ᠦᠬᠠᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠦᠬᠡᠨ ᠲᠣᠭᠠᠲᠤ | ᠦᠨᠳᠦᠰᠦᠲᠡᠨ ᠤ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠶᠢ ᠲᠡᠳᠬᠦᠵᠦ ᠬᠦᠴᠢᠷᠲᠡᠯᠲᠡᠢ ᠶᠢ ᠬᠠᠪᠰᠤᠷᠬᠤ | ᠭᠤᠣᠯᠳᠠᠯᠭ᠎ᠠ ᠪᠣᠯᠭᠠᠨ᠂ ᠴᠦᠬᠡᠨ ᠲᠣᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠠᠵᠢᠯ ᠠᠴᠠ ᠭᠠᠷᠳᠠᠵᠤ᠂ ᠴᠦᠬᠡᠨ ᠲᠣᠭᠠᠲᠤ ᠦᠨᠳᠦᠰᠦᠲᠡᠨ ᠤ | ᠣᠷᠣᠯᠭ᠎ᠠ ᠪᠠᠭᠠᠲᠠᠢ ᠨᠡᠶᠢᠲᠡ ᠴᠣᠭᠴᠠ ᠶᠢᠨ ᠠᠮᠢᠳᠤᠷᠠᠯ ᠬᠦᠴᠢᠷᠳᠡᠯᠲᠡᠢ ᠪᠠᠶᠢᠬᠤ ᠶᠠᠪᠤᠳᠠᠯ ᠢ ᠶᠡᠬᠡᠪᠡᠷ ᠰᠢᠢᠳᠪᠦᠷᠢᠯᠡᠪᠡ | ᠃ ᠨᠢᠭᠡ ᠳᠤ ᠦᠨᠳᠦᠰᠦᠲᠡᠨ ᠤ ᠠᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠢᠳᠡᠪᠬᠢᠲᠡᠢ ᠪᠠᠷ ᠲᠦᠯᠬᠢᠨ | ᠠᠬᠢᠭᠤᠯᠬᠤ ᠪᠠ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠲᠠᠬᠢ ᠴᠦᠬᠡᠨ ᠲᠣᠭᠠᠲᠤ ᠦᠨᠳᠦᠰᠦᠲᠡᠨ ᠤ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠬᠢᠨ ᠳᠤ ᠳᠠᠩᠰᠠ ᠡᠪᠬᠡᠮᠡᠯ ᠪᠠᠶᠢᠭᠤᠯᠵᠤ᠂ ᠰᠠᠭᠤᠷᠢ ᠲᠤᠭ᠎ᠠ ᠶᠢ ᠣᠶᠢᠯᠠᠭᠠᠵᠤ᠂ | ᠦᠨᠳᠦᠰᠦᠨ ᠪᠠᠶᠢᠳᠠᠯ ᠢ ᠡᠵᠡᠮᠰᠢᠪᠡ᠃ ᠬᠤᠶᠠᠷ ᠲᠤ ᠬᠢᠨᠠᠨ ᠵᠥᠪᠰᠢᠶᠡᠷᠡᠬᠦ ᠳᠡᠭᠡᠨ᠂ ᠴᠦᠬᠡᠨ ᠲᠣᠭᠠᠲᠤ | ᠦᠨᠳᠦᠰᠦᠲᠡᠨ ᠤ ᠶᠠᠳᠠᠭᠤ ᠬᠦᠴᠢᠷᠳᠡᠯᠲᠡᠢ ᠣᠯᠠᠨ ᠲᠦᠮᠡᠨ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠬᠦ ᠳᠤ ᠡᠩ ᠲᠡᠷᠢᠭᠦᠨ ᠳᠤ ᠣᠷᠣᠭᠤᠯᠵᠤ᠂ ᠴᠦᠬᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ | ᠪᠠᠲᠤᠯᠠᠭ᠎ᠠ ᠬᠦᠷᠲᠡᠪᠡᠰᠦ ᠵᠣᠬᠢᠬᠤ ᠳᠤᠨᠢ ᠪᠠᠲᠤᠯᠠᠭ᠎ᠠ ᠬᠦᠷᠲᠡᠭᠡᠬᠦ ᠶᠢ ᠦᠨᠡᠨᠬᠦ ᠪᠠᠲᠤᠯᠠᠪᠠ᠃ ᠭᠤᠷᠪᠠ ᠳᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠴᠦᠬᠡᠨ ᠲᠣᠭᠠᠲᠤ ᠦᠨᠳᠦᠰᠦᠲᠡᠨ ᠤ ᠣᠯᠠᠨ | ᠲᠦᠮᠡᠨ ᠳᠤ᠂ ᠲᠤᠰ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠪᠦᠷᠢ ᠶᠢᠨ ᠪᠠᠷᠢᠮᠵᠢᠶ᠎ᠠ | ᠶᠢᠨ ᠰᠠᠭᠤᠷᠢᠨ ᠳᠡᠭᠡᠷ᠎ᠡ᠂ ᠬᠥᠮᠥᠨ ᠪᠦᠷᠢ ᠳᠤ ᠰᠠᠷ᠎ᠠ ᠪᠦᠷᠢ 50 ᠲᠥᠭᠦᠷᠢᠭ ᠨᠡᠮᠡᠭᠳᠡᠭᠦᠯᠪᠡ᠃ ᠣᠳᠣᠬᠠᠨ ᠪᠣᠯᠲᠠᠯ᠎ᠠ | ᠂ ᠪᠦᠬᠦ ᠬᠤᠲᠠ ᠶᠢᠨ ᠬᠢᠨᠠᠨ ᠲᠣᠭᠲᠠᠭᠠᠭᠰᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ | 9502 ᠡᠷᠦᠬᠡ 17520 ᠬᠥᠮᠥᠨ ᠪᠠᠶᠢᠵᠤ᠂ ᠡᠭᠦᠨ ᠳᠤ᠂ ᠴᠦᠬᠡᠨ ᠲᠣᠭᠠᠲᠤ ᠦᠨᠳᠦᠰᠦᠲᠡᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠨᠢ 522 ᠡᠷᠦᠬᠡ 846 ᠬᠥᠮᠥᠨ ᠪᠠᠶᠢᠬᠤ ᠪᠦᠭᠡᠳ ᠪᠦᠬᠦ | ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠬᠥᠮᠥᠨ ᠤ ᠲᠤᠭ᠎ᠠ ᠶᠢᠨ 4. | 8% ᠶᠢ ᠡᠵᠡᠯᠡᠵᠦ ᠪᠣᠢ᠃ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠶᠠᠪᠤᠳᠠᠯ ᠨᠢ᠂ ᠴᠦᠬᠡᠨ ᠲᠣᠭᠠᠲᠤ | ᠦᠨᠳᠦᠰᠦᠲᠡᠨ ᠤ ᠣᠯᠠᠨ ᠲᠦᠮᠡᠨ ᠳᠤ ᠪᠤᠲᠠᠲᠤ ᠠᠰᠢᠭ ᠬᠦᠷᠲᠡᠭᠡᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠲᠥᠷᠥᠭᠳᠡᠭᠦᠯᠪᠡ᠃ |