ᠷᠧᠨ ᠶᠠ ᠫᠢᠩ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠲᠤᠭᠤᠢᠢᠯᠠᠩ ᠤᠨ ᠶᠠᠷᠢᠯᠴᠠᠬᠤ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2015/5/6
     5 ᠳ᠋ᠤᠭᠠᠷ ᠰᠠᠷ᠎ᠠ ᠶᠢᠨ 5᠎ ᠤ ᠦᠲᠡ ᠶᠢᠨ ᠬᠤᠶᠢᠨ᠎ᠠ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ  ᠤ ᠦᠨᠳᠦᠰᠦᠲᠡᠨ ᠱᠠᠰᠢᠨ ᠰᠤᠷᠲᠠᠬᠤᠨ ᠤ ᠵᠦᠪᠯᠡᠯ ᠤᠨ ᠲᠡᠳ᠋ ᠡᠷᠬᠢᠯᠡᠭᠴᠢ ᠮᠠ ᠲᠢᠶᠧ ᠱᠠᠨ᠂ ᠳ᠋ᠦ᠋ ᠶᠢᠩ ᠢᠶᠠᠷ ᠲᠤᠭᠤᠢᠢᠯᠠᠩ ᠤᠨ ᠲᠠᠷᠤᠭ᠎ᠠ᠂ ᠲᠤᠭᠤᠢᠢᠯᠠᠩ ᠤᠨ ᠲᠡᠳ᠋ ᠲᠠᠷᠤᠭ᠎ᠠ ᠪᠤᠯᠭᠠᠬᠰᠠᠨ ᠪᠦᠬᠦ ᠤᠯᠤᠰ  ᠤᠨ ᠤᠯᠤᠰ ᠲᠦᠷᠦ ᠶᠢᠨ ᠵᠦᠪᠯᠡᠯᠭᠡᠨ  ᠤ ᠪᠠᠶᠢᠴᠠᠭᠠᠨ ᠰᠤᠳᠤᠯᠬᠤ ᠲᠤᠭᠤᠢᠢᠯᠠᠩ ︽ᠠᠷᠪᠠᠨ ᠭᠤᠷᠪᠠᠳᠤᠭᠠᠷ ᠲᠠᠪᠤᠨ ᠵᠢᠯ︾ ᠎ ᠤᠨ ᠲᠦᠯᠦᠪᠵᠢᠭᠦᠯᠭᠡ ᠲᠤᠮᠲᠠ ᠠᠩᠬᠠᠷᠬᠤ ᠴᠢᠬᠤᠯᠠ ᠲᠠᠢ ᠦᠨᠳᠦᠰᠦᠲᠡᠨ ᠤ ᠤᠷᠤᠨ ᠤ ᠬᠦᠭᠵᠢᠯᠲᠡ ᠶᠢᠨ ᠠᠰᠠᠭᠤᠲᠠᠯ ᠤᠨ ᠲᠤᠬᠠᠢ ᠮᠠᠨ ᠤ ᠤᠷᠤᠨ ᠳᠤ ᠢᠷᠡᠵᠦ ᠪᠠᠶᠢᠴᠠᠭᠠᠨ ᠰᠣᠳᠣᠯᠤᠯᠳᠠ ᠬᠢᠬᠦ ᠶᠢᠨ ᠬᠠᠮᠲᠦ ᠶᠠᠷᠢᠯᠴᠠᠬᠤ ᠬᠤᠷᠠᠯ ᠬᠢᠪᠡ᠃ ᠦᠪᠡᠷᠲᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ ᠶᠠᠷᠢᠯᠴᠠᠬᠤ ᠬᠤᠷᠠᠯ ᠢ ᠡᠷᠬᠢᠯᠡᠵᠦ᠂ ᠦᠪᠡᠷᠲᠡᠭᠡᠨ ᠵᠠᠰᠬᠠᠤ ᠤᠷᠤᠨ  ᠤ ᠤᠯᠤᠰ ᠲᠦᠷᠦ  ᠶᠢᠨ ᠵᠦᠪᠯᠡᠯᠭᠡᠨ  ᠤ ᠲᠡᠳ᠋ ᠲᠡᠷᠢᠭᠦᠯᠡᠭᠴᠢ ᠴᠧᠨ ᠢᠤᠢ ᠬᠤᠷᠠᠯ ᠳᠤ ᠤᠷᠤᠯᠴᠠᠬᠤ ᠶᠢᠨ ᠬᠠᠮᠲᠦ ᠪᠠᠷ᠎ᠠ ᠪᠤᠯᠵᠣ ᠪᠠᠶᠢᠴᠠᠭᠠᠨ ᠰᠤᠳᠤᠯᠤᠯᠳᠠ ᠬᠢᠪᠡ᠃ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ  ᠶᠢᠨ ᠵᠦᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠮᠠᠨᠵᠤᠤᠷ᠂ ᠡᠷᠢᠶᠡᠨ ᠬᠤᠲᠠ ᠶᠢᠨ ᠬᠠᠷᠢᠭᠤᠴᠠᠯᠭᠠᠲᠠᠨ᠂ ᠬᠦᠬᠡᠬᠤᠲᠠ ᠳᠤ ᠰᠠᠭᠤᠭ᠎ᠠ ᠬᠡᠰᠡᠭ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠶᠠᠷᠢᠯᠴᠠᠬᠤ ᠬᠤᠷᠠᠯ ᠳᠤ ᠤᠷᠤᠯᠴᠠᠵᠠᠢ᠃      ᠦᠪᠡᠷᠲᠡᠭᠡᠨ ᠵᠠᠰᠬᠠᠤ ᠤᠷᠤᠨ  ᠤ ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠮᠠᠨᠵᠤᠤᠷ᠂ ᠡᠷᠢᠶᠡᠨ ᠬᠤᠲᠠ  ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠲᠤᠭᠤᠢᠢᠯᠠᠩ ᠎ ᠳᠤ ᠬᠠᠮᠢᠶ᠎ᠠ ᠪᠦᠬᠦᠢ ᠪᠠᠶᠢᠲᠠᠯ  ᠢ ᠬᠠᠷᠢᠭᠤ ᠮᠡᠲᠡᠭᠦᠯᠬᠦ  ᠶᠢᠨ ᠬᠠᠮᠲᠦ ᠦᠪᠦᠷ ᠮᠤᠩᠭᠤᠯ ᠤᠨ ︽ᠠᠷᠪᠠᠨ ᠭᠤᠷᠪᠠᠳᠤᠭᠠᠷ ᠲᠠᠪᠤᠨ ᠵᠢᠯ︾ ᠎ ᠤᠨ ᠲᠦᠯᠦᠪᠵᠢᠭᠦᠯᠭᠡ ᠲᠤᠮᠲᠠ ᠠᠩᠬᠠᠷᠬᠤ ᠴᠢᠬᠤᠯᠠ ᠲᠠᠢ ᠠᠰᠠᠭᠤᠲᠠᠯ ᠳᠤ ᠴᠢᠭᠯᠡᠭᠦᠯᠦᠨ᠂ ᠤᠯᠤᠰ ᠠᠴᠠ ᠲᠦᠷᠦ  ᠶᠢᠨ ᠪᠤᠳᠤᠯᠭ᠎ᠠ᠂ ᠲᠦᠷᠦᠯ ᠵᠦᠢᠯ᠂ ᠴᠢᠲᠠᠪᠤᠷᠢᠲᠠᠨ  ᠤ ᠲᠠᠯ᠎ᠠ  ᠶᠢᠨ ᠲᠡᠮᠵᠢᠯᠭᠡ ᠦᠵᠡᠭᠦᠯᠦᠨ᠂ ᠵᠠᠷᠢᠮ ᠲᠦᠷᠦᠯ ᠵᠦᠢᠯ  ᠢ ︽ᠠᠷᠪᠠᠨ ᠭᠤᠷᠪᠠᠳᠤᠭᠠᠷ ᠲᠠᠪᠤᠨ ᠵᠢᠯ︾ ᠎ ᠤᠨ ᠲᠦᠯᠦᠪᠵᠢᠭᠦᠯᠭᠡ ᠳᠤ ᠤᠷᠤᠭᠤᠯᠬᠤ ᠲᠤᠬᠠᠢ ᠰᠠᠨᠠᠭᠤᠯᠭ᠎ᠠ ᠳᠣᠷᠠᠳᠴᠠᠢ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠲᠤᠭᠤᠢᠢᠯᠠᠩ  ᠤᠨ ᠤᠳᠤᠷᠢᠳᠤᠯᠭ᠎ᠠ ᠵᠠᠷᠢᠮ ᠪᠤᠲᠠᠲᠠᠢ ᠠᠰᠠᠭᠤᠲᠠᠯ ᠤᠨ ᠲᠤᠬᠠᠢ ᠦᠪᠡᠷᠲᠡᠭᠡᠨ ᠵᠠᠰᠬᠠᠤ ᠤᠷᠤᠨ ᠤ ᠨᠦᠬᠦᠳ ᠲᠠᠢ ᠬᠦᠨᠵᠡᠭᠡᠢ ᠰᠦᠪᠡᠭᠴᠢᠯᠡᠨ ᠰᠤᠯᠢᠯᠴᠠᠵᠠᠢ᠃      ᠷᠧᠨ ᠶᠠ ᠫᠢᠩ ᠬᠡᠯᠡᠭᠰᠡᠨ ᠨᠢ᠂ ᠡᠯ᠎ᠠ ᠰᠠᠯᠠᠭ᠎ᠠ ᠮᠦᠴᠢᠷ ᠡᠯ᠎ᠠ ᠭᠠᠵᠠᠷ ᠤᠷᠤᠨ ᠪᠠᠶᠢᠴᠠᠭᠠᠨ ᠰᠤᠳᠤᠯᠬᠤ ᠲᠤᠭᠤᠢᠢᠯᠠᠩ  ᠤᠨ ᠲᠤᠷᠠᠳᠤᠬᠰᠠᠨ ᠠᠰᠠᠭᠤᠲᠠᠯ  ᠢ ᠦᠨᠳᠦᠰᠦᠯᠡᠨ᠂ ᠦᠪᠦᠷ ᠮᠤᠩᠭᠤᠯ  ᠤᠨ ᠪᠠᠶᠢᠲᠠᠯ ᠎ ᠢ ᠡᠮᠬᠢᠯᠡᠨ ᠳᠣᠳᠣᠷᠬᠠᠢᠢᠯᠠᠵᠣ᠂ ᠬᠦᠴᠢᠷᠲᠡᠯ ᠪᠤᠯᠤᠨ ᠠᠰᠠᠭᠤᠲᠠᠯ ᠢᠶᠠᠨ ᠲᠤᠳᠤᠷᠬᠠᠢ ᠲᠤᠰᠬᠠᠵᠦ᠂ ᠨᠡᠩ ᠨᠠᠷᠢᠯᠢᠬᠵᠢᠬᠰᠠᠨ᠂ ᠬᠡᠮᠵᠢᠶᠡᠯᠡᠭᠰᠡᠨ᠂ ᠪᠤᠲᠠᠲᠠᠶᠢᠵᠢᠬᠰᠠᠨ᠂ ᠦᠢᠯᠡᠳᠦᠯᠭᠡᠲᠦ ᠴᠢᠨᠠᠷ ᠢᠶᠠᠷ ᠴᠢᠩᠭ᠎ᠠ ᠰᠠᠨᠠᠯ ᠰᠠᠨᠠᠭᠤᠯᠭ᠎ᠠ ᠲᠤᠷᠠᠳᠤᠨ᠂ ᠪᠠᠶᠢᠴᠠᠭᠠᠨ ᠰᠤᠳᠤᠯᠬᠤ ᠲᠤᠭᠤᠢᠢᠯᠠᠩ ᠳᠤ ᠲᠡᠪᠰᠢᠭᠦᠯᠦᠨ ᠯᠠᠪᠯᠠᠯᠲᠠ ᠪᠤᠯᠭᠠᠬᠤ ᠬᠡᠷᠡᠭᠲᠡᠢ ᠬᠡᠵᠡᠢ᠃      ᠪᠠᠶᠢᠴᠠᠭᠠᠨ ᠰᠤᠳᠤᠯᠬᠤ ᠲᠤᠭᠤᠢᠢᠯᠠᠩ 5 ᠳ᠋ᠤᠭᠠᠷ ᠰᠠᠷ᠎ᠠ  ᠶᠢᠨ 6᠎ ᠠᠴᠠ 8 ᠎ ᠤ ᠡᠲᠦᠷ ᠪᠤᠯᠲᠠᠯ᠎ᠠ ᠤᠷᠳᠤᠰ ᠬᠤᠲᠠ᠂ ᠪᠤᠭᠤᠲᠦ ᠬᠤᠲᠠ ᠪᠠᠷ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠬᠦ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号