2015 ᠤᠨ ᠤ ᠦᠪᠦᠷ ᠮᠤᠩᠭᠤᠯ ᠤᠨ ᠠᠯᠪᠠᠲᠠᠨ ᠤ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠲᠡᠯᠡᠨ᠎ᠡ
ᠨᠡᠶᠢᠲᠡᠯᠡᠭᠰᠡᠨ ᠴᠠᠭ᠄
2015/5/26
     20᠎ ᠤ ᠡᠳᠦᠷ ᠠᠴᠠ ᠡᠬᠢᠯᠡᠨ᠂ 2015 ᠤᠨ ᠤ ᠦᠪᠦᠷ ᠮᠤᠩᠭᠤᠯ ᠤᠨ ᠠᠯᠪᠠᠲᠠᠨ ᠤ ᠰᠢᠯᠭᠠᠯᠲᠠ ᠶᠢᠨ ᠪᠢᠷ  ᠤᠨ ᠰᠢᠯᠭᠠᠯᠲᠠ ᠶᠢᠨ ᠬᠢᠷᠢ ᠪᠦᠲᠦᠮᠵᠢ ᠶᠢ ᠬᠡᠵᠢᠶ᠎ᠡ ᠪᠠᠶᠢᠴᠠᠭᠠᠨ ᠯᠠᠪᠯᠠᠵᠤ ᠪᠤᠯᠬᠤ ᠲᠤᠬᠠᠢ ᠶᠠᠪᠤᠳᠠᠯ ᠨᠢ ᠦᠷᠭᠡᠨ ᠤᠯᠠᠨ ᠰᠢᠯᠭᠠᠭᠤᠯᠤᠭᠰᠠᠳ ᠤᠨ ᠬᠠᠯᠠᠮᠰᠢᠯ ᠶᠠᠪᠤᠳᠠᠯ ᠪᠤᠯᠪᠠ᠃ 25᠎ ᠤ ᠡᠳᠦᠷ᠂ ᠲᠤᠰ ᠶᠠᠪᠤᠳᠠᠯ ᠤᠨ ᠲᠤᠬᠠᠢ ᠰᠢᠨ ᠬᠤᠸᠠ ᠰᠦᠯᠵᠢᠶ᠎ᠡ ᠶᠢᠨ ᠦᠪᠦᠷ ᠮᠤᠩᠭᠤᠯ ᠳᠠᠪᠲᠠᠭ ᠤᠨ ᠬᠢᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠎ ᠲᠠᠢ ᠬᠠᠷᠢᠴᠠᠪᠠ᠃ ᠰᠢᠯᠭᠠᠭᠤᠯᠤᠭᠰᠠᠳ ᠤᠨ  ᠰᠡᠵᠢᠭ ᠲᠠᠭᠠᠪᠤᠷᠢ ᠶᠢᠨ ᠲᠠᠯ᠎ᠠ ᠪᠠᠷ ᠠᠵᠢᠯᠯᠠᠭᠴᠢᠳ ᠲᠠᠶᠢᠯᠪᠤᠷᠢᠯᠠᠬᠤ ᠎ ᠳᠠᠭᠠᠨ᠂ ᠰᠢᠯᠭᠠᠯᠲᠠ ᠶᠢᠨ ᠡᠷᠭᠡ ᠲᠡᠭᠰᠢ ᠶᠢ ᠪᠠᠲᠤᠯᠠᠬᠤ ᠶᠢᠨ ᠲᠤᠯᠠᠳᠠ᠂ ᠬᠠᠮᠢᠶ᠎ᠠ ᠪᠦᠬᠦᠢ ᠨᠢᠭᠡᠴᠡ ᠠᠯᠪᠠᠲᠠᠨ ᠤ ᠰᠢᠯᠭᠠᠯᠲᠠ ᠶᠢᠨ ᠡᠯ᠎ᠡ ᠶᠠᠪᠤᠴᠠ ᠶᠢ ᠲᠤᠶᠢᠯ ᠢᠶᠠᠷ ᠠᠩᠬᠠᠷᠴᠤ ᠪᠤᠢ᠃ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤ ᠪᠠᠲᠤᠯᠠᠭ᠎ᠠ ᠶᠢᠨ ᠲᠢᠩᠬᠢᠮ ᠴᠤ ᠪᠤᠳᠠᠲᠠᠢ ᠪᠠᠶᠢᠴᠠᠭᠠᠨ ᠯᠠᠪᠯᠠᠬᠤ ᠴᠠᠭ ᠬᠤᠭᠤᠴᠠᠭ᠎ᠠ ᠶᠢ ᠶᠡᠷᠦ ᠨᠢ ᠭᠠᠳᠠᠭᠰᠢ ᠨᠡᠶᠢᠲᠡᠯᠡᠭᠡ ᠦᠭᠡᠢ᠂ ᠵᠠᠭᠤᠴᠢᠯᠠᠭᠤᠷ ᠤᠨ ᠮᠡᠳᠡᠭᠡᠯᠡᠭᠰᠡᠨ ᠴᠠᠭ ᠬᠤᠭᠤᠴᠠᠭ᠎ᠠ ᠨᠢ ᠴᠤ ᠪᠠᠷᠤᠭᠯᠠᠭᠰᠠᠨ ᠴᠠᠭ ᠬᠤᠭᠤᠴᠠᠭ᠎ᠠ ᠪᠤᠯᠤᠨ᠎ᠠ ᠬᠡᠪᠡ᠃ ᠲᠤᠰ ᠠᠵᠢᠯᠲᠠᠨ ᠤ ᠢᠯᠡᠷᠭᠡᠶᠢᠯᠡᠭᠰᠡᠨ ᠢᠶᠠᠷ ᠪᠤᠯ᠂ 2015 ᠤᠨ ᠤ ᠦᠪᠦᠷ ᠮᠤᠩᠭᠤᠯ ᠤᠨ ᠠᠯᠪᠠᠲᠠᠨ ᠤ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠲᠤᠰ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠲᠡᠯᠡᠨ᠎ᠡ ᠬᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号