ᠰᠣᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠯᠵᠤ ᠮᠡᠳᠡᠭᠰᠡᠨ ᠨᠢ᠂ ᠳᠡᠭᠡᠳᠦ ᠰᠤᠷᠭᠠᠭᠤᠯᠢ | ᠲᠡᠭᠦᠰᠦᠭᠰᠡᠳ ᠤᠨ ᠦᠨᠳᠦᠰᠦᠨ ᠱᠠᠲᠤᠨ ᠳᠤ ᠬᠦᠷᠴᠦ ᠠᠵᠢᠯ ᠣᠯᠬᠤ ᠳᠤᠨᠢ ᠬᠠᠪᠰᠤᠷᠬᠤ ᠶᠢᠨ ᠲᠥᠯᠥᠭᠡ᠂ ᠡᠨᠡ | ᠵᠢᠯ ᠥᠪᠥᠷ ᠮᠣᠩᠭᠤᠯ ︽ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠳᠤ ᠰᠠᠶᠢᠨ | ᠳᠤᠷ᠎ᠠ ᠠᠴᠠ ᠪᠠᠨ ᠦᠢᠯᠡᠴᠢᠯᠡᠬᠦ︾ ᠳᠡᠭᠡᠳᠦ ᠰᠤᠷᠭᠠᠭᠤᠯᠢ ᠲᠡᠭᠦᠰᠥᠭᠰᠡᠳ ᠢ 5000 ᠨᠡᠷ᠎ᠡ ᠡᠯᠰᠡᠬᠦ ᠪᠠᠷ | ᠲᠥᠯᠥᠪᠯᠡᠪᠡ᠃ | ᠲᠤᠰ ᠤᠳᠠᠭᠠᠨ ᠤ ᠡᠯᠰᠡᠬᠦ ᠰᠢᠯᠭᠠᠯᠲᠠ ᠶᠢᠨ ᠴᠠᠭ ᠨᠢ 6 ᠳ᠋ᠤᠭᠠᠷ ᠰᠠᠷ᠎ᠠ ᠶᠢᠨ 14 ᠤ ᠡᠳᠦᠷ᠂ | ᠡᠯᠡᠰᠡᠭᠳᠡᠭᠰᠡᠳ ᠲᠤ᠄ 2015 ᠣᠨ ᠤ ᠥᠪᠡᠷᠲᠡᠭᠡᠨ ᠵᠠᠰᠠᠬᠤ ᠣᠷᠣᠨ ᠤ ᠪᠥᠬᠦᠯᠢ ᠡᠳᠦᠷ ᠤᠨ ᠳᠦᠷᠢᠮᠲᠦ ᠡᠩ ᠤᠨ | ᠳᠡᠭᠡᠳᠦ ᠰᠤᠷᠭᠠᠭᠤᠯᠢ ᠶᠢᠨ ᠲᠤᠰ ᠬᠤᠭᠤᠴᠠᠭᠠᠨ ᠤ ᠲᠡᠭᠦᠰᠦᠭᠰᠡᠳ︔ 2015 ᠣᠨ ᠤ ᠣᠷᠣᠨ ᠤ ᠭᠠᠳᠠᠨᠠᠬᠢ | ᠪᠥᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠥᠪᠥᠷ ᠮᠣᠩᠭᠤᠯ ᠤᠨ ᠬᠠᠷᠢᠶ᠎ᠡ ᠲᠠᠢ ᠲᠤᠰ | ᠬᠤᠭᠤᠴᠠᠭᠠᠨ ᠤ ᠲᠡᠭᠦᠰᠦᠭᠰᠡᠳ︔ 2012 ᠣᠨ᠂ 2013 ᠣᠨ᠂ 2014 ᠣᠨ ᠤ ᠪᠥᠬᠦᠯᠢ ᠡᠳᠦᠷ ᠤᠨ | ᠳᠦᠷᠢᠮᠲᠤ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠪᠥᠭᠡᠳ ᠬᠠᠷᠠᠬᠠᠨ ᠠᠵᠢᠯ ᠣᠯᠤᠭᠠᠳᠤᠢ ᠥᠪᠥᠷ | ᠮᠣᠩᠭᠤᠯ ᠤᠨ ᠬᠠᠷᠢᠶ᠎ᠡ ᠲᠠᠢ ᠳᠡᠭᠡᠳᠦ ᠰᠤᠷᠭᠠᠭᠤᠯᠢ ᠲᠡᠭᠦᠰᠦᠭᠰᠡᠳ ᠪᠠᠭᠲᠠᠨ᠎ᠠ᠃ ᠣᠳᠣᠬᠠᠨ ᠳᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠ ᠡᠯ᠎ᠡ ᠲᠥᠷᠥᠯ ᠤᠨ ᠦᠢᠯᠡᠴᠢᠯᠡᠭᠡᠨ ᠤ ᠦᠨᠳᠦᠰᠦᠨ ᠱᠠᠲᠤᠨ ᠤ | ᠲᠥᠷᠥᠯ ᠵᠦᠢᠯ ᠤᠨ ᠳᠣᠲᠣᠷ᠎ᠠ ᠦᠢᠯᠡᠴᠢᠯᠡᠵᠦ ᠪᠠᠶᠢᠭ᠎ᠠ ᠪᠣᠶᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠳ᠂ | ᠰᠤᠷᠤᠯᠴᠠᠵᠤ ᠪᠠᠶᠢᠭ᠎ᠠ ᠠᠰᠫᠢᠷᠠᠨᠲ ᠴᠦᠮ ᠡᠨᠡ ᠤᠳᠠᠭᠠᠨ ᠤ ᠡᠯᠰᠡᠬᠦ ᠬᠡᠪᠴᠢᠶᠡᠨ ᠳᠤ ᠪᠠᠶᠢᠬᠤ ᠦᠭᠡᠢ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ︽ᠨᠡᠶᠢᠭᠡᠮ ᠲᠣᠭᠤᠷᠢᠭ ᠤᠨ ᠠᠷᠠᠳ ᠤᠨ | ᠠᠮᠢᠳᠤᠷᠠᠯ ᠤᠨ ᠠᠵᠢᠯ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ︾ ᠳᠡᠭᠡᠳᠦ ᠰᠤᠷᠭᠠᠭᠤᠯᠢ ᠲᠡᠭᠦᠰᠥᠭᠰᠡᠳ | ᠭᠤᠣᠯᠳᠠᠭᠤ ᠦᠨᠳᠦᠰᠦᠨ ᠱᠠᠲᠤᠨ ᠤ ᠰᠤᠮᠤ ᠰᠢᠶᠠᠩ ᠪᠠᠯᠭᠠᠰᠤ ︵ᠵᠡᠭᠡᠯᠢ ᠭᠤᠳᠣᠮᠵᠢ︶ ᠳᠤ ᠬᠦᠷᠴᠦ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠬᠠᠦᠯᠢ ᠴᠠᠭᠠᠵᠠ ᠶᠢᠨ ᠰᠠᠶᠢᠨ ᠳᠤᠷ᠎ᠠ ᠶᠢᠨ ᠦᠢᠯᠡᠴᠢᠯᠡᠭᠡ | ᠵᠡᠷᠭᠡ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠵᠢᠯ ᠢ ᠡᠷᠬᠢᠯᠡᠵᠦ᠂ ᠦᠢᠯᠡᠴᠢᠯᠡᠬᠦ ᠬᠤᠭᠤᠴᠠᠭ᠎ᠠ ᠨᠢ 2 ᠵᠢᠯ | ᠪᠣᠯᠣᠨ᠎ᠠ᠃ ᠦᠢᠯᠡᠴᠢᠯᠡᠬᠦ ᠬᠤᠭᠤᠴᠠᠭᠠᠨ ᠳᠤ ᠬᠥᠮᠦᠨ ᠪᠦᠷᠢ ᠰᠠᠷ᠎ᠠ ᠪᠣᠯᠭᠠᠨ 1500 ᠲᠥᠭᠦᠷᠢᠭ ᠤᠨ | ᠠᠮᠢᠳᠤᠷᠠᠯ ᠤᠨ ᠨᠥᠬᠦᠪᠦᠷᠢ ᠠᠪᠴᠤ᠂ ᠬᠥᠮᠦᠨ ᠪᠦᠷᠢ ᠵᠢᠯ ᠪᠣᠯᠭᠠᠨ 1200 ᠲᠥᠭᠦᠷᠢᠭ ᠤᠨ ᠵᠠᠮ ᠬᠠᠷᠢᠯᠴᠠᠭᠠᠨ ᠤ | ᠨᠥᠬᠦᠪᠦᠷᠢ ᠠᠪᠤᠨ᠎ᠠ᠃ |