ᠥᠪᠥᠷ ᠮᠣᠩᠭᠤᠯ ᠤᠨ ᠰᠣᠷᠢᠨᠵᠢᠨ ᠬᠥᠪᠦᠯᠲᠦ ᠪᠣᠰᠤᠭ᠎ᠠ ᠲᠡᠩᠭᠡᠯᠢᠭᠲᠦ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠪᠦᠯᠦᠭ ᠠᠮᠵᠢᠯᠲᠠ ᠲᠠᠢ ᠪᠠᠷ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2015/5/22
     5 ᠳ᠋ᠤᠭᠠᠷ ᠰᠠᠷ᠎ᠠ ᠶᠢᠨ 21᠎ ᠤ ᠡᠳᠦᠷ᠂ ᠬᠥᠬᠡᠬᠤᠲᠠ ᠶᠢᠨ ᠶᠢᠨ ᠱᠠᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠥᠪᠥᠷ ᠮᠣᠩᠭᠤᠯ ᠤᠨ ᠰᠦᠯᠳᠡ ᠺᠣᠮᠫᠠᠨᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠤᠷᠰᠢᠯᠲᠠ ᠶᠢᠨ ᠲᠠᠯᠠᠪᠠᠢ ᠳᠤ᠂ ᠠᠵᠢᠯᠴᠢᠳ ᠰᠣᠷᠢᠨᠵᠢᠨ ᠬᠥᠪᠥᠯᠲᠦ ᠪᠣᠰᠤᠭ᠎ᠠ ᠲᠡᠩᠭᠡᠯᠢᠭᠲᠦ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠪᠦᠯᠦᠭ ᠢ ᠤᠭᠰᠠᠷᠠᠵᠤ ᠲᠣᠬᠢᠷᠠᠭᠤᠯᠤᠨ ᠲᠤᠷᠰᠢᠵᠤ ᠪᠠᠶᠢᠨ᠎ᠠ᠃      ᠲᠤᠰ ᠡᠳᠦᠷ᠂ ᠥᠪᠥᠷ ᠮᠣᠩᠭᠤᠯ ᠤᠨ ᠰᠦᠯᠳᠡ ᠺᠣᠮᠫᠠᠨᠢ ᠠᠴᠠ ᠰᠣᠳᠣᠯᠣᠨ ᠨᠡᠭᠡᠭᠡᠭᠰᠡᠨ 50 ᠺᠢᠯᠣᠸᠠᠲ ‍ᠤᠨ‌‍ᠰᠣᠷᠢᠨᠵᠢᠨ ᠬᠥᠪᠥᠯᠲᠦ ᠣᠯᠠᠨ ᠪᠠᠭᠠᠨ᠎ᠠ ᠶᠢᠨ ᠰᠤᠪᠤᠷᠭᠠᠨ ᠬᠡᠯᠪᠡᠷᠢᠲᠦ ᠪᠣᠰᠤᠭ᠎ᠠ ᠲᠡᠩᠭᠡᠯᠢᠭᠲᠦ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠪᠦᠯᠦᠭ ᠠᠮᠵᠢᠯᠲᠠ ᠲᠠᠢ ᠪᠠᠷ ᠴᠠᠬᠢᠯᠭᠠᠨ ᠭᠠᠷᠭᠠᠪᠠ᠃ ᠲᠤᠰ ᠮᠠᠰᠢᠨ ᠤ ᠪᠦᠯᠦᠭ ᠨᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠭᠴᠢ ᠶᠢᠨ ᠡᠷᠬᠡ ᠲᠠᠢ᠂ ᠰᠠᠯᠬᠢᠨ ᠤ ᠳᠠᠷᠤᠯᠲᠠ ᠶᠢ ᠠᠦ᠋ᠲ᠋ᠤ᠋ ᠲᠣᠬᠢᠷᠠᠭᠤᠯᠵᠤ ᠴᠢᠳᠠᠬᠤ ᠪᠦᠭᠡᠳ᠂ ᠤᠯᠠᠮᠵᠢᠯᠠᠯᠲᠤ ᠬᠡᠪᠲᠡᠭᠡ ᠲᠡᠩᠭᠡᠯᠢᠭᠲᠦ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠪᠦᠯᠦᠭ ᠲᠠᠢ ᠠᠳᠠᠯᠢᠳᠬᠠᠪᠠᠯ᠂ ᠲᠤᠰ ᠮᠠᠰᠢᠨ ᠤ ᠪᠦᠯᠦᠭ ᠨᠢ ᠰᠠᠯᠬᠢᠨ ᠬᠦᠴᠦᠨ ᠤ ᠴᠢᠩᠭ᠎ᠠ ᠰᠤᠯᠠ ᠳᠤ ᠴᠢᠩᠭ᠎ᠠ ᠱᠠᠭᠠᠷᠳᠠᠯᠭ᠎ᠠ ᠦᠭᠡᠢ᠂ ᠦᠢᠯᠡᠳᠪᠦᠷᠢᠯᠡᠬᠦ ᠪᠠ ᠤᠭᠰᠠᠷᠠᠬᠤ ᠥᠪᠡᠷ ᠤᠨ ᠥᠷᠲᠡᠭ ᠨᠢ ᠨᠡᠩ ᠳᠣᠣᠷ᠎ᠠ ᠪᠠᠶᠢᠳᠠᠭ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号