ᠮᠠᠨ ᠤ ᠤᠷᠤᠨ ᠤ 59 ᠬᠦᠮᠦᠨ ᠪᠦᠬᠦ ᠤᠯᠤᠰ ᠤᠨ ᠬᠦᠳᠡᠯᠮᠤᠷᠢ ᠶᠢᠨ ᠵᠢᠱᠢᠶᠡᠴᠢ ᠶᠢᠨ ᠴᠤᠯᠠ ᠬᠦᠷᠳᠡᠪᠡ
ᠨᠡᠶᠢᠲᠡᠯᠡᠭᠰᠡᠨ ᠴᠠᠭ᠄
2015/5/4
     4 ᠳ᠋ᠦ᠋ᠭᠡᠷ ᠰᠡᠷ᠎ᠠ  ᠶᠢᠨ 28᠎ ᠤ ᠡᠳᠦᠷ ᠪᠡᠭᠡᠵᠢᠩ ᠲᠤ ᠬᠤᠷᠠᠯᠳᠤᠬᠰᠠᠨ 2015 ᠣᠨ  ᠤ ︽5 ·1︾ ᠎ ᠤ ᠳᠡᠯᠡᠬᠡᠢ ᠶᠢᠨ ᠬᠦᠳᠡᠯᠮᠤᠷᠢᠴᠢᠳ ᠤᠨ ᠪᠠᠶᠠᠷ ᠢ ᠪᠡᠯᠭᠡᠯᠡᠬᠦ ᠵᠢᠴᠢ ᠪᠦᠬᠦ ᠤᠯᠤᠰ ᠤᠨ ᠬᠦᠳᠡᠯᠮᠤᠷᠢ ᠶᠢᠨ ᠵᠢᠱᠢᠶᠡᠴᠢ ᠪᠠ ᠲᠡᠷᠢᠬᠦᠨ ᠤ ᠠᠵᠢᠯᠳᠠᠨ ᠢ ᠬᠦᠬᠢᠭᠦᠯᠦᠨ ᠰᠠᠶᠢᠰᠢᠶᠠᠬᠤ ᠬᠤᠷᠠᠯ ᠳᠡᠬᠡᠷ᠎ᠠ ᠮᠠᠨ ᠤ ᠤᠷᠤᠨ ᠤ 59 ᠬᠦᠮᠦᠨ ᠪᠦᠬᠦ ᠤᠯᠤᠰ  ᠤᠨ ᠬᠦᠳᠡᠯᠮᠤᠷᠢ  ᠶᠢᠨ ᠵᠢᠱᠢᠶᠡᠴᠢ᠂ 13 ᠬᠦᠮᠦᠨ ᠪᠦᠬᠦ ᠤᠯᠤᠰ  ᠤᠨ ᠲᠡᠷᠢᠬᠦᠨ ᠤ ᠠᠵᠢᠯᠳᠠᠨ ᠤ ᠢᠷᠠᠭᠤ ᠠᠯᠳᠡᠷ  ᠤᠨ ᠴᠤᠯᠠ ᠬᠦᠷᠳᠡᠪᠠ᠃      ᠬᠦᠬᠢᠬᠦᠯᠦᠨ ᠰᠠᠶᠢᠰᠢᠶᠠᠬᠤ ᠬᠤᠷᠠᠯ ᠳᠤ ᠤᠷᠤᠯᠴᠠᠭᠠᠳ ᠪᠤᠴᠠᠵᠦ ᠢᠷᠡᠭᠰᠡᠨ ᠪᠦᠬᠦ ᠤᠯᠤᠰ ᠤᠨ ᠬᠦᠳᠡᠯᠮᠦᠷᠢ ᠶᠢᠨ ᠵᠢᠱᠢᠶᠡᠴᠢ᠂ ᠬᠦᠬᠡᠬᠤᠳᠠ  ᠶᠢᠨ ᠰᠤᠯᠠ ᠪᠠᠷ ᠲᠡᠭᠡᠭᠡᠪᠤᠷᠢᠯᠡᠬᠦ ᠱᠦᠢᠨᠢ ᠶᠢᠨ ᠦᠢᠯᠡᠳᠪᠦᠷᠢ ᠶᠢᠨ ᠠᠯᠪᠠᠨ ᠬᠡᠷ  ᠤᠨ ᠡᠷᠬᠢᠯᠡᠭᠴᠢ ᠮᠠᠨ ᠬᠤᠩ᠄ ︽ᠡᠨᠡ ᠤᠳᠠᠭᠠᠨ ᠤ ᠬᠦᠬᠢᠬᠦᠯᠦᠨ ᠰᠠᠶᠢᠰᠢᠶᠠᠬᠤ ᠬᠤᠷᠠᠯ ᠨᠠᠮᠠᠶᠢ ᠶᠡᠬᠡᠳᠠ ᠵᠤᠷᠢᠬᠵᠢᠭᠤᠯᠤᠬᠰᠠᠨ᠃ ᠡᠶᠢᠮᠤᠷᠬᠦ ᠡᠷᠬᠢᠮ ᠳᠡᠭᠡᠳᠦ ᠢᠷᠠᠭᠤ ᠠᠯᠳᠠᠷ  ᠢ ᠬᠦᠷᠳᠡᠭᠡᠤᠨ ᠮᠢᠨᠦ ᠡᠭᠦᠷᠭᠡ ᠬᠠᠷᠢᠭᠤᠴᠠᠯᠭ᠎ᠠ ᠨᠡᠩ ᠬᠦᠨᠳᠦ ᠪᠤᠯᠤᠬᠰᠠᠨ ᠰᠢᠬ ᠰᠠᠨᠠᠭᠳᠠᠨ᠎ᠠ᠃ ᠬᠤᠶᠢᠰᠢᠳᠠ ᠪᠡᠶ᠎ᠠ ᠪᠠᠨ ᠴᠢᠩᠭ᠎ᠠ ᠱᠠᠭᠠᠷᠳᠠᠵᠦ᠂ ᠬᠦᠳᠡᠯᠮᠤᠷᠢ ᠶᠢᠨ ᠵᠢᠱᠢᠶᠡᠴᠢ  ᠶᠢᠨ ᠵᠤᠷᠢᠭ ᠰᠠᠨᠠᠭ᠎ᠠ᠂ ᠬᠦᠳᠡᠯᠮᠦᠷᠢ ᠶᠢᠨ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠦ ᠂ ᠵᠢᠱᠢᠶᠡᠴᠢ ᠶᠢᠨ ᠳᠠᠭᠠᠭᠤᠯᠬᠤ ᠦᠢᠯᠡᠳᠦᠯ  ᠢ ᠪᠠᠳᠠᠷᠠᠭᠤᠯᠵᠦ᠂ ᠠᠵᠢᠯ ᠨᠢᠬᠡᠳᠡᠨ ᠢᠶᠠᠨ ᠲᠠᠶᠢᠴᠢᠯᠠᠵᠦ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠬᠤᠪᠢ ᠨᠠᠮᠠᠷᠢ ᠪᠠᠨ ᠦᠵᠡᠬᠦᠯᠦᠨ᠎ᠠ︾ ᠬᠡᠵᠦ ᠰᠡᠳᠬᠢᠯ ᠳᠤᠬᠳᠤᠯᠦᠨ ᠬᠡᠯᠡᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号