ᠴᠠᠩ ᠵᠢᠶᠦ᠋ᠨ ᠵᠸᠡᠭ ᠪᠡᠭᠡᠵᠢᠩ ᠬᠤᠲᠠ ᠳᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠤᠨ ᠳᠡᠳ᠋ ᠡᠷᠬᠢᠯᠡᠭᠴᠢ ᠵᠠᠩ ᠰᠢ ᠡᠦ ᠲᠠᠢ ᠠᠭᠤᠯᠵᠠᠪᠠ
ᠨᠡᠶᠢᠲᠡᠯᠡᠭᠰᠡᠨ ᠴᠠᠭ᠄
2015/5/26
     5 ᠳ᠋ᠤᠭᠠᠷ ᠰᠠᠷ᠎ᠠ ᠶᠢᠨ 20᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠦᠭᠴᠢ ᠴᠠᠩ ᠵᠢᠶᠦ᠋ᠨ ᠵᠸᠡᠭ᠂ ᠦᠪᠡᠷᠲᠡᠭᠡᠨ ᠵᠠᠰᠠᠬᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠤᠨ ᠡᠷᠬᠢᠯᠡᠭᠴᠢ᠂ ᠨᠠᠮ ᠤᠨ ᠬᠤᠷᠢᠶ᠎ᠠ ᠶᠢᠨ ᠱᠦᠵᠢ ᠸᠧᠢ ᠱᠤᠸᠠᠨ ᠱᠢ ᠪᠡᠭᠡᠵᠢᠩ  ᠬᠤᠲᠠ ᠳᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠤᠨ ᠳᠡᠳ᠋ ᠡᠷᠬᠢᠯᠡᠭᠴᠢ᠂ ᠨᠠᠮ ᠤᠨ ᠬᠤᠷᠢᠶ᠎ᠠ ᠶᠢᠨ ᠳᠡᠳ᠋ ᠱᠦᠵᠢ ᠵᠠᠩ ᠰᠢ ᠡᠤ ᠲᠠᠢ ᠠᠭᠤᠯᠵᠠᠪᠠ᠃ ᠴᠠᠩ ᠵᠢᠶᠦ᠋ᠨ ᠵᠸᠡᠭ ᠳᠡᠳ᠋ ᠲᠡᠷᠢᠭᠦᠯᠦᠭᠴᠢ᠂ ᠸᠧᠢ ᠱᠤᠸᠠᠨ ᠱᠢ ᠡᠷᠬᠢᠯᠡᠭᠴᠢ ᠠᠴᠠ ᠵᠠᠩ ᠰᠢ ᠡᠤ ᠳᠡᠳ᠋ ᠡᠷᠬᠢᠯᠡᠭᠴᠢ ᠳᠤ ᠮᠠᠨ ᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠪᠠ ᠮᠠᠨ ᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠭᠰᠡᠨ ᠰᠡᠳᠬᠢᠴᠡ ᠪᠠ ᠪᠤᠳᠠᠲᠠᠢ ᠠᠷᠭ᠎ᠠ ᠬᠡᠮᠵᠢᠶ᠎ᠡ ᠶᠢ ᠬᠠᠷᠢᠭᠤ ᠮᠡᠳᠡᠭᠦᠯᠦᠭᠰᠡᠨ ᠤ ᠬᠠᠮᠲᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠠᠴᠠ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢ ᠠᠬᠢᠭᠤᠯᠬᠤ ᠶᠡᠷᠦᠩᠭᠡᠢ ᠰᠡᠳᠬᠢᠴᠡ ᠪᠠ ᠠᠵᠢᠯ ᠤᠨ  ᠬᠦᠳᠡᠯᠦᠯ ᠪᠠᠶᠢᠳᠠᠯ ᠢ ᠨᠠᠷᠢᠨ ᠤᠶᠢᠯᠠᠭᠠᠪᠠ᠃      ᠵᠠᠩ ᠰᠢ ᠡᠤ ᠳᠡᠳ᠋ ᠡᠷᠬᠢᠯᠡᠭᠴᠢ ᠮᠠᠨ ᠤ ᠤᠷᠤᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠪᠠ ᠤᠷᠤᠨ ᠨᠤᠲᠤᠭ ᠤᠨ ᠤᠯᠤᠰ ᠤᠨ ᠦᠮᠴᠢᠯᠡᠯᠲᠦ ᠠᠵᠤ ᠠᠬᠤᠢ ᠶᠢᠨ ᠬᠦᠭᠵᠢᠯᠲᠡ ᠶᠢ ᠲᠤᠶᠢᠯ ᠢᠶᠠᠷ ᠬᠠᠯᠠᠮᠵᠢᠯᠠᠵᠤ ᠪᠠᠶᠢᠪᠠ᠃ ᠬᠠᠷᠢᠭᠤ ᠮᠡᠳᠡᠭᠦᠯᠦᠯᠳᠲᠡ ᠶᠢ ᠰᠤᠨᠤᠰᠤᠭᠰᠠᠨ ᠤ ᠳᠠᠷᠠᠭ᠎ᠠ᠂ ᠵᠠᠩ ᠰᠢ ᠡᠤ ᠵᠢᠭᠠᠬᠤ ᠳᠠᠭᠠᠨ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠠᠴᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠡᠳᠬᠢᠴᠡ ᠲᠤᠳᠤ᠂ ᠠᠷᠭ᠎ᠠ ᠬᠡᠮᠵᠢᠶ᠎ᠡ ᠬᠦᠴᠦᠨ ᠲᠠᠢ ᠦᠭᠡᠷᠡᠴᠢᠯᠡᠯᠲᠡ ᠶᠢᠨ ᠰᠠᠨᠠᠯ ᠪᠠ ᠲᠦᠰᠦᠯ ᠤᠳ ᠢ ᠨᠡᠶᠢᠲᠡᠯᠡᠵᠤ᠂ ᠵᠠᠷᠢᠮ ᠭᠤᠤᠯᠳᠠᠯᠭ᠎ᠠ ᠲᠠᠢ ᠬᠦᠴᠢᠷᠲᠠᠢ ᠠᠰᠠᠭᠤᠳᠠᠯ ᠳᠤ ᠢᠳᠡᠪᠬᠢᠲᠠᠢ ᠬᠦᠨᠵᠡᠬᠡᠢ ᠰᠦᠪᠡᠭᠴᠢᠯᠡᠯᠲᠡ ᠬᠢᠵᠤ᠂ ᠤᠷᠤᠨ ᠨᠤᠲᠤᠭ ᠤᠨ ᠤᠯᠤᠰ ᠤᠨ ᠦᠮᠴᠢᠯᠡᠯᠲᠦ ᠠᠵᠤ ᠠᠬᠤᠢ ᠶᠢᠨ ᠬᠦᠭᠵᠢᠯᠲᠡ ᠶᠢ ᠬᠦᠴᠦᠲᠠᠢ ᠲᠦᠯᠬᠢᠨ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ᠂ ᠪᠤᠰᠤᠳ ᠮᠤᠵᠢ ᠬᠤᠲᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠭᠡᠷᠡᠴᠢᠯᠡᠯᠲᠡ ᠪᠠ ᠲᠦᠪ ᠤᠨ ᠠᠵᠤ ᠠᠬᠤᠶᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠳᠤ ᠠᠰᠢᠭ ᠲᠠᠢ ᠲᠤᠯᠢᠳᠠᠯ ᠬᠠᠨᠭ᠍ᠭᠠᠭᠰᠠᠨ ᠪᠠᠶᠢᠨ᠎ᠠ ᠬᠡᠵᠠᠢ᠃ ᠪᠦᠬᠦ ᠤᠯᠤᠰ ᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠦᠳᠡᠯᠦᠯ ᠪᠠᠶᠢᠳᠠᠯ ᠪᠠ ᠶᠡᠷᠦᠩᠭᠡᠢ ᠪᠠᠶᠢᠳᠠᠯ ᠢ ᠲᠠᠨᠢᠯᠴᠠᠭᠤᠯᠤᠭᠰᠠᠨ ᠤ ᠳᠠᠷᠠᠭ᠎ᠠ᠂ ᠵᠠᠩ ᠰᠢ ᠡᠤ ᠵᠢᠭᠠᠬᠤ ᠳᠠᠭᠠᠨ᠂ ᠦᠪᠦᠷ ᠮᠤᠩᠭᠤᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠰᠢᠰᠲ᠋ᠧᠮ ᠤᠳᠠᠯ ᠦᠭᠡᠢ ᠨᠡᠶᠢᠲᠡᠯᠡᠬᠦ ᠬᠡᠵᠤ ᠪᠠᠶᠢᠭ᠎ᠠ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢ ᠬᠦᠨᠵᠡᠭᠡᠶᠢᠷᠡᠭᠦᠯᠬᠦ ᠵᠢᠯᠤᠭᠤᠳᠬᠤ ᠰᠠᠨᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠤᠷᠤᠨ ᠤ ᠱᠠᠲᠤᠨ ᠤ ᠡᠵᠡᠩᠨᠡᠯᠲᠡ ᠶᠢᠨ ᠴᠢᠨᠠᠷᠲᠠᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠲᠦᠪᠯᠡᠷᠡᠭᠦᠯᠦᠨ ᠨᠢᠭᠡᠳᠦᠯᠲᠠᠢ ᠬᠢᠨᠠᠨ ᠬᠠᠮᠢᠶᠠᠷᠬᠤ ᠶᠢ ᠬᠡᠷᠡᠭᠵᠢᠬᠦᠯᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠠᠢ᠃ ᠡᠭᠦᠨ ᠤ ᠬᠠᠮᠲᠤ᠂ ᠦᠮᠴᠢᠯᠡᠬᠦ ᠡᠷᠭᠡ ᠵᠡᠷᠭᠡ ᠰᠠᠭᠤᠷᠢ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠤᠷᠤᠭᠳᠠᠬᠤ ᠶᠢ ᠰᠡᠷᠭᠡᠶᠢᠯᠡᠬᠦ ᠬᠡᠷᠡᠭᠲᠠᠢ ᠬᠡᠵᠠᠢ᠃      ᠵᠠᠩ ᠰᠢ ᠡᠤ ᠬᠠᠮᠤᠭ ᠤᠨ ᠰᠡᠭᠦᠯ ᠳᠤ᠂ ᠬᠤᠶᠢᠰᠢᠳᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠵᠦᠪᠯᠡᠯ ᠨᠢ ᠦᠪᠦᠷ ᠮᠤᠩᠭᠤᠯ ᠤᠨ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠬᠡᠷᠡᠴᠢᠯᠡᠯᠲᠡ ᠶᠢᠨ ᠠᠵᠢᠯ ᠳᠠᠬᠢ ᠵᠢᠯᠤᠭᠤᠳᠤᠯᠭ᠎ᠠ ᠎ ᠪᠠᠨ ᠴᠢᠩᠭᠠᠳᠬᠠᠬᠤ ᠶᠢᠨ ᠬᠠᠮᠲᠤ ᠮᠦᠨᠬᠦ ᠲᠦᠪ ᠤᠨ ᠠᠵᠤ ᠠᠬᠤᠶᠢᠯᠠᠯ ᠪᠤᠯᠤᠨ ᠦᠪᠦᠷ ᠮᠤᠩᠭᠤᠯ ᠤᠨ ᠠᠵᠤ ᠦᠢᠯᠡᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠳᠡᠮᠵᠢᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠦᠭᠵᠢᠯᠲᠡ ᠳᠤ  ᠵᠤᠬᠢᠬᠤ ᠬᠤᠪᠢ ᠨᠡᠮᠡᠷᠢ ᠦᠵᠡᠭᠦᠯᠦᠨ᠎ᠡ ᠬᠡᠵᠤ ᠢᠯᠡᠷᠭᠡᠶᠢᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号