|
ᠳᠤᠮᠳᠠᠳᠦ ᠣᠷᠣᠰ ᠮᠣᠩᠭᠤᠯ ᠤᠨ ᠵᠢᠭᠤᠯᠴᠢᠯᠠᠯ ᠤᠨ ᠲᠤᠰᠬᠠᠢ ᠴᠤᠪᠤᠭ᠎ᠠ ᠲᠡᠷᠭᠡ ᠴᠠᠢ ᠶᠢᠨ ᠵᠠᠮ ᠢᠶᠠᠷ ᠲᠠᠬᠢᠨᠲᠠ ᠠᠶᠠᠯᠠᠪᠠ |
|
|
ᠨᠡᠶᠢᠲᠡᠯᠡᠭᠰᠡᠨ ᠴᠠᠭ᠄
2015/5/26
|
|
 ᠮᠣᠩᠭᠤᠯ ᠦᠨᠳᠥᠰᠥᠲᠡᠨ ᠤ ᠶᠣᠰᠣᠯᠠᠯ ᠤᠨ ᠠᠪᠠᠭ᠋ᠠᠢ ᠠᠯᠤᠰ ᠠᠴᠠ ᠮᠣᠷᠢᠯᠠᠨ ᠰᠠᠭᠠᠲᠠᠭᠰᠠᠨ ᠵᠣᠴᠢᠳ ᠲᠤ ᠮᠣᠩᠭᠤᠯ ᠦᠨᠳᠥᠰᠥᠲᠡᠨ ᠤ ᠳᠠᠭᠤᠤ ᠡᠷᠭᠦᠪᠡ᠃ 5 ᠳ᠋ᠤᠭᠠᠷ ᠰᠠᠷ᠎ᠠ ᠶᠢᠨ 20 ᠤ ᠡᠳᠥᠷ᠂ ᠣᠷᠣᠰ᠂ ᠮᠣᠩᠭᠤᠯ ᠤᠯᠤᠰ ᠪᠣᠯᠣᠨ ᠡᠸᠦ᠋ᠷᠥᠫᠠ ᠲᠢᠪ ᠤᠨ 190 ᠭᠠᠷᠤᠢ ᠠᠶᠠᠨᠴᠢᠨ ᠣᠯᠠᠨ ᠤᠯᠤᠰ ᠤᠨ ᠵᠢᠭᠤᠯᠴᠢᠯᠠᠯ ᠤᠨ Y23 ᠤᠳᠠᠭ᠎ᠠ ᠶᠢᠨ ᠴᠤᠪᠤᠭ᠎ᠠ ᠲᠡᠷᠭᠡ ᠪᠠᠷ ᠡᠷᠢᠶᠡᠨ ᠬᠤᠲᠠ ᠶᠢᠨ ᠣᠯᠠᠨ ᠤᠯᠤᠰ ᠤᠨ ᠪᠣᠭᠤᠮᠲᠠ ᠶᠢᠨ ᠦᠷᠲᠡᠭᠡ ᠳᠤ ᠬᠦᠷᠴᠦ᠂ ᠲᠤᠬᠠᠢ ᠶᠢᠨ ᠭᠠᠵᠠᠷ ᠤᠨ ᠠᠷᠠᠳ ᠲᠤ ᠬᠠᠯᠠᠭᠤᠨ ᠢᠶᠠᠷ ᠤᠭᠲᠤᠭᠳᠠᠪᠠ᠃ ᠲᠤᠰ ᠤᠳᠠᠭ᠎ᠠ ᠶᠢᠨ ᠣᠯᠠᠨ ᠤᠯᠤᠰ ᠤᠨ ᠵᠢᠭᠤᠯᠴᠢᠯᠠᠯ ᠤᠨ ᠴᠤᠪᠤᠭ᠎ᠠ ᠲᠡᠷᠭᠡ ᠪᠡᠭᠡᠵᠢᠩ ᠠᠴᠠ ᠬᠦᠳᠡᠯᠵᠦ᠂ ᠮᠣᠩᠭᠤᠯ ᠤᠯᠤᠰ ᠤᠨ ᠤᠯᠠᠭᠠᠨᠪᠠᠭᠠᠲᠤᠷ᠂ ᠣᠷᠣᠰ ᠤᠨ ᠪᠠᠶᠢᠭᠠᠯ ᠨᠠᠭᠤᠷ᠂ ᠢᠷᠺᠦ᠋ᠼᠺ᠂ ᠰᠢᠨ᠎ᠡ ᠰᠢᠪᠧᠷᠢᠶ᠎ᠠ ᠵᠡᠷᠭᠡ ᠦᠷᠲᠡᠭᠡ ᠪᠠᠷ ᠳᠠᠮᠵᠢᠨ᠂ ᠬᠠᠮᠤᠭ ᠤᠨ ᠡᠴᠥᠰ ᠲᠤ ᠨᠡᠶᠢᠰᠯᠡᠯ ᠮᠣᠰᠺᠸᠠ ᠳᠤ ᠬᠦᠷᠴᠦ᠂ 13 ᠡᠳᠥᠷ ᠠᠶᠠᠯᠠᠪᠠ᠃ ︽ᠴᠠᠢ ᠶᠢᠨ ᠵᠠᠮ︾ ᠨᠢ ᠡᠮᠥᠨᠡᠲᠦ ᠠᠴᠠ ᠳᠤᠮᠳᠠᠳᠦ ᠤᠯᠤᠰ ᠤᠨ ᠹᠦᠵᠢᠶᠠᠨ ᠤ ᠦ᠋ ᠢ ᠱᠠᠨ ᠠᠴᠠ ᠡᠬᠢᠯᠡᠨ᠂ ᠮᠣᠩᠭᠤᠯ ᠤᠯᠤᠰ ᠤᠨ ᠤᠯᠠᠭᠠᠨᠪᠠᠭᠠᠲᠤᠷ ᠢᠶᠠᠷ ᠳᠠᠭᠠᠷᠢᠵᠦ᠂ ᠲᠡᠭᠦᠰᠭᠡᠯ ᠨᠢ ᠣᠷᠣᠰ ᠤᠨ ᠰᠠᠨᠲ ᠫᠧᠲ᠋ᠧᠷᠰᠪᠦ᠋ᠷᠡᠭ ᠲᠤ ᠬᠦᠷᠬᠦ ᠳᠤᠮᠳᠠᠳᠦ᠂ ᠣᠷᠣᠰ᠂ ᠮᠣᠩᠭᠤᠯ ᠭᠤᠷᠪᠠᠨ ᠤᠯᠤᠰ ᠢᠶᠠᠷ ᠢᠶᠠᠨ ᠵᠦᠪᠰᠢᠶᠡᠷᠡᠭᠰᠡᠨ ᠬᠤᠳᠠᠯᠳᠤᠭ᠎ᠠ᠂ ᠵᠢᠭᠤᠯᠴᠢᠯᠠᠯ ᠤᠨ ᠠᠵᠦ ᠠᠬᠤᠢ ᠶᠢᠨ ᠵᠠᠮ ᠱᠤᠭᠤᠮ ᠪᠣᠯᠤᠨ᠎ᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠵᠢᠭᠤᠯᠴᠢᠯᠠᠯ ᠤᠨ ᠴᠤᠪᠤᠭ᠎ᠠ ᠲᠡᠷᠭᠡ ᠪᠣᠯ ᠳᠤᠮᠳᠠᠳᠦ᠂ ᠣᠷᠣᠰ᠂ ᠮᠣᠩᠭᠤᠯ ᠭᠤᠷᠪᠠᠨ ᠤᠯᠤᠰ ︽ᠴᠠᠢ ᠶᠢᠨ ᠵᠠᠮ︾ ᠵᠢᠭᠤᠯᠴᠢᠯᠠᠯ ᠤᠨ ᠨᠡᠷᠡᠲᠦ ᠲᠦᠷᠥᠯ ᠲᠡᠮᠳᠡᠭ ᠢ ᠪᠣᠢ ᠬᠠᠮᠲᠤᠷᠠᠨ ᠪᠣᠯᠭᠠᠭᠰᠠᠨ ᠰᠠᠭᠤᠷᠢᠨ ᠳᠡᠭᠡᠷ᠎ᠡ ᠨᠡᠮᠡᠭᠳᠡᠭᠦᠯᠵᠦ ᠪᠠᠶᠢᠭ᠎ᠠ ᠨᠢᠭᠡ ᠵᠦᠢᠯ ᠤᠨ ᠵᠢᠭᠤᠯᠴᠢᠯᠠᠯ ᠤᠨ ᠠᠷᠭ᠎ᠠ ᠮᠠᠶ᠋ᠢᠭ ᠪᠣᠯᠤᠨ᠎ᠠ᠃ |
|
ᠢᠷᠡᠯᠲᠡ᠄
ᠦᠪᠦᠷ ᠮᠣᠩᠭᠤᠯ ᠤᠨ ᠵᠠᠰᠠᠭ ᠤᠨ ᠣᠷᠳᠤᠨ
|