1 ᠰᠠᠷ᠎ᠠ ᠶᠢᠨ 21 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠦᠪᠤᠷ ᠮᠤᠩᠭᠤᠯ ᠢ | ᠤᠬᠠᠭᠤᠯᠤᠭᠰᠠᠨ ᠱᠠᠩᠨᠠᠯ᠂ ᠬᠤᠷᠢᠨ ᠬᠤᠶᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠰᠤᠨᠢᠨ ᠮᠡᠳᠡᠭᠡ ᠶᠢᠨ | ᠱᠠᠩᠨᠠᠯ᠂ ᠠᠷᠪᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠠᠷᠪᠠᠨ ᠰᠢᠯᠢᠳᠡᠭ ᠰᠤᠨᠢᠨ ᠮᠡᠳᠡᠭᠡᠨ ᠤ ᠠᠵᠢᠯᠳᠠᠨ | ᠤ ᠱᠠᠩᠨᠠᠯ ᠬᠦᠷᠳᠡᠭᠰᠡᠨ ᠨᠢᠭᠡᠴᠡ ᠪᠠ ᠬᠤᠪᠢ ᠬᠦᠮᠦᠨ ᠢ ᠬᠦᠬᠢᠬᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠱᠠᠩᠨᠠᠯ | ᠬᠦᠷᠳᠡᠭᠰᠡᠨ ᠲᠦᠯᠦᠭᠡᠯᠡᠭᠴᠢ ᠶᠢ ᠳᠣᠳᠣᠨᠣ ᠪᠠᠷ ᠬᠦᠯᠢᠶᠡᠨ ᠠᠪᠴᠤ ᠠᠭᠤᠯᠵᠠᠭᠰᠠᠨ ᠪᠦᠬᠡᠳ ᠴᠢᠬᠤᠯᠠ ᠶᠠᠷᠢᠶ᠎ᠠ | ᠳᠠᠯᠪᠢᠪᠠ᠂ ᠳᠡᠷᠡ ᠱᠠᠭᠠᠷᠳᠠᠭᠰᠠᠨ ᠨᠢ᠂ ᠰᠤᠨᠢᠨ ᠮᠡᠳᠡᠭᠡ ᠵᠠᠭᠤᠴᠢᠯᠠᠭᠤᠷ ᠤᠨ ᠬᠢᠨ ᠪᠠ ᠰᠤᠨᠢᠨ ᠮᠡᠳᠡᠭᠡᠨ ᠤ | ᠠᠵᠢᠯᠳᠠᠳ ᠬᠡᠭᠦᠳᠡᠭ ᠴᠡᠭᠡᠵᠢᠨ ᠳᠡᠭᠡᠨ ᠶᠡᠭᠡ ᠳᠠᠯ᠎ᠠ ᠶᠢ ᠪᠠᠭᠳᠠᠭᠠᠵᠦ᠂ ᠡᠬᠦᠷᠭᠡ ᠬᠠᠷᠢᠭᠤᠴᠠᠯᠭ᠎ᠠ ᠪᠠᠨ ᠪᠠᠳᠤ | ᠴᠡᠭᠡᠵᠢᠯᠡᠨ᠂ ᠭᠤᠤᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠤᠳᠤᠷᠢᠳᠤᠨ ᠵᠢᠯᠤᠭᠤᠳᠬᠤ | ᠴᠢᠬᠤᠯᠠ ᠳᠤᠰᠢᠶᠠᠯ ᠬᠠᠷᠢᠭᠤᠴᠠᠯᠭ᠎ᠠ ᠶᠢ ᠦᠨᠡᠨᠬᠦ ᠡᠬᠦᠷᠭᠡᠯᠡᠵᠦ᠂ ᠦᠪᠤᠷ ᠮᠤᠩᠭᠤᠯ ᠤᠨ ᠦᠯᠢᠭᠡᠷ ᠢ ᠰᠠᠶᠢᠬᠠᠨ | ᠶᠠᠷᠢᠵᠣ᠂ ᠦᠪᠤᠷ ᠮᠤᠩᠭᠤᠯ ᠤᠨ ᠳᠠᠭᠤᠨ ᠢ ᠰᠠᠶᠢᠳᠤᠷ ᠳᠠᠮᠵᠢᠭᠤᠯᠤᠠ᠂ ᠦᠭᠡᠷᠡᠴᠢᠯᠡᠯᠳᠡ ᠬᠦᠭᠵᠢᠯᠳᠡ ᠶᠢ | ᠠᠬᠢᠭᠤᠯᠵᠦ᠂ ᠡᠶ᠎ᠡ ᠵᠤᠬᠢᠴᠠᠩᠭᠤᠢ ᠳᠤᠭᠳᠠᠭᠤᠨ ᠢ ᠠᠬᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠳᠡᠢ | ᠭᠡᠵᠡᠢ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠤᠬᠠᠭᠤᠯᠬᠤ | ᠬᠡᠯᠳᠡᠰ ᠤᠨ ᠳᠠᠷᠤᠭ᠎ᠠ ᠤᠯᠠᠭᠠᠨ ᠠᠭᠤᠯᠵᠠᠯᠳᠠ ᠳᠤ ᠤᠷᠤᠯᠴᠠᠵᠤ ᠬᠦᠬᠢᠬᠦᠯᠦᠨ ᠰᠠᠶᠢᠰᠢᠶᠠᠬᠤ ᠬᠤᠷᠠᠯ ᠳᠡᠭᠡᠷ᠎ᠠ | ᠶᠠᠷᠢᠶ᠎ᠠ ᠳᠠᠯᠪᠢᠪᠠ᠃ | ᠸᠠᠩ ᠵᠢᠶᠦ᠋ᠨ ᠱᠠᠩᠨᠠᠯ ᠬᠦᠷᠳᠡᠭᠰᠡᠨ ᠰᠤᠨᠢᠨ ᠮᠡᠳᠡᠭᠡ ᠶᠢᠨ ᠨᠢᠭᠡᠴᠡ ᠪᠠ ᠰᠤᠨᠢᠨ ᠮᠡᠳᠡᠭᠡᠨ ᠤ | ᠠᠵᠢᠯᠳᠠᠨ ᠳᠤ ᠪᠠᠶᠠᠷ ᠬᠦᠷᠭᠡᠵᠦ᠂ ᠤᠯᠠᠨ ᠤ ᠦᠪᠤᠷ ᠮᠤᠩᠭᠤᠯ ᠢ ᠤᠬᠠᠭᠤᠯᠬᠤ ᠳᠤ ᠬᠤᠪᠢ ᠨᠡᠮᠡᠷᠢ ᠦᠵᠡᠬᠦᠯᠦᠭᠰᠡᠨ | ᠳᠤ ᠳᠠᠯᠠᠷᠬᠠᠵᠦ ᠪᠠᠶᠢᠬᠤ ᠪᠠᠨ ᠢᠯᠡᠳᠬᠡᠪᠡ᠃ ᠳᠡᠷᠡ ᠵᠢᠭᠠᠵᠦ ᠭᠠᠷᠭᠠᠭᠰᠠᠨ ᠨᠢ᠂ ᠤᠳᠤᠬᠠᠨ ᠳᠤ ᠦᠪᠤᠷ ᠮᠤᠩᠭᠤᠯ | ᠶᠠᠭ ᠰᠢᠨᠵᠢᠯᠡᠬᠦ ᠤᠬᠠᠭᠠᠨᠴᠢ ᠪᠠᠷ ᠬᠦᠭᠵᠢᠬᠦ ᠰᠢᠨ᠎ᠠ ᠱᠠᠳᠤᠨ ᠳᠤ ᠪᠤᠢ᠂ ᠰᠢᠨ᠎ᠠ ᠭᠠᠷᠤᠭ᠎ᠠ ᠳᠡᠭᠡᠷ᠎ᠡ ᠦᠪᠤᠷ ᠮᠤᠩᠭᠤᠯ | ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ᠂ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ᠂ | ᠬᠠᠤᠯᠢ ᠪᠠᠷ ᠤᠷᠤᠨ ᠢᠶᠠᠨ ᠵᠠᠰᠠᠬᠤ ᠶᠢ ᠪᠦᠬᠦ ᠳᠠᠯ᠎ᠠ ᠪᠠᠷ ᠠᠬᠢᠭᠤᠯᠬᠤ᠂ ᠨᠠᠮ ᠢᠶᠠᠨ ᠪᠦᠬᠦ ᠳᠠᠯ᠎ᠠ ᠪᠠᠷ ᠴᠢᠩᠭ᠎ᠠ | ᠵᠠᠰᠠᠬᠤ ᠠᠵᠢᠯ ᠢ ᠰᠠᠶᠢᠳᠤᠷ ᠬᠢᠬᠦ ᠳᠤ ᠰᠤᠨᠢᠨ ᠮᠡᠳᠡᠭᠡ ᠶᠢᠨ ᠵᠠᠭᠤᠴᠢᠯᠠᠭᠤᠷ ᠪᠠ ᠰᠤᠨᠢᠨ ᠮᠡᠳᠡᠭᠡᠨ ᠤ ᠠᠵᠢᠯᠳᠠᠳ | ᠤᠨ ᠢᠳᠡᠪᠬᠢᠳᠡᠢ ᠤᠷᠤᠯᠴᠠᠯᠭ᠎ᠠ ᠳᠤ ᠲᠦᠰᠢᠭᠯᠡᠨ᠎ᠡ᠃ ᠦᠷᠭᠡᠨ ᠤᠯᠠᠨ ᠰᠤᠨᠢᠨ ᠮᠡᠳᠡᠭᠡᠨ ᠤ ᠠᠵᠢᠯᠳᠠᠨ ᠵᠦᠪ | ᠤᠨᠤᠪᠴᠢᠳᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠳᠠᠯᠠᠵᠦ᠂ ᠳᠠᠪᠠᠭᠤᠯᠢᠭ ᠢᠶᠠᠨ ᠦᠷᠬᠦᠯᠵᠢᠯᠡᠨ | ᠪᠠᠳᠠᠷᠠᠭᠤᠯᠤᠨ᠂ ᠦᠪᠤᠷ ᠮᠤᠩᠭᠤᠯ ᠤᠨ ᠦᠯᠢᠭᠡᠷ ᠢ ᠨᠡᠩ ᠰᠠᠶᠢᠬᠠᠨ ᠶᠠᠷᠢᠵᠦ᠂ ᠦᠪᠤᠷ ᠮᠤᠩᠭᠤᠯ ᠤᠨ ᠳᠠᠭᠤᠨ ᠢ | ᠨᠡᠩ ᠰᠠᠶᠢᠳᠤᠷ ᠳᠠᠮᠵᠢᠭᠤᠯᠬᠤ ᠬᠡᠷᠡᠭᠳᠡᠢ᠃ ᠦᠪᠤᠷ ᠮᠤᠩᠭᠤᠯ ᠤᠨ ᠬᠢᠨ ᠤ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠤᠨᠴᠠᠭᠠᠢᠢᠯᠠᠨ ᠦᠪᠤᠷ ᠮᠤᠩᠭᠤᠯ ᠳᠤ ᠰᠢᠨᠵᠢᠯᠡᠨ ᠪᠠᠶᠢᠴᠠᠭᠠᠬᠤ | ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠰᠢᠨ᠎ᠠ | ᠤᠢᠢᠯᠠᠭᠠᠭᠳᠠᠬᠤᠨ᠂ ᠰᠢᠨ᠎ᠠ ᠰᠡᠳᠬᠢᠴᠡ᠂ ᠰᠢᠨ᠎ᠠ ᠠᠷᠭ᠎ᠠ ᠬᠡᠮᠵᠢᠶ᠎ᠡ ᠶᠢ ᠶᠡᠬᠡᠪᠡᠷ ᠤᠬᠠᠭᠤᠯᠵᠤ᠂ ᠶᠡᠷᠤᠩᠬᠡᠢ | ᠱᠦᠵᠢ ᠶᠢᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠦᠨᠡᠨᠬᠦ ᠨᠢᠭᠡᠳᠭᠡᠵᠦ᠂ | ᠬᠦᠴᠦᠨ ᠴᠢᠳᠠᠯ ᠢᠶᠠᠨ ᠨᠢᠭᠳᠠᠷᠠᠭᠤᠯᠬᠤ ᠬᠡᠷᠡᠭᠳᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ | ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠳᠤᠭᠳᠠᠭᠤᠨ ᠤ ᠠᠵᠢᠯ ᠤᠨ ᠠᠮᠵᠢᠯᠳᠠ ᠪᠦᠳᠦᠮᠵᠢ | ᠪᠠ ᠡᠯ᠎ᠠ ᠦᠨᠳᠤᠰᠤᠳᠡᠨ ᠤ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠭᠰᠠᠨ ᠤᠷᠮ᠎ᠠ ᠰᠡᠳᠬᠢᠯᠭᠡ ᠶᠢ | ᠶᠡᠬᠡᠪᠡᠷ ᠤᠬᠠᠭᠤᠯᠵᠦ᠂ ᠡᠯ᠎ᠠ ᠵᠦᠢᠯ ᠤᠨ ᠦᠢᠯᠡᠰ ᠴᠡᠴᠡᠭᠯᠡᠨ ᠬᠦᠭᠵᠢᠭᠰᠡᠨ ᠠᠮᠵᠢᠯᠳᠠ ᠪᠦᠳᠦᠮᠵᠢ ᠪᠠᠷ ᠡᠷᠴᠢ | ᠵᠤᠷᠢᠭ ᠢᠶᠠᠨ ᠦᠨᠡᠨᠬᠦ ᠬᠦᠪᠴᠢᠯᠡᠵᠦ᠂ ᠢᠳᠡᠭᠡᠯ ᠵᠤᠷᠢᠭ ᠢᠶᠠᠨ ᠨᠡᠮᠡᠭᠳᠡᠬᠦᠯᠬᠦ ᠬᠡᠷᠡᠭᠳᠡᠢ᠃ ᠦᠪᠤᠷ ᠮᠤᠩᠭᠤᠯ ᠤᠨ | ᠬᠦᠨ ᠵᠤᠵᠠᠭᠠᠨ ᠦᠨᠳᠤᠰᠤᠳᠡᠨ ᠤ ᠰᠤᠶᠤᠯ ᠢᠷᠭᠡᠨᠰᠢᠯ᠂ ᠭᠤᠶᠢᠳᠠ ᠰᠠᠶᠢᠬᠠᠨ ᠪᠠᠶᠢᠭᠠᠯᠢ ᠶᠢᠨ ᠦᠩᠭᠡ ᠦᠵᠡᠮᠵᠢ | ᠬᠦᠨ ᠵᠤᠵᠠᠭᠠᠨ ᠳᠡᠤᠬᠡ ᠰᠤᠶᠤᠯ ᠢ ᠶᠡᠬᠡᠪᠡᠷ ᠤᠬᠠᠭᠤᠯᠵᠦ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ | ᠣᠷᠣᠨ ᠦᠪᠦᠷ ᠮᠣᠩᠭᠤᠯ ᠤᠨ ᠨᠡᠷ᠎ᠠ ᠠᠯᠳᠠᠷᠰᠢᠯ ᠢ ᠴᠢᠨᠠᠭᠰᠢᠳᠠ ᠦᠷᠭᠡᠳᠬᠡᠬᠦ ᠬᠡᠷᠡᠭᠳᠡᠢ ᠭᠡᠵᠡᠢ᠃ | ᠤᠯᠠᠭᠠᠨ ᠶᠠᠷᠢᠶᠠᠨ ᠳᠠᠭᠠᠨ᠂ 2014 ᠤᠨ ᠤ ᠪᠦᠬᠦ ᠤᠷᠤᠨ ᠤ ᠰᠤᠨᠢᠨ ᠮᠡᠳᠡᠭᠡ ᠤᠬᠠᠭᠤᠯᠭ᠎ᠠ ᠶᠢᠨ | ᠠᠵᠢᠯ ᠢ ᠭᠦᠢᠴᠡᠳ ᠨᠤᠳᠠᠯᠠᠵᠦ᠂ ᠬᠤᠶᠢᠰᠢᠳᠠ ᠶᠢᠨ ᠰᠤᠨᠢᠨ ᠮᠡᠳᠡᠭᠡ ᠰᠣᠷᠳᠠᠯ ᠤᠬᠠᠭᠤᠯᠭ᠎ᠠ ᠶᠢᠨ ᠠᠵᠢᠯ ᠢ ᠬᠡᠷᠬᠢᠨ | ᠰᠠᠶᠢᠳᠤᠷ ᠬᠢᠬᠦ ᠳᠣᠬᠠᠢ ᠱᠠᠭᠠᠷᠳᠠᠯᠭ᠎ᠠ ᠳᠣᠷᠠᠳᠴᠠᠢ᠃ ᠳᠡᠷᠡ ᠱᠠᠭᠠᠷᠳᠠᠭᠰᠠᠨ ᠨᠢ᠂ ᠪᠦᠬᠦ ᠤᠷᠤᠨ ᠤ ᠡᠯ᠎ᠠ ᠱᠠᠳᠤᠨ | ᠤ ᠡᠯ᠎ᠠ ᠬᠡᠯᠪᠡᠷᠢ ᠶᠢᠨ ᠵᠠᠭᠤᠴᠢᠯᠠᠭᠤᠷ ᠪᠦᠬᠦ ᠤᠯᠤᠰ ᠤᠨ ᠤᠬᠠᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠪᠠ | ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠠᠵᠢᠯ ᠤᠨ ᠶᠡᠭᠡ ᠳᠠᠯ᠎ᠠ ᠶᠢᠨ | ᠳᠤᠭᠤᠷᠢᠨ ᠳᠤ᠂ ᠰᠢᠨ᠎ᠠ ᠬᠡᠪ ᠪᠠᠶᠢᠳᠠᠯ ᠳᠤᠤᠷᠡᠬᠢ ᠴᠠᠭ ᠦᠶ᠎ᠠ ᠶᠢᠨ ᠭᠤᠤᠯ ᠬᠦᠭ ᠠᠶᠠᠰ ᠢ ᠴᠢᠪᠬᠠᠳᠠᠵᠣ | ᠦᠭᠡᠷᠡᠴᠢᠯᠡᠯᠳᠡ ᠬᠢᠵᠦ ᠰᠢᠨ᠎ᠠ ᠶᠢ ᠡᠬᠦᠳᠬᠦ ᠶᠢ ᠴᠢᠬᠤᠯᠠᠴᠢᠯᠠᠨ᠂ ᠰᠤᠨᠢᠨ ᠮᠡᠳᠡᠭᠡᠨ ᠤ ᠢᠯᠡᠳᠬᠡᠮᠵᠢ ᠶᠢᠨ ᠴᠠᠭ | ᠦᠶ᠎ᠠ ᠲᠠᠢ ᠵᠡᠷᠭᠡᠴᠡᠨ ᠤᠷᠤᠭᠰᠢᠯᠠᠬᠤ ᠶᠢ ᠠᠬᠢᠭᠤᠯᠵᠦ᠂ ᠦᠪᠤᠷ ᠮᠤᠩᠭᠤᠯ ᠤᠨ ᠦᠯᠢᠭᠡᠷ ᠢ ᠠᠮᠢᠳᠤᠯᠢᠭ | ᠪᠤᠳᠠᠳᠠᠢ ᠪᠠᠷ ᠰᠠᠶᠢᠬᠠᠨ ᠶᠠᠷᠢᠵᠦ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠬᠦᠭᠵᠢᠯᠳᠡ ᠳᠤᠭᠳᠠᠭᠤᠨ ᠢ | ᠪᠠᠳᠤᠯᠠᠬᠤ ᠪᠠ ᠠᠬᠢᠨᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠳᠡᠢ ᠬᠡᠵᠡᠢ᠃ | ᠰᠢᠨᠬᠤᠸᠠ ᠬᠤᠷᠢᠶ᠎ᠠ ᠶᠢᠨ ᠦᠪᠤᠷ ᠮᠤᠩᠭᠤᠯ ᠤᠨ ᠬᠤᠪᠢᠶᠡᠷᠢ ᠬᠤᠷᠢᠶ᠎ᠠ ᠵᠡᠷᠭᠡ 10 ᠨᠢᠭᠡᠴᠡ ︽ | 2014 ᠣᠨ ᠤ ︿ᠦᠪᠤᠷ ᠮᠤᠩᠭᠤᠯ ᠢ ᠤᠬᠠᠭᠤᠯᠤᠭᠰᠠᠨ ᠱᠠᠩᠨᠠᠯ﹀ ᠤᠨ ᠵᠤᠬᠢᠶᠠᠨ ᠪᠠᠶᠢᠭᠤᠯᠣᠭᠰᠠᠨ ᠱᠠᠩᠨᠠᠯ︾᠂ | ᠴᠧᠨ ᠯᠸᠢ ᠵᠡᠷᠭᠡ 10 ᠨᠦᠬᠦᠷ ︽2014 ᠣᠨ ᠤ ︿ᠦᠪᠤᠷ ᠮᠤᠩᠭᠤᠯ ᠢ ᠤᠬᠠᠭᠤᠯᠤᠭᠰᠠᠨ ᠱᠠᠩᠨᠠᠯ﹀ ᠤᠨ | ᠬᠤᠷᠢᠶ᠎ᠠ ᠶᠢᠨ ᠳᠠᠷᠤᠭ᠎ᠠ ︵ᠦᠷᠳᠡᠭᠡ ᠶᠢᠨ ᠳᠠᠷᠤᠭ᠎ᠠ︶ ᠶᠢᠨ ᠱᠠᠩᠨᠠᠯ︾᠂ ᠴᠤᠯᠪᠠᠭᠠᠳᠤᠷ ᠵᠡᠷᠭᠡ 2 ᠨᠦᠬᠦᠷ ︽ | 2014 ᠣᠨ ᠤ ︿ᠦᠪᠤᠷ ᠮᠤᠩᠭᠤᠯ ᠢ ᠤᠬᠠᠭᠤᠯᠤᠭᠰᠠᠨ ᠱᠠᠩᠨᠠᠯ﹀ ᠤᠨ ᠰᠢᠯᠢᠳᠡᠭ ᠬᠤᠪᠢ ᠬᠦᠮᠦᠨ ᠤ ᠱᠠᠩᠨᠠᠯ︾ | ᠂ 473 ᠪᠦᠳᠦᠭᠡᠯ ︽2014 ᠣᠨ ᠤ ︿ᠦᠪᠤᠷ ᠮᠤᠩᠭᠤᠯ ᠢ ᠤᠬᠠᠭᠤᠯᠤᠭᠰᠠᠨ ᠱᠠᠩᠨᠠᠯ﹀ ᠤᠨ ᠪᠦᠳᠦᠭᠡᠯ ᠤᠨ | ᠱᠠᠩᠨᠠᠯ︾᠂ ︽ᠦᠪᠤᠷ ᠮᠤᠩᠭᠤᠯ ︿8337﹀ ᠬᠦᠭᠵᠢᠯᠳᠡ ᠶᠢᠨ ᠠᠤᠭ᠎ᠠ ᠲᠦᠰᠦᠯ ᠢ ᠵᠢᠷᠤᠭᠯᠠᠨᠠᠮ︾ ᠵᠡᠷᠭᠡ | 208 ᠰᠤᠨᠢᠨ ᠮᠡᠳᠡᠭᠡᠨ ᠤ ᠪᠦᠳᠦᠭᠡᠯ ︽ᠬᠤᠷᠢᠨ ᠬᠤᠶᠠᠳᠤᠭᠠᠷ ᠬᠤᠭᠤᠴᠠᠭᠠᠨ ᠤ ᠦᠪᠤᠷ ᠮᠤᠩᠭᠤᠯ ᠤᠨ ᠰᠤᠨᠢᠨ | ᠮᠡᠳᠡᠭᠡ ᠶᠢᠨ ᠱᠠᠩᠨᠠᠯ︾ ᠢ ᠬᠦᠷᠳᠡᠵᠦ᠂ ᠦᠵᠡᠰᠬᠦᠯᠡᠩ᠂ ᠰᠢᠤᠸᠠᠢ ᠮᠸᠢ ᠵᠡᠷᠭᠡ 10 ᠨᠦᠬᠦᠷ ︽ᠠᠷᠪᠠᠳᠤᠭᠠᠷ | ᠬᠤᠭᠤᠴᠠᠭᠠᠨ ᠤ ᠦᠪᠤᠷ ᠮᠤᠩᠭᠤᠯ ᠤᠨ ᠠᠷᠪᠠᠨ ᠰᠢᠯᠢᠳᠡᠭ ᠰᠤᠨᠢᠨ ᠮᠡᠳᠡᠭᠡᠨ ᠤ ᠠᠵᠢᠯᠳᠠᠨ︾ ᠢᠶᠠᠷ ᠴᠤᠯᠠᠯᠠᠭᠳᠠᠵᠠᠢ | ᠃ |