| 5 ᠳ᠋ᠤᠭᠠᠷ ᠰᠠᠷ᠎ᠠ ᠶᠢᠨ ᠰᠡᠭᠦᠯᠴᠢ ᠳᠤ᠂ ᠥᠪᠥᠷ ᠮᠣᠩᠭᠤᠯ ᠤᠨ ᠪᠦᠬᠦ ᠣᠷᠣᠨ ᠤ ᠲᠥᠯ ᠲᠣᠰᠴᠤ | ᠪᠣᠶᠢᠵᠢᠭᠤᠯᠬᠤ ᠠᠵᠢᠯ ᠰᠢᠪᠲᠤᠷᠠᠭᠠᠨ ᠳᠠᠭᠠᠨ ᠣᠷᠣᠵᠠᠢ᠃ ᠣᠳᠣᠬᠢ ᠪᠦᠷᠢᠳᠬᠡᠯ ᠤᠨ ᠲᠤᠭ᠎ᠠ ᠪᠠᠷᠢᠮᠲᠠ ᠠᠴᠠ | ᠦᠵᠡᠪᠡᠯ᠂ ᠥᠪᠥᠷ ᠮᠣᠩᠭᠤᠯ ᠤᠨ ᠪᠦᠬᠦ ᠣᠷᠣᠨ ᠤ ᠪᠤᠲᠠ ᠪᠤᠭ ᠮᠠᠯ 4907.5 ᠲᠦᠮᠡᠨ ᠲᠣᠯᠣᠭᠠᠢ ᠲᠥᠯᠯᠡᠵᠦ᠂ | ᠠᠳᠠᠯᠢ ᠬᠤᠭᠤᠴᠠᠭᠠᠨ ᠤ ᠬᠢ ᠠᠴᠠ 3% ᠪᠠᠷ ᠨᠡᠮᠡᠭᠳᠡᠪᠡ᠃ ᠪᠦᠬᠦ ᠣᠷᠣᠨ ᠤ ᠮᠠᠯ ᠤᠨ ᠶᠡᠷᠦᠩᠬᠡᠢ ᠲᠤᠭ᠎ᠠ | 12125.2 ᠳᠤ ᠬᠦᠷᠴᠦ᠂ 11 ᠵᠢᠯ ᠵᠠᠯᠭᠠᠯᠳᠤᠨ 1 ᠳ᠋ᠦᠩᠰᠢᠭᠤᠷ ᠢ ᠳᠠᠪᠠᠵᠤ᠂ ᠲᠡᠦᠬᠡ ᠶᠢᠨ ᠰᠢᠨ᠎ᠡ ᠦᠨᠳᠦᠷ ᠢ | ᠳᠠᠬᠢᠨᠲᠠ ᠡᠭᠦᠳᠪᠡ᠃ | ᠵᠢᠷᠤᠭ ᠪᠣᠯ ᠥᠪᠥᠷ ᠮᠣᠩᠭᠤᠯ ᠤᠨ ᠵᠡᠭᠦᠨ ᠦᠵᠦᠮᠦᠴᠢᠨ ᠤ ᠤᠯᠢᠶᠠᠰᠤᠲᠠᠢ ᠪᠠᠯᠭᠠᠰᠤ ᠶᠢᠨ | ᠡᠩᠬᠡᠵᠢᠷᠭᠠᠯ ᠭᠠᠴᠠᠭ᠎ᠠ᠂ ᠬᠢᠵᠢᠭ ᠰᠡᠷᠭᠡᠶᠢᠯᠡᠭᠴᠢ ᠮᠠᠯᠴᠢᠨ ᠮᠥᠩᠭᠡᠪᠠᠶᠠᠷ ︵ᠳᠤᠮᠳᠠ︶ ᠤᠨ ᠬᠤᠨᠢᠨ ᠳᠤ | ᠸᠠᠺᠼᠢᠨ ᠲᠠᠷᠢᠵᠤ ᠪᠠᠶᠢᠭ᠎ᠠ ᠨᠢ᠃ |