ᠦᠨᠦᠭᠡᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠡᠳ᠋ | ᠤᠨ ᠵᠠᠰᠠᠭ ᠤᠨ ᠲᠢᠩᠬᠢᠮ ᠬᠠᠮᠳᠤᠷᠠᠨ ︽2015 ᠤᠨ ᠤ ᠮᠠᠯ ᠠᠵᠦ ᠠᠬᠤᠢ ᠶᠢᠨ ᠬᠦᠭᠵᠢᠯᠳᠡ ᠶᠢ ᠲᠡᠳᠬᠦᠬᠦ | ᠲᠦᠷᠦᠯ ᠵᠦᠢᠯ ᠤᠨ ᠬᠡᠷᠡᠭᠵᠢᠬᠦᠯᠬᠦ ᠲᠦᠰᠦᠯ︾ ᠢ ᠪᠠᠭᠤᠯᠭᠠᠪᠠ᠃ ︽ᠲᠦᠰᠦᠯ︾ ᠳᠤ ᠡᠨᠡ ᠵᠢᠯ ᠪᠦᠬᠦ ᠣᠷᠣᠨ ᠤ | 110 ᠲᠦᠮᠡᠨ ᠬᠤᠯᠰᠲᠸᠢᠨ ᠰᠠᠭᠠᠯᠢ ᠶᠢᠨ ᠦᠨᠢᠶ᠎ᠡ᠂ 5 ᠲᠦᠮᠡᠨ ᠰᠢᠮᠧᠨ᠋ᠲ᠋ᠠᠯ ᠰᠠᠭᠠᠯᠢ ᠶᠢᠨ ᠦᠨᠢᠶ᠎ᠡ᠂ 5 ᠲᠦᠮᠡᠨ | ᠭᠤᠷᠪᠠᠨ ᠭᠤᠤᠯ ᠤᠨ ᠦᠬᠡᠷ ᠪᠤᠯᠤᠨ 40 ᠲᠦᠮᠡᠨ ᠮᠢᠬᠠᠨ ᠤ ᠰᠢᠮᠧᠨ᠋ᠲ᠋ᠠᠯ ᠦᠬᠡᠷ ᠲᠤ ᠰᠠᠶᠢᠨ ᠡᠭᠦᠯᠳᠡᠷ ᠤᠨ | ᠢᠴᠡᠭᠡᠯ ᠦᠷ᠎ᠡ ᠶᠢᠨ ᠨᠦᠬᠦᠪᠤᠷᠢ ᠶᠢ ᠬᠡᠷᠡᠭᠵᠢᠬᠦᠯᠬᠦ ᠶᠢᠨ ᠬᠠᠮᠳᠤ ᠬᠤᠯᠰᠲᠸᠢᠨ ᠦᠨᠢᠶᠡᠨ ᠤ ᠦᠷ᠎ᠡ ᠶᠢᠨ ᠬᠦᠪᠤᠷᠡᠯ | 200 ᠶᠢ ᠤᠷᠤᠭᠤᠯᠬᠤ ᠪᠠ ᠡᠭᠦᠨ ᠤ ᠳᠠᠭᠠᠤ ᠦᠨᠳᠤᠷ ᠤᠨᠠᠯᠳᠠ ᠲᠠᠢ ᠴᠢᠨᠡᠷ ᠰᠠᠶᠢᠲᠠᠢ ᠴᠠᠷᠭᠠᠰᠤ ᠶᠢᠨ ᠵᠢᠱᠢᠶ᠎ᠡ | ᠦᠵᠡᠬᠦᠯᠬᠦ ᠪᠦᠳᠤᠭᠡᠨ ᠪᠠᠶᠢᠭᠤᠯᠤᠯᠳᠠ ᠶᠢ ᠦᠷᠨᠢᠬᠦᠯᠵᠦ᠂ ᠬᠦᠯᠤᠨ ᠪᠤᠶᠢᠷ ᠬᠤᠳᠠ᠂ ᠲᠦᠩᠯᠢᠶᠤᠤ ᠬᠤᠳᠠ᠂ | ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠪᠤᠭᠤᠳᠤ ᠬᠤᠳᠠ᠂ ᠪᠠᠶᠠᠨᠨᠠᠭᠤᠷ ᠬᠤᠳᠠ᠂ ᠤᠷᠳᠤᠰ ᠬᠤᠳᠠ᠂ | ᠠᠯᠠᠱᠨ ᠠᠶᠢᠮᠠᠭ ᠵᠡᠷᠭᠡ 8 ᠠᠶᠢᠮᠠᠭ ᠬᠤᠳᠠ ᠳᠤ ᠰᠠᠭᠠᠯᠢ ᠶᠢᠨ ᠦᠨᠢᠶ᠎ᠡ ᠳᠡᠵᠢᠭᠡᠨ ᠦᠷᠡᠵᠢᠬᠦᠯᠬᠦ ᠭᠤᠤᠯᠳᠠᠯᠭ᠎ᠠ ᠲᠠᠢ | ᠬᠤᠰᠢᠭᠤ ᠰᠢᠶᠠᠨ ᠢ ᠰᠤᠩᠭᠤᠵᠦ᠂ 8.4 ᠲᠦᠮᠡᠨ ᠮᠤ᠋ ᠦᠨᠳᠤᠷ ᠤᠨᠠᠯᠳᠠ ᠲᠠᠢ ᠴᠢᠨᠡᠷ ᠰᠠᠶᠢᠲᠠᠢ ᠴᠠᠷᠭᠠᠰᠤ ᠶᠢᠨ | ᠵᠢᠱᠢᠶ᠎ᠡ ᠦᠵᠡᠬᠦᠯᠬᠦ ᠬᠡᠰᠡᠭ ᠲᠤᠭᠤᠷᠢᠭ ᠢ ᠪᠦᠳᠤᠭᠡᠨ ᠪᠠᠶᠢᠭᠤᠯᠤᠨ᠎ᠠ ᠬᠡᠵᠦ ᠲᠤᠳᠤᠷᠬᠠᠢ ᠲᠤᠭᠳᠠᠭᠠᠪᠠ᠃ | ᠲᠤᠰ ︽ᠲᠦᠰᠦᠯ︾ ᠳᠤ ᠲᠤᠭᠳᠠᠭᠠᠭᠰᠠᠨ ᠢᠶᠠᠷ᠂ ᠡᠨᠡ ᠵᠢᠯ ᠮᠠᠨ ᠤ ᠤᠷᠤᠨ ᠤ ᠮᠠᠯ ᠠᠵᠦ | ᠠᠬᠤᠢ ᠶᠢᠨ ᠰᠠᠶᠢᠨ ᠡᠭᠦᠯᠳᠡᠷ ᠤᠨ ᠨᠦᠬᠦᠪᠤᠷᠢ ᠤᠯᠤᠭᠰᠠᠳ ᠪᠤᠯ᠂ ᠲᠦᠷᠦᠯ ᠵᠦᠢᠯ ᠤᠨ ᠬᠡᠪᠴᠢᠶᠡᠨ ᠳᠤᠳᠤᠷᠠᠬᠢ | ᠰᠠᠶᠢᠨ ᠡᠭᠦᠯᠳᠡᠷ ᠤᠨ ᠦᠷ᠎ᠡ ᠪᠠᠷ ᠵᠤᠬᠢᠶᠠᠮᠠᠯ ᠬᠡᠬᠡᠯᠳᠤᠭᠦᠯᠬᠡ ᠬᠢᠵᠦ ᠪᠠᠶᠢᠭ᠎ᠠ ᠮᠡᠬᠡᠵᠢ ᠭᠠᠭ᠋ᠠᠢ᠂ ᠰᠠᠭᠠᠯᠢ ᠶᠢᠨ | ᠦᠨᠢᠶ᠎ᠡ᠂ ᠮᠢᠬᠠᠨ ᠤ ᠦᠬᠡᠷ ᠤᠨ ᠮᠠᠯᠵᠢᠯ ᠤᠨ ᠲᠠᠯᠠᠪᠠᠢ ︵ᠪᠠᠭ᠎ᠠ ᠲᠤᠭᠤᠷᠢᠭ᠂ ᠡᠷᠦᠬᠡ︶ ᠵᠢᠴᠢ 30 ᠠᠴᠠ | ᠳᠡᠭᠡᠭᠰᠢ ᠦᠷᠡᠵᠢᠯ ᠤᠨ ᠬᠤᠨᠢ ᠲᠠᠢ ᠮᠠᠯᠵᠢᠯ ᠤᠨ ᠡᠷᠦᠬᠡ ᠪᠤᠯᠤᠨ᠎ᠠ᠃ ᠬᠤᠯᠰᠲᠸᠢᠨ ᠦᠷᠡᠵᠢᠯ ᠤᠨ ᠦᠨᠢᠶ᠎ᠡ ᠳᠤ | ᠵᠢᠯ ᠪᠦᠷᠢ 2 ᠲᠠᠷᠢᠬᠤ ᠢᠴᠡᠭᠡᠯ ᠦᠷ᠎ᠡ ᠬᠡᠷᠡᠭᠯᠡᠵᠦ᠂ ᠨᠢᠭᠡ ᠲᠠᠷᠢᠬᠤ ᠢᠴᠡᠭᠡᠯ ᠦᠷ᠎ᠡ ᠳᠤ15 ᠲᠦᠭᠦᠷᠢᠭ | ᠨᠦᠬᠦᠪᠤᠷᠢᠯᠡᠨ᠎ᠡ︔ ᠰᠢᠮᠧᠨ᠋ᠲ᠋ᠠᠯ ᠰᠠᠭᠠᠯᠢ ᠵᠢᠨᠦᠨᠢᠶᠡ᠂ ᠭᠤᠷᠪᠠᠨ ᠭᠤᠤᠯ ᠤᠨ ᠦᠷᠡᠵᠢᠯ ᠤᠨ ᠦᠨᠢᠶ᠎ᠡ ᠳᠤ ᠵᠢᠯ | ᠪᠦᠷᠢ 2 ᠲᠠᠷᠢᠬᠤ ᠢᠴᠡᠭᠡᠯ ᠦᠷ᠎ᠡ ᠬᠡᠷᠡᠭᠯᠡᠵᠦ᠂ ᠨᠢᠭᠡ ᠳᠠᠷᠢᠬᠤ ᠢᠴᠡᠭᠡᠯ ᠦᠷ᠎ᠡ ᠳᠤ10 ᠲᠦᠭᠦᠷᠢᠭ | ᠨᠦᠬᠦᠪᠤᠷᠢᠯᠡᠨ᠎ᠡ᠃ ᠭᠠᠳᠠᠭᠠᠳᠤ ᠠᠴᠠ ᠤᠷᠤᠭᠤᠯᠤᠭᠰᠠᠨ ᠬᠤᠯᠰᠲᠸᠢᠨ ᠦᠬᠡᠷ ᠤᠨ ᠦᠷ᠎ᠡ ᠶᠢᠨ ᠬᠦᠪᠤᠷᠡᠯ ᠪᠦᠷᠢ | 5000 ᠲᠦᠬᠦᠷᠢᠭ ᠨᠦᠬᠦᠪᠤᠷᠢᠯᠡᠨ᠎ᠡ᠃ ᠮᠢᠬᠠᠨ ᠤ ᠦᠬᠡᠷ ᠤᠨ ᠦᠷᠡᠵᠢᠯ ᠤᠨ ᠦᠨᠢᠶ᠎ᠡ ᠳᠤ ᠵᠢᠯ ᠪᠦᠷᠢ 2 ᠲᠠᠷᠢᠬᠤ | ᠢᠴᠡᠭᠡᠯ ᠦᠷ᠎ᠡ ᠬᠡᠷᠡᠭᠯᠡᠵᠦ᠂ ᠨᠢᠬᠡ ᠳᠠᠷᠢᠬᠤ ᠢᠴᠡᠭᠡᠯ ᠦᠷ᠎ᠡ ᠳᠤ 5 ᠲᠦᠭᠦᠷᠢᠭ ᠨᠦᠬᠦᠪᠤᠷᠢᠯᠡᠨ᠎ᠡ᠃ ᠨᠦᠬᠦᠪᠤᠷᠢ | ᠤᠯᠭᠤᠬᠤ ᠡᠭᠦᠯᠳᠡᠷ ᠢ ᠰᠢᠮᠧᠨ᠋ᠲ᠋ᠠᠯ ᠦᠨᠢᠶ᠎ᠡ ᠪᠠᠷ ᠭᠤᠤᠯ ᠪᠤᠯᠭᠠᠨ᠎ᠠ᠃ ᠦᠷ᠎ᠡ ᠶᠢᠨ ᠬᠤᠴᠠ ᠪᠦᠷᠢ 800 | ᠲᠦᠬᠦᠷᠢᠭ ᠨᠦᠬᠦᠪᠤᠷᠢᠯᠡᠨ᠎ᠡ᠃ ᠨᠦᠬᠦᠪᠤᠷᠢ ᠤᠯᠭᠤᠬᠤ ᠡᠭᠦᠯᠳᠡᠷ ᠢ ᠰᠦᠨᠢᠳ ᠬᠤᠨᠢ᠂ ᠦᠵᠦᠮᠤᠴᠢᠨ ᠬᠤᠨᠢ᠂ | ᠬᠦᠯᠤᠨ ᠪᠤᠶᠢᠷ ᠬᠤᠨᠢ᠂ ᠪᠠᠶᠠᠨᠨᠠᠭᠤᠷ ᠮᠧᠷᠨᠤᠰ ᠬᠤᠨᠢ᠂ ᠦᠪᠤᠷ ᠮᠤᠩᠭᠤᠯ ᠤᠨ ᠨᠠᠷᠢᠨ ᠨᠤᠤᠰᠤᠳᠤ ᠬᠤᠨᠢ ᠵᠡᠷᠭᠡ | ᠤᠷᠤᠨ ᠨᠤᠳᠤᠭ ᠤᠨ ᠡᠭᠦᠯᠳᠡᠷ ᠢᠶᠠᠷ ᠭᠤᠤᠯ ᠪᠤᠯᠭᠠᠵᠦ᠂ ᠳ᠋ᠤᠷᠰᠧᠲ᠂ ᠰᠦᠹᠹᠡᠯᠺ ᠵᠡᠷᠭᠡ ᠭᠠᠳᠠᠭᠠᠳᠤ ᠠᠴᠠ | ᠤᠷᠤᠭᠤᠯᠤᠭᠰᠠᠨ ᠡᠭᠦᠯᠳᠡᠷ ᠢ ᠬᠠᠮᠳᠤ ᠳᠤᠨᠢ ᠬᠠᠷᠠᠭᠠᠯᠵᠠᠨ᠎ᠠ᠃ ᠰᠠᠭᠤᠷᠢ ᠮᠡᠭᠡᠵᠢ ᠭᠠᠭ᠋ᠠᠢ ᠪᠦᠷᠢ ᠳᠤ ᠵᠢᠯ ᠪᠦᠷᠢ 4 | ᠬᠤᠪᠢ ᠰᠢᠨ᠎ᠡ ᠦᠷ᠎ᠡ ᠬᠡᠷᠡᠭᠯᠡᠵᠦ᠂ ᠨᠢᠬᠡ ᠬᠤᠪᠢ ᠰᠢᠨ᠎ᠡ ᠦᠷ᠎ᠡ ᠪᠦᠷᠢ 10 ᠲᠦᠬᠦᠷᠢᠭ ᠨᠦᠬᠦᠪᠤᠷᠢᠯᠡᠨ᠎ᠡ᠃ | ᠨᠦᠬᠦᠪᠤᠷᠢ ᠤᠯᠭᠤᠬᠤ ᠡᠭᠦᠯᠳᠡᠷ ᠢ ᠲᠤᠮᠤ ᠴᠠᠭᠠᠨ ᠭᠠᠭ᠋ᠠᠢ᠂ ᠤᠷᠳᠤ ᠴᠠᠭᠠᠨ ᠭᠠᠭ᠋ᠠᠢ᠂ ᠳ᠋ᠦᠷᠤᠺ ᠵᠡᠷᠭᠡ ᠡᠭᠦᠯᠳᠡᠷ | ᠢᠶᠠᠷ ᠭᠤᠤᠯ ᠪᠤᠯᠭᠠᠨ᠎ᠠ᠃ ᠦᠨᠳᠤᠷ ᠤᠨᠠᠯᠳᠠ ᠲᠠᠢ ᠴᠢᠨᠡᠷ ᠰᠠᠶᠢᠲᠠᠢ ᠴᠠᠷᠭᠠᠰᠤ ᠶᠢᠨ ᠵᠢᠱᠢᠶ᠎ᠡ ᠦᠵᠡᠬᠦᠯᠬᠦ ᠪᠦᠳᠤᠭᠡᠨ | ᠪᠠᠶᠢᠭᠤᠯᠤᠯᠳᠠ ᠶᠢᠨ ᠲᠦᠷᠦᠯ ᠵᠦᠢᠯ ᠤᠨ ᠳᠡᠳᠬᠦᠯᠳᠡ ᠤᠯᠤᠭᠰᠠᠳ ᠪᠤᠯ ︽ᠦᠨᠳᠤᠷ ᠤᠨᠠᠯᠳᠠ ᠲᠠᠢ ᠴᠢᠨᠡᠷ | ᠰᠠᠶᠢᠲᠠᠢ ᠴᠠᠷᠭᠠᠰᠤ ᠶᠢᠨ ᠵᠢᠱᠢᠶ᠎ᠡ ᠦᠵᠡᠬᠦᠯᠬᠦ ᠪᠦᠳᠤᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠲᠦᠷᠦᠯ ᠵᠦᠢᠯ | ᠪᠠᠶᠢᠭᠤᠯᠬᠤ ᠬᠢᠨᠠᠨ ᠵᠦᠪᠰᠢᠶᠡᠷᠡᠯ ᠤᠨ ᠪᠠᠷᠢᠮᠵᠢᠶ᠎ᠠ︾ ᠳᠤ ᠨᠡᠶᠢᠴᠡᠭᠰᠡᠨ ᠰᠠᠭᠠᠯᠢ ᠶᠢᠨ ᠦᠨᠢᠶ᠎ᠡ ᠮᠠᠯᠵᠢᠬᠤ ᠠᠵᠦ | ᠠᠬᠤᠶᠢᠯᠠᠯ ︵ᠲᠠᠯᠠᠪᠠᠢ︶᠂ ᠡᠪᠡᠰᠤ ᠪᠤᠷᠳᠤᠭ᠎ᠠ ᠦᠢᠯᠡᠳᠪᠤᠷᠢᠯᠡᠵᠦ ᠪᠤᠯᠪᠠᠰᠤᠷᠠᠭᠤᠯᠬᠤ ᠠᠵᠦ ᠠᠬᠤᠶᠢᠯᠠᠯ᠂ | ᠰᠠᠭᠠᠯᠢᠴᠢᠳ ᠤᠨ ᠲᠤᠰᠬᠠᠢ ᠦᠢᠯᠡᠳᠪᠤᠷᠢᠯᠡᠯ ᠤᠨ ᠬᠤᠷᠰᠢᠶ᠎ᠠ ᠪᠤᠯᠤᠨ ᠮᠠᠯᠴᠢᠨ ᠲᠠᠷᠢᠶᠠᠴᠢᠨ ᠤ ᠡᠪᠡᠰᠤ ᠪᠤᠷᠳᠤᠭ᠎ᠠ | ᠶᠢᠨ ᠲᠤᠰᠬᠠᠢ ᠦᠢᠯᠡᠳᠪᠤᠷᠢᠯᠡᠯ ᠤᠨ ᠬᠤᠷᠰᠢᠶ᠎ᠡ ᠪᠤᠯᠤᠨ᠎ᠠ᠃3000 ᠮᠤ᠋ ᠠᠴᠠ ᠳᠡᠭᠡᠭᠰᠢ ᠬᠠᠷᠢᠴᠠᠩᠭᠤᠢ ᠲᠦᠪᠯᠡᠷᠡᠨ | ᠵᠠᠯᠭᠠᠯᠳᠤᠭᠰᠠᠨ ᠴᠠᠷᠭᠠᠰᠤ ᠲᠠᠷᠢᠭᠰᠠᠨ ᠪᠤᠯ ᠲᠦᠷᠦᠯ ᠵᠦᠢᠯ ᠪᠠᠶᠢᠭᠤᠯᠤᠨ ᠪᠦᠳᠤᠭᠡᠨ ᠪᠠᠶᠢᠭᠤᠯᠤᠭᠰᠠᠨ ᠨᠢᠭᠡᠴᠡ | ᠳᠤᠨᠢ ᠮᠤ᠋ ᠪᠦᠷᠢ 600 ᠲᠦᠬᠦᠷᠢᠭ ᠤᠨ ᠪᠠᠷᠢᠮᠵᠢᠶ᠎ᠡ ᠪᠠᠷ ᠨᠦᠬᠦᠪᠤᠷᠢ ᠤᠯᠭᠤᠨ᠎ᠠ᠃ ᠦᠩᠭᠡᠷᠡᠭᠰᠡᠨ ᠵᠢᠯ ᠳᠤ ᠤᠯᠤᠰ | ᠤᠨᠦᠨᠳᠤᠷ ᠤᠨᠠᠯᠳᠠ ᠲᠠᠢ ᠴᠢᠨᠡᠷ ᠰᠠᠶᠢᠲᠠᠢ ᠴᠠᠷᠭᠠᠰᠤ ᠶᠢᠨ ᠵᠢᠱᠢᠶ᠎ᠡ ᠦᠵᠡᠬᠦᠯᠬᠦ ᠪᠦᠳᠤᠭᠡᠨ ᠪᠠᠶᠢᠭᠤᠯᠤᠯᠳᠠ ᠶᠢᠨ | ᠲᠦᠷᠦᠯ ᠵᠦᠢᠯ ᠢ ᠡᠭᠦᠷᠭᠡᠯᠡᠵᠦ ᠪᠠᠶᠢᠭᠰᠠᠨ ᠨᠢᠭᠡᠴᠡ ᠬᠡᠷᠪᠡ ᠤᠤᠯ ᠪᠠᠶᠢᠭᠤᠯᠤᠭᠰᠠᠨ ᠭᠠᠵᠠᠷ ᠲᠠᠯᠠᠪᠤᠷ ᠤᠨ | ᠬᠡᠪᠴᠢᠶᠡᠨ ᠠᠴᠠ ᠪᠠᠨ ᠭᠠᠳᠠᠨ᠎ᠠ ᠡᠭᠦᠷᠭᠡ ᠭᠤᠶᠤᠴᠢᠯᠠᠪᠠᠯ᠂ ᠲᠦᠷᠦᠯ ᠵᠦᠢᠯ ᠪᠠᠶᠢᠭᠤᠯᠵᠦ ᠪᠤᠯᠤᠨ᠎ᠠ᠃ | | | | |