ᠥᠪᠥᠷ ᠮᠣᠩᠭᠤᠯ ᠵᠢᠩᠭᠢᠨᠢ ᠠᠩᠭᠢ ᠶᠢᠨ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠢ ᠳᠣᠷᠣᠭᠰᠢᠯᠠᠭᠤᠯᠵᠤ  ᠳ᠋ᠦᠩᠰᠢᠭᠤᠷ ᠲᠥᠭᠦᠷᠢᠭ ᠤᠨ ᠳᠠᠷᠤᠭᠠᠰᠤ ᠬᠥᠩᠭᠡᠷᠡᠭᠦᠯᠪᠡ
ᠨᠡᠶᠢᠲᠡᠯᠡᠭᠰᠡᠨ ᠴᠠᠭ᠄
2015/5/26
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠩᠭᠢᠨᠢ ᠠᠩᠭᠢ ᠶᠢᠨ ᠳᠡᠭᠡᠳᠦ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠤᠷᠰᠢᠵᠤ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠵᠠᠷᠤᠳᠠᠯ ᠬᠤᠷᠢᠶᠠᠬᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠥᠢᠷ᠎ᠠ ᠳᠤ ︽ᠪᠥᠬᠦ ᠣᠷᠣᠨ ᠤ ᠵᠢᠩᠭᠢᠨᠢ ᠠᠩᠭᠢ ᠶᠢᠨ ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠤᠨ ᠪᠠᠷᠢᠮᠵᠢᠶ᠎ᠡ ᠶᠢ ᠵᠢᠷᠤᠮᠵᠢᠭᠤᠯᠬᠤ ᠪᠠ ᠲᠣᠬᠢᠷᠠᠭᠤᠯᠬᠤ ᠲᠤᠬᠠᠢ ᠮᠡᠳᠡᠭᠳᠡᠯ︾᠎ ᠢ ᠳᠠᠷᠤᠮᠠᠯᠯᠠᠨ ᠶᠠᠪᠤᠭᠤᠯᠵᠤ᠂ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠤᠨ ᠪᠠᠷᠢᠮᠵᠢᠶ᠎ᠡ ᠶᠢ ᠨᠢᠬᠡᠳᠦᠯᠲᠡᠢ ᠳᠣᠷᠣᠭᠰᠢᠯᠠᠭᠤᠯᠤᠭᠰᠠᠨ ᠤ ᠬᠠᠮᠲᠤ 2015 ᠣᠨ ᠤ ᠨᠠᠮᠤᠷ ᠤᠨ ᠰᠣᠷᠣᠯᠭ᠎ᠠ ᠶᠢᠨ ᠬᠤᠭᠤᠴᠠᠭ᠎ᠠ ᠠᠴᠠ ᠡᠬᠢᠯᠡᠨ ᠰᠢᠨ᠎ᠡ ᠰᠤᠷᠤᠭᠴᠢ ᠬᠠᠭᠤᠴᠢᠨ ᠰᠤᠷᠤᠭᠴᠢ ᠭᠡᠵᠦ ᠢᠯᠭᠠᠯ ᠦᠭᠡᠢ ᠪᠠᠷ ᠨᠢᠬᠡᠲᠦᠯᠲᠡᠢ ᠬᠡᠷᠡᠭᠵᠢᠭᠦᠯᠬᠦ ᠪᠠᠷ ᠪᠣᠯᠪᠠ᠃ ᠮᠡᠳᠡᠭᠳᠡᠯ ᠳᠤ ᠲᠣᠭᠲᠠᠭᠠᠭᠰᠠᠨ ᠨᠢ᠂ ᠵᠢᠩᠭᠢᠨᠢ ᠠᠩᠭᠢ ᠶᠢᠨ ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠡᠯ᠎ᠡ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠢ ᠴᠦᠮ ᠰᠤᠷᠤᠭᠴᠢ ᠨᠢᠭᠡᠪᠦᠷᠢ ᠠᠴᠠ ᠰᠤᠷᠤᠯᠭ᠎ᠠ ᠶᠢᠨ ᠣᠨ ᠪᠦᠷᠢ 10000 ᠲᠥᠭᠦᠷᠢᠭ ᠤᠨ ᠪᠠᠷᠢᠮᠵᠢᠶ᠎ᠡ ᠪᠠᠷ ᠬᠤᠷᠢᠶᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠡᠰᠡᠭ ᠵᠢᠩᠭᠢᠨᠢ ᠠᠩᠭᠢ ᠶᠢᠨ ᠳᠡᠭᠡᠳᠦ ᠰᠤᠷᠭᠠᠭᠤᠯᠢ ᠳᠤ ᠵᠦᠪᠰᠢᠶᠡᠷᠡᠭᠡᠳ ᠬᠤᠷᠢᠶᠠᠵᠤ ᠪᠠᠶᠢᠭᠰᠠᠨ ᠦᠢᠯᠡᠳᠦᠯᠭᠡ ᠶᠢᠨ ᠮᠡᠷᠭᠡᠰᠢᠯ ᠤᠨ ᠬᠥᠮᠦᠵᠢᠭᠦᠯᠬᠦ ᠵᠠᠷᠤᠳᠠᠯ ᠢ ᠬᠦᠴᠦᠨ ᠦᠭᠡᠢ ᠪᠣᠯᠭᠠᠨ᠎ᠠ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ︽ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠵᠡᠷᠭᠡ 13 ᠰᠤᠷᠭᠠᠭᠤᠯᠢ ᠰᠤᠷᠤᠯᠭ᠎ᠠ ᠶᠢᠨ ᠬᠤᠪᠢ ᠶᠢᠨ ᠳᠦᠷᠢᠮ ᠢᠶᠠᠷ ᠵᠠᠷᠤᠳᠠᠯ ᠬᠤᠷᠢᠶᠠᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠬᠠᠷᠢᠭᠤ ᠵᠠᠬᠢᠳᠠᠯ︾ ᠎ ᠳᠠᠬᠢ ᠰᠤᠷᠤᠯᠭ᠎ᠠ ᠶᠢᠨ ᠬᠤᠪᠢ ᠶᠢᠨ ᠳᠦᠷᠢᠮ ᠢᠶᠠᠷ ᠵᠠᠷᠤᠳᠠᠯ ᠬᠤᠷᠢᠶᠠᠬᠤ ᠶᠢ ᠵᠦᠪᠰᠢᠶᠡᠷᠡᠨ ᠬᠡᠷᠡᠭᠵᠢᠭᠦᠯᠦᠭᠰᠡᠨ ᠰᠤᠷᠭᠠᠭᠤᠯᠢ ᠶᠢᠨ᠂ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠬᠤᠪᠢ ᠶᠢᠨ ᠳᠦᠷᠢᠮ ᠢᠶᠠᠷ ᠵᠠᠷᠤᠳᠠᠯ ᠬᠤᠷᠢᠶᠠᠬᠤ ᠪᠠᠷᠢᠮᠵᠢᠶ᠎ᠡ ᠶᠢ ᠨᠢ ᠳᠡᠭᠡᠷ᠎ᠡ ᠳᠤᠷᠠᠳᠤᠭᠰᠠᠨ ᠵᠠᠷᠤᠳᠠᠯ ᠬᠤᠷᠢᠶᠠᠬᠤ ᠪᠠᠷᠢᠮᠵᠢᠶ᠎ᠡ ᠶᠣᠰᠤᠭᠠᠷ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠢᠶᠠᠷ ᠬᠢᠨᠠᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠠᠰ ᠲᠤᠨᠢ ᠴᠤᠬᠤᠯᠠᠪᠤᠷᠢᠯᠠᠨ ᠬᠠᠷᠢᠭᠤᠯᠤᠨ᠎ᠠ ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ᠰᠤᠷᠭᠠᠭᠤᠯᠢ ᠬᠢᠭᠡᠳ ᠠᠵᠤ ᠠᠬᠤᠶᠢᠯᠠᠯ ᠬᠤᠷᠰᠢᠵᠤ ᠡᠷᠬᠢᠯᠡᠭᠰᠡᠨ ᠰᠤᠷᠭᠠᠭᠤᠯᠢ ᠶᠢᠨ ᠰᠤᠷᠤᠯᠭ᠎ᠠ ᠶᠢᠨ ᠵᠠᠷᠤᠳᠠᠯ ᠤᠨ ᠪᠠᠷᠢᠮᠵᠢᠶ᠎ᠡ ᠶᠢ ᠳᠣᠷᠣᠭᠰᠢᠯᠠᠭᠤᠯᠤᠭᠰᠠᠨ ᠤ ᠳᠠᠷᠠᠭ᠎ᠠ᠂ ᠰᠤᠷᠤᠭᠴᠢᠳ ᠤᠨ ᠰᠤᠷᠤᠯᠭ᠎ᠠ ᠶᠢᠨ ᠵᠠᠷᠤᠳᠠᠯ ᠤᠨ ᠳᠠᠷᠤᠭᠠᠰᠤ ᠶᠢ ᠪᠠᠷᠤᠭ 1 ᠳ᠋ᠦᠩᠰᠢᠭᠤᠷ ᠲᠥᠭᠦᠷᠢᠭ ᠣᠷᠴᠢᠮ ᠬᠥᠩᠭᠡᠷᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号