ᠪᠤᠯᠲᠠᠯ᠎ᠠ᠂ ᠦᠪᠡᠷᠲᠡᠭᠡᠨ ᠵᠠᠰᠠᠬᠤ ᠤᠷᠤᠨ  ᠤ ᠤᠯᠤᠰ ᠲᠦᠷᠦ  ᠶᠢᠨ ᠵᠦᠪᠯᠡᠯᠭᠡᠨ  ᠤ ᠲᠡᠷᠢᠭᠦᠯᠡᠭᠴᠢ ᠷᠧᠨ ᠶᠠ ᠫᠢᠩ ᠦᠪᠡᠷᠲᠡᠭᠡᠨ ᠵᠠᠰᠬᠠᠤ ᠤᠷᠤᠨ  ᠤ ᠤᠯᠤᠰ ᠲᠦᠷᠦ  ᠶᠢᠨ ᠵᠦᠪᠯᠡᠯᠭᠡᠨ  ᠤ ᠬᠡᠰᠡᠭ ᠬᠡᠰᠢᠭᠦᠨ  ᠢ ᠲᠠᠭᠠᠭᠤᠯᠤᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠪᠠ᠃ ᠳᠡᠷᠡ ᠴᠢᠬᠤᠯᠠᠴᠢᠯᠠᠬᠰᠠᠨ ᠨᠢ᠂ ᠬᠦᠭᠵᠢᠯᠲᠡ ᠶᠢᠨ ᠪᠦᠬᠦ ᠲᠠᠯ᠎ᠠ  ᠶᠢᠨ ᠦᠨᠳᠦᠷᠴᠡ ᠠᠴᠠ ᠦᠪᠡᠷᠲᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ ᠵᠠᠰᠠᠭ  ᠤᠨ ᠤᠷᠳᠤᠨ  ᠤ ᠭᠤᠤᠯᠲᠠᠯᠭ᠎ᠠ ᠲᠠᠢ ᠠᠵᠢᠯ ᠭᠤᠤᠯᠲᠠᠯᠭ᠎ᠠ ᠲᠠᠢ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠤᠬᠲᠠᠯ  ᠢ ᠬᠦᠨᠵᠡᠭᠡᠢ ᠲᠠᠨᠢᠵᠦ᠂ ᠰᠠᠭᠤᠷᠢ ᠲᠦᠭᠦᠭᠡᠷᠦᠮᠵᠢ᠂ ᠠᠵᠦ ᠦᠢᠯᠡᠰ  ᠤᠨ ᠬᠦᠭᠵᠢᠯᠲᠡ᠂ ᠮᠠᠯᠵᠢᠬᠤ ᠲᠠᠷᠢᠶᠠᠯᠠᠬᠤ ᠤᠷᠤᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠪᠤᠯᠤᠨ ᠶᠠᠳᠠᠭᠤ ᠶᠢ ᠲᠡᠳᠬᠦᠨ ᠪᠣᠭᠤᠮᠳᠠ ᠰᠢᠪᠳᠣᠯᠬᠤ ᠢᠨᠵᠧᠨᠧᠷᠢᠩ ᠵᠡᠷᠭᠡ ᠭᠤᠤᠯᠲᠠᠯᠭ᠎ᠠ ᠲᠠᠢ ᠠᠵᠢᠯ ᠭᠤᠤᠯᠲᠠᠯᠭ᠎ᠠ ᠲᠠᠢ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠦᠷ ᠠᠳᠬᠤᠵᠦ᠂ ᠠᠵᠦ ᠠᠬᠤᠢ ᠨᠡᠶᠢᠭᠡᠮ  ᠤᠨ ᠬᠦᠭᠵᠢᠯᠲᠡ ᠶᠢ ᠠᠬᠢᠭᠤᠯᠵᠦ ᠨᠡᠩ ᠶᠡᠭᠡ ᠰᠢᠪᠲᠤᠯᠤᠯᠲᠠ ᠭᠠᠷᠭᠠᠬᠤ ᠬᠡᠷᠡᠭᠲᠡᠢ ᠬᠡᠵᠡᠢ᠃      ᠦᠪᠡᠷᠲᠡᠭᠡᠨ ᠵᠠᠰᠬᠠᠤ ᠤᠷᠤᠨ  ᠤ ᠤᠯᠤᠰ ᠲᠦᠷᠦ  ᠶᠢᠨ ᠵᠦᠪᠯᠡᠯᠭᠡᠨ  ᠤ ᠲᠡᠳ᠋ ᠲᠡᠷᠢᠭᠦᠯᠡᠭᠴᠢ ᠯᠢᠶᠠᠩ ᠲᠢᠢᠶᠧ ᠴᠧᠩ ᠪᠠᠷ᠎ᠠ ᠪᠤᠯᠤᠨ ᠪᠠᠶᠢᠴᠠᠭᠠᠨ ᠰᠤᠳᠤᠯᠪᠠ᠃      ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠ ᠱᠢ ᠽᠠᠢ ᠪᠠᠯᠭᠠᠰᠤᠨ ᠤ ᠴᠢᠶᠠᠨ ᠹᠧᠩ ᠲᠤᠰᠬᠤᠨ᠂ ᠵᠠᠯᠠᠶᠢᠳ ᠬᠤᠰᠢᠭᠤᠨ ᠤ ᠪᠠᠶᠠᠨᠭᠤᠤᠯ ᠪᠠᠯᠭᠠᠰᠤᠨ ᠤ ᠶᠦᠩ ᠾᠧ ᠲᠤᠰᠬᠤᠨ᠂ ᠢᠨᠲᠡᠷ ᠪᠠᠯᠭᠠᠰᠤᠨ  ᠤ ᠬᠤᠩ ᠸᠧᠢ ᠲᠤᠰᠬᠤᠨ ᠵᠡᠷᠭᠡ ᠭᠠᠵᠠᠷ ᠲᠤ᠂ ᠷᠧᠨ ᠶᠠ ᠫᠢᠩ ᠲᠤᠬᠠᠢ  ᠶᠢᠨ ᠭᠠᠵᠠᠷ  ᠤᠨ ᠮᠠᠯᠴᠢᠨ ᠲᠠᠷᠢᠶᠠᠴᠢᠨ  ᠤ ᠬᠡᠷ ᠲᠤ ᠬᠦᠷᠴᠦ᠂ ᠢᠲᠡᠷᠴᠣᠳ ᠨᠠᠰᠣᠳᠠᠶᠢᠴᠣᠳ  ᠤᠨ ᠵᠤᠯ ᠵᠢᠷᠭᠠᠯᠲᠦ ᠬᠡᠷ ᠪᠦᠯᠢ  ᠶᠢᠨ ᠪᠠᠶᠢᠭᠤᠯᠤᠯᠲᠠ ᠶᠢ ᠨᠠᠷᠢᠨ ᠪᠠᠶᠢᠴᠠᠭᠠᠨ ᠦᠵᠡᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ  ᠢ ᠠᠬᠢᠭᠤᠯᠤᠨ ᠨᠠᠶᠢᠲᠠᠪᠤᠷᠢᠵᠢᠭᠤᠯᠵᠦ ᠪᠠᠶᠢᠭ᠎ᠠ ᠪᠠᠶᠢᠲᠠᠯ  ᠢ ᠨᠠᠷᠢᠨ ᠤᠢᠢᠯᠠᠭᠠᠵᠠᠢ᠃      ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ  ᠶᠢᠨ ᠵᠦᠪᠯᠡᠯᠭᠡᠨ ᠤ ᠪᠠᠶᠢᠭᠤᠯᠭ᠎ᠠ ᠶᠢᠨ ᠶᠠᠳᠠᠭᠤ ᠶᠢ ᠲᠡᠳᠬᠦᠬᠦ ᠴᠢᠬ ᠪᠤᠯᠬᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢᠨ ᠬᠦᠢᠯᠡᠷ ᠪᠠᠯᠭᠠᠰᠤᠨ ᠤ ᠪᠸᠢ ᠭᠤᠸᠠᠩ ᠷᠦᠩ ᠭᠠᠴᠠᠭ᠎ᠠ ᠳᠤ᠂ ᠷᠧᠨ ᠶᠠ ᠫᠢᠩ ᠶᠠᠳᠠᠭᠤ ᠬᠦᠴᠢᠷ ᠲᠠᠢ ᠤᠯᠠᠨ ᠲᠦᠮᠡᠨ ᠢ ᠪᠤᠯᠭᠤᠭᠠᠨ ᠲᠤᠬᠤᠨᠢᠭᠤᠯᠵᠦ᠂ ᠲᠤᠰᠬᠤᠨ ᠳᠤ ᠰᠠᠭᠤᠭ᠎ᠠ ᠤᠯᠤᠰ ᠲᠦᠷᠦ  ᠶᠢᠨ ᠵᠦᠪᠯᠡᠯᠭᠡᠨ  ᠤ  ᠪᠠᠶᠢᠭᠤᠯᠭ᠎ᠠ ᠶᠢᠨ ᠶᠠᠳᠠᠭᠤ ᠶᠢ ᠲᠡᠳᠬᠦᠬᠦ ᠠᠵᠢᠯ ᠤᠨ ᠲᠤᠭᠤᠢᠢᠯᠠᠩ  ᠤᠨ ᠠᠵᠢᠯ ᠠᠮᠢᠳᠤᠷᠠᠯ ᠪᠤᠯᠤᠨ ᠲᠤᠰᠬᠤᠨ ᠤ ᠠᠷᠠᠳ ᠤᠨ ᠤᠷᠤᠯᠭ᠎ᠠ ᠵᠡᠷᠭᠡ ᠪᠠᠶᠢᠲᠠᠯ ᠢ ᠤᠢᠢᠯᠠᠭᠠᠵᠣ᠂ ᠪᠤᠲᠠᠲᠠᠢ ᠭᠠᠵᠠᠷ ᠲᠤᠨᠢ ᠬᠦᠷᠴᠦ ᠪᠠᠶᠢᠴᠠᠭᠠᠨ ᠦᠵᠡᠵᠦ᠂ ᠤᠯᠤᠰ ᠲᠦᠷᠦ ᠶᠢᠨ ᠵᠦᠪᠯᠡᠯᠭᠡᠨ ᠤ ᠠᠯᠪᠠᠨ ᠲᠢᠩᠬᠢᠮ ᠪᠤᠯᠤᠨ ᠲᠤᠰᠬᠤᠨ ᠲᠤ ᠰᠠᠭᠤᠭ᠎ᠠ ᠺᠠᠳ᠋ᠷᠴᠤᠳ ᠢᠲᠡᠪᠬᠢᠲᠡᠢ ᠪᠠᠷ ᠰᠡᠳᠬᠢᠨ ᠲᠦᠷᠦᠯ ᠵᠦᠢᠯ ᠡᠷᠢᠵᠦ᠂ ᠤᠨᠢᠨ ᠳᠡᠬᠡᠷ᠎ᠠ ᠨᠢ ᠶᠠᠳᠠᠭᠤ ᠶᠢ ᠲᠡᠳᠬᠦᠬᠦ ᠶᠢ ᠪᠦᠬᠦ ᠲᠠᠯ᠎ᠠ ᠪᠠᠷ ᠠᠬᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ  ᠤᠨ ᠵᠢᠯᠤᠭᠤᠳᠤᠯᠭ᠎ᠠ ᠶᠢ ᠴᠢᠩᠭᠠᠳᠬᠠᠨ᠂ ᠪᠠᠶᠠᠵᠢᠯ  ᠤᠨ ᠵᠢᠱᠢᠶ᠎ᠡ ᠦᠵᠡᠭᠦᠯᠬᠦ ᠡᠷᠦᠭᠡ ᠶᠢ ᠬᠦᠮᠦᠵᠢᠭᠦᠯᠵᠦ᠂ ᠲᠤᠰᠬᠤᠨ ᠤ ᠠᠷᠠᠳ ᠢ ᠲᠠᠶᠢᠴᠢᠯᠠᠨ ᠪᠦᠬᠦᠯᠢ ᠴᠤᠬᠴᠠ ᠪᠠᠷ ᠨᠢ ᠶᠠᠳᠠᠭᠤ ᠠᠴᠠ ᠠᠩᠬᠢᠵᠢᠷᠠᠭᠤᠯᠤᠨ᠂ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠡᠭᠦᠷᠭᠡ ᠶᠢ ᠳᠤᠭᠳᠠᠭᠰᠠᠨ ᠬᠤᠭᠤᠴᠠᠭᠠᠠ ᠳᠠᠭᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠦ ᠵᠠᠬᠢᠪᠠ᠃      ᠬᠢᠩᠭᠠᠨ ᠠᠶᠢᠮᠠᠭ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠲᠠᠯ ᠪᠤᠯᠤᠨ ᠮᠠᠯᠵᠢᠬᠤ ᠲᠠᠷᠢᠶᠠᠯᠠᠬᠤ ᠤᠷᠤᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠵᠡᠷᠭᠡ ᠭᠤᠤᠯᠲᠠᠯᠭ᠎ᠠ ᠲᠠᠢ ᠠᠵᠢᠯ ᠭᠤᠤᠯᠲᠠᠯᠭ᠎ᠠ ᠲᠠᠢ ᠲᠦᠷᠦᠯ ᠵᠦᠢᠯ  ᠢ ᠠᠬᠢᠭᠤᠯᠬᠤ ᠠᠬᠢᠴᠠ ᠶᠢᠨ ᠪᠠᠶᠢᠲᠠᠯ  ᠤᠨ ᠮᠡᠲᠡᠭᠦᠯᠦᠯᠲᠡ ᠶᠢ ᠰᠤᠨᠤᠰᠤᠬᠰᠠᠨ ᠎ ᠤ ᠳᠠᠷᠠᠭ᠎ᠠ᠂ ᠷᠧᠨ ᠶᠠ ᠫᠢᠩ ᠬᠢᠩᠭᠠᠨ ᠠᠶᠢᠮᠠᠭ ᠤᠨ ᠡᠯ᠎ᠡ ᠵᠦᠢᠯ ᠤᠨ ᠠᠵᠢᠯ  ᠤᠨ ᠠᠮᠵᠢᠯᠳᠠ ᠶᠢ ᠬᠦᠢᠴᠡᠳ ᠨᠤᠲᠠᠯᠠᠪᠠ᠃      ᠷᠧᠨ ᠶᠠ ᠫᠢᠩ ᠴᠢᠬᠤᠯᠠᠴᠢᠯᠠᠬᠰᠠᠨ ᠨᠢ᠂ ᠠᠵᠢᠯ ᠢ ᠠᠳᠬᠤᠨ ᠶᠠᠪᠤᠲᠠᠯ ᠰᠢᠢᠳᠪᠦᠷᠢᠯᠡᠵᠦ᠂ ᠬᠦᠭᠵᠢᠯᠲᠡ ᠶᠢ ᠰᠦᠪᠡᠭᠴᠢᠯᠡᠬᠦ ᠲᠤ ᠦᠨᠡᠨ ᠠᠴᠠ ᠵᠦᠪ  ᠢ ᠡᠷᠢᠵᠦ᠂ ᠭᠠᠵᠠᠷ ᠣᠷᠣᠨ  ᠤ ᠪᠠᠶᠢᠳᠠᠯ ᠳᠠᠭᠠᠨ ᠲᠤᠬᠢᠷᠠᠭᠤᠯᠤᠨ᠂ ᠪᠤᠲᠠᠲᠠᠢ ᠠᠴᠠ ᠡᠭᠦᠰᠬᠦ ᠬᠡᠷᠡᠭᠲᠡᠢ᠃ ᠲᠠᠷᠢᠶᠠᠯᠠᠩ ᠮᠠᠯ ᠠᠵᠦ ᠠᠬᠤᠢ᠂ ᠵᠤᠭᠠᠴᠠᠯ  ᠤᠨ ᠦᠢᠯᠡᠰ ᠢ ᠬᠦᠭᠵᠢᠭᠦᠯᠬᠦ ᠪᠣᠶᠣ ᠠᠵᠦ ᠦᠢᠯᠡᠰ ᠤᠨ ᠲᠦᠷᠦᠯ ᠵᠦᠢᠯ  ᠢ ᠤᠷᠤᠭᠤᠯᠬᠤ ᠲᠤ ᠤᠷᠴᠢᠨ ᠲᠤᠭᠤᠷᠢᠨ ᠤ ᠬᠠᠮᠠᠭᠠᠯᠠᠯᠲᠠ ᠶᠢ ᠨᠡᠩ ᠴᠢᠬᠤᠯᠠᠴᠢᠯᠠᠬᠤ ᠬᠡᠷᠡᠭᠲᠡᠢ᠃ ᠠᠵᠢᠯ ᠬᠢᠵᠦ ᠦᠢᠯᠡᠰ ᠪᠣᠰᠬᠠᠬᠤ ᠰᠠᠶᠢᠨ ᠰᠠᠶᠢᠬᠠᠨ ᠠᠭᠤᠷ ᠠᠮᠢᠰᠬᠤᠯ  ᠢ ᠴᠢᠷᠮᠠᠶᠢᠨ ᠪᠦᠷᠢᠯᠳᠦᠭᠦᠯᠵᠦ᠂ ᠪᠦᠬᠦ ᠠᠶᠢᠮᠠᠭ  ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠤᠨ ᠨᠡᠩ ᠶᠡᠭᠡ ᠰᠢᠪᠲᠤᠯᠤᠯᠲᠠ ᠭᠠᠷᠭᠠᠬᠤ ᠬᠡᠷᠡᠭᠲᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号