ᠪᠦᠷᠢᠳᠭᠡᠯ ᠢ ᠦᠨᠳᠦᠰᠦᠯᠡᠪᠡᠯ᠂ 2013 ᠤᠨ ᠤ ᠰᠡᠭᠦᠯᠴᠢ ᠪᠤᠯᠲᠠᠯ᠎ᠠ᠂ ᠦᠪᠦᠷ ᠮᠤᠩᠭᠤᠯ ᠤᠨ | ᠳᠤᠮᠳᠠᠲᠤ ᠪᠠᠭ᠎ᠠ ᠰᠤᠷᠭᠠᠭᠤᠯᠢ ᠳᠤ ᠮᠦᠨᠬᠦ 40 ᠭᠠᠷᠤᠢ ᠲᠦᠮᠡᠨ ᠲᠡᠭᠰᠢ ᠳᠦᠷᠪᠡᠯᠵᠢᠨ ᠮᠧᠲᠷ ᠨᠤᠷᠠᠬᠤ ᠠᠶᠤᠯᠲᠠᠢ | ᠬᠡᠷ ᠪᠠᠶᠢᠰᠢᠩ ᠪᠠᠶᠢᠵᠤ᠂ ᠲᠡᠳᠡᠨ ᠤ ᠤᠯᠠᠩᠬᠢ ᠨᠢ ᠲᠤᠰᠬᠤᠨ ᠤ ᠪᠠᠭ᠎ᠠ ᠰᠤᠷᠭᠠᠭᠤᠯᠢ ᠪᠤᠶᠤ ᠵᠢᠭᠠᠨ ᠰᠤᠷᠭᠠᠯᠲᠠ ᠶᠢᠨ | ᠴᠢᠭ᠋ ᠪᠠᠶᠢᠵᠤ᠂ ᠵᠠᠷᠢᠮ ᠨᠢ ᠤᠤᠯ ᠤᠨ ᠬᠠᠰᠤᠵᠤ ᠨᠡᠶᠢᠯᠡᠭᠦᠯᠦᠭᠰᠡᠨ ᠲᠦᠯᠦᠪᠵᠢᠭᠦᠯᠭᠡ ᠳᠤ ᠪᠦᠬᠦ ᠤᠯᠤᠰ ᠤᠨ | ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ ᠤᠨ ᠲᠦᠷᠦᠯ ᠵᠦᠢᠯ ᠳᠤ ᠤᠷᠤᠭᠰᠠᠨ ᠦᠭᠡᠢ ᠪᠦᠭᠡᠳ ᠵᠠᠷᠢᠮ | ᠨᠢ ᠤᠷᠤᠨ ᠨᠤᠲᠤᠭ ᠤᠨ ᠡᠳ᠋ ᠤᠨ ᠬᠦᠴᠦᠨ ᠤ ᠬᠢᠵᠠᠭᠠᠷ ᠠᠴᠠ ᠪᠤᠯᠵᠤ ᠲᠦᠪᠯᠡᠷᠡᠬᠦᠯᠦᠨ ᠵᠠᠰᠠᠵᠤ ᠪᠠᠶᠢᠭᠤᠯᠵᠤ | ᠳᠡᠶᠢᠯᠦᠭᠰᠡᠨ ᠦᠭᠡᠢ ᠪᠠᠶᠢᠳᠠᠭ᠃ ᠪᠦᠬᠦ ᠤᠷᠤᠨ ᠤ ᠳᠤᠮᠳᠠᠲᠤ ᠪᠠᠭ᠎ᠠ ᠰᠤᠷᠭᠠᠭᠤᠯᠢ ᠶᠢᠨ 2800 ᠭᠠᠷᠤᠢ ᠲᠦᠮᠡᠨ | ᠲᠡᠭᠰᠢ ᠳᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢᠨ ᠲᠠᠯᠠᠪᠠᠢ ᠶᠢᠨ ᠶᠡᠷᠦᠩᠭᠡᠢ ᠬᠡᠮᠵᠢᠶ᠎ᠡ ᠲᠠᠢ ᠬᠠᠷᠢᠴᠠᠭᠤᠯᠪᠠᠯ | ᠂ ᠡᠳᠡᠭᠡᠷ ᠰᠤᠷᠭᠠᠭᠤᠯᠢ ᠶᠢᠨ ᠪᠠᠶᠢᠷᠢ ᠨᠢ ᠦᠴᠦᠭᠡᠨ ᠲᠤᠭ᠎ᠠ ᠶᠢ ᠡᠵᠡᠯᠡᠬᠦ ᠪᠤᠯᠪᠠᠴᠤ ᠦᠨᠡᠨ ᠳᠡᠭᠡᠨ ᠡᠳᠡᠭᠡᠷ ᠨᠢ | ᠳᠠᠷᠤᠢ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠤᠨ ᠬᠡᠪᠡᠷᠡᠭ ᠲᠠᠯ᠎ᠠ ᠪᠤᠯᠵᠤ᠂ ᠡᠨᠡᠬᠦ ᠭᠡᠪᠡᠷᠡᠭ | ᠲᠠᠯ᠎ᠠ ᠶᠢ ᠨᠦᠬᠦᠪᠦᠷᠢᠯᠡᠬᠦ ᠨᠢ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠢ ᠬᠦᠭᠵᠢᠬᠦᠯᠬᠦ ᠶᠢᠨ | ᠦᠨᠳᠦᠰᠦ ᠪᠤᠯᠵᠤ ᠪᠠᠶᠢᠪᠠ᠃ 2014 ᠤᠨ ᠠᠴᠠ ᠡᠬᠢᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ | ᠠᠷᠠᠳ ᠤᠨ ᠠᠮᠢᠳᠤᠷᠠᠯ ᠢ ᠪᠠᠲᠤᠯᠠᠬᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠬᠦᠯᠵᠤ᠂ | ᠡᠬᠦᠨ ᠳᠤ ᠰᠤᠷᠭᠠᠨ ᠬᠦᠮᠦᠵᠢᠯ ᠤᠨ ᠬᠦᠷᠢᠶ᠎ᠡ ᠴᠡᠷᠢᠶᠠᠨ ᠳᠤ ︽ᠰᠤᠷᠭᠠᠭᠤᠯᠢ ᠶᠢᠨ ᠪᠠᠶᠢᠷᠢ ᠶᠢᠨ ᠪᠦᠲᠦᠭᠡᠨ | ᠪᠠᠶᠢᠭᠤᠯᠤᠯᠲᠠ ᠬᠢᠭᠡᠳ ᠠᠮᠤᠷ ᠲᠦᠪᠰᠢᠨ ᠤ ᠦᠭᠡᠷᠡᠴᠢᠯᠡᠯᠲᠡ ᠶᠢᠨ ᠢᠨᠵᠧᠨᠧᠷᠢᠩ︾ ᠢ ᠤᠶᠠᠯᠳᠤᠨ ᠬᠡᠷᠡᠭᠵᠢᠬᠦᠯᠵᠤ᠂ | ᠤᠷᠲᠤ ᠬᠤᠭᠤᠴᠠᠭᠠᠨ ᠤ ᠲᠤᠷᠰᠢ ᠮᠠᠯᠵᠢᠬᠤ ᠲᠠᠷᠢᠶᠠᠯᠠᠬᠤ ᠤᠷᠤᠨ ᠳᠠᠬᠢ ᠤᠷᠤᠭᠤᠯᠤᠯᠲᠠ ᠬᠤᠮᠠᠰ ᠠᠴᠠ ᠪᠤᠯᠵᠤ | ᠰᠤᠷᠭᠠᠭᠤᠯᠢ ᠶᠢᠨ ᠪᠠᠶᠢᠷᠢ ᠬᠠᠭᠤᠴᠢᠷᠠᠭᠰᠠᠨ ᠪᠠ ᠵᠢᠭᠠᠨ ᠰᠤᠷᠭᠠᠯᠲᠠ ᠶᠢᠨ ᠴᠢᠭ᠋ ᠬᠦᠷᠦᠯᠴᠡᠭᠡ ᠦᠭᠡᠢ ᠪᠤᠯᠤᠭᠰᠠᠨ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠤ᠂ 3 ᠵᠢᠯ ᠤᠨ ᠳᠤᠲᠤᠷ᠎ᠠ ᠮᠠᠯᠵᠢᠬᠤ ᠲᠠᠷᠢᠶᠠᠯᠠᠬᠤ ᠤᠷᠤᠨ ᠤ | ᠬᠡᠤᠭᠡᠳ ᠤᠳ ᠢ ᠴᠦᠮ ᠬᠡᠷ ᠤᠨ ᠡᠭᠦᠳᠡᠨ ᠳᠤ ᠪᠠᠨ ᠰᠤᠷᠭᠠᠭᠤᠯᠢ ᠳᠤ ᠤᠷᠤᠵᠤ ᠳᠡᠶᠢᠯᠬᠦ ᠪᠤᠯᠭᠠᠬᠤ ᠪᠠᠷ | ᠴᠢᠷᠮᠠᠶᠢᠪᠠ᠃ | ᠨᠢᠭᠡ ᠵᠢᠯ ᠰᠢᠬᠠᠮ ᠤᠨ ᠪᠠᠶᠢᠴᠠᠭᠠᠯᠲᠠ ᠪᠠ ᠨᠤᠲᠠᠯᠠᠯᠲᠠ ᠪᠠᠷ ᠳᠠᠮᠵᠢᠨ᠂ ᠦᠪᠦᠷ ᠮᠤᠩᠭᠤᠯ 3 | ᠵᠢᠯ ᠤᠨ ᠳᠤᠲᠤᠷ᠎ᠠ ᠪᠦᠬᠦ ᠤᠷᠤᠨ ᠳᠤ 1276 ᠰᠤᠷᠭᠠᠭᠤᠯᠢ ᠰᠢᠨ᠎ᠡ ᠪᠠᠷ ᠪᠠᠶᠢᠭᠤᠯᠬᠤ ᠪᠠ ᠵᠠᠰᠠᠨ ᠦᠷᠭᠡᠳᠭᠡᠨ᠂ | ᠶᠡᠷᠦᠩᠭᠡᠢ ᠲᠠᠯᠠᠪᠠᠢ ᠶᠢ 98 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠦᠭᠦᠯᠵᠤ᠂ ᠪᠠᠷᠤᠭ 23 | ᠳ᠋ᠦᠡᠭᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠵᠢᠭᠦᠯᠪᠡ᠂ ᠡᠬᠦᠨ ᠳᠤ 78 ᠪᠠᠭ᠎ᠠ ᠰᠤᠷᠭᠠᠭᠤᠯᠢ | ᠪᠠ 116 ᠵᠢᠭᠠᠨ ᠰᠤᠷᠭᠠᠯᠲᠠ ᠶᠢᠨ ᠴᠢᠭ᠋᠂ 553 ᠬᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ | ᠰᠡᠷᠭᠦᠭᠡᠨ ᠪᠠᠶᠢᠭᠤᠯᠤᠨ᠎ᠠ᠂ ᠡᠳᠡᠭᠡᠷ ᠨᠢ ᠭᠤᠤᠯᠳᠠᠭᠤ ᠬᠦᠮᠦᠨ ᠠᠮᠠ ᠨᠡᠯᠢᠶᠡᠳ ᠲᠦᠪᠯᠡᠷᠡᠭᠰᠡᠨ ᠮᠠᠯᠵᠢᠬᠤ ᠲᠠᠷᠢᠶᠠᠯᠠᠬᠤ | ᠤᠷᠤᠨ ᠢᠶᠠᠷ ᠲᠠᠷᠬᠠᠵᠤ ᠪᠠᠶᠢᠬᠤ ᠲᠤᠯᠠ᠂ ᠮᠠᠯᠵᠢᠬᠤ ᠲᠠᠷᠢᠶᠠᠯᠠᠬᠤ ᠤᠷᠤᠨ ᠤ ᠬᠡᠤᠭᠡᠳ ᠤᠶᠢᠷ᠎ᠠ ᠬᠠᠪᠢ ᠳᠤ ᠪᠠᠨ | ᠰᠤᠷᠭᠠᠭᠤᠯᠢ ᠳᠤ ᠤᠷᠤᠵᠤ᠂ ᠴᠡᠴᠡᠷᠯᠢᠭ ᠲᠤ ᠤᠷᠤᠬᠤ ᠬᠦᠰᠡᠯ ᠲᠠᠢ ᠵᠤᠬᠢᠬᠤ ᠨᠠᠰᠤᠨ ᠤ ᠬᠡᠤᠭᠡᠳ ᠤᠨ | ᠪᠦᠬᠦᠳᠡ ᠶᠢ ᠴᠡᠴᠡᠷᠯᠢᠭ ᠲᠤ ᠤᠷᠤᠭᠤᠯᠬᠤ ᠶᠢ ᠪᠡᠶᠡᠯᠡᠬᠦᠯᠦᠨ᠎ᠡ᠃ | ᠢᠨᠵᠧᠨᠧᠷᠢᠩ ᠤᠨ ᠤᠷᠤᠭᠰᠢᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ ᠲᠤᠯᠠᠳᠠ᠂ ᠦᠪᠦᠷ | ᠮᠤᠩᠭᠤᠯ ᠢᠨᠵᠧᠨᠧᠷᠢᠩ ᠳᠤ ᠵᠢᠭᠰᠡᠭᠠᠭᠰᠠᠨ ᠴᠠᠭ ᠤᠨ ᠬᠦᠰᠦᠨᠦᠭᠲᠦ ᠶᠢ᠂ ᠪᠦᠬᠦ ᠤᠷᠤᠨ ᠢᠶᠠᠷ ᠢᠶᠠᠨ ᠪᠦᠬᠦᠯᠢ | ᠴᠤᠭᠴᠠ ᠪᠠᠷ ᠲᠦᠯᠬᠢᠨ ᠠᠬᠢᠭᠤᠯᠵᠤ᠂ ᠤᠨ ᠤ ᠡᠭᠦᠷᠭᠡ ᠶᠢᠨ ᠬᠠᠷᠠᠯᠲᠠ ᠶᠢ ᠦᠪᠡᠷᠲᠡᠭᠡᠨ ᠵᠠᠰᠠᠬᠤ ᠤᠷᠤᠨ ᠠᠴᠠ | ᠡᠯ᠎ᠡ ᠠᠶᠢᠮᠠᠭ ᠬᠤᠲᠠ ᠶᠢᠨ ᠤᠨ ᠤ ᠰᠢᠯᠭᠠᠨ ᠬᠢᠨᠠᠬᠤ ᠠᠭᠤᠯᠭ᠎ᠠ ᠳᠤ ᠤᠷᠤᠭᠤᠯᠬᠤ ᠶᠢᠨ ᠬᠠᠮᠲᠤ ᠰᠢᠨ᠎ᠡ ᠪᠠᠷ | ᠪᠠᠶᠢᠭᠤᠯᠬᠤ᠂ ᠦᠷᠭᠡᠳᠭᠡᠨ ᠪᠠᠶᠢᠭᠤᠯᠬᠤ ᠰᠤᠷᠭᠠᠭᠤᠯᠢ ᠨᠢ ᠴᠦᠮ ᠤᠯᠤᠰ ᠠᠴᠠ ᠱᠠᠭᠠᠷᠳᠠᠭᠰᠠᠨ ᠳᠤᠷᠬᠢᠯᠲᠠ ᠶᠢ | ᠰᠡᠷᠭᠡᠶᠢᠯᠡᠬᠦ ᠵᠢᠴᠢ ᠶᠡᠷᠦᠩᠭᠡᠶᠢᠯᠡᠭᠰᠡᠨ ᠭᠠᠮᠰᠢᠭ ᠠᠴᠠ ᠰᠡᠷᠭᠡᠶᠢᠯᠡᠬᠦ ᠪᠠᠷᠢᠮᠵᠢᠶ᠎ᠠ ᠳᠤ ᠬᠦᠷᠦᠭᠦᠯᠬᠦ ᠶᠢ ᠱᠠᠭᠠᠷᠳᠠᠪᠠ᠃ | ᠪᠦᠷᠢᠳᠭᠡᠯ ᠢ ᠦᠨᠳᠦᠰᠦᠯᠡᠪᠡᠯ᠂ 2014 ᠤᠨ ᠤ 12 ᠳ᠋ᠤᠭᠠᠷ ᠰᠠᠷ᠎ᠠ ᠶᠢᠨ ᠰᠡᠭᠦᠯᠴᠢ ᠪᠤᠯᠬᠤ ᠳᠤ᠂ ᠪᠦᠬᠦ | ᠤᠷᠤᠨ ᠳᠤ ᠪᠠᠷᠢᠯᠭ᠎ᠠ ᠳᠠᠭᠤᠰᠴᠤ ᠲᠤᠰᠢᠶᠠᠨ ᠬᠡᠷᠡᠭᠯᠡᠭᠦᠯᠦᠭᠰᠡᠨ ᠰᠤᠷᠭᠠᠭᠤᠯᠢ ︵ᠬᠡᠤᠭᠡᠳ ᠤᠨ ᠴᠡᠴᠡᠷᠯᠢᠭ︶ 381 | ᠪᠤᠯᠵᠤ᠂ ᠨᠡᠶᠢᠲᠡ 21.78 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠨᠡᠶᠢᠲᠡ 4.31 ᠳ᠋ᠦᠡᠭᠰᠢᠭᠤᠷ ᠲᠦᠭᠦᠷᠢᠭ ᠤᠷᠤᠭᠤᠯᠵᠤ᠂ ᠡᠭᠦᠨ ᠳᠤ ᠦᠪᠡᠷᠲᠡᠭᠡᠨ ᠵᠠᠰᠠᠬᠤ | ᠤᠷᠤᠨ ᠤ ᠲᠤᠰ ᠱᠠᠲᠤᠨ ᠤ ᠤᠷᠤᠭᠤᠯᠤᠯᠲᠠ 1.91 ᠳ᠋ᠦᠡᠭᠰᠢᠭᠤᠷ ᠲᠦᠭᠦᠷᠢᠭ ᠲᠤ ᠬᠦᠷᠴᠠᠢ᠃ 2015 ᠤᠨ ᠳᠤ | ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠠᠵᠢᠯ ᠤᠨ ᠨᠡᠪᠲᠡᠷᠡᠭᠦᠯᠭᠡ ᠶᠢᠨ ᠳᠦᠷᠢᠮ ᠪᠠ | ᠠᠶᠢᠮᠠᠭ ᠬᠤᠲᠠ ᠬᠠᠷᠢᠯᠴᠠᠨ ᠪᠠᠶᠢᠴᠠᠭᠠᠬᠤ ᠰᠢᠮᠳᠠᠯᠲᠠ ᠪᠠᠶᠢᠴᠠᠭᠠᠯᠲᠠ ᠶᠢᠨ ᠬᠡᠯᠪᠡᠷᠢ ᠶᠢ ᠪᠠᠶᠢᠭᠤᠯᠵᠤ᠂ | ᠢᠨᠵᠧᠨᠧᠷᠢᠩ ᠤᠨ ᠤᠷᠤᠭᠰᠢᠲᠠᠢ ᠬᠡᠷᠡᠭᠵᠢᠬᠦᠯᠦᠭᠳᠡᠬᠦ ᠶᠢ ᠠᠬᠢᠭᠤᠯᠵᠤ ᠪᠠᠶᠢᠨ᠎ᠠ᠃ | 2015 ᠤᠨ ᠳᠤ᠂ ᠦᠪᠦᠷ ᠮᠤᠩᠭᠤᠯ ᠪᠦᠬᠦ ᠤᠷᠤᠨ ᠳᠤ ᠰᠤᠷᠭᠠᠨ ᠬᠦᠮᠦᠵᠢᠯ ᠤᠨ ᠮᠡᠳᠡᠭᠡ | ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠠᠢ ᠠᠬᠢᠭᠤᠯᠵᠤ᠂ ᠪᠦᠬᠦ ᠤᠷᠤᠨ ᠤ 60% ᠠᠴᠠ | ᠳᠡᠭᠡᠭᠰᠢᠬᠢ ᠬᠤᠰᠢᠭᠤ ᠰᠢᠶᠠᠨ ︽ᠬᠠᠷᠠᠭᠠᠨ ᠳᠠᠪᠲᠠᠮᠵᠢ ᠪᠠᠷ ᠬᠠᠮᠲᠤ ᠬᠦᠳᠡᠯᠦᠯᠴᠡᠬᠦ ᠬᠢᠴᠢᠶᠡᠯ︾ ᠤᠨ ᠵᠢᠭᠠᠨ | ᠰᠤᠷᠭᠠᠯᠲᠠ ᠶᠢ ᠨᠡᠭᠡᠭᠡᠬᠦ ᠪᠠ ᠪᠦᠲᠦᠮᠵᠢᠲᠠᠢ ᠠᠰᠢᠭᠯᠠᠬᠤ ᠶᠢ ᠱᠠᠭᠠᠷᠳᠠᠵᠤ᠂ ᠬᠤᠲᠠ ᠬᠦᠳᠡᠭᠡ ᠶᠢᠨ ᠰᠤᠷᠭᠠᠭᠤᠯᠢ ᠶᠢᠨ | ᠪᠠᠭᠰᠢ ᠰᠤᠷᠤᠭᠴᠢ ᠰᠦᠯᠵᠢᠶᠡᠨ ᠳᠡᠭᠡᠷ᠎ᠡ ᠬᠠᠷᠠᠭᠠᠨ ᠳᠠᠪᠲᠠᠮᠵᠢ ᠪᠠᠷ ᠬᠦᠳᠡᠯᠦᠯᠴᠡᠬᠦ ᠵᠢᠭᠠᠨ ᠰᠤᠷᠭᠠᠬᠤ᠂ | ᠰᠦᠯᠵᠢᠶᠡᠨ ᠢᠶᠠᠷ ᠵᠢᠭᠠᠨ ᠰᠤᠳᠤᠯᠬᠤ ᠪᠠ ᠰᠦᠯᠵᠢᠶᠠᠨ ᠳᠡᠭᠡᠷ᠎ᠡ ᠰᠤᠷᠤᠯᠴᠠᠬᠤ ᠶᠢ ᠪᠡᠶᠡᠯᠡᠬᠦᠯᠵᠤ᠂ ᠮᠡᠳᠡᠭᠡ | ᠵᠠᠩᠬᠢᠴᠢᠯᠠᠯᠲᠠ ᠶᠢᠨ ᠠᠷᠭ᠎ᠠ ᠪᠠᠷᠢᠯ ᠢᠶᠠᠷ ᠰᠢᠯᠢᠳᠡᠭ ᠡᠨᠧᠷᠬᠢ ᠶᠢᠨ ᠰᠤᠷᠪᠤᠯᠵᠢ ᠶᠢ ᠰᠢᠶᠠᠩ ᠲᠤᠰᠬᠤᠨ ᠤ ᠪᠠᠭᠤᠷᠠᠢ | ᠰᠤᠷᠭᠠᠭᠤᠯᠢ ᠳᠤ ᠠᠳᠠᠯᠢ ᠠᠯᠬᠤᠮ ᠢᠶᠠᠷ ᠳᠠᠮᠵᠢᠭᠤᠯᠤᠨ ᠬᠦᠷᠭᠡᠵᠤ᠂ ᠮᠠᠯᠵᠢᠬᠤ ᠲᠠᠷᠢᠶᠠᠯᠠᠬᠤ ᠤᠷᠤᠨ ᠤ | ᠰᠤᠷᠭᠠᠭᠤᠯᠢ ᠳᠤ ᠪᠠᠭᠰᠢ ᠨᠠᠷ ᠳᠤᠲᠠᠮᠠᠭ ᠪᠠᠶᠢᠭ᠎ᠠ ᠬᠦᠴᠢᠷᠳᠡᠯᠲᠠᠢ ᠠᠰᠠᠭᠤᠳᠠᠯ ᠢ ᠰᠢᠢᠳᠪᠦᠷᠢᠯᠡᠬᠦ ᠪᠠᠷ ᠪᠠᠶᠢᠨ᠎ᠠ᠃ |