1 ᠰᠠᠷ᠎ᠠ ᠶᠢᠨ 21 ᠤ ᠡᠳᠦᠷ᠂ ᠮᠠᠨ ᠤ ᠤᠷᠤᠨ ᠤ 2015 ᠤᠨ ᠤ ︽ᠱᠠᠯᠢᠭ ᠵᠠᠪᠬᠠᠢ ᠶᠢ | ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠲᠠ ᠦᠭᠭᠦ︾ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠵᠤ | ᠂ ᠲᠡᠷᠢᠭᠦᠨ ᠤ ᠨᠢᠭᠡᠴᠡ ᠪᠤᠯᠤᠨ ᠬᠤᠪᠢ ᠬᠦᠮᠦᠨ ᠢ ᠬᠦᠬᠢᠭᠦᠯᠦᠨ ᠰᠠᠶᠢᠰᠢᠶᠠᠵᠤ᠂ 2015 ᠤᠨ ᠤ ᠠᠵᠢᠯ ᠢᠶᠠᠨ | ᠪᠠᠶᠢᠷᠢᠯᠠᠭᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠭᠦᠨ᠂ | ᠤᠬᠠᠭᠤᠯᠬᠤ ᠬᠡᠯᠳᠡᠰ ᠤᠨ ᠲᠠᠷᠤᠭ᠎ᠠ᠂ ︽ᠱᠠᠯᠢᠭ ᠵᠠᠪᠬᠠᠢ ᠶᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ ᠴᠤᠬᠢᠯᠲᠠ | ᠦᠭᠭᠦ︾ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠵᠤ ᠶᠠᠷᠢᠶ᠎ᠠ | ᠲᠠᠯᠪᠢᠵᠠᠢ᠃ | ᠬᠤᠷᠠᠯ ᠠᠴᠠ ᠬᠦᠬᠡᠬᠤᠲᠠ ᠶᠢᠨ ᠰᠤᠶᠤᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠤᠪᠴᠢᠶ᠎ᠠ ᠵᠡᠷᠭᠡ 36 ᠬᠠᠮᠳᠤ ᠨᠢᠭᠡᠴᠡ᠂ ᠰᠦᠨ ᠶᠠᠨ ᠵᠢᠶᠦ᠋ᠨ ᠵᠡᠷᠭᠡ 33 ᠬᠤᠪᠢ ᠬᠦᠮᠦᠨ ᠢ | ᠬᠦᠬᠢᠬᠦᠯᠦᠨ ᠰᠠᠶᠢᠰᠢᠶᠠᠵᠤ᠂ 201 ᠤᠨ ᠤ ︽ᠱᠠᠯᠢᠭ ᠵᠠᠪᠬᠠᠢ ᠶᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ | ᠴᠤᠬᠢᠯᠲᠠ ᠦᠭᠭᠦ︾ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ | ᠤᠯᠠᠭᠠᠨ ᠱᠠᠭᠠᠷᠳᠠᠭᠰᠠᠨ ᠨᠢ᠂ 2015 ᠤᠨ ᠤ ︽ᠱᠠᠯᠢᠭ ᠵᠠᠪᠬᠠᠢ ᠶᠢ ᠠᠷᠢᠯᠭᠠᠨ ᠬᠠᠤᠯᠢ ᠪᠤᠰᠤ | ᠬᠡᠪᠯᠡᠭᠳᠡᠬᠦᠨ ᠳᠤ ᠴᠤᠬᠢᠯᠲᠠ ᠦᠭᠭᠦ︾ ᠠᠵᠢᠯ ᠢ ᠰᠠᠶᠢᠲᠤᠷ ᠬᠢᠵᠦ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ᠂ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠠᠤᠯᠢᠵᠢᠯ ᠤᠨ ᠰᠡᠳᠬᠢᠭᠦᠢ ᠪᠠ ᠡᠩᠨᠡᠭᠡ ᠶᠢᠨ ᠪᠠᠶᠢᠭᠤᠯᠤᠯᠲᠠ ᠪᠠᠨ | ᠴᠢᠩᠭᠠᠳᠬᠠᠨ᠂ ᠬᠤᠤᠷ ᠬᠦᠨᠦᠭᠡᠯ ᠲᠠᠢ ᠬᠡᠪᠯᠡᠭᠳᠡᠬᠦᠨ ᠢ ᠲᠠᠮᠵᠢᠭᠤᠯᠤᠨ ᠲᠡᠯᠭᠡᠷᠡᠭᠦᠯᠬᠦ ᠠᠵᠢᠯᠯᠠᠭ᠎ᠠ ᠶᠢ ᠲᠤᠤᠱᠲᠠᠢ | ᠬᠤᠷᠢᠬᠯᠠᠵᠤ᠂ ᠡᠬᠢ ᠦᠨᠳᠦᠰᠦ ᠠᠴᠠ ᠨᠢ ᠵᠠᠰᠠᠬᠤ ᠶᠢ ᠠᠩᠬᠠᠷᠴᠤ᠂ ᠠᠵᠢᠯ ᠤᠨ ᠰᠠᠨᠠᠭᠠᠴᠢᠯᠠᠭᠠᠲᠤ ᠡᠷᠬᠡ ᠶᠢ | ᠡᠵᠡᠮᠳᠡᠬᠦ ᠬᠡᠷᠡᠭᠲᠡᠢ᠃ ᠬᠢᠯᠢ ᠬᠢᠵᠠᠭᠠᠷ ᠤᠷᠤᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠤᠮᠠᠷᠠᠲᠤ ᠬᠢᠯᠢ ᠶᠢᠨ | ᠰᠤᠶᠤᠯ ᠤᠨ ᠠᠮᠤᠷ ᠲᠦᠪᠰᠢᠨ ᠤ ᠬᠠᠯᠠᠬᠠᠪᠴᠢ ᠶᠢ ᠦᠨᠡᠨᠬᠦ ᠪᠠᠬᠢᠵᠢᠭᠦᠯᠵᠦ᠂ ᠬᠢᠯᠢ ᠲᠠᠭᠠᠤ ᠤᠷᠤᠨ ᠪᠤᠯᠤᠨ ᠪᠤᠶᠢᠲᠠ | ᠪᠦᠭᠯᠡᠭᠦᠦ ᠬᠤᠰᠢᠭᠤ ᠰᠢᠶᠠᠨ ᠯᠤᠭ᠎ᠠ ᠬᠤᠯᠪᠤᠭᠠᠯᠠᠨ ᠰᠡᠷᠭᠡᠶᠢᠯᠡᠬᠦ ᠪᠠᠶᠢᠭᠤᠯᠤᠮᠵᠢ ᠲᠤᠭᠳᠠᠴᠠ ᠶᠢᠨ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ᠃ ᠰᠦᠯᠵᠢᠶᠡᠨ ᠲᠡᠭᠡᠷ᠎ᠡ ︽ᠱᠠᠯᠢᠭ ᠵᠠᠪᠬᠠᠢ ᠶᠢ ᠠᠷᠢᠯᠭᠠᠨ ᠬᠠᠤᠯᠢ ᠪᠤᠰᠤ ᠬᠡᠪᠯᠡᠭᠳᠡᠬᠦᠨ ᠳᠤ | ᠴᠤᠬᠢᠯᠲᠠ ᠦᠭᠭᠦ︾ ᠳᠠᠶᠢᠯᠠᠯᠳᠤᠭᠠᠨ ᠢ ᠰᠠᠶᠢᠲᠤᠷ ᠬᠢᠵᠦ᠂ ᠰᠤᠨᠢᠨ ᠮᠡᠳᠡᠭᠡᠨ ᠤ ᠮᠡᠬᠡᠯᠡᠯ᠂ ᠬᠠᠭᠤᠷᠮᠠᠭ | ᠵᠠᠭᠤᠴᠢᠯᠠᠭᠤᠷ᠂ ᠬᠠᠭᠤᠷᠮᠠᠭ ᠰᠤᠷᠪᠤᠯᠵᠢᠯᠠᠭᠴᠢ ᠳᠤ ᠴᠢᠩᠭ᠎ᠠ ᠴᠤᠬᠢᠯᠲᠠ ᠦᠭᠭᠦ ᠬᠡᠷᠡᠭᠲᠡᠢ᠃ ᠪᠠᠭᠠᠴᠤᠳ | ᠬᠡᠤᠭᠡᠳ ᠤᠨ ᠤᠡᠭᠰᠢᠬᠤ ᠬᠡᠪᠯᠡᠭᠳᠡᠬᠦᠨ ᠤ ᠵᠠᠬ᠎ᠠ ᠲᠡᠯᠭᠡᠭᠦᠷ ᠢ ᠴᠢᠩᠭ᠎ᠠ ᠴᠡᠭᠴᠡᠯᠡᠵᠦ᠂ ᠵᠠᠯᠠᠭᠤᠴᠤᠳ | ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠤᠬᠢ ᠰᠢᠯᠢᠲᠡᠭ ᠰᠤᠶᠤᠯ ᠤᠨ ᠤᠷᠴᠢᠨ ᠲᠤᠭᠤᠷᠢᠨ ᠢ ᠪᠤᠢ | ᠪᠤᠯᠭᠠᠨ ᠦᠭᠴᠤ᠂ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠬᠢᠨᠠᠨ | ᠬᠠᠮᠢᠶᠠᠷᠬᠤ ᠬᠠᠷᠢᠭᠤᠴᠠᠯᠭ᠎ᠠ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ ᠭᠡᠵᠠᠢ᠃ |