ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ᠂ ᠲᠠᠮᠢᠷᠴᠢᠳ ᠤᠨ ᠲᠣᠰᠬᠤᠨ ᠤ ᠪᠦᠲᠦᠭᠡᠨ ᠪᠠᠶᠢᠭᠤᠯᠤᠯᠲᠠ ᠰᠢᠪᠲᠤᠷᠭᠠᠨ ᠳᠠᠭᠠᠨ ᠣᠷᠣᠯ᠎ᠠ
ᠨᠡᠶᠢᠲᠡᠯᠡᠭᠰᠡᠨ ᠴᠠᠭ᠄
2015/5/28
     5 ᠳ᠋ᠤᠭᠠᠷ ᠰᠠᠷ᠎ᠠ ᠶᠢᠨ 26᠎ ᠤ ᠡᠳᠦᠷ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ  ᠦᠨᠳᠦᠰᠦᠳᠠᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠤᠮᠢᠰ ᠠᠴᠠ ᠡᠯ᠎ᠡ ᠲᠥᠯᠥᠭᠡᠯᠡᠭᠴᠢᠳ ᠤᠨ ᠪᠦᠯᠬᠦᠮ ᠤᠨ ᠬᠠᠷᠢᠯᠴᠠᠭᠴᠢᠳ ᠤᠨ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠠᠢ ᠣᠷᠳᠣᠨ᠂ ᠲᠠᠮᠢᠷᠴᠢᠳ ᠤᠨ ᠲᠣᠰᠬᠤᠨ ᠤ ᠪᠦᠲᠦᠭᠡᠨ ᠪᠠᠶᠢᠭᠤᠯᠤᠯᠲᠠ ᠰᠢᠪᠲᠤᠷᠭᠠᠨ ᠳᠠᠭᠠᠨ ᠣᠷᠣᠵᠤ᠂ ᠵᠢᠱᠢᠯᠲᠡ ᠪᠠᠷ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠠᠭᠤᠷᠢ ᠪᠡᠯᠡᠳᠬᠡᠮᠵᠢ ᠪᠠ ᠢᠵᠢ ᠪᠦᠷᠢᠯᠳᠦᠭᠦᠯᠬᠦ ᠪᠠᠷᠢᠯᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠣᠨ᠎ᠠ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠤᠭᠠᠳᠤ  ᠦᠨᠳᠦᠰᠦᠳᠠᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠤ ᠭᠤᠣᠯ ᠲᠠᠯᠠᠪᠠᠢ ᠨᠢ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠪᠣᠯᠬᠤ ᠪᠦᠭᠡᠳ ᠲᠡᠭᠦᠨ ᠤ ᠭᠤᠣᠯ ᠴᠣᠭᠴᠠ ᠪᠠᠷᠢᠯᠭ᠎ᠠ ᠳᠤᠨᠢ ᠪᠡᠶ᠎ᠡ ᠶᠢᠨ ᠲᠠᠮᠢᠷ ᠤᠨ ᠲᠠᠯᠠᠪᠠᠢ᠂ ᠪᠡᠶ᠎ᠡ ᠶᠢᠨ ᠲᠠᠮᠢᠷ ᠤᠨ ᠣᠷᠳᠣᠨ ᠪᠣᠯᠣᠨ ᠤᠮᠪᠠᠯᠲᠠ ᠶᠢᠨ ᠣᠷᠳᠣᠨ ᠪᠠᠭᠲᠠᠵᠤ᠂ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 25.9 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠲᠠᠮᠢᠷᠴᠢᠳ ᠤᠨ ᠲᠣᠰᠬᠤᠨ ᠨᠢ A᠂ B ᠬᠤᠶᠠᠷ ᠲᠣᠭᠤᠷᠢᠭ ᠬᠤᠪᠢᠶᠠᠵᠤ᠂ ᠭᠠᠵᠠᠷ ᠳᠡᠭᠡᠷᠡᠬᠢ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 53 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠡᠷᠡᠭᠯᠡᠵᠦ ᠪᠣᠯᠬᠤ ᠥᠷᠥᠭᠡ 6452 ᠪᠤᠢ᠃ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠲᠡᠨ ᠤ ᠪᠡᠶ᠎ᠡ ᠶᠢᠨ ᠲᠠᠮᠢᠷ ᠤᠨ ᠴᠤᠭᠯᠠᠭᠠᠨ 2015 ᠣᠨ ᠤ 8 ᠰᠠᠷ᠎ᠠ ᠶᠢᠨ 9᠎ ᠤ ᠡᠳᠦᠷ ᠤᠷᠳᠤᠰ ᠬᠤᠳᠠ ᠳᠤ ᠦᠪᠡᠳᠡᠭᠰᠢ ᠶᠡᠬᠡᠪᠡᠷ ᠶᠠᠪᠤᠭᠳᠠᠬᠤ ᠪᠤᠯᠤᠨ᠎ᠠ᠃  ᠡᠨᠡ ᠪᠣᠯ 5 ᠳ᠋ᠤᠭᠠᠷ ᠰᠠᠷ᠎ᠠ ᠶᠢᠨ 26᠎ ᠤ ᠡᠳᠦᠷ ᠰᠡᠭᠦᠳᠡᠷᠯᠡᠭᠰᠡᠨ ᠣᠷᠳᠣᠰ ᠬᠤᠲᠠ ᠪᠡᠶ᠎ᠡ ᠶᠢᠨ ᠲᠠᠮᠢᠷ ᠤᠨ ᠲᠥᠪ ᠤᠨ ᠭᠠᠳᠠᠷ ᠦᠵᠡᠮᠵᠢ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号