︽ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠠ ᠬᠢᠲᠡᠳ ᠬᠤᠣᠰ ᠬᠡᠯᠡᠨ ᠤ  ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠵᠢᠴᠢ ᠪᠤᠯᠪᠠᠰᠤᠷᠠᠭᠤᠯᠬᠤ ᠠᠵᠢᠯ ᠢ ᠤᠯᠠᠮ ᠨᠢᠭᠡ ᠠᠯᠬᠤᠮ  ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾
ᠨᠡᠶᠢᠲᠡᠯᠡᠭᠰᠡᠨ ᠴᠠᠭ᠄
2015/5/28
     ᠠᠷᠠᠳ ᠤᠨ ᠳᠡᠭᠡᠳᠦ ᠰᠢᠭᠦᠬᠦ ᠬᠤᠷᠢᠶ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ            ᠬᠠᠮᠲᠤᠷᠠᠨ ︽ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠠ ᠬᠢᠲᠡᠳ ᠬᠤᠣᠰ ᠬᠡᠯᠡᠨ ᠤ        ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠵᠢᠴᠢ ᠪᠤᠯᠪᠠᠰᠤᠷᠠᠭᠤᠯᠬᠤ ᠠᠵᠢᠯ ᠢ ᠤᠯᠠᠮ ᠨᠢᠭᠡ ᠠᠯᠬᠤᠮ       ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠪᠠ       ᠤᠶᠢᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠠᠮᠲᠤᠷᠠᠨ ︽ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠠ ᠬᠢᠲᠡᠳ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠵᠢᠴᠢ ᠪᠣᠯᠪᠠᠰᠣᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾  ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠤ ᠭᠠᠵᠠᠷ ᠣᠷᠣᠨ ᠤ ᠦᠨᠳᠦᠰᠦᠲᠡᠨ ᠤ ᠪᠠ ᠬᠢᠲᠡᠳ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠵᠢᠴᠢ ᠪᠣᠯᠪᠠᠰᠣᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠶᠢ ᠱᠠᠭᠠᠷᠳᠠᠨ᠂ ᠦᠨᠳᠦᠰᠦᠲᠡᠨ ᠤ ᠭᠠᠵᠠᠷ ᠣᠷᠣᠨ ᠤ  ᠠᠷᠠᠳ ᠤᠨ ᠰᠢᠭᠦᠬᠦ ᠬᠤᠷᠢᠶ᠎ᠠ ᠶᠢᠨ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠤ ᠲᠤᠲᠠᠮᠠᠭ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠤ ᠭᠠᠵᠠᠷ ᠣᠷᠣᠨ ᠤ ᠠᠷᠠᠳ ᠢᠷᠭᠡᠳ ᠤᠨ ᠦᠨᠳᠦᠰᠦᠨ ᠡᠷᠬᠡ ᠠᠰᠢᠭ ᠪᠠ ᠵᠠᠷᠭᠤ ᠶᠢᠨ ᠡᠷᠬᠡ ᠠᠰᠢᠭ ᠶᠢ ᠬᠠᠣᠯᠢ ᠶᠣᠰᠣᠭᠠᠷ  ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃      ︽ᠰᠠᠨᠠᠯ︾᠎ ᠳᠤ ᠳᠤᠷᠠᠳᠤᠭᠰᠠᠨ ᠨᠢ᠂ ᠨᠢᠭᠡ ᠰᠠᠯᠠᠭ᠎ᠠ ᠤᠯᠤᠰ ᠲᠦᠷᠥ ᠶᠢᠨ ᠵᠣᠭᠰᠣᠯᠲᠠ ᠪᠠᠲᠤ᠂ ᠲᠣᠬᠠᠶᠢᠯᠠᠭᠰᠠᠨ ᠠᠵᠢᠯ ᠤᠨ ᠴᠢᠨᠠᠷ ᠴᠢᠨᠰᠠᠭ᠎ᠠ ᠴᠢᠩᠭ᠎ᠠ᠂ ᠲᠤᠭ᠎ᠠ ᠬᠡᠮᠵᠢᠶ᠎ᠡ ᠭᠦᠢᠴᠡᠳ ᠪᠦᠭᠡᠳ ᠦᠨᠳᠦᠰᠦᠲᠡᠨ ᠤ ᠭᠠᠵᠠᠷ ᠣᠷᠣᠨ ᠤ ᠰᠢᠭᠦᠨ ᠲᠠᠰᠤᠯᠬᠤ ᠠᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠤ ᠡᠩᠨᠡᠭᠡ ᠶᠢ ᠢᠳᠡᠭ ᠢᠳᠡᠭ ᠢᠶᠠᠷ ᠪᠠᠶᠢᠭᠤᠯᠬᠤ ᠬᠡᠷᠡᠭᠲᠡᠢ᠃ 2020 ᠣᠨ ᠠᠴᠠ ᠡᠮᠦᠨ᠎ᠡ᠂ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠨᠡᠶᠢᠲᠡ 1500 ᠨᠡᠷ᠎ᠡ ᠬᠥᠮᠥᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠰᠢᠭᠦᠬᠦ ᠬᠤᠷᠢᠶ᠎ᠠ ᠪᠦᠷᠢ 4 ᠣᠷᠴᠢᠮ ᠤᠨ ᠲᠤᠰᠬᠠᠢ ᠮᠡᠷᠭᠡᠵᠢᠯᠲᠡᠨ ᠤ ᠬᠡᠯᠪᠡᠷᠢ ᠶᠢᠨ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠬᠥᠮᠥᠵᠢᠭᠦᠯᠬᠦ ᠪᠠᠷ ᠴᠢᠷᠮᠠᠶᠢᠵᠤ᠂ ᠦᠨᠳᠦᠰᠦᠲᠡᠨ ᠤ ᠭᠠᠵᠠᠷ ᠣᠷᠣᠨ ᠤ ᠠᠷᠠᠳ ᠤᠨ ᠰᠢᠭᠦᠬᠦ ᠬᠤᠷᠢᠶ᠎ᠠ ᠶᠢᠨ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠤ ᠲᠤᠲᠠᠮᠠᠭ ᠪᠠᠶᠢᠬᠤ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠬᠡᠷᠡᠭᠲᠡᠢ ᠭᠡᠵᠡᠢ᠃       ︽ᠰᠠᠨᠠᠯ︾᠎ ᠳᠤ ᠴᠢᠬᠤᠯᠠᠴᠢᠯᠠᠭᠰᠠᠨ ᠨᠢ᠂ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠪᠣᠯᠪᠠᠰᠣᠷᠠᠭᠤᠯᠬᠤ ᠠᠵᠢᠯ ᠨᠢ ᠬᠡᠷᠡᠭᠴᠡᠭᠡ ᠪᠠᠷ ᠢᠶᠠᠨ ᠬᠥᠮᠥᠵᠢᠭᠦᠯᠬᠦ᠂ ᠰᠢᠭᠦᠨ ᠲᠠᠰᠣᠯᠬᠤ ᠳᠤ ᠦᠢᠯᠡᠴᠢᠯᠡᠬᠦ᠂ ᠭᠤᠣᠯᠳᠠᠯᠭ᠎ᠠ ᠶᠢ ᠨᠢ ᠲᠣᠪᠤᠶᠢᠯᠭᠠᠬᠤ᠂ ᠨᠢᠭᠡᠳᠦᠯᠲᠡᠢ ᠲᠥᠯᠥᠪᠵᠢᠭᠦᠯᠦᠨ ᠬᠠᠮᠲᠤ ᠳᠤᠨᠢ ᠬᠠᠷᠠᠭᠠᠯᠵᠠᠬᠤ᠂ ᠠᠯᠬᠤᠮ ᠳᠠᠷᠠᠭ᠎ᠠ ᠲᠠᠢ ᠪᠠᠷ ᠠᠬᠢᠭᠤᠯᠬᠤ᠂ ᠵᠦᠢ ᠵᠣᠬᠢᠰᠲᠠᠢ ᠲᠥᠯᠥᠪᠵᠢᠭᠦᠯᠬᠦ᠂ ᠪᠦᠬᠦ ᠲᠠᠯ᠎ᠠ ᠪᠠᠷ ᠳᠡᠳᠬᠦᠬᠦ᠂ ᠪᠡᠶ᠎ᠡ ᠪᠠᠨ ᠳᠠᠭᠠᠭᠠᠵᠤ ᠬᠥᠮᠥᠵᠢᠭᠦᠯᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠬᠥᠮᠥᠵᠢᠯ ᠢ ᠴᠢᠩᠭᠠᠳᠬᠠᠵᠤ᠂ ᠡᠷᠡᠰ ᠪᠠᠲᠤ ᠢᠲᠡᠭᠡᠯ ᠵᠣᠷᠢᠭ ᠲᠠᠢ ᠪᠦᠭᠡᠳ ᠤᠯᠤᠰ ᠲᠥᠷᠥ ᠶᠢᠨ ᠲᠠᠯ᠎ᠠ ᠪᠠᠷ ᠪᠠᠷ ᠴᠢᠩᠭ᠎ᠠ ᠪᠠᠶᠢᠬᠤ ᠪᠠᠷ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠪᠠᠷᠢᠮᠵᠢᠶ᠎ᠠ ᠪᠤᠯᠭᠠᠬᠤ ᠬᠡᠷᠡᠭᠲᠡᠢ︔ ᠬᠥᠮᠥᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠤᠷᠢᠵᠤ ᠡᠯᠰᠡᠬᠦ ᠠᠷᠭ᠎ᠠ ᠵᠠᠮ ᠢᠶᠠᠨ ᠥᠷᠭᠡᠳᠬᠡᠨ᠂ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠢ ᠪᠣᠯᠪᠠᠰᠣᠷᠠᠭᠤᠯᠬᠤ ᠪᠠ ᠬᠡᠷᠡᠭᠯᠡᠬᠦ ᠶᠢ ᠴᠢᠬᠤᠯᠠᠴᠢᠯᠠᠵᠤ᠂ ᠬᠤᠣᠰ ᠬᠡᠯᠡᠨ ᠤ ᠰᠢᠯᠢᠳᠡᠭ ᠬᠠᠣᠯᠢ ᠶᠢᠨ ᠲᠤᠰᠢᠶᠠᠯᠲᠠᠨ ᠤ ᠦᠰᠦᠯᠲᠡ ᠪᠤᠶᠢᠵᠢᠯᠲᠠ ᠶᠢ ᠬᠥᠨᠳᠦᠳᠬᠡᠵᠦ᠂ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠬᠤᠣᠰ ᠬᠡᠯᠡᠨ ᠤ ᠰᠢᠭᠦᠭᠴᠢ ᠶᠢᠨ ᠪᠣᠯᠪᠠᠰᠣᠷᠠᠭᠤᠯᠤᠯ ᠢ ᠴᠢᠩᠭᠠᠳᠬᠠᠵᠤ᠂ ᠪᠣᠯᠪᠠᠰᠤᠷᠠᠭᠤᠯᠤᠯ ᠤᠨ ᠴᠢᠭᠯᠡᠭᠦᠯᠦᠯᠲᠡ ᠴᠢᠨᠠᠷ ᠪᠠ ᠪᠤᠳᠠᠳᠤ ᠠᠮᠵᠢᠯᠲᠠ ᠶᠢᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠨ᠂ ᠬᠤᠣᠰ ᠬᠡᠯᠡᠨ ᠤ ᠬᠠᠣᠯᠢ ᠶᠢᠨ ᠲᠤᠰᠢᠶᠠᠯᠲᠠᠨ ᠢ ᠬᠥᠮᠥᠵᠢᠭᠦᠯᠬᠦ ᠵᠢᠴᠢ ᠪᠣᠯᠪᠠᠰᠣᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号