ᠦᠪᠦᠷ ᠮᠤᠩᠭᠤᠯ ᠤᠨ ᠪᠠᠷᠢᠮᠵᠢᠶᠠᠵᠢᠭᠰᠠᠨ ᠲᠤᠰᠬᠠᠢ ᠮᠡᠷᠭᠡᠵᠢᠯᠲᠡᠨ ᠤ ᠬᠦᠮᠦᠷᠭᠡ ᠪᠦᠬᠦ ᠲᠠᠯ᠎ᠠ ᠪᠠᠷ ᠪᠠᠶᠢᠭᠤᠯᠤᠭᠳᠠᠪᠠ  811 ᠲᠤᠰᠬᠠᠢ ᠮᠡᠷᠭᠡᠵᠢᠯᠲᠡᠨ ᠢ ᠬᠦᠮᠦᠷᠭᠡ ᠳᠤ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2015/5/28
     ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠲᠤᠰᠬᠠᠢ ᠮᠡᠷᠭᠡᠵᠢᠯᠲᠡᠨ ᠤ ᠬᠦᠮᠦᠷᠭᠡ ᠨᠢᠭᠡᠨᠲᠡ ᠪᠦᠬᠦ ᠲᠠᠯ᠎ᠠ ᠪᠠᠷ ᠪᠠᠶᠢᠭᠤᠯᠤᠭᠳᠠᠵᠤ᠂ 811 ᠲᠤᠰᠬᠠᠢ ᠮᠡᠷᠭᠡᠵᠢᠯᠲᠡᠨ ᠢ ᠬᠦᠮᠦᠷᠭᠡ ᠳᠤ ᠪᠠᠶᠢᠷᠢᠯᠠᠭᠤᠯᠪᠠ᠃ ᠤᠶᠢᠯᠠᠭᠠᠭᠰᠠᠨ ᠢᠶᠠᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠲᠤᠰᠬᠠᠢ ᠮᠡᠷᠭᠡᠵᠢᠯᠲᠡᠨ ᠤ ᠬᠦᠮᠦᠷᠭᠡ ᠨᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠤᠯᠤᠯᠲᠠ ᠶᠢ ᠠᠬᠢᠭᠤᠯᠬᠤ ᠠᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢᠨ ᠳᠤᠲᠤᠷᠠᠬᠢ ᠴᠢᠬᠤᠯᠠ ᠡᠬᠦᠷᠭᠡ ᠶᠢᠨ ᠨᠢᠭᠡ ᠨᠢ ᠪᠤᠯᠤᠭᠰᠠᠨ ᠤ ᠬᠤᠪᠢ ᠪᠠᠷ᠂ 2014 ᠤᠨ ᠤ 10 ᠳ᠋ᠤᠭᠠᠷ ᠰᠠᠷ᠎ᠠ ᠠᠴᠠ ᠡᠬᠢᠯᠡᠨ ᠵᠤᠬᠢᠶᠠᠨ ᠪᠠᠶᠢᠭᠤᠯᠵᠤ᠂ 2014 ᠤᠨ ᠤ 12 ᠳ᠋ᠤᠭᠠᠷ ᠰᠠᠷ᠎ᠠ — 2015 ᠤᠨ ᠤ 1 ᠳ᠋ᠤᠭᠡᠷ ᠰᠠᠷ᠎ᠠ ᠪᠤᠯᠲᠠᠯ᠎ᠠ ᠪᠦᠬᠦ ᠤᠷᠤᠨ ᠤ ᠬᠡᠪᠴᠢᠶᠡᠨ ᠳᠤ ᠲᠤᠰᠬᠠᠢ ᠮᠡᠷᠭᠡᠵᠢᠯᠲᠡᠨ ᠡᠯᠰᠡᠨ ᠴᠤᠭᠯᠠᠭᠤᠯᠬᠤ ᠠᠩᠬᠠᠳᠤᠭᠠᠷ ᠤᠳᠠᠭ᠎ᠠ ᠶᠢᠨ ᠠᠵᠢᠯ ᠢ ᠦᠷᠨᠢᠭᠦᠯᠵᠠᠢ᠃ ᠪᠦᠬᠦ ᠤᠷᠤᠨ ᠤ ᠬᠤᠯᠪᠤᠭᠳᠠᠯ ᠪᠦᠬᠦᠢ ᠲᠢᠩᠬᠢᠮ ᠲᠤᠪᠴᠢᠶ᠎ᠠ ᠂ ᠰᠢᠨᠵᠢᠯᠡᠬᠦ ᠤᠬᠠᠭᠠᠨ ᠰᠤᠳᠤᠯᠤᠯ ᠤᠨ ᠬᠦᠷᠢᠶᠡᠯᠡᠩ ᠭᠠᠵᠠᠷ ᠤᠨ ᠵᠤᠬᠢᠶᠠᠨ ᠪᠠᠶᠢᠭᠤᠯᠤᠯᠲᠠ ᠶᠢᠨ  ᠲᠠᠨᠢᠯᠴᠠᠭᠤᠯᠭ᠎ᠠ ᠬᠢᠭᠡᠳ ᠦᠪᠡᠷ ᠤᠨ ᠲᠠᠨᠢᠯᠴᠠᠭᠤᠯᠭ᠎ᠠ ᠪᠠᠷ ᠳᠠᠮᠵᠢᠨ᠂ ᠨᠡᠶᠢᠲᠡ 1250 ᠨᠡᠷ᠎ᠡ ᠪᠡᠯᠡᠳᠭᠡᠯ ᠲᠤᠰᠬᠠᠢ ᠮᠡᠷᠭᠡᠵᠢᠯᠲᠡ ᠢ ᠡᠯᠰᠡᠨ ᠴᠤᠭᠯᠠᠭᠤᠯᠪᠠ᠃ ᠡᠯᠰᠡᠨ ᠴᠤᠭᠯᠠᠭᠤᠯᠤᠭᠰᠠᠨ ᠲᠤᠰᠬᠠᠢ ᠮᠡᠷᠭᠡᠵᠢᠯᠲᠡᠨ ᠤ 98%᠎ ᠠᠴᠠ ᠳᠡᠭᠡᠭᠰᠢᠬᠢ ᠨᠢ ᠶᠡᠭᠡ ᠰᠤᠷᠭᠠᠭᠤᠯᠢ ᠶᠢᠨ ᠵᠢᠩᠬᠢᠨᠢ ᠠᠩᠬᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠦᠭᠡᠳ ᠳᠡᠳ᠋ ᠦᠨᠳᠦᠷ ᠳᠡᠰ ᠠᠴᠠ ᠳᠡᠭᠡᠭᠰᠢᠬᠢ ︵ᠳᠡᠳ᠋ ᠦᠨᠳᠦᠷ ᠳᠡᠰ ᠪᠠᠭᠲᠠᠨ᠎ᠠ︶ ᠴᠤᠯᠠ ᠲᠠᠢ ᠨᠢ 794 ᠬᠦᠮᠦᠨ ᠪᠠᠶᠢᠵᠤ᠂ ᠶᠡᠷᠦᠩᠭᠡᠢ ᠲᠤᠭᠠᠨ ᠤ 97.9%᠎ ᠶᠢ ᠡᠵᠡᠯᠡᠵᠠᠢ᠃ ᠬᠢᠨᠠᠨ ᠲᠤᠭᠲᠠᠭᠠᠭᠰᠠᠨ ᠪᠠ ᠨᠡᠶᠢᠲᠡ ᠳᠤ ᠵᠠᠷᠯᠠᠭᠰᠠᠨ ᠤ ᠰᠡᠭᠦᠯᠡᠷ᠂ ᠬᠠᠮᠤᠭ ᠡᠴᠦᠰ ᠲᠤ 811 ᠲᠤᠰᠬᠠᠢ ᠮᠡᠷᠭᠡᠵᠢᠯᠲᠡᠨ ᠢ ᠬᠦᠮᠦᠷᠭᠡ ᠳᠤ ᠪᠠᠶᠢᠷᠢᠯᠠᠭᠤᠯᠪᠠ᠃ ᠲᠤᠰ ᠲᠤᠰᠬᠠᠢ ᠮᠡᠷᠭᠡᠵᠢᠯᠲᠡ ᠤ ᠬᠦᠮᠦᠷᠭᠡ ᠨᠢ ᠡᠯ᠎ᠡ ᠬᠦᠷᠢᠶ᠎ᠡ ᠶᠢᠨ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨ ᠤ ᠳᠠᠭᠠᠭᠤᠯᠤᠭᠴᠢ᠂ ᠳᠠᠶᠢᠴᠢᠯᠠᠭᠴᠢ ᠶᠢ ᠬᠦᠮᠦᠵᠢᠭᠦᠯᠬᠦ ᠪᠠᠷ ᠡᠬᠢᠯᠡᠯᠲᠡ ᠶᠢᠨ ᠴᠢᠭ᠋ ᠢᠶᠠᠨ ᠪᠤᠯᠭᠠᠵᠤ᠂ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠪᠡᠯᠡᠳᠭᠡᠬᠦ ᠴᠢᠬᠤᠯᠠ ᠠᠴᠢᠶᠠᠯᠠᠭᠴᠢ ᠪᠡᠶ᠎ᠡ ᠪᠤᠯᠵᠤ᠂ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠠᠵᠢᠯ ᠦᠢᠯᠡᠰ ᠤᠨ ᠬᠦᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠳᠤ ᠯᠠᠪᠯᠠᠭ᠎ᠠ ᠨᠤᠲᠠᠯᠠᠯᠲᠠ ᠪᠠ ᠤᠶᠤᠨ ᠤ ᠦᠢᠯᠡᠴᠢᠯᠡᠭᠡ ᠬᠠᠨᠭ᠍ᠭᠠᠵᠤ᠂ ᠦᠪᠦᠷ ᠮᠤᠩᠭᠤᠯ ᠤᠨ ᠪᠠᠷᠢᠮᠵᠢᠶᠠᠵᠢᠭᠰᠠᠨ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠬᠦ ᠪᠤᠯᠤᠨ᠎ᠠ᠃ ᠡᠭᠦᠨ ᠠᠴᠠ ᠭᠠᠳᠠᠨ᠎ᠠ᠂ ᠦᠪᠦᠷ ᠮᠤᠩᠭᠤᠯ ᠪᠠᠰᠠ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠲᠤᠰᠬᠠᠢ ᠮᠡᠷᠭᠡᠵᠢᠯᠲᠡᠨ ᠤ ᠬᠦᠮᠦᠷᠭᠡ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠤᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠪᠠᠷᠢᠮᠵᠢᠶᠠᠵᠢᠭᠰᠠᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠬᠠᠮᠢᠶᠠᠷᠤᠯᠲᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠬᠠᠮᠲᠤ ᠳᠤᠨᠢ ᠨᠡᠭᠡᠭᠡᠵᠤ᠂ ᠲᠤᠰᠬᠠᠢ ᠮᠡᠷᠭᠡᠵᠢᠯᠲᠡᠨ ᠤ ᠬᠦᠮᠦᠷᠭᠡ ᠶᠢᠨ ᠬᠠᠮᠢᠶᠠᠷᠤᠯᠲᠠ ᠳᠤ ᠮᠡᠷᠭᠡᠵᠢᠯ ᠤᠨ ᠪᠠᠲᠤᠯᠠᠭ᠎ᠠ ᠤᠯᠭᠤᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号