ᠤᠢᠢᠷ᠎ᠠ ᠶᠢᠨ ᠡᠳᠦᠷ᠂ ᠠᠷᠪᠠᠳᠤᠭᠠᠷ ᠬᠤᠭᠤᠴᠠᠭᠠᠨ ᠤ ᠵᠡᠬᠦᠨ ᠬᠤᠶᠢᠳᠤ ᠤᠷᠤᠨ ᠤ ᠵᠤᠭᠠᠴᠠᠯ ᠤᠨ | ᠠᠷᠠᠯᠵᠢᠶᠠᠨ ᠤ ᠴᠤᠭᠯᠠᠭᠠᠨ ᠬᠠᠷᠪᠢᠨ ᠬᠤᠳᠠ ᠳᠤ ᠦᠨᠳᠦᠷᠯᠡᠵᠦ᠂ ᠮᠠᠨ ᠤ ᠤᠷᠤᠨ ᠤ ᠤᠯᠠᠨ ᠠᠷᠪᠢᠨ ᠵᠤᠭᠠᠴᠠᠯ ᠤᠨ | ᠪᠠᠶᠢᠭᠤᠯᠤᠮᠵᠢ ᠶᠢᠨ 150 ᠰᠢᠬᠠᠮ ᠬᠦᠮᠦᠨ ᠲᠤᠰ ᠤᠳᠠᠭᠠᠨ ᠤ ᠠᠷᠠᠯᠵᠢᠶᠠᠨ ᠤ ᠴᠤᠭᠯᠠᠭᠠᠨ ᠳᠤ ᠤᠷᠤᠯᠴᠠᠵᠦ᠂ | ᠵᠡᠬᠦᠨ ᠬᠤᠶᠢᠳᠦ ᠤᠷᠤᠨ ᠤ ᠵᠤᠭᠠᠴᠠᠯ ᠤᠨ ᠦᠢᠯᠡᠰ ᠲᠤ ᠰᠠᠨᠠᠭᠠᠴᠢᠯᠠᠭ᠎ᠠ ᠲᠠᠢ ᠪᠠᠷ ᠠᠭᠤᠰᠤᠯᠴᠠᠨ ᠤᠷᠤᠵᠦ᠂ ᠶᠡᠭᠡ | ᠵᠡᠬᠦᠨ ᠬᠤᠶᠢᠳᠦ ᠶᠢᠨ ᠰᠠᠭᠠᠳ ᠦᠭᠡᠢ ᠵᠤᠭᠠᠴᠠᠯ ᠤᠨ ᠤᠷᠤᠨ ᠢ ᠬᠠᠮᠵᠢᠯᠴᠠᠨ ᠪᠠᠶᠢᠭᠤᠯᠬᠤ ᠪᠠᠷ ᠪᠤᠢ᠃ ᠮᠠᠨ ᠤ | ᠤᠷᠤᠨ ᠤ ᠵᠤᠭᠠᠴᠠᠯ ᠤᠨ ᠠᠵᠤ ᠠᠬᠤᠢᠢᠯᠠᠯ ᠪᠤᠯᠤᠨ ᠵᠡᠬᠦᠨ ᠬᠤᠶᠢᠳᠦ ᠤᠷᠤᠨ ᠤ ᠵᠤᠭᠠᠴᠠᠯ ᠤᠨ ᠬᠤᠷᠢᠶ᠎ᠠ᠂ | ᠦᠵᠡᠮᠵᠢ ᠶᠢᠨ ᠤᠷᠤᠨ ᠲᠠᠢ ᠵᠠᠭᠤ ᠰᠢᠬᠠᠮ ᠬᠠᠮᠳᠤᠷᠠᠯᠴᠠᠭᠠᠨ ᠤ ᠰᠠᠨᠠᠮᠵᠢ ᠶᠢᠨ ᠵᠦᠪᠳᠡᠯᠴᠡᠭᠡᠷ ᠲᠤᠭᠳᠠᠪᠠ᠃ | ᠵᠡᠬᠦᠨ ᠬᠤᠶᠢᠳᠦ ᠶᠢᠨ ᠭᠤᠷᠪᠠᠨ ᠮᠤᠵᠢ ᠪᠤᠯ ᠮᠠᠨ ᠤ ᠤᠷᠤᠨ ᠤ ᠵᠤᠭᠠᠴᠠᠯ ᠤᠨ ᠦᠢᠯᠡᠰ ᠤᠨ ᠴᠢᠬᠤᠯᠠ | ᠵᠠᠬ᠎ᠠ ᠳᠡᠯᠭᠡᠬᠦᠷ ᠪᠤᠯᠤᠨ᠎ᠠ᠃ | ᠠᠷᠠᠯᠵᠢᠶᠠᠨ ᠤ ᠴᠤᠭᠯᠠᠭᠠᠨ ᠳᠡᠭᠡᠷ᠎ᠠ᠂ ᠬᠦᠯᠦᠨ ᠪᠤᠶᠢᠷ ᠬᠤᠳᠠ ᠶᠢᠨ ᠵᠤᠭᠠᠴᠠᠯ ᠤᠨ ᠲᠤᠪᠴᠢᠶ᠎ᠠ ᠭᠡᠷᠡᠯ | ᠵᠢᠷᠤᠭ ᠢᠶᠠᠷ ᠦᠵᠡᠬᠦᠯᠬᠦ᠂ ᠸᠢᠳᠢᠣ᠋ ᠪᠠᠷ ᠲᠠᠨᠢᠯᠴᠠᠭᠤᠯᠬᠤ᠂ ᠦᠨᠳᠦᠰᠦᠳᠡᠨ ᠤ ᠳᠠᠭᠤᠤ ᠪᠦᠵᠢᠭ ᠤᠨ ᠲᠤᠭᠯᠠᠯᠳᠠ | ᠵᠡᠷᠭᠡ ᠬᠡᠯᠪᠡᠷᠢ ᠪᠠᠷ ᠦᠨᠳᠦᠰᠦᠳᠡᠨ ᠤ ᠤᠨᠴᠠᠯᠢᠭᠳᠤ ᠪᠠ ᠡᠪᠤᠯ ᠤᠨ ᠤᠯᠠᠷᠢᠯ ᠤᠨ ᠵᠤᠭᠠᠴᠠᠯ ᠤᠨ | ᠪᠦᠳᠦᠭᠡᠭᠳᠡᠬᠦᠨ ᠢᠶᠠᠨ ᠦᠵᠡᠬᠦᠯᠵᠦ᠂ ᠬᠦᠯᠦᠨ ᠪᠤᠶᠢᠷ ᠤᠨ ᠰᠢᠯᠢᠳᠡᠭ ᠵᠤᠭᠠᠴᠠᠯ ᠤᠨ ᠱᠤᠭᠤᠮ ᠪᠠ ᠵᠤᠭᠠᠴᠠᠯ ᠤᠨ | ᠲᠦᠷᠦᠯ ᠵᠦᠢᠯ ᠢᠶᠠᠨ ᠲᠠᠨᠢᠯᠴᠠᠭᠤᠯᠪᠠ᠃ ᠲᠦᠩᠯᠢᠶᠤᠤ ᠬᠤᠳᠠ ᠲᠠᠬᠢᠮᠳᠠᠭᠤ ᠠᠮᠤᠷᠯᠢᠩᠭᠤᠢ ᠭᠡᠭᠡᠨ ᠰᠦᠳᠤ | ᠬᠠᠳᠤᠨ ᠤ ᠰᠤᠶᠤᠯ ᠢᠶᠠᠷ ᠭᠤᠤᠯᠳᠠᠭᠤᠯᠤᠨ᠂ ᠬᠤᠷᠴᠢᠨ ᠤ ᠲᠡᠦᠭᠡ ᠰᠤᠶᠤᠯ ᠵᠢᠴᠢ ᠬᠤᠷᠴᠢᠨ ᠤ ᠲᠠᠯ᠎ᠠ ᠨᠤᠳᠤᠭ ᠤᠨ | ᠦᠩᠭᠡ ᠦᠵᠡᠮᠵᠢ ᠪᠠ ᠡᠯᠡᠰᠦᠷᠭᠡᠭ ᠭᠠᠵᠠᠷ ᠤᠨ ᠦᠵᠡᠮᠵᠢ ᠶᠢ ᠭᠤᠤᠯᠯᠠᠨ ᠲᠠᠨᠢᠯᠴᠠᠭᠤᠯᠪᠠ᠃ ᠬᠤᠶᠠᠷ ᠭᠠᠵᠠᠷ ᠤᠨ | ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠤᠯᠠᠨ ᠦᠨᠳᠦᠰᠦᠳᠡᠨ ᠤ ᠵᠠᠩ ᠠᠷᠠᠨᠰᠢᠨ ᠢᠶᠠᠷ ᠪᠦᠷᠢᠯᠳᠦᠭᠰᠡᠨ | ᠦᠪᠡᠷᠮᠢᠴᠡ ᠤᠨᠴᠠᠯᠢᠭ ᠲᠠᠢ ᠵᠤᠭᠠᠴᠠᠯ ᠤᠨ ᠪᠦᠳᠦᠭᠡᠭᠳᠡᠬᠦᠨ ᠨᠢ ᠲᠤᠰ ᠬᠤᠭᠤᠴᠠᠭᠠᠨ ᠤ ᠵᠤᠭᠠᠴᠠᠯ ᠤᠨ | ᠠᠷᠠᠯᠵᠢᠶᠠᠨ ᠤ ᠴᠤᠭᠯᠠᠭᠠᠨ ᠤ ᠬᠠᠮᠤᠭ ᠤᠨ ᠶᠡᠭᠡ ᠬᠢᠯᠠᠰ ᠴᠡᠭ ᠪᠤᠯᠵᠠᠢ᠃ ᠠᠷᠠᠯᠵᠢᠶᠠᠨ ᠤ ᠴᠤᠭᠯᠠᠭᠠᠨ ᠳᠡᠭᠡᠷ᠎ᠠ᠂ | ᠮᠠᠨ ᠤ ᠤᠷᠤᠨ ᠵᠤᠭᠠᠴᠠᠯ ᠤᠨ ᠪᠠᠶᠢᠭᠤᠯᠤᠮᠵᠢ ᠶᠢ ᠵᠤᠬᠢᠶᠠᠨ ᠪᠠᠶᠢᠭᠤᠯᠵᠦ ᠵᠤᠷᠰᠢᠯ ᠶᠤᠰᠤᠭᠠᠷ ᠠᠵᠢᠯ ᠲᠦᠷᠦᠯ ᠤᠨ | ᠵᠤᠯᠭᠠᠯᠴᠠᠭ᠎ᠠ ᠬᠢᠭᠰᠡᠨ ᠢᠶᠠᠷ ᠪᠠᠷᠠᠬᠤ ᠦᠭᠡᠢ᠂ ᠪᠠᠰᠠ ᠤᠯᠠᠨ ᠭᠡᠯᠪᠡᠷᠢ ᠪᠠᠷ ᠵᠤᠭᠠᠴᠠᠯ ᠤᠨ ᠪᠦᠳᠦᠭᠡᠭᠳᠡᠬᠦᠨ᠂ | ᠦᠨᠳᠦᠰᠦᠳᠡᠨ ᠤ ᠰᠤᠶᠤᠯ ᠢ ᠪᠦᠷᠢᠨ ᠪᠦᠳᠦᠨ ᠢᠶᠠᠷ ᠳᠡᠯᠭᠡᠨ ᠦᠵᠡᠭᠦᠯᠪᠡ᠃ | ᠲᠤᠰ ᠤᠳᠠᠭᠠᠨ ᠤ ᠵᠤᠭᠠᠴᠠᠯ ᠤᠨ ᠠᠷᠠᠯᠵᠢᠶᠠᠨ ᠤ ᠴᠤᠭᠯᠠᠭᠠᠨ ᠳᠤ ᠥᠪᠦᠷ ᠮᠤᠩᠭᠤᠯ᠂ ᠱᠠᠨᠳᠦ᠋ᠩ᠂ | ᠱᠠᠨ ᠱᠢ᠂ ᠱᠠᠨᠰᠢ᠂ ᠶᠦᠨᠨᠠᠨ ᠵᠡᠷᠭᠡ 10 ᠭᠠᠷᠤᠢ ᠮᠤᠵᠢ ᠬᠤᠳᠠ ᠦᠪᠡᠷᠲᠡᠭᠡᠨ ᠵᠠᠰᠠᠬᠤ ᠤᠷᠤᠨ ᠤ ᠵᠠᠭᠤ ᠰᠢᠬᠠᠮ | ᠵᠤᠭᠠᠴᠠᠯ ᠤᠨ ᠠᠵᠤ ᠠᠬᠤᠢᠢᠯᠠᠯ ᠤᠷᠤᠯᠴᠠᠵᠠᠢ᠃ |