ᠥᠪᠥᠷ ᠮᠣᠩᠭᠤᠯ ᠤᠨ ᠠᠩᠬᠠᠳᠠᠭᠴᠢ ᠳᠡᠭᠡᠳᠦ ᠬᠤᠷᠳᠤ ᠶᠢᠨ ᠲᠡᠮᠦᠷ ᠵᠠᠮ᠄ ᠬᠥᠬᠡᠬᠤᠲᠠ — ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠵᠦᠬᠡᠬᠡᠪᠦᠷᠢ ᠶᠢᠨ ᠲᠤᠰᠬᠠᠢ ᠱᠤᠭᠤᠮ ᠤᠨ ᠵᠦᠸᠧᠽᠢ ᠱᠠᠨ ᠤ ᠵᠡᠬᠦᠨᠳᠡᠬᠢ ᠳᠥᠭᠦᠮ ᠵᠠᠮ ᠤᠨ ᠰᠢᠯᠵᠢᠭᠦᠯᠦᠨ ᠵᠠᠯᠭᠠᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2015/5/29
     5 ᠳ᠋ᠤᠭᠠᠷ ᠰᠠᠷ᠎ᠠ ᠶᠢᠨ 27᠎ ᠤ ᠡᠳᠦᠷ᠂ ᠠᠵᠢᠯᠴᠢᠳ ᠬᠥᠬᠡᠬᠤᠲᠠ — ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠵᠦᠸᠧᠽᠢ ᠱᠠᠨ ᠤ ᠵᠡᠭᠦᠨᠲᠡᠬᠢ ᠪᠠᠷᠢᠯᠭ᠎ᠠ ᠶᠢᠨ ᠭᠠᠵᠠᠷ ᠤᠨ ᠲᠤᠬᠠᠢ ᠶᠢᠨ ᠲᠠᠯᠠᠪᠠᠢ ᠳᠤ ᠠᠵᠢᠯ ᠬᠢᠵᠦ ᠪᠠᠶᠢᠭ᠎ᠠ ᠨᠢ᠃ ᠲᠤᠰ ᠡᠳᠦᠷ᠂ ᠬᠥᠬᠡᠬᠤᠲᠠ — ᠴᠢᠭᠤᠯᠤᠯᠲᠤ ᠬᠠᠭᠠᠯᠭ᠎ᠠ ᠬᠦᠷᠬᠦ ᠲᠡᠮᠦᠷ ᠵᠠᠮ ᠤᠨ ᠵᠢᠨᠢᠩ ᠠᠴᠠ ᠪᠣᠭᠤᠲᠣ ᠬᠦᠷᠬᠦ ᠬᠡᠰᠡᠭ ᠲᠤ ᠨᠡᠮᠡᠵᠦ ᠪᠠᠶᠢᠭᠤᠯᠬᠤ ᠬᠤᠶᠠᠳᠤᠭᠠᠷ ᠬᠤᠣᠰ ᠱᠤᠭᠤᠮ ᠤᠨ ᠵᠦᠸᠧᠽᠢ ᠱᠠᠨ ᠤ ᠵᠡᠭᠦᠨᠳᠡᠬᠢ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠶᠢᠨ ᠳᠥᠭᠦᠮ ᠵᠠᠮ ᠱᠤᠭᠤᠮ ᠤᠨ ᠥᠭᠰᠥᠬᠦ ᠱᠤᠭᠤᠮ ᠤᠨ ᠰᠢᠯᠵᠢᠭᠦᠯᠦᠨ ᠵᠠᠯᠭᠠᠬᠤ ᠶᠢ ᠤᠷᠤᠭᠰᠢᠲᠠᠢ ᠪᠡᠶᠡᠯᠡᠭᠦᠯᠵᠦ᠂ ᠬᠥᠬᠡᠬᠤᠲᠠ — ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠶᠢᠨ ᠵᠦᠸᠧᠽᠢ ᠱᠠᠨ ᠤ ᠣᠨᠴᠠ ᠶᠡᠭᠡ ᠵᠥᠷᠢᠯᠢᠭ ᠬᠥᠭᠦᠷᠭᠡ ᠶᠢᠨ ᠭᠤᠣᠯᠳᠠᠯᠭ᠎ᠠ ᠲᠠᠢ ᠵᠠᠩᠭᠢᠯᠠᠭ᠎ᠠ ᠴᠡᠭ ᠤᠨ ᠪᠠᠷᠢᠯᠭ᠎ᠠ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠳᠤ ᠰᠠᠭᠤᠷᠢ ᠲᠠᠯᠪᠢᠵᠤ ᠥᠭᠪᠡ᠃ ᠬᠥᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠲᠤᠰᠬᠠᠶ ᠱᠤᠭᠤᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠳᠡᠭᠡᠳᠦ ᠬᠤᠷᠳᠤ ᠶᠢᠨ ᠲᠡᠮᠦᠷ ᠵᠠᠮ ᠤᠨ ᠱᠤᠭᠤᠮ ᠪᠣᠯᠬᠤ ᠪᠦᠭᠡᠳ ᠬᠥᠬᠡᠬᠤᠲᠠ ᠂ ᠤᠯᠠᠭᠠᠨᠴᠠᠪ ᠬᠤᠲᠠ ᠪᠣᠯᠤᠨ ᠡᠾᠧᠪᠸᠢ ᠮᠤᠵᠢ ᠶᠢᠨ ᠴᠢᠭᠤᠯᠤᠯᠲᠤ ᠬᠠᠭᠠᠯᠭ᠎ᠠ ᠪᠠᠷ ᠳᠠᠭᠠᠷᠢᠵᠤ᠂ ᠵᠠᠮ ᠱᠤᠭᠤᠮ ᠤᠨ ᠪᠦᠬᠦ ᠣᠷᠳᠣ ᠨᠢ 286.8 ᠺᠢᠯᠣᠮᠧᠲᠷ ᠪᠠᠶᠢᠵᠤ᠂ ᠡᠭᠦᠨ ᠳᠤ ᠥᠪᠥᠷ ᠮᠣᠩᠭᠤᠯ ᠤᠨ ᠬᠡᠪᠴᠢᠶᠡᠨ ᠳᠠᠬᠢ ᠵᠠᠮ ᠱᠤᠭᠤᠮ ᠤᠨ ᠣᠷᠳᠣ ᠨᠢ 211.3 ᠺᠢᠯᠣᠮᠧᠲᠷ᠂ ᠪᠦᠬᠦ ᠱᠤᠭᠤᠮ ᠤᠨ ᠪᠡᠯᠡ ᠣᠷᠣᠭᠤᠯᠤᠯᠲᠠ 295.97 ᠳ᠋ᠦᠩᠰᠢᠭᠤᠷ ᠲᠥᠭᠦᠷᠢᠭ ᠪᠣᠯᠣᠨ᠎ᠠ᠃ ᠬᠥᠬᠡᠬᠤᠲᠠ — ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ ᠵᠢᠷᠤᠭᠯᠠᠨ ᠲᠥᠯᠥᠪᠯᠡᠭᠰᠡᠨ ᠬᠤᠷᠳᠤᠴᠠ ᠨᠢ ᠴᠠᠭ ᠲᠤ 250 ᠺᠢᠯᠣᠮᠧᠲᠷ ᠪᠠᠶᠢᠵᠤ᠂ ᠵᠢᠱᠢᠯᠲᠡ ᠪᠠᠷ 2018 ᠣᠨ ᠳᠤ ᠠᠵᠢᠯ ᠳᠠᠭᠤᠰᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号