ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠦᠬᠦ ᠤᠷᠤᠨ ᠤ ᠭᠠᠵᠠᠷ ᠰᠢᠷᠤᠢ ᠶᠢᠨ ᠡᠷᠬᠡ ᠎ ᠶᠢ ᠲᠤᠳᠤᠷᠬᠠᠢᠢᠯᠠᠨ ᠲᠠᠩᠰᠠᠯᠠᠵᠦ ᠦᠨᠡᠮᠯᠡᠯ ᠤᠯᠭᠤᠬᠤ ᠵᠢᠱᠢᠶ᠎ᠠ ᠦᠵᠡᠬᠦᠯᠬᠦ ᠴᠢᠬ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠭᠠᠭᠠᠴᠢᠯᠠᠭᠤᠯᠬᠤ ᠠᠵᠢᠯ ᠤᠨ ᠲᠧᠯᠧᠢᠰ ᠤᠳᠠᠰᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/5/28
     5 ᠰᠠᠷ᠎ᠠ ᠶᠢᠨ 25᠎ ᠤ ᠦᠳᠡ ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠪᠦᠬᠦ ᠤᠷᠤᠨ ᠤ ᠭᠠᠵᠠᠷ ᠰᠢᠷᠤᠢ ᠶᠢᠨ ᠡᠷᠬᠡ  ᠶᠢ ᠲᠤᠳᠤᠷᠬᠠᠢᠢᠯᠠᠨ ᠲᠠᠩᠰᠠᠯᠠᠵᠦ ᠦᠨᠡᠮᠯᠡᠯ ᠤᠯᠭᠤᠬᠤ ᠵᠢᠱᠢᠶ᠎ᠠ ᠦᠵᠡᠬᠦᠯᠬᠦ ᠴᠢᠬ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠭᠠᠭᠠᠴᠢᠯᠠᠭᠤᠯᠬᠤ ᠠᠵᠢᠯ ᠤᠨ ᠲᠧᠯᠧᠢᠰ ᠤᠳᠠᠰᠤ ᠬᠤᠷᠠᠯ ᠬᠤᠷᠠᠯᠳᠤᠭᠤᠯᠵᠤ᠂ ᠡᠨᠡ ᠵᠢᠯ ᠤᠨ ᠠᠵᠢᠯ ᠤᠨ ᠬᠠᠷᠠᠯᠳᠠ ᠡᠬᠦᠷᠬᠡ ᠪᠠᠨ ᠪᠠᠶᠢᠷᠢᠯᠠᠭᠤᠯᠤᠬᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ᠃      ᠸᠠᠩ ᠢᠤᠢ ᠮᠢᠩ ᠵᠢᠭᠠᠵᠦ ᠭᠠᠷᠭᠠᠬᠰᠠᠨ ᠨᠢ᠂ ᠨᠢᠳᠤᠨᠤᠨ ᠤ 8 ᠰᠠᠷ᠎ᠠ ᠲᠤ ᠮᠠᠨ ᠤ ᠤᠷᠤᠨ ᠭᠠᠵᠠᠷ ᠰᠢᠷᠤᠢ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠩᠰᠠᠯᠠᠵᠦ ᠦᠨᠡᠮᠯᠡᠯ ᠤᠯᠭᠤᠬᠤ ᠵᠢᠱᠢᠶ᠎ᠠ ᠦᠵᠡᠬᠦᠯᠬᠦ ᠴᠢᠬ ᠤᠨ ᠠᠵᠢᠯ ᠢ ᠦᠷᠨᠢᠬᠦᠯᠦᠭᠰᠡᠨ ᠠᠴᠠ ᠨᠠᠰᠢ ᠠᠵᠢᠯ ᠤᠨ ᠠᠬᠢᠴᠠ ᠶᠡᠭᠡ ᠲᠤᠬᠳᠠᠭᠤᠨ ᠤᠷᠤᠬᠰᠢᠳᠠᠢ ᠶᠠᠪᠤᠬᠳᠠᠵᠠᠢ᠃ ᠡᠨᠡ ᠵᠢᠯ 12 ᠵᠢᠱᠢᠶ᠎ᠠ ᠦᠵᠡᠬᠦᠯᠬᠦ ᠴᠢᠬ ᠤᠨ 2600 ᠲᠦᠮᠡᠨ ᠮᠦ ᠭᠠᠵᠠᠷ ᠰᠢᠷᠤᠢ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠭᠠᠭᠠᠴᠢᠯᠠᠭᠤᠯᠬᠤ ᠵᠢᠴᠢ ᠦᠨᠳᠦᠰᠦᠨ ᠨᠤᠲᠤᠭ ᠪᠡᠯᠴᠢᠬᠡᠷ ᠢ ᠵᠠᠭᠠᠬᠯᠠᠨ ᠲᠤᠭᠲᠠᠭᠠᠬᠤ ᠠᠵᠢᠯ ᠢ ᠪᠡᠶᠡᠯᠡᠭᠦᠯᠦᠨ᠎ᠡ᠃      ᠸᠠᠩ ᠢᠤᠢ ᠮᠢᠩ ᠱᠠᠭᠠᠷᠳᠠᠭᠰᠠᠨ ᠨᠢ᠂ ᠡᠨᠡᠬᠦ ᠠᠵᠢᠯ ᠪᠤᠯ ᠮᠠᠯᠵᠢᠬᠤ ᠲᠠᠷᠢᠶᠠᠯᠠᠬᠤ ᠤᠷᠤᠨ ᠵᠢᠴᠢ ᠮᠠᠯᠴᠢᠨ ᠲᠠᠷᠢᠶᠠᠴᠢᠨ ᠤ ᠲᠤᠰ ᠪᠡᠶ᠎ᠠ ᠶᠢᠨ ᠠᠰᠢᠬ ᠲᠤᠰᠠ ᠲᠠᠢ ᠰᠢᠭᠤᠳ ᠬᠤᠯᠪᠤᠬᠳᠠᠵᠦ᠂ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠦᠵᠡᠯ ᠰᠠᠨᠠᠭ᠎ᠠ ᠲᠠᠨᠢᠯᠳᠠ ᠶᠢᠨ ᠲᠠᠯ᠎ᠠ ᠪᠠᠷ ᠭᠠᠵᠠᠷ ᠰᠢᠷᠤᠢ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠩᠰᠠᠯᠠᠵᠦ ᠦᠨᠡᠮᠯᠡᠯ ᠤᠯᠭᠤᠬᠤ ᠵᠢᠱᠢᠶ᠎ᠠ ᠦᠵᠡᠬᠦᠯᠬᠦ ᠴᠢᠬ ᠤᠨ ᠠᠵᠢᠯ ᠢ ᠲᠡᠭᠡᠲᠦ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠳᠡᠢ︔ ᠬᠠᠷᠢᠭᠤᠴᠠᠯᠭᠠᠳᠤ ᠰᠡᠳᠬᠢᠯᠬᠡ᠂ ᠲᠤᠯᠭᠠᠮ᠎ᠠ ᠰᠡᠳᠬᠢᠯᠬᠡ ᠪᠠ ᠡᠬᠦᠷᠭᠡᠳᠦ ᠰᠡᠳᠬᠢᠯᠬᠡ ᠪᠠᠨ ᠴᠢᠩᠭᠠᠳᠬᠠᠵᠤ᠂ ᠡᠨᠡᠬᠦ ᠠᠵᠢᠯ ᠢ ᠪᠦᠬᠦ ᠠᠵᠢᠯ ᠤᠨ ᠢᠶᠠᠨ ᠴᠢᠬᠤᠯᠠ ᠪᠠᠶᠢᠷᠢᠨ ᠳᠤ ᠲᠠᠯᠪᠢᠵᠦ ᠴᠢᠩᠭ᠎ᠠ ᠠᠳᠬᠤᠬᠤ ᠬᠡᠷᠡᠭᠳᠡᠢ︔ ᠡᠷᠬᠡᠪᠰᠢ ᠡᠷᠭᠡ ᠲᠡᠭᠰᠢ᠂ ᠨᠠᠷᠢᠠ ᠤᠨᠤᠪᠴᠢᠳᠠᠢ ᠪᠠᠶᠢᠬᠤ ᠵᠠᠷᠴᠢᠮ ᠢ ᠪᠠᠷᠢᠮᠳᠠᠯᠠᠨ ᠠᠵᠢᠯ ᠢᠶᠠᠨ ᠨᠠᠷᠢᠯᠢᠭ᠂ ᠨᠢᠬᠳᠠ᠂ ᠤᠨᠤᠪᠴᠢᠳᠠᠢ ᠬᠢᠵᠦ᠂ ᠶᠠᠰᠤ ᠴᠢᠨᠠᠷ ᠪᠠ ᠦᠷ᠎ᠠ ᠪᠦᠲᠦᠮᠵᠢ ᠶᠢ ᠪᠠᠲᠤᠯᠠᠨ᠂ ᠤᠯᠠᠨ ᠲᠦᠮᠡᠨ ᠢ ᠬᠠᠨᠤᠮᠵᠢᠳᠠᠢ ᠪᠠᠶᠢᠯᠭᠠᠬᠤ ᠬᠡᠷᠡᠭᠳᠡᠢ︔ ᠦᠪᠡᠷᠲᠡᠭᠡᠨ ᠵᠠᠰᠠᠬᠤ ᠤᠷᠤᠨ ᠠᠴᠠ ᠲᠤᠭᠲᠠᠭᠠᠬᠰᠠᠨ ᠭᠠᠵᠠᠷ ᠰᠢᠷᠤᠢ ᠪᠠ ᠨᠤᠲᠤᠭ ᠪᠡᠯᠴᠢᠬᠡᠷ ᠤᠨ ᠡᠷᠬᠡ ᠶᠢ ᠲᠤᠳᠤᠷᠬᠠᠢᠢᠯᠠᠨ ᠲᠠᠩᠰᠠᠯᠠᠵᠦ ᠦᠨᠡᠮᠯᠡᠯ ᠤᠯᠭᠤᠬᠤ ᠠᠵᠢᠯ ᠤᠨ ᠵᠠᠷᠤᠳᠠᠯ ᠤᠨ ᠪᠠᠷᠢᠮᠵᠢᠶ᠎ᠠ ᠪᠠ ᠱᠠᠳᠤ ᠬᠤᠪᠢᠶᠠᠨ ᠡᠬᠦᠷᠬᠡᠯᠡᠬᠦ ᠠᠷᠭ᠎ᠠ ᠶᠢ ᠡᠷᠬᠡᠪᠰᠢ ᠨᠠᠷᠢᠨ ᠬᠢᠨᠠᠮᠠᠭᠠᠢ ᠬᠡᠷᠡᠭᠵᠢᠬᠦᠯᠵᠤ᠂ ᠬᠡᠷᠡᠭ ᠦᠬᠡᠢ ᠵᠠᠷᠤᠳᠠᠯ ᠢ ᠴᠢᠳᠠᠬᠤ ᠶᠢᠨ ᠲᠤᠲᠤᠷ᠎ᠠ ᠪᠠᠭᠠᠰᠬᠠᠨ ᠭᠤᠤᠯᠳᠠᠯᠭ᠎ᠠ ᠪᠠ ᠵᠠᠩᠬᠢᠯᠠᠭ᠎ᠠ ᠶᠢ ᠪᠠᠲᠤᠯᠠᠬᠤ ᠬᠡᠷᠡᠭᠳᠡᠢ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号