ᠬᠦᠴᠤ ᠴᠢᠳᠠᠯ ᠢᠶᠠᠨ ᠲᠤᠶᠢᠯ ᠤᠨ ᠤᠨᠤᠴᠢᠲᠠᠢ ᠬᠡᠷᠡᠭᠯᠡᠵᠦ ᠠᠵᠢᠯ ᠤᠯᠭᠤᠬᠤ ᠢᠨᠵᠧᠨᠧᠷᠢᠩ ᠢ ᠬᠦᠨᠵᠡᠭᠡᠢ | ᠠᠬᠢᠭᠤᠯᠤᠨ ᠠᠵᠢᠯ ᠤᠯᠭᠤᠬᠤ ᠬᠠᠷᠠᠯᠳᠠ ᠶᠢᠨ ᠡᠭᠦᠷᠭᠡ ᠶᠢ ᠪᠠᠳᠤᠯᠠᠨ ᠪᠡᠶᠡᠯᠡᠭᠦᠯᠤᠶ᠎ᠡ | | | | ᠦᠪᠡᠷᠳᠡᠭᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠭᠦᠨ᠂ ᠠᠵᠢᠯ ᠤᠯᠭᠤᠬᠤ ᠲᠤᠪᠴᠢᠶ᠎ᠠ ᠶᠢᠨ | ᠲᠠᠷᠤᠭ᠎ᠠ | ᠸᠠᠩ ᠶᠢᠤ ᠬᠤᠩ | | | | | | ﹇ᠬᠦᠳᠤᠯᠦᠭᠴᠢ﹈ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ ᠤᠤ︖ ᠲᠠ ᠪᠦᠬᠦᠨ ᠤ | ᠲᠤᠰ ᠬᠤᠭᠤᠴᠠᠭᠠᠨ ᠤ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠨ ᠶᠠᠷᠢᠯᠴᠠᠬᠤ | ᠫᠷᠦᠭᠷᠡᠮ ᠢ ᠬᠢᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠠᠵᠢᠯ ᠤᠯᠭᠤᠬᠤ ᠪᠤᠯ ᠠᠷᠠᠳ ᠤᠨ | ᠠᠮᠢᠳᠤᠷᠠᠯ ᠤᠨ ᠦᠨᠳᠤᠰᠤ ᠮᠦᠨ᠂ ᠠᠵᠢᠯ ᠤᠯᠭᠤᠬᠤ ᠶᠢ ᠠᠬᠢᠭᠤᠯᠬᠤ ᠪᠤᠯ ᠴᠦᠮ ᠡᠯ᠎ᠡ ᠱᠠᠳᠤᠨ ᠤ ᠵᠠᠰᠠᠭ ᠤᠨ | ᠤᠷᠳᠤᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠪᠤᠯᠤᠭᠰᠠᠭᠠᠷ ᠢᠷᠡᠪᠡ᠂ ᠠᠵᠦ ᠠᠬᠤᠢ ᠶᠢᠨ ᠰᠢᠨ᠎ᠡ | ᠬᠡᠪ ᠪᠠᠶᠢᠳᠠᠯ ᠤᠨ ᠳᠠᠭᠠᠭᠤᠯᠭ᠎ᠠ ᠪᠤᠯᠤᠨ ᠳᠠᠶᠢᠴᠢᠯᠠᠯᠳᠠ ᠳᠤᠤᠷ᠎ᠠ᠂ ᠮᠠᠨ ᠤ ᠤᠷᠤᠨ ᠤ ᠠᠵᠢᠯ ᠤᠯᠭᠤᠬᠤ | ᠪᠠᠶᠢᠳᠠᠯ ᠳᠤ ᠶᠠᠭ ᠬᠦᠨᠵᠡᠭᠡᠢ ᠬᠤᠪᠢᠷᠠᠯᠳᠠ ᠲᠤᠯᠭᠠᠷᠠᠵᠦ ᠪᠤᠢ᠂ ᠮᠠᠨ ᠤ ᠤᠷᠤᠨ ᠤ ᠠᠵᠢᠯ ᠤᠯᠭᠤᠬᠤ ᠠᠵᠢᠯ | ᠤᠨ ᠲᠠᠯ᠎ᠠ ᠪᠠᠷ ᠬᠢ ᠬᠠᠮᠢᠶ᠎ᠠ ᠪᠦᠬᠦᠢ ᠪᠠᠶᠢᠳᠠᠯ ᠢ ᠤᠯᠠᠮ ᠨᠢᠬᠡ ᠠᠯᠬᠤᠮ ᠤᠶᠢᠯᠠᠭᠠᠬᠤ ᠶᠢᠨ ᠲᠤᠰᠠᠳᠠ᠂ ᠦᠨᠦᠳᠤᠷ | ᠪᠢᠳᠡ ᠦᠪᠡᠷᠳᠡᠭᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ | ᠪᠠᠳᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠤᠭᠦᠨ᠂ ᠠᠵᠢᠯ ᠤᠯᠭᠤᠬᠤ | ᠲᠤᠪᠴᠢᠶ᠎ᠠ ᠶᠢᠨ ᠲᠠᠷᠤᠭ᠎ᠠ ᠸᠠᠩ ᠶᠢᠤ ᠬᠤᠩ ᠢ ᠵᠠᠯᠠᠵᠦ ᠲᠠ ᠪᠦᠬᠦᠨ ᠲᠠᠢ ᠵᠤᠭᠤᠭᠳᠠᠭᠤᠯᠬᠤ ᠪᠤᠯᠤᠯ᠎ᠠ᠃ ᠸᠠᠩ | ᠲᠤᠪᠴᠢᠶᠠᠨ ᠳᠠᠷᠤᠭ᠎ᠠ ᠡ᠂ ᠲᠠ ᠰᠠᠶᠢᠨ ᠤᠤ︕ | ﹇ᠸᠠᠩ ᠶᠢᠤ ᠬᠤᠩ﹈ ᠬᠦᠳᠤᠯᠦᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠤᠤ︕ | ᠠᠳᠡ ᠠᠵᠢᠯ ᠤᠯᠭᠤᠬᠤ ᠠᠵᠢᠯ ᠤᠨ ᠡᠨᠡᠬᠦ ᠰᠡᠳᠤᠪ ᠢᠶᠠᠷ ᠲᠠ ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ | ᠮᠠᠰᠢ ᠪᠠᠶᠠᠷᠲᠠᠢ ᠪᠠᠶᠢᠨ᠎ᠠ᠂ ᠮᠦᠨᠴᠤ ᠲᠠ ᠪᠦᠬᠦᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠢᠯ | ᠤᠯᠭᠤᠬᠤ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠨ᠎ᠠ᠃ | ﹇ ᠬᠦᠳᠤᠯᠦᠭᠴᠢ﹈ ᠸᠠᠩ ᠳᠠᠷᠤᠭ᠎ᠠ ᠡ ᠂ ᠲᠠ ᠤᠳᠤᠬᠠᠨ ᠳᠤ ᠮᠠᠨ ᠤ ᠤᠷᠤᠨ ᠤ | ᠠᠵᠢᠯ ᠤᠯᠭᠤᠬᠤ ᠪᠠᠶᠢᠳᠠᠯ ᠶᠡᠷᠦᠩᠬᠡᠢ ᠳᠡᠭᠡᠨ ᠶᠠᠮᠠᠷ ᠪᠠᠶᠢᠬᠤ ᠶᠢ | ᠲᠠᠨᠢᠯᠴᠠᠭᠤᠯᠤᠭᠠᠳ ᠦᠭᠬᠦᠨᠡᠤ︖ | ﹇ᠸᠠᠩ ᠶᠢᠤ ᠬᠤᠩ﹈ ᠤᠶᠢᠷ᠎ᠠ ᠶᠢᠨ ᠵᠢᠯ ᠤᠳ ᠲᠤ᠂ ᠠᠵᠦ ᠠᠬᠤᠢ ᠶᠢᠨ ᠨᠡᠮᠡᠭᠳᠡᠯ ᠤᠨ | ᠬᠤᠷᠳᠤᠴᠠ ᠠᠯᠭᠤᠷᠯᠠᠭᠰᠠᠨ ᠵᠡᠷᠭᠡ ᠬᠦᠴᠤᠨ ᠵᠦᠢᠯ ᠤᠨ ᠨᠦᠯᠦᠭᠡᠯᠡᠯ ᠠᠴᠠ ᠪᠤᠯᠤᠭᠠᠳ᠂ ᠮᠠᠨ ᠤ ᠤᠷᠤᠨ ᠤ | ᠠᠵᠢᠯ ᠤᠯᠭᠤᠬᠤ ᠪᠠᠶᠢᠳᠠᠯ ᠶᠡᠷᠦ ᠠᠴᠠ ᠮᠠᠰᠢ ᠬᠠᠳᠠᠭᠤ ᠪᠡᠷᠬᠡ ᠪᠠᠶᠢᠭᠰᠠᠨ ᠴᠤ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠷᠭ᠎ᠠ ᠪᠦᠬᠦᠨ ᠢ ᠰᠦᠪᠡᠭᠴᠢᠯᠡᠨ ᠠᠵᠢᠯ ᠤᠯᠭᠤᠬᠤ ᠶᠢ | ᠦᠷᠭᠡᠳᠭᠡᠵᠦ᠂ ᠠᠳᠠᠯ ᠦᠢᠯᠡᠰ ᠪᠤᠰᠬᠠᠵᠦ ᠠᠵᠢᠯ ᠤᠯᠭᠤᠬᠤ ᠢᠨᠵᠧᠨᠧᠷᠢᠩ ᠢ ᠪᠦᠬᠦ ᠬᠦᠴᠤᠨ ᠢᠶᠠᠷ ᠬᠡᠷᠡᠭᠵᠢᠭᠦᠯᠵᠦ | ᠂ ᠤᠷᠢᠳ ᠬᠤᠵᠢᠳ ᠳᠡᠭᠡᠳᠤ ᠰᠤᠷᠭᠠᠭᠤᠯᠢ ᠲᠡᠭᠦᠰᠦᠭᠴᠢᠳ ᠲᠤ ᠠᠵᠢᠯ ᠤᠯᠭᠤᠨ ᠠᠳᠠᠯ ᠦᠢᠯᠡᠰ ᠪᠤᠰᠬᠠᠬᠤ ᠶᠢ | ᠠᠬᠢᠭᠤᠯᠬᠤ᠂ ᠬᠦᠴᠢᠷᠳᠡᠯ ᠲᠠᠢ ᠠᠵᠦ ᠠᠬᠤᠶᠢᠯᠠᠯ ᠢ ᠲᠤᠰᠠᠯᠠᠨ ᠠᠵᠢᠯ ᠤᠯᠭᠤᠬᠤ ᠤᠷᠤᠨ ᠪᠠᠶᠢᠷᠢ ᠶᠢ | ᠲᠤᠭᠳᠠᠪᠤᠷᠢᠵᠢᠭᠤᠯᠬᠤ᠂ ︽ᠠᠵᠢᠯ ᠦᠬᠡᠢ︾ ᠡᠷᠦᠬᠡ ᠭᠡᠷ ᠤᠨ ᠠᠵᠢᠯ ᠤᠯᠬᠤ ᠳᠤᠨᠢ ᠳᠤᠰᠠᠯᠠᠮᠵᠢ ᠦᠵᠡᠭᠦᠯᠬᠦ | ᠵᠡᠷᠭᠡ ᠠᠯᠢ ᠤᠯᠠᠨ ᠴᠢᠭᠯᠡᠬᠦᠯᠬᠦ ᠴᠢᠨᠠᠷ ᠢᠶᠠᠷ ᠴᠢᠩᠭ᠎ᠠ᠂ ᠳᠡᠳᠬᠦᠬᠦ ᠬᠦᠴᠤᠨ ᠢᠶᠠᠷ ᠶᠡᠭᠡ᠂ ᠦᠨ᠎ᠡ ᠴᠠᠨ᠎ᠠ ᠪᠠᠷ | ᠦᠨᠳᠤᠷ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠤᠭᠳᠠᠭᠠᠨ ᠨᠡᠶᠢᠳᠡᠯᠡᠵᠦ᠂ ᠠᠵᠢᠯ ᠤᠯᠭᠤᠨ ᠠᠳᠠᠯ | ᠦᠢᠯᠡᠰ ᠪᠤᠰᠬᠠᠬᠤ ᠨᠡᠯᠢᠶᠡᠳ ᠪᠦᠷᠢᠨ ᠲᠦᠬᠦᠷ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠪᠠᠶᠢᠭᠤᠯᠵᠦ᠂ ᠠᠵᠢᠯ | ᠤᠯᠭᠤᠬᠤ ᠬᠡᠪᠴᠢᠶ᠎ᠡ ᠶᠢᠨ ᠲᠠᠰᠤᠷᠠᠯᠳᠠ ᠦᠬᠡᠢ ᠦᠷᠬᠡᠵᠢᠬᠦ ᠶᠢ ᠠᠬᠢᠭᠤᠯᠤᠨ ᠪᠡᠶᠡᠯᠡᠬᠦᠯᠦᠭᠡᠳ᠂ ᠪᠦᠬᠦ ᠤᠷᠤᠨ ᠤ | ᠠᠵᠢᠯ ᠤᠯᠭᠤᠬᠤ ᠪᠠᠶᠢᠳᠠᠯ ᠢ ᠦᠨᠳᠤᠰᠤᠨ ᠳᠡᠭᠡᠨ ᠲᠤᠭᠳᠠᠭᠤᠨ ᠪᠤᠯᠭᠠᠪᠠ᠃ ᠬᠡᠪᠡᠴᠤ ᠠᠵᠢᠯ ᠤᠯᠭᠤᠬᠤ ᠳᠠᠷᠤᠯᠳᠠ | ᠮᠦᠨᠬᠦ ᠮᠠᠰᠢ ᠶᠡᠭᠡ ᠪᠠᠶᠢᠵᠦ᠂ ᠬᠤᠳᠠ ᠪᠠᠯᠭᠠᠰᠤᠨ ᠤ ᠠᠵᠢᠯ ᠤᠯᠭᠤᠬᠤ ᠴᠢᠬᠤᠯᠠ ᠲᠠᠢ ᠬᠦᠮᠤᠰ ᠤᠨ ᠶᠡᠷᠦᠩᠬᠡᠢ | ᠲᠤᠭ᠎ᠠ ᠮᠦᠨᠬᠦ ᠮᠠᠰᠢ ᠤᠯᠠᠨ ᠪᠠᠶᠢᠬᠤ ᠪᠠ ᠪᠠᠰᠠ ᠲᠠᠷᠢᠶᠠᠯᠠᠬᠤ ᠮᠠᠯᠵᠢᠬᠤ ᠤᠷᠤᠨ ᠤ ᠦᠯᠡᠭᠦᠤ ᠬᠦᠳᠡᠯᠮᠤᠷᠢ ᠶᠢᠨ | ᠬᠦᠴᠤᠨ ᠢ ᠰᠢᠯᠵᠢᠭᠦᠯᠦᠨ ᠠᠵᠢᠯ ᠤᠯᠭᠤᠬᠤ ᠶᠡᠷᠦᠩᠬᠡᠢ ᠬᠡᠮᠵᠢᠶᠡᠨ ᠤ ᠳᠠᠷᠤᠯᠳᠠ ᠴᠤ ᠲᠤᠩ ᠶᠡᠭᠡ ᠪᠠᠶᠢᠨ᠎ᠠ᠃ | 2015 ᠤᠨ ᠳᠤ ᠮᠠᠨ ᠤ ᠤᠷᠤᠨ ᠤ ᠵᠦᠪᠭᠡᠨ ᠳᠡᠭᠡᠳᠤ ᠰᠤᠷᠭᠠᠭᠤᠯᠢ ᠲᠡᠭᠦᠰᠬᠦ ᠰᠤᠷᠤᠭᠴᠢᠳ11.6 ᠲᠦᠮᠡ | ᠪᠠᠶᠢᠵᠦ᠂ ᠤᠷᠤᠨ ᠤ ᠭᠠᠳᠠᠨ᠎ᠠ ᠪᠠᠶᠢᠬᠤ ᠦᠪᠤᠷ ᠮᠤᠩᠭᠤᠯ ᠨᠤᠳᠤᠭ ᠲᠠᠢ ᠰᠤᠷᠤᠭᠴᠢ᠂ ᠦᠢᠯᠡᠴᠢᠯᠡᠭᠡᠨ ᠤ | ᠬᠤᠭᠤᠴᠠᠭ᠎ᠠ ᠨᠢ ᠲᠤᠯᠵᠦ ᠳᠠᠬᠢᠨ ᠰᠢᠨ᠎ᠡ ᠪᠠᠷ ᠠᠵᠢᠯ ᠤᠯᠭᠤᠬᠤ ᠪᠠ ᠦᠩᠭᠡᠷᠡᠭᠰᠡᠨ ᠳᠤ ᠠᠵᠢᠯ ᠤᠯᠤᠭᠠᠳᠤᠢ | ᠰᠤᠷᠤᠭᠴᠢ15.6 ᠲᠦᠮᠡ ᠪᠠᠶᠢᠨ᠎ᠠ᠃ ᠡᠭᠦᠨ ᠤ ᠳᠡᠭᠡᠷ᠎ᠡ ᠪᠠᠰᠠ ᠠᠵᠢᠯ ᠤᠯᠭᠤᠬᠤ ᠳᠤ ᠬᠦᠴᠢᠷᠳᠠᠯ ᠲᠠᠢ | ᠪᠠᠶᠢᠬᠤ ᠬᠦᠮᠤᠰ᠂ ᠰᠢᠯᠢᠭᠳᠡᠬᠦᠯᠦᠭᠰᠡᠨ ᠬᠤᠴᠤᠷᠠᠩᠭᠤᠢ ᠦᠢᠯᠡᠳᠪᠤᠷᠢᠯᠡᠯ ᠤᠨ ᠴᠢᠳᠡᠪᠬᠢ ᠠᠴᠠ ᠪᠤᠢ ᠪᠤᠯᠤᠭᠰᠠᠨ | ᠠᠵᠢᠯ ᠠᠯᠳᠠᠭᠰᠠᠳ ᠵᠡᠷᠭᠡ ᠶᠢ ᠨᠡᠮᠡᠪᠡᠯ ᠠᠵᠢᠯ ᠤᠯᠭᠤᠬᠤ ᠪᠠᠶᠢᠳᠠᠯ ᠮᠦᠨᠬᠦ ᠮᠠᠰᠢ ᠬᠠᠳᠠᠭᠤᠵᠢᠯᠲᠠᠢ ᠪᠠᠶᠢᠨ᠎ᠠ᠃ | ﹇ᠬᠦᠳᠤᠯᠦᠭᠴᠢ﹈ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠪᠤᠯ ᠲᠦᠪ | ᠠᠴᠠ ᠲᠤᠷᠠᠳᠤᠭᠰᠠᠨ ᠪᠠᠶᠢᠯᠳᠤᠬᠤ ᠪᠤᠳᠤᠯᠭ᠎ᠠ ᠶᠢᠨ ᠮᠠᠭᠠᠳᠯᠠᠯ ᠮᠦᠨ᠂ ᠰᠢᠨ᠎ᠡ ᠬᠡᠪ ᠪᠠᠶᠢᠳᠠᠯ ᠳᠤᠤᠷ᠎ᠠ᠂ ᠮᠠᠨ ᠤ | ᠤᠷᠤᠨ ᠤ ᠠᠵᠢᠯ ᠤᠯᠭᠤᠬᠤ ᠠᠵᠢᠯ ᠳᠤ ᠶᠠᠮᠠᠷ ᠰᠢᠨ᠎ᠡ ᠪᠠᠶᠢᠳᠠᠯ ᠪᠠ ᠰᠢᠨ᠎ᠡ ᠦᠷᠢᠰᠤᠯᠳᠤᠭᠡᠨ ᠲᠤᠯᠭᠠᠷᠠᠵᠦ ᠪᠠᠶᠢᠬᠤ | ᠪᠤᠢ︖ | ﹇ᠸᠠᠩ ᠶᠢᠤ ᠬᠤᠩ﹈ ᠮᠢᠨᠤ ᠤᠶᠢᠯᠭᠠᠬᠤ ᠪᠠᠷ ᠭᠤᠤᠯ ᠨᠢ ᠭᠤᠷᠪᠠᠨ ᠲᠠᠯ᠎ᠠ ᠶᠢᠨ ᠤᠨᠴᠠᠯᠢᠭ | ᠲᠠᠢ ᠪᠠᠶᠢᠨ᠎ᠠ᠄ ᠨᠢᠭᠡ ᠳᠤ ᠠᠵᠢᠯ ᠤᠯᠭᠤᠬᠤ ᠳᠤ ᠲᠤᠯᠭᠠᠷᠠᠵᠦ ᠪᠠᠶᠢᠭ᠎ᠠ ᠭᠤᠤᠯ ᠵᠦᠷᠢᠴᠡᠯ ᠶᠠᠭ ᠤᠯᠠᠷᠢᠨ | ᠬᠤᠪᠢᠷᠠᠵᠦ ᠪᠠᠶᠢᠨ᠎ᠠ᠃ ᠶᠡᠷᠦᠩᠬᠡᠢ ᠬᠡᠮᠵᠢᠶᠡᠨ ᠤ ᠵᠦᠷᠢᠴᠡᠯ ᠭᠤᠤᠯ ᠪᠤᠯᠵᠦ ᠪᠠᠶᠢᠭᠰᠠᠨ ᠠᠴᠠ ᠪᠠᠨ ᠪᠦᠳᠤᠴᠡ | ᠶᠢᠨ ᠴᠢᠨᠠᠷᠲᠠᠢ ᠵᠦᠷᠢᠴᠡᠯ ᠭᠤᠤᠯ ᠪᠤᠯᠬᠤ ᠵᠦᠭ ᠶᠠᠭ ᠤᠯᠠᠷᠢᠵᠦ ᠪᠠᠶᠢᠨ᠎ᠠ᠃ ᠤᠳᠤᠬᠠᠨ ᠳᠤ᠂ ᠠᠵᠢᠯ ᠤᠯᠭᠤᠯᠳᠠ | ᠶᠢᠨ ᠪᠦᠳᠤᠴᠡ ᠶᠢᠨ ᠴᠢᠨᠠᠷᠲᠠᠢ ᠵᠦᠷᠢᠴᠡᠯ ᠨᠢ ᠬᠤᠶᠠᠷ ᠲᠠᠯ᠎ᠠ ᠪᠠᠷ ᠲᠤᠪᠤᠶᠢᠵᠦ ᠪᠠᠶᠢᠨ᠎ᠠ᠃ ᠨᠢᠬᠡ ᠲᠠᠯ᠎ᠠ ᠪᠠᠷ᠂ | ᠬᠦᠳᠡᠯᠮᠤᠷᠢᠯᠡᠭᠴᠢᠳ ᠤᠨ ᠶᠡᠷᠦᠩᠬᠡᠢ ᠮᠡᠳᠡᠯᠬᠡ ᠪᠤᠯᠪᠠᠰᠤᠷᠠᠯ ᠳᠤᠤᠷ᠎ᠠ ᠪᠠᠶᠢᠵᠦ᠂ ᠠᠵᠢᠯ ᠡᠷᠢᠭᠰᠡᠳ ᠤᠨ ᠲᠤᠰᠬᠠᠢ | ᠮᠡᠷᠭᠡᠵᠢᠯ ᠤᠨ ᠪᠤᠯᠪᠠᠰᠤᠷᠠᠯ᠂ ᠮᠡᠷᠭᠡᠵᠢᠯ ᠴᠢᠳᠠᠪᠤᠷᠢ ᠶᠢᠨ ᠬᠢᠷᠢ ᠬᠡᠮᠵᠢᠶ᠎ᠡ ᠨᠢ ᠵᠠᠬ᠎ᠠ ᠳᠡᠯᠭᠡᠬᠦᠷ ᠤᠨ ᠬᠡᠷᠡᠭᠴᠡᠭᠡ | ᠱᠠᠭᠠᠷᠳᠠᠯᠭ᠎ᠠ ᠯᠤᠭ᠎ᠠ ᠨᠡᠶᠢᠴᠡᠬᠦ ᠦᠬᠡᠢ ᠠᠴᠠ ᠪᠤᠯᠤᠭᠠᠳ ︽ᠵᠠᠷᠢᠮ ᠬᠦᠮᠤᠨ ᠬᠢᠬᠦ ᠠᠵᠢᠯ ᠦᠬᠡᠢ᠂ ᠵᠠᠷᠢᠮ ᠠᠵᠢᠯ ᠢ | ᠬᠢᠬᠦ ᠬᠦᠮᠤᠨ ᠦᠬᠡᠢ︾ ᠦᠵᠡᠭᠳᠡᠯ ᠪᠤᠢ ᠪᠤᠯᠵᠦ᠂ ᠦᠷᠬᠦᠯᠵᠢᠯᠡᠨ ᠰᠢᠷᠦᠭᠦᠰᠬᠦ ᠪᠠᠶᠢᠳᠠᠯ ᠲᠠᠢ ᠪᠠᠶᠢᠨ᠎ᠠ᠃ | ᠨᠦᠭᠦᠬᠡ ᠲᠠᠯ᠎ᠠ ᠪᠠᠷ᠂ ᠰᠢᠨ᠎ᠡ ᠬᠡᠪ ᠪᠠᠶᠢᠳᠠᠯ ᠳᠤᠤᠷ᠎ᠠ ᠠᠵᠦ ᠦᠢᠯᠡᠰ ᠤᠨ ᠪᠦᠳᠤᠴᠡ ᠶᠢ ᠲᠤᠬᠢᠷᠠᠭᠤᠯᠬᠤ᠂ | ᠦᠢᠯᠡᠳᠪᠤᠷᠢᠯᠡᠬᠦ ᠴᠢᠳᠠᠮᠵᠢ ᠶᠢᠨ ᠦᠯᠡᠬᠦᠳᠡᠯ ᠢ ᠰᠢᠢᠳᠪᠤᠷᠢᠯᠡᠬᠦ ᠠᠷᠭ᠎ᠠ ᠶᠢᠨ ᠨᠠᠶᠢᠳᠠᠪᠤᠷᠢᠵᠢᠭᠤᠯᠤᠯ ᠢ ᠳᠠᠭᠠᠯᠳᠤᠨ᠂ | ᠨᠢᠬᠡ ᠪᠦᠯᠦᠭ ᠠᠵᠢᠯ ᠲᠦᠷᠦᠯ ᠤᠨ ᠠᠵᠦ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠳᠡ ᠬᠦᠴᠢᠷᠳᠡᠯ ᠲᠠᠢ ᠪᠤᠯᠵᠦ᠂ | ᠪᠦᠳᠤᠴᠡ ᠶᠢᠨ ᠴᠢᠨᠠᠷᠲᠠᠢ ᠠᠵᠢᠯᠴᠢᠨ ᠤ ᠬᠠᠰᠤᠯᠳᠠ ᠨᠢ ᠪᠦᠳᠤᠴᠡ ᠶᠢᠨ ᠴᠢᠨᠠᠷᠲᠠᠢ ᠠᠵᠢᠯ ᠠᠯᠳᠠᠬᠤ ᠪᠠ | ᠳᠠᠯᠳᠠᠮᠠᠯ ᠠᠵᠢᠯ ᠠᠯᠳᠠᠬᠤ ᠪᠤᠯᠭᠠᠵᠠᠢ᠃ ᠡᠳᠡᠭᠡᠷ ᠪᠦᠳᠤᠴᠡ ᠶᠢᠨ ᠴᠢᠨᠠᠷᠲᠠᠢ ᠵᠦᠷᠢᠴᠡᠯ ᠢ ᠬᠢᠷᠬᠢᠨ ᠰᠢᠢᠳᠪᠤᠷᠢᠯᠠᠵᠦ᠂ | ᠲᠤᠭᠳᠠᠭᠤᠨ ᠨᠡᠮᠡᠭᠳᠡᠬᠦᠯᠬᠦ ᠬᠢᠭᠡᠳ ᠲᠤᠭᠳᠠᠭᠤᠨ ᠠᠵᠢᠯ ᠤᠯᠭᠤᠬᠤ᠂ ᠪᠦᠳᠤᠴᠡ ᠶᠢ ᠲᠤᠬᠢᠷᠠᠭᠤᠯᠬᠤ ᠬᠢᠭᠡᠳ | ᠠᠵᠢᠯ ᠤᠯᠭᠤᠬᠤ ᠶᠢ ᠠᠬᠢᠭᠤᠯᠬᠤ ᠶᠢ ᠵᠤᠬᠢᠴᠠᠭᠤᠯᠤᠨ ᠠᠬᠢᠭᠤᠯᠬᠤ ᠶᠠᠪᠤᠳᠠᠯ ᠪᠤᠯ ᠠᠵᠢᠯ ᠤᠯᠭᠤᠬᠤ ᠠᠵᠢᠯ ᠳᠤ | ᠲᠤᠯᠭᠠᠷᠠᠵᠦ ᠪᠠᠶᠢᠭ᠎ᠠ ᠳᠤᠮᠤ ᠰᠡᠳᠤᠪ ᠪᠤᠯᠤᠨ᠎ᠠ᠃ ᠬᠤᠶᠠᠷ ᠲᠤ ᠠᠵᠢᠯ ᠤᠯᠭᠤᠬᠤ ᠨᠡᠮᠡᠭᠳᠡᠯ ᠤᠨ ᠴᠢᠭ᠋ ᠤᠯᠠᠷᠢᠨ | ᠬᠤᠪᠢᠷᠠᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ ᠪᠠᠶᠢᠭᠤᠯᠬᠤ ᠬᠡᠷᠡᠭ ᠲᠠᠢ ᠪᠠᠶᠢᠨ᠎ᠠ᠃ | ᠰᠢᠨ᠎ᠡ ᠬᠡᠪ ᠪᠠᠶᠢᠳᠠᠯ ᠳᠤᠤᠷ᠎ᠠ᠂ ᠠᠵᠦ ᠠᠬᠤᠢ ᠶᠢᠨ ᠨᠡᠮᠡᠭᠳᠡᠯ ᠤᠨ ᠬᠡᠯᠪᠡᠷᠢ ᠶᠢᠨ ᠬᠤᠪᠢᠷᠠᠯᠳᠠ᠂ ᠠᠵᠦ ᠦᠢᠯᠡᠰ ᠤᠨ | ᠪᠦᠳᠤᠴᠡ ᠶᠢᠨ ᠲᠤᠬᠢᠷᠠᠭᠤᠯᠤᠯᠳᠠ ᠶᠢ ᠳᠠᠭᠠᠯᠳᠤᠨ᠂ ᠰᠢᠨ᠎ᠡ ᠠᠵᠦ ᠦᠢᠯᠡᠰ ᠪᠤᠯᠤᠨ ᠰᠢᠨ᠎ᠡ ᠬᠡᠷᠡᠭᠴᠡᠭᠡ ᠶᠢ | ᠵᠠᠶᠢᠯᠠᠰᠢ ᠦᠬᠡᠢ ᠪᠤᠢ ᠪᠤᠯᠭᠠᠵᠦ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ᠂ ᠭᠤᠷᠪᠠᠳᠤᠭᠠᠷ ᠠᠵᠦ ᠦᠢᠯᠡᠰ | ᠂ ᠰᠢᠶᠠᠨ ᠤ ᠬᠡᠪᠴᠢᠶ᠎ᠡ ᠶᠢᠨ ᠠᠵᠦ ᠠᠬᠤᠢ᠂ ᠠᠷᠠᠳ ᠠᠴᠠ ᠡᠷᠬᠢᠯᠡᠭᠰᠡᠨ ᠬᠤᠪᠢ ᠶᠢᠨ ᠠᠵᠦ ᠠᠬᠤᠢ ᠨᠢ ᠰᠢᠨ᠎ᠡ | ᠠᠵᠦ ᠠᠬᠤᠢ ᠶᠢᠨ ᠨᠡᠮᠡᠭᠳᠡᠯ ᠤᠨ ᠴᠢᠭ᠋ ᠪᠤᠯᠬᠤ ᠪᠤᠯᠤᠨ᠎ᠠ᠃ ᠡᠨᠡ ᠨᠢ ᠪᠢᠳᠡᠨ ᠳᠤ ᠠᠵᠢᠯ ᠤᠯᠭᠤᠬᠤ ᠶᠢ | ᠠᠬᠢᠭᠤᠯᠬᠤ ᠶᠠᠪᠤᠴᠠ ᠳᠤ ᠭᠠᠵᠠᠷ ᠤᠷᠤᠨ ᠤ ᠪᠠᠶᠢᠳᠠᠯ ᠳᠤ ᠲᠤᠬᠢᠷᠠᠭᠤᠯᠤᠨ᠂ ᠪᠤᠳᠠᠲᠠᠢ ᠪᠠᠶᠢᠳᠠᠯ ᠲᠠᠢ | ᠤᠶᠠᠯᠳᠤᠭᠤᠯᠵᠦ᠂ ᠰᠢᠨ᠎ᠡ ᠶᠢ ᠡᠭᠦᠳᠤᠨ ᠨᠡᠭᠡᠭᠡᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠡᠷᠢᠵᠦ᠂ | ᠪᠤᠶᠢᠵᠢᠭᠤᠯᠬᠤ ᠪᠠ ᠪᠠᠶᠢᠭᠤᠯᠤᠭᠠᠳ᠂ ᠡᠭᠦᠨ ᠪᠠᠷ ᠳᠠᠮᠵᠢᠨ ᠠᠵᠢᠯ ᠤᠯᠭᠤᠬᠤ ᠤᠷᠤᠨ ᠪᠠᠶᠢᠷᠢ ᠡᠷᠢᠨ ᠤᠯᠵᠦ᠂ | ᠠᠵᠢᠯ ᠤᠯᠭᠤᠬᠤ ᠤᠷᠤᠨ ᠵᠠᠢ ᠶᠢ ᠦᠷᠭᠡᠳᠬᠡᠵᠦ᠂ ᠨᠡᠩ ᠤᠯᠠᠨ ᠨᠦᠭᠦᠴᠡᠯ ᠢ ᠪᠦᠷᠢᠳᠤᠭᠦᠯᠵᠦ᠂ ᠭᠦᠢᠴᠡᠳ | ᠠᠵᠢᠯ ᠤᠯᠭᠤᠬᠤ ᠶᠢ ᠪᠡᠶᠡᠯᠡᠬᠦᠯᠬᠦ ᠶᠢ ᠠᠬᠢᠭᠤᠯᠬᠤ ᠶᠢ ᠱᠠᠭᠠᠷᠳᠠᠵᠦ ᠪᠠᠶᠢᠨ᠎ᠠ᠃ ᠭᠤᠷᠪᠠ ᠳᠤ ᠭᠤᠤᠯᠳᠠᠯᠭ᠎ᠠ ᠲᠠᠢ | ᠪᠦᠯᠦᠭᠯᠡᠯ ᠳᠤ ᠠᠵᠢᠯ ᠤᠯᠭᠤᠬᠤ ᠡᠭᠦᠷᠭᠡ ᠬᠦᠨᠳᠤᠷᠡᠵᠦ᠂ ᠡᠭᠦᠷᠬᠡ ᠳᠠᠷᠤᠯᠳᠠ ᠦᠷᠬᠦᠯᠵᠢᠯᠡᠨ ᠶᠡᠭᠡᠰᠴᠤ ᠪᠠᠶᠢᠨ᠎ᠠ | ᠃ ᠡᠭᠦᠨ ᠳᠤ ᠭᠤᠤᠯ ᠨᠢ ᠭᠤᠷᠪᠠᠨ ᠲᠤᠮᠤ ᠪᠦᠯᠦᠭᠯᠡᠯ ᠤᠨ ᠠᠰᠠᠭᠤᠳᠠᠯ ᠪᠤᠢ᠂ ᠨᠢᠭᠡ ᠳᠤ ᠶᠡᠭᠡ ᠰᠤᠷᠭᠠᠭᠤᠯᠢ | ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠴᠢᠳ ᠢᠶᠠᠷ ᠭᠤᠤᠯᠳᠠᠭᠤᠯᠤᠭᠰᠠᠨ | ᠵᠠᠯᠠᠭᠤᠴᠤᠳ ᠲᠤ ᠠᠵᠢᠯ ᠤᠯᠭᠤᠬᠤ ᠠᠰᠠᠭᠤᠳᠠᠯ᠂ ᠬᠤᠶᠠᠷ ᠲᠤ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ | ᠤᠯᠭᠤᠬᠤ ᠠᠰᠠᠭᠤᠳᠠᠯ᠂ ᠭᠤᠷᠪᠠ ᠳᠤ ᠠᠵᠢᠯ ᠤᠯᠬᠤ ᠳᠤ ᠬᠦᠴᠢᠷᠲᠠᠢ ᠪᠠᠶᠢᠭ᠎ᠠ ᠪᠦᠯᠦᠭᠯᠡᠯ ᠳᠤ ᠠᠵᠢᠯ ᠤᠯᠭᠤᠬᠤ | ᠠᠰᠠᠭᠤᠳᠠᠯ ᠪᠤᠯᠤᠨ᠎ᠠ᠃ ᠬᠢᠷᠬᠢᠨ ᠪᠦᠳᠤᠮᠵᠢᠲᠠᠢ ᠪᠠᠷ ᠠᠵᠢᠯ ᠤᠯᠭᠤᠬᠤ ᠬᠡᠪᠴᠢᠶ᠎ᠡ ᠶᠢ ᠦᠷᠬᠡᠳᠭᠡᠬᠦ᠂ ᠠᠵᠢᠯ | ᠤᠯᠭᠤᠬᠤ ᠠᠷᠭ᠎ᠠ ᠵᠠᠮ ᠢ ᠰᠢᠯᠤᠭᠤᠳᠬᠠᠬᠤ᠂ ᠰᠢᠨ᠎ᠡ ᠶᠢ ᠡᠭᠦᠳᠤᠨ ᠠᠵᠢᠯ ᠤᠯᠭᠤᠬᠤ ᠳᠤ ᠦᠢᠯᠡᠴᠢᠯᠡᠵᠦ᠂ ᠡᠳᠡᠭᠡᠷ | ᠭᠤᠤᠯᠳᠠᠯᠭ᠎ᠠ ᠲᠠᠢ ᠪᠦᠯᠦᠭᠯᠡᠯ ᠳᠤ ᠭᠦᠢᠴᠡᠳ ᠠᠵᠢᠯ ᠤᠯᠭᠤᠬᠤ ᠶᠢ ᠠᠬᠢᠭᠤᠯᠵᠦ ᠂ ᠲᠤᠭᠳᠠᠭᠤᠨ ᠠᠵᠢᠯ | ᠤᠯᠭᠤᠬᠤ ᠪᠤᠯ ᠮᠠᠨ ᠤ ᠡᠮᠤᠨ᠎ᠡ ᠲᠠᠯᠪᠢᠭᠳᠠᠵᠦ ᠪᠠᠶᠢᠭ᠎ᠠ ᠴᠢᠬᠤᠯᠠ ᠡᠭᠦᠷᠬᠡ ᠮᠦᠨ᠃ | ᠬᠡᠯᠡᠯᠭᠡᠨ ᠦᠬᠡᠢ᠂ ᠰᠢᠨ᠎ᠡ ᠬᠦᠴᠢᠷᠳᠠᠯ ᠪᠠ ᠠᠰᠠᠭᠤᠳᠠᠯ ᠳᠤ ᠬᠠᠨᠳᠤᠭᠤᠯᠵᠦ᠂ ᠪᠢᠳᠡ ᠪᠠᠰᠠ | ᠠᠵᠦ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠨᠢ ᠴᠤ ᠰᠢᠨ᠎ᠡ ᠠᠵᠦ ᠦᠢᠯᠡᠰ ᠪᠤᠯᠤᠨ ᠰᠢᠨ᠎ᠡ | ᠬᠡᠷᠡᠭᠴᠡᠭᠡ ᠶᠢ ᠵᠠᠶᠢᠯᠠᠰᠢ ᠦᠬᠡᠢ ᠪᠤᠢ ᠪᠤᠯᠭᠠᠵᠦ᠂ ᠢᠯᠠᠩᠭᠤᠶ᠎ᠠ ᠮᠠᠨ ᠤ ᠤᠷᠤᠨ ᠤ ᠦᠢᠯᠡᠴᠢᠯᠡᠭᠡᠨ ᠤ ᠬᠡᠪᠴᠢᠶ᠎ᠡ | ᠪᠠᠭ᠎ᠠ᠂ ᠲᠡᠰ ᠲᠠᠪᠬᠤᠷᠭ᠎ᠠ ᠳᠤᠤᠷ᠎ᠠ ᠪᠠᠶᠢᠵᠦ᠂ ᠬᠦᠭᠵᠢᠯᠳᠡ ᠶᠢᠨ ᠤᠷᠤᠨ ᠵᠠᠢ ᠴᠤ ᠮᠠᠰᠢ ᠶᠡᠭᠡ ᠪᠠᠶᠢᠬᠤ ᠪᠤᠯᠬᠤᠷ | ᠰᠤᠶᠤᠯ ᠤᠨ ᠵᠢᠭᠤᠯᠴᠢᠯᠠᠯ᠂ ᠨᠠᠰᠤᠳᠠᠨ ᠤ ᠡᠷᠡᠭᠦᠯ ᠮᠡᠨᠳᠤ ᠶᠢᠨ ᠠᠰᠠᠷᠠᠯ᠂ ᠪᠠᠶ᠎ᠡ ᠶᠢᠨ ᠲᠠᠮᠢᠷ ᠤᠨ | ᠴᠢᠬᠢᠷᠠᠭᠵᠢᠭᠤᠯᠤᠯ᠂ ᠡᠯᠧᠺᠲᠷᠤᠨ ᠬᠤᠳᠠᠯᠳᠤᠭ᠎ᠠ ᠶᠢᠨ ᠶᠠᠪᠤᠳᠠᠯ ᠵᠡᠷᠬᠡ ᠠᠵᠦ ᠦᠢᠯᠡᠰ ᠨᠢ ᠠᠵᠦ ᠠᠬᠤᠢ ᠶᠢᠨ | ᠨᠡᠮᠡᠭᠳᠡᠯ ᠤᠨ ᠰᠢᠨ᠎ᠡ ᠴᠢᠭ᠋ ᠪᠤᠯᠵᠦ᠂ ᠮᠦᠨᠴᠤ ᠠᠵᠢᠯ ᠤᠯᠭᠤᠯᠳᠠ ᠶᠢ ᠦᠷᠭᠡᠳᠬᠡᠬᠦ ᠳᠤ ᠨᠡᠩ ᠶᠡᠭᠡ ᠤᠷᠤᠨ ᠵᠠᠢ | ᠤᠯᠭᠤᠨ ᠦᠭᠬᠦ ᠪᠤᠯᠤᠨ᠎ᠠ ᠬᠡᠳᠡᠭ ᠢ ᠤᠯᠵᠦ ᠬᠠᠷᠠᠯ᠎ᠠ᠃ ᠢᠢᠮᠤ ᠠᠴᠠ ᠪᠢᠳᠠ ᠡᠳᠡᠭᠡᠷ ᠠᠰᠢᠭᠲᠠᠢ ᠲᠤᠬᠢᠶᠠᠯ ᠢ | ᠵᠠᠪᠳᠤᠵᠦ᠂ ᠠᠵᠦ ᠠᠬᠤᠢ ᠶᠢᠨ ᠪᠦᠳᠤᠴᠡ ᠶᠢ ᠲᠤᠬᠢᠷᠠᠭᠤᠯᠬᠤ᠂ ᠠᠵᠦ ᠦᠢᠯᠠᠰ ᠤᠨ ᠬᠡᠯᠪᠡᠷᠢ ᠶᠢ ᠬᠤᠪᠢᠷᠠᠭᠤᠯᠤᠨ | ᠲᠡᠰ ᠦᠰᠭᠡᠬᠦ ᠳᠤ ᠬᠦᠮᠤᠨ ᠤ ᠬᠦᠴᠤᠨ ᠤ ᠡᠬᠢ ᠪᠠᠶᠠᠯᠢᠭ ᠤᠨ ᠮᠡᠳᠡᠯᠭᠡ ᠪᠤᠯᠪᠡᠰᠤᠷᠠᠯ ᠢ ᠲᠡᠭᠡᠭᠰᠢᠯᠡᠬᠦᠯᠬᠦ | ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠲᠤᠬᠢᠷᠠᠯᠴᠠᠵᠦ᠂ ᠪᠦᠳᠤᠴᠡ ᠶᠢᠨ ᠴᠢᠨᠠᠷᠲᠠᠢ ᠠᠵᠢᠯ ᠠᠯᠳᠠᠬᠤ | ᠲᠦᠭᠰᠢᠭᠦᠷᠢ ᠶᠢ ᠡᠵᠡᠮᠳᠡᠬᠦ ᠪᠠ ᠠᠷᠢᠯᠭᠠᠵᠦ᠂ ᠰᠢᠨ᠎ᠡ ᠪᠠᠷ ᠮᠠᠨᠳᠤᠭᠰᠠᠨ ᠠᠵᠦ ᠦᠢᠯᠡᠰ᠂ ᠳᠡᠭᠡᠳᠤ ᠰᠢᠨ᠎ᠡ ᠮᠡᠷᠭᠡᠵᠢᠯ | ᠤᠨ ᠠᠵᠦ ᠦᠢᠯᠡᠰ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠵᠢᠴᠢ ᠰᠢᠨ᠎ᠡ ᠪᠠᠶᠢᠳᠠᠯ ᠲᠦᠯᠦᠪ ᠤᠨ | ᠬᠦᠭᠵᠢᠯᠳᠡ ᠪᠠᠷ ᠳᠠᠮᠵᠢᠭᠤᠯᠤᠨ᠂ ᠨᠡᠩ ᠪᠦᠷᠢᠨ ᠭᠦᠢᠴᠡᠳ ᠪᠦᠬᠡᠳ ᠦᠨᠳᠤᠷ ᠴᠢᠨᠰᠠᠭ᠎ᠠ ᠪᠦᠬᠦᠢ ᠠᠵᠢᠯ | ᠤᠯᠭᠤᠯᠳᠠ ᠶᠢ ᠪᠡᠶᠡᠯᠡᠬᠦᠯᠬᠦ ᠶᠢ ᠠᠬᠢᠭᠤᠯᠬᠤ ᠬᠡᠷᠡᠭᠲᠠᠢ ᠪᠠᠶᠢᠨ᠎ᠠ᠃ | ﹇ᠬᠦᠳᠤᠯᠦᠭᠴᠢ﹈ ᠡᠳᠡᠭᠡᠷ ᠬᠦᠴᠢᠷᠳᠡᠯ ᠪᠠ ᠦᠷᠢᠰᠤᠯᠳᠤᠭᠡᠨ ᠳᠤ ᠬᠠᠨᠳᠤᠭᠤᠯᠵᠦ᠂ ᠡᠨᠡ ᠵᠢᠯ | ᠵᠠᠰᠠᠭ ᠤᠨ ᠤᠷᠳᠤᠨ ᠠᠴᠠ ᠠᠵᠢᠯ ᠤᠯᠭᠤᠯᠳᠠ ᠶᠢ ᠠᠬᠢᠭᠤᠯᠬᠤ ᠲᠠᠯ᠎ᠠ ᠪᠠᠷ ᠶᠠᠮᠡᠷ ᠠᠵᠢᠯ ᠤᠨ ᠬᠠᠷᠠᠯᠳᠠ ᠤᠳ ᠢ | ᠲᠤᠭᠳᠠᠭᠠᠭᠰᠠᠨ ᠪᠤᠢ︖ | ﹇ᠸᠠᠩ ᠶᠢᠤ ᠬᠤᠩ﹈ ᠡᠩ ᠲᠡᠷᠢᠬᠦᠨ ᠳᠤ ᠲᠠ ᠪᠦᠬᠦᠨ ᠳᠤ ᠮᠠᠨ ᠤ ᠡᠨᠡ ᠵᠢᠯ ᠤᠨ ᠠᠵᠢᠯ | ᠤᠨ ᠬᠠᠷᠠᠯᠳᠠ ᠪᠠᠨ ᠲᠠᠨᠢᠯᠴᠠᠭᠤᠯᠤᠶ᠎ᠠ᠃ ᠡᠨᠡ ᠵᠢᠯ᠂ ᠪᠦᠬᠦ ᠤᠷᠤᠨ ᠤ ᠬᠤᠳᠠ ᠪᠠᠯᠭᠠᠰᠤ ᠶᠢᠨ ᠠᠵᠢᠯ | ᠤᠯᠭᠤᠯᠳᠠ ᠳᠤ 25 ᠲᠦᠮᠡᠨ ᠬᠦᠮᠤᠨ ᠠᠴᠠ ᠳᠡᠭᠡᠭᠰᠢ ᠰᠢᠨ᠎ᠡ ᠪᠠᠷ ᠨᠡᠮᠡᠭᠳᠡᠬᠦᠯᠬᠦ ᠶᠢ ᠪᠠᠳᠤᠯᠠᠨ ᠪᠡᠶᠡᠯᠡᠬᠦᠯᠵᠦ᠂26 | ᠲᠦᠮᠡ ᠳᠤ ᠬᠦᠷᠤᠬᠦᠯᠬᠦ ᠪᠠᠷ ᠴᠢᠷᠮᠠᠶᠢᠵᠦ᠂ ᠬᠤᠳᠠ ᠪᠠᠯᠭᠠᠰᠤ ᠶᠢᠨ ᠪᠦᠷᠢᠳᠭᠡᠯᠭᠡᠬᠦ ᠠᠵᠢᠯ ᠠᠯᠳᠠᠭᠰᠠᠳ ᠤᠨ | ᠨᠤᠷᠮ᠎ᠠ ᠶᠢ 4.0% ᠤᠨ ᠳᠤᠳᠤᠷ᠎ᠠ ᠬᠢᠵᠠᠭᠠᠷᠯᠠᠨ᠎ᠠ︔ ᠠᠵᠢᠯ ᠠᠯᠳᠠᠭᠰᠠᠳ ᠤᠨ5 ᠲᠦᠮᠡᠨ ᠬᠦᠮᠤᠨ ᠳᠤ ᠳᠠᠬᠢᠨ | ᠠᠵᠢᠯ ᠤᠯᠭᠤᠵᠦ᠂ ᠠᠵᠢᠯ ᠤᠯᠬᠤ ᠳᠤ ᠬᠦᠴᠢᠷᠲᠠᠢ ᠪᠠᠶᠢᠭ᠎ᠠ ᠬᠦᠮᠤᠰ ᠤᠨ 6 ᠲᠦᠮᠡᠨ ᠬᠦᠮᠤᠨ ᠳᠤ ᠠᠵᠢᠯ | ᠤᠯᠭᠤᠬᠤ ᠶᠢ ᠪᠡᠶᠡᠯᠡᠬᠦᠯᠦᠨ᠎ᠡ᠃ ᠬᠤᠳᠠ ᠪᠠᠯᠭᠠᠰᠤ ᠶᠢᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠳᠤ13 | ᠲᠦᠮᠡᠨ ᠬᠦᠮᠤᠨ ᠪᠤᠯᠪᠠᠰᠤᠷᠠᠭᠤᠯᠵᠦ᠂ ᠪᠤᠯᠪᠠᠰᠤᠷᠠᠭᠤᠯᠤᠭᠰᠠᠨ ᠤ ᠰᠡᠭᠦᠯᠡᠷ11 ᠲᠦᠮᠡᠨ ᠬᠦᠮᠤᠨ ᠳᠤ ᠠᠵᠢᠯ | ᠤᠯᠭᠤᠬᠤ ᠶᠢ ᠪᠡᠶᠡᠯᠡᠬᠦᠯᠦᠨ᠎ᠡ︔ ᠲᠠᠷᠢᠶᠠᠴᠢᠨ ᠮᠠᠯᠴᠢᠨ ᠢ ᠰᠢᠯᠵᠢᠬᠦᠯᠬᠦ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ | ᠳᠤ13 ᠲᠦᠮᠡᠨ ᠬᠦᠮᠤᠨ ᠪᠤᠯᠪᠠᠰᠤᠷᠠᠭᠤᠯᠤᠨ᠎ᠠ᠃ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠳᠤ 5 ᠲᠦᠮᠡᠨ | ᠬᠦᠮᠤᠨ ᠪᠤᠯᠪᠠᠰᠤᠷᠠᠭᠤᠯᠵᠦ᠂ ᠪᠤᠯᠪᠠᠰᠤᠷᠠᠭᠤᠯᠤᠭᠰᠠᠨ ᠤ ᠰᠡᠭᠦᠯᠡᠷ4 ᠲᠦᠮᠡᠨ ᠬᠦᠮᠤᠨ ᠢᠶᠠᠷ ᠠᠮᠵᠢᠯᠳᠠ ᠪᠠᠷ ᠠᠳᠠᠯ | ᠦᠢᠯᠡᠰ ᠪᠤᠰᠬᠠᠯᠭᠠᠵᠦ᠂ ᠡᠭᠦᠳᠤᠨ ᠪᠠᠶᠢᠭᠤᠯᠤᠭᠰᠠᠨ ᠠᠳᠠᠯ ᠦᠢᠯᠡᠰ ᠲᠤ13 ᠲᠦᠮᠡ ᠠᠴᠠ ᠳᠡᠭᠡᠭᠰᠢᠬᠢ ᠬᠦᠮᠤᠨ | ᠳᠤ ᠠᠵᠢᠯ ᠤᠯᠭᠤᠨ᠎ᠠ︔23 ᠳ᠋ᠦᠩᠰᠢᠭᠤᠷ ᠲᠦᠭᠦᠷᠢᠭ ᠤᠨ ᠪᠠᠭ᠎ᠠ ᠲᠤᠭᠠᠨ ᠤ ᠪᠠᠳᠤᠯᠠᠭ᠎ᠠ ᠶᠢᠨ ᠵᠢᠭᠡᠯᠡᠯᠬᠡ | ᠳᠠᠯᠪᠢᠨ᠎ᠠ᠃ ᠲᠠᠷᠢᠶᠠᠯᠠᠬᠤ ᠮᠠᠯᠵᠢᠬᠤ ᠤᠷᠤᠨ ᠤ ᠬᠦᠳᠡᠯᠮᠤᠷᠢ ᠶᠢᠨ ᠬᠦᠴᠤᠨ ᠢ ᠰᠢᠯᠵᠢᠭᠦᠯᠤᠨ 245 ᠬᠦᠮᠤᠨ ᠳᠤ | ᠠᠵᠢᠯ ᠤᠯᠭᠤᠵᠦ᠂ ᠡᠭᠦᠨ ᠳᠤ 6 ᠰᠠᠷ᠎ᠠ ᠠᠴᠠ ᠳᠡᠭᠡᠭᠰᠢ ᠠᠵᠢᠯ ᠤᠯᠭᠤᠨ ᠰᠢᠯᠵᠢᠬᠦᠯᠬᠦ ᠬᠦᠮᠤᠨ ᠢ 200 ᠲᠦᠮᠡ | ᠠᠴᠠ ᠳᠡᠭᠡᠭᠰᠢ ᠳᠤ ᠬᠦᠷᠤᠬᠦᠯᠦᠨᠡ︔ ᠠᠵᠢᠯ ᠠᠯᠳᠠᠭᠰᠠᠳ ᠤᠨ ᠳᠠᠭᠠᠳᠬᠠᠯ ᠳᠤ 237 ᠲᠦᠮᠡᠨ ᠬᠦᠮᠤᠨ ᠢ | ᠤᠷᠤᠯᠴᠠᠭᠤᠯᠵᠦ᠂ ᠪᠦᠬᠦᠨ ᠢ ᠦᠨᠡᠨ ᠨᠡᠷ᠎ᠡ ᠶᠢᠨ ᠲᠦᠷᠢᠮ ᠢᠶᠠᠷ ᠬᠠᠮᠢᠶᠠᠷᠤᠨ᠎ᠠ︔ ᠠᠵᠢᠯ ᠠᠯᠳᠠᠭᠰᠠᠳ ᠤᠨ | ᠳᠠᠭᠠᠳᠬᠠᠯ ᠤᠨ ᠵᠠᠷᠤᠳᠠᠯ ᠢ18 ᠳ᠋ᠦᠩᠰᠢᠭᠤᠷ ᠲᠦᠭᠦᠷᠢᠭ ᠳᠠᠳᠠᠪᠤᠷᠢᠯᠠᠨ ᠲᠤᠰᠢᠶᠠᠨ᠎ᠠ᠃ | ﹇ᠬᠦᠳᠤᠯᠦᠭᠴᠢ﹈ ᠡᠳᠡᠭᠡᠷ ᠬᠠᠷᠠᠯᠳᠠᠳᠤ ᠡᠭᠦᠷᠭᠡ ᠶᠢ ᠪᠠᠳᠤᠯᠠᠨ ᠪᠡᠶᠡᠯᠡᠬᠦᠯᠬᠦ ᠳᠤ ᠬᠦᠴᠤᠨ | ᠳᠡᠭᠦᠯᠳᠡᠷ ᠲᠦᠷᠦ ᠶᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠠᠴᠠ ᠯᠠᠪᠲᠠᠢ ᠰᠠᠯᠵᠦ ᠴᠢᠳᠠᠬᠤ ᠦᠬᠡᠢ ᠪᠠᠶᠢᠬ᠎ᠠ᠂ | ᠳᠡᠭᠡᠪᠡᠯ ᠡᠨᠡ ᠵᠢᠯ ᠠᠵᠢᠯ ᠤᠯᠭᠤᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖ | ﹇ᠸᠠᠩ ᠶᠢᠤ ᠬᠤᠩ﹈ ᠲᠦᠭᠦᠮᠴᠢᠯᠡᠭᠡᠳ ᠬᠡᠯᠡᠪᠡᠯ᠄ ᠨᠢᠭᠡ ᠭᠤᠤᠯ ᠰᠤᠭᠤᠮ ᠢ ᠪᠠᠳᠤ | ᠡᠵᠡᠮᠰᠢᠵᠦ᠂ ᠵᠢᠷᠭᠤᠭᠠᠨ ᠭᠤᠤᠯᠳᠠᠯᠭ᠎ᠠ ᠲᠠᠢ ᠠᠵᠢᠯ ᠢ ᠠᠳᠬᠤᠵᠦ᠂ ᠭᠤᠷᠪᠠᠨ ᠲᠠᠯ᠎ᠠ ᠶᠢᠨ ᠠᠵᠢᠯ ᠤᠨ | ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠪᠤᠳᠠᠲᠠᠢ ᠪᠠᠷ ᠬᠡᠯᠡᠪᠡᠯ᠄ ᠠᠵᠢᠯ ᠤᠯᠭᠤᠬᠤ ᠢᠳᠡᠪᠬᠢᠲᠠᠢ ᠲᠦᠷᠦ ᠶᠢᠨ | ᠪᠤᠳᠤᠯᠭ᠎ᠠ ᠶᠢ ᠳᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠵᠦ᠂ ᠠᠳᠠᠯ ᠦᠢᠯᠡᠰ ᠪᠤᠰᠬᠠᠨ ᠠᠵᠢᠯ ᠤᠯᠭᠤᠬᠤ | ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠦ᠂ ᠠᠵᠢᠯ ᠤᠯᠭᠤᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ | ᠤ ᠲᠦᠯᠦᠪᠯᠡᠭᠡ ᠪᠠᠷ ᠭᠤᠤᠯ ᠱᠤᠭᠤᠮ ᠪᠤᠯᠭᠠᠵᠦ᠂ ᠠᠵᠢᠯ ᠢᠶᠠᠨ ᠨᠢᠭᠡᠳᠤᠯᠲᠠᠢ ᠲᠦᠯᠦᠪᠵᠢᠭᠦᠯᠦᠨ ᠪᠠᠶᠢᠷᠢᠯᠠᠭᠤᠯᠵᠦ᠂ | ᠡᠯ᠎ᠡ ᠵᠦᠢᠯ ᠤᠨ ᠬᠠᠷᠠᠯᠳᠠᠳᠤ ᠡᠭᠦᠷᠬᠡ ᠶᠢ ᠳᠡᠷᠡ ᠶᠤᠰᠤᠭᠠᠷ ᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠠᠳᠠᠯ ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ᠂ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠳᠤ | ᠳᠡᠭᠦᠰ ᠳᠡᠮᠳᠡᠭ | ᠵᠢᠷᠤᠨ᠎ᠠ ᠃ | ᠰᠡᠳᠬᠢᠯ ᠰᠠᠨᠠᠭ᠎ᠠ ᠬᠦᠴᠤᠨ ᠴᠢᠳᠠᠯ ᠢᠶᠠᠨ ᠨᠢᠭᠡᠳᠭᠡᠵᠦ ᠵᠢᠷᠭᠤᠭᠠᠨ ᠵᠦᠢᠯ ᠤᠨ ᠭᠤᠤᠯᠳᠠᠯᠭ᠎ᠠ | ᠲᠠᠢ ᠠᠵᠢᠯ ᠢ ᠰᠠᠶᠢᠳᠤᠷ ᠠᠳᠬᠤᠨ᠎ᠠ᠃ ᠨᠢᠭᠡ ᠳᠤ ᠬᠤᠳᠠ ᠬᠦᠳᠡᠭᠡ ᠶᠢ ᠨᠢᠭᠡᠳᠤᠯᠲᠠᠢ ᠲᠦᠯᠦᠪᠯᠡᠵᠦ ᠠᠷᠭ᠎ᠠ | ᠪᠦᠬᠦᠨ ᠢ ᠰᠦᠪᠡᠭᠴᠢᠯᠡᠨ ᠠᠵᠢᠯ ᠤᠯᠭᠤᠬᠤ ᠶᠢ ᠦᠷᠭᠡᠳᠬᠡᠨ᠎ᠡ᠃ ᠬᠤᠶᠡᠷ ᠲᠤ ᠠᠵᠢᠯ ᠮᠡᠷᠭᠡᠵᠢᠯ ᠤᠨ ᠮᠡᠷᠭᠡᠵᠢᠯ | ᠴᠢᠳᠠᠪᠤᠷᠢ ᠶᠢᠨ ᠪᠤᠯᠪᠠᠰᠤᠷᠠᠭᠤᠯᠤᠯ ᠢ ᠴᠢᠩᠭᠠᠳᠬᠠᠵᠦ᠂ ᠠᠵᠢᠯ ᠤᠯᠭᠤᠯᠳᠠ ᠶᠢᠨ ᠪᠦᠳᠤᠴᠡ ᠶᠢᠨ ᠴᠢᠨᠠᠷᠲᠠᠢ | ᠵᠦᠷᠢᠴᠡᠯ ᠢ ᠰᠢᠢᠳᠪᠤᠷᠢᠯᠡᠨ᠎ᠡ᠃ ᠭᠤᠷᠪᠠ ᠳᠤ ᠦᠢ ᠤᠯᠠᠨ ᠠᠳᠠᠯ ᠦᠢᠯᠡᠰ ᠪᠤᠰᠬᠠᠬᠤ ᠶᠢ ᠪᠦᠬᠦ ᠲᠠᠯ᠎ᠠ ᠪᠠᠷ | ᠠᠬᠢᠭᠤᠯᠵᠦ᠂ ᠠᠳᠠᠯ ᠦᠢᠯᠡᠰ ᠤᠨ ᠪᠤᠰᠬᠠᠯᠳᠠ ᠪᠠᠷ ᠠᠵᠢᠯ ᠤᠯᠤᠭᠤᠬᠤ ᠶᠢ ᠳᠠᠶᠢᠴᠢᠯᠠᠬᠤ ᠶᠢ ᠠᠬᠢᠭᠤᠯᠤᠨ᠎ᠠ᠃ | ᠳᠦᠷᠪᠡ ᠳᠤ ᠠᠵᠢᠯ ᠤᠯᠭᠤᠬᠤ ᠲᠤᠰᠠᠯᠠᠮᠵᠢ ᠶᠢᠨ ᠠᠵᠢᠯ ᠢ ᠤᠯᠠᠮ ᠴᠢᠩᠭᠠᠳᠬᠠᠵᠦ᠂ ᠬᠦᠴᠢᠷᠳᠡᠯ ᠲᠠᠢ ᠪᠦᠯᠦᠭᠯᠡᠯ | ᠳᠤ ᠲᠤᠭᠳᠠᠭᠤᠨ ᠠᠵᠢᠯ ᠤᠯᠤᠭᠤᠬᠤ ᠶᠢ ᠠᠬᠢᠭᠤᠯᠤᠨ᠎ᠠ᠃ ᠳᠠᠪᠤ ᠳᠤ ᠦᠢᠯᠡᠴᠢᠯᠡᠭᠡᠨ ᠤ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠠᠵᠢᠯ ᠤᠯᠭᠤᠯᠳᠠ ᠶᠢᠨ ᠦᠨᠡᠨ ᠨᠡᠷ᠎ᠡ ᠶᠢᠨ ᠲᠦᠷᠢᠮ ᠢᠶᠠᠷ ᠬᠠᠮᠢᠶᠠᠷᠬᠤ ᠶᠢ | ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠵᠢᠷᠭᠤᠭ᠎ᠠ ᠳᠤ ᠠᠵᠢᠯ ᠤᠯᠭᠤᠬᠤ ᠠᠵᠢᠯ ᠠᠯᠳᠠᠬᠤ ᠮᠡᠳᠡᠭᠡ ᠵᠠᠩᠬᠢ ᠶᠢᠨ | ᠬᠢᠨᠠᠨ ᠬᠡᠮᠵᠢᠯᠳᠡ ᠶᠢ ᠴᠢᠩᠭᠠᠷᠠᠭᠤᠯᠵᠦ᠂ ᠠᠵᠢᠯ ᠤᠯᠭᠤᠬᠤ ᠪᠠᠶᠢᠳᠠᠯ ᠢ ᠦᠨᠳᠤᠰᠤᠨ ᠳᠡᠭᠡᠨ ᠲᠤᠭᠳᠠᠭᠤᠨ | ᠪᠠᠶᠢᠯᠭᠠᠨ᠎ᠠ᠃ | ᠵᠢᠷᠭᠤᠭᠠᠨ ᠵᠦᠢᠯ ᠤᠨ ᠭᠤᠤᠯᠳᠠᠯᠭ᠎ᠠ ᠲᠠᠢ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠶᠢ | ᠪᠠᠳᠤᠯᠠᠬᠤ ᠶᠢᠨ ᠲᠤᠰᠠᠳᠠ᠂ ᠭᠤᠷᠪᠠᠨ ᠲᠠᠯ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭᠠᠷᠠᠭᠤᠯᠤᠨ᠎ᠠ᠃ ᠨᠢᠭᠡ ᠳᠤ | ᠬᠠᠷᠢᠭᠤᠴᠠᠯᠭᠠᠳᠤ ᠤᠬᠠᠮᠰᠠᠷ ᠢ ᠳᠡᠭᠡᠭᠰᠢᠯᠡᠬᠦᠯᠵᠦ᠂ ᠵᠤᠷᠢᠭᠲᠠᠢ ᠪᠠᠷ ᠬᠠᠷᠢᠭᠤᠴᠠᠬᠤ ᠪᠤᠯᠭᠠᠨ᠎ᠠ᠃ ᠬᠤᠶᠠᠷ ᠲᠤ | ᠦᠨᠳᠤᠰᠤᠨ ᠱᠠᠳᠤᠨ ᠤ ᠰᠠᠭᠤᠷᠢ ᠠᠵᠢᠯ ᠢ ᠴᠢᠩᠭᠠᠷᠠᠭᠤᠯᠵᠦ᠂ ᠬᠦᠴᠤᠲᠠᠢ ᠠᠳᠬᠤᠨ ᠨᠠᠶᠢᠳᠠᠪᠤᠷᠢᠵᠢᠭᠤᠯᠤᠨ᠎ᠠ᠃ | ᠭᠤᠷᠪᠠ ᠳᠤ ᠰᠢᠮᠳᠠᠭᠤᠯᠤᠨ ᠪᠠᠶᠢᠴᠠᠭᠠᠵᠦ ᠲᠤᠬᠢᠷᠠᠭᠤᠯᠬᠤ ᠶᠢ ᠴᠢᠩᠭᠠᠷᠠᠭᠤᠯᠵᠦ᠂ ᠪᠦᠬᠦ ᠶᠠᠪᠤᠴᠠ ᠳᠤ ᠦᠷ᠎ᠡ | ᠪᠦᠳᠤᠮᠵᠢ ᠶᠢ ᠨᠢ ᠮᠦᠷᠳᠡᠨ ᠬᠡᠯᠡᠯᠴᠡᠨ᠎ᠠ᠃ | ﹇ᠬᠦᠳᠦᠯᠦᠭᠴᠢ﹈ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠡᠢ ᠲᠦᠯᠦᠪᠯᠡᠬᠦ | ᠪᠤᠯ ᠬᠤᠳᠠ ᠬᠦᠳᠡᠭᠡ ᠶᠢ ᠪᠦᠷᠭᠦᠭᠰᠡᠨ᠂ ᠲᠦᠷᠢᠮᠵᠢᠬᠦᠯᠦᠨ ᠨᠢᠭᠡᠳᠭᠡᠭᠰᠡᠨ ᠠᠵᠢᠯ ᠤᠯᠭᠤᠬᠤ ᠬᠠᠮᠢᠶᠠᠷᠤᠯᠳᠠ ᠶᠢᠨ | ᠦᠢᠯᠡᠴᠢᠯᠡᠭᠡᠨ ᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠠᠶᠢᠭᠤᠯᠵᠦ᠂ ᠬᠤᠳᠠ ᠬᠦᠳᠡᠭᠡ ᠶᠢᠨ ᠬᠦᠳᠡᠯᠮᠤᠷᠢ | ᠶᠢᠨ ᠬᠦᠴᠤᠨ ᠤ ᠡᠬᠢ ᠪᠠᠶᠠᠯᠢᠭ ᠪᠤᠯᠤᠨ ᠠᠵᠢᠯ ᠤᠯᠭᠤᠬᠤ ᠠᠵᠢᠯ ᠢ ᠨᠢᠭᠡᠳᠤᠯᠲᠠᠢ ᠬᠠᠮᠢᠶᠠᠷᠬᠤ ᠶᠠᠪᠤᠳᠠᠯ ᠪᠤᠯᠤᠨ᠎ᠠ᠃ | ᠡᠨᠡ ᠵᠢᠯ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠠᠢ ᠲᠦᠯᠦᠪᠯᠡᠬᠦ ᠲᠠᠯ᠎ᠠ ᠪᠠᠷ ᠠᠯᠢ ᠬᠡᠳᠤᠨ | ᠲᠠᠯ᠎ᠠ ᠶᠢᠨ ᠠᠵᠢᠯ ᠢ ᠲᠤᠪᠤᠶᠢᠯᠭᠠᠨ ᠰᠠᠶᠢᠳᠤᠷ ᠠᠳᠬᠤᠬᠤ ᠪᠤᠢ︖ | ﹇ᠸᠠᠩ ᠶᠢᠤ ᠬᠤᠩ﹈ ᠬᠤᠳᠠ ᠬᠦᠳᠡᠭᠡ ᠶᠢᠨ ᠠᠵᠢᠯ ᠤᠯᠭᠤᠯᠳᠠ ᠶᠢ ᠨᠢᠭᠡᠳᠤᠯᠲᠠᠢ | ᠲᠦᠯᠦᠪᠯᠡᠬᠦ ᠲᠠᠯ᠎ᠠ ᠪᠠᠷ ᠳᠠᠪᠤᠨ ᠵᠠᠩᠬᠢᠯᠠᠭ᠎ᠠ ᠶᠢ ᠲᠤᠪᠤᠶᠢᠯᠭᠠᠨ ᠰᠠᠶᠢᠳᠤᠷ ᠠᠳᠬᠤᠨ᠎ᠠ᠃ ᠨᠢᠭᠡ ᠳᠤ ᠭᠠᠵᠠᠷ ᠤᠷᠤᠨ | ᠤ ᠪᠠᠶᠢᠳᠠᠯ ᠳᠤ ᠲᠤᠬᠢᠷᠠᠭᠤᠯᠤᠨ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ ᠰᠦᠪᠡᠭᠴᠢᠯᠡᠨ ᠡᠷᠢᠨ᠎ᠠ᠃ ᠠᠵᠦ | ᠦᠢᠯᠡᠰ ᠤᠨ ᠬᠦᠭᠵᠢᠯᠳᠡ᠂ ᠰᠢᠶᠠᠨ ᠤ ᠬᠡᠪᠴᠢᠶ᠎ᠡ ᠶᠢᠨ ᠠᠵᠦ ᠠᠬᠤᠢ ᠶᠢᠨ ᠬᠦᠭᠵᠢᠯᠳᠡ ᠳᠤ ᠰᠠᠨᠠᠭᠠᠴᠢᠯᠠᠭ᠎ᠠ ᠠᠴᠠ | ᠪᠠᠨ ᠲᠤᠬᠢᠷᠠᠯᠴᠠᠵᠦ᠂ ᠠᠵᠢᠯ ᠤᠯᠭᠤᠬᠤ ᠨᠡᠩ ᠤᠯᠠᠨ ᠠᠵᠢᠯ ᠤᠨ ᠪᠠᠶᠢᠷᠢ ᠶᠢ ᠠᠭᠤᠳᠠᠯᠯᠠᠨ ᠤᠯᠵᠦ᠂ | ᠬᠦᠳᠡᠯᠮᠤᠷᠢᠯᠡᠭᠴᠢᠳ ᠲᠤ ᠭᠦᠢᠴᠡᠳ ᠠᠵᠢᠯ ᠤᠯᠭᠤᠬᠤ ᠶᠢ ᠠᠬᠢᠭᠤᠯᠤᠨ᠎ᠠ᠃ ᠠᠵᠦ ᠠᠬᠤᠢ ᠶᠢ ᠬᠦᠭᠵᠢᠭᠦᠯᠬᠦ | ᠬᠢᠭᠡᠳ ᠠᠵᠢᠯ ᠤᠯᠭᠤᠯᠳᠠ ᠶᠢ ᠠᠬᠢᠭᠤᠯᠬᠤ ᠬᠤᠯᠪᠤᠭᠠᠯᠠᠨ ᠬᠦᠳᠡᠯᠤᠯᠴᠡᠬᠦ ᠲᠤᠭᠳᠠᠴᠠ ᠶᠢ ᠤᠯᠠᠮ ᠪᠦᠷᠢᠨᠰᠢᠬᠦᠯᠦᠨ | ᠳᠡᠭᠦᠯᠳᠡᠷᠵᠢᠬᠦᠯᠵᠦ᠂ ᠳᠠᠪᠠᠭᠤᠯᠢᠭ ᠠᠵᠦ ᠦᠢᠯᠡᠰ ᠪᠤᠯᠤᠨ ᠲᠤᠮᠤ ᠴᠢᠬᠤᠯᠠ ᠲᠦᠷᠦᠯ ᠵᠦᠢᠯ ᠤᠨ ᠪᠦᠳᠤᠭᠡᠨ | ᠪᠠᠶᠢᠭᠤᠯᠤᠯᠳᠠ ᠳᠤ ᠲᠦᠰᠢᠭᠯᠡᠨ᠂ ᠠᠵᠢᠯ ᠤᠯᠭᠤᠬᠤ ᠤᠷᠤᠨ ᠪᠠᠶᠢᠷᠢ ᠶᠢ ᠢᠳᠡᠪᠬᠢᠲᠠᠢ ᠨᠡᠭᠡᠬᠡᠵᠦ᠂ ᠠᠵᠢᠯ | ᠤᠯᠭᠤᠬᠤ ᠬᠡᠮᠵᠢᠶ᠎ᠡ ᠶᠢ ᠦᠷᠭᠡᠳᠬᠡᠨ᠎ᠡ᠃ ᠬᠤᠶᠠᠷ ᠲᠤ ᠠᠵᠢᠯ ᠤᠨ ᠪᠠᠶᠢᠷᠢ ᠶᠢ ᠵᠤᠯᠭᠠᠭᠤᠯᠬᠤ ᠠᠷᠭ᠎ᠠ ᠬᠡᠮᠵᠢᠶ᠎ᠡ ᠶᠢ | ᠱᠠᠳᠤ ᠬᠤᠪᠢᠶᠠᠨ ᠨᠠᠶᠢᠳᠠᠪᠤᠷᠢᠵᠢᠭᠤᠯᠤᠨ᠎ᠠ᠃ ᠲᠤᠮᠤ ᠴᠢᠬᠤᠯᠠ ᠲᠦᠷᠦᠯ ᠵᠦᠢᠯ ᠤᠨ ᠠᠬᠢᠴᠠ ᠶᠢ ᠮᠦᠷᠳᠡᠨ ᠳᠠᠭᠠᠬᠤ | ᠠᠵᠢᠯ ᠤᠨ ᠲᠤᠭᠳᠠᠴᠠ ᠶᠢ ᠳᠡᠭᠦᠯᠳᠡᠷᠵᠢᠬᠦᠯᠵᠦ᠂ ᠮᠡᠳᠡᠭᠡ ᠵᠡᠩᠬᠢ ᠶᠢ ᠵᠤᠯᠭᠠᠭᠤᠯᠬᠤ᠂ ᠠᠵᠢᠯ ᠤᠨ ᠪᠠᠶᠢᠷᠢ ᠶᠢ | ᠵᠤᠯᠭᠠᠭᠤᠯᠬᠤ ᠪᠠ ᠪᠤᠯᠪᠠᠰᠤᠷᠠᠭᠤᠯᠤᠯ ᠬᠡᠷᠡᠭᠴᠡᠭᠡ ᠶᠢ ᠵᠤᠯᠭᠠᠭᠤᠯᠬᠤ ᠬᠡᠪᠴᠢᠯᠡᠭᠰᠡᠨ ᠠᠵᠢᠯ ᠢ ᠴᠢᠩᠭᠠᠠᠭᠤᠯᠵᠦ᠂ | ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠲᠤᠮᠤ ᠴᠢᠬᠤᠯᠠ ᠲᠦᠷᠦᠯ ᠵᠦᠢᠯ ᠤᠨ ᠠᠵᠢᠯ ᠤᠨ ᠪᠠᠶᠢᠷᠢ ᠶᠢ | ᠪᠠᠶᠢᠴᠠᠭᠠᠨ ᠤᠶᠢᠯᠠᠭᠠᠬᠤ ᠪᠠ ᠳᠠᠩᠰᠠᠯᠠᠨ ᠪᠦᠷᠢᠳᠭᠡᠬᠦ ᠲᠦᠷᠢᠮ ᠢ ᠳᠡᠭᠦᠯᠳᠡᠷᠵᠢᠬᠦᠯᠵᠦ᠂ ᠠᠵᠢᠯ ᠤᠯᠭᠤᠬᠤ ᠠᠵᠢᠯ | ᠤᠨ ᠨᠠᠶᠢᠳᠠᠪᠤᠷᠢᠵᠢᠭᠤᠯᠤᠯ ᠢ ᠠᠬᠢᠭᠤᠯᠤᠨ᠎ᠠ᠃ ᠭᠤᠷᠪᠠ ᠳᠤ ᠬᠦᠳᠡᠯᠮᠤᠷᠢ ᠨᠢᠭᠳᠠᠷᠠᠭᠰᠠᠨ ᠠᠵᠦ ᠦᠢᠯᠡᠰ᠂ | ᠦᠢᠯᠡᠴᠢᠯᠡᠭᠡᠨ ᠤ ᠦᠢᠯᠡᠰ ᠢᠯᠠᠩᠭᠤᠶ᠎ᠠ ᠰᠢᠶᠠᠨ ᠤ ᠬᠡᠪᠴᠢᠶᠡᠨ ᠤ ᠠᠵᠦ ᠠᠬᠤᠢ ᠶᠢᠨ ᠠᠵᠢᠯ ᠤᠯᠭᠤᠬᠤ ᠭᠤᠤᠯ | ᠠᠷᠭ᠎ᠠ ᠵᠠᠮ ᠤᠨ ᠦᠢᠯᠡᠳᠤᠯ ᠢ ᠨᠢ ᠭᠦᠢᠴᠡᠳ ᠪᠠᠳᠠᠷᠠᠭᠤᠯᠵᠦ᠂ ᠠᠵᠢᠯ ᠤᠯᠭᠤᠬᠤ ᠰᠢᠨ᠎ᠡ ᠨᠡᠮᠡᠭᠳᠡᠯ ᠤᠨ ᠴᠢᠭ᠋ ᠢ | ᠢᠳᠡᠪᠬᠢᠲᠠᠢ ᠡᠷᠢᠯᠬᠢᠯᠡᠨ ᠨᠡᠬᠡᠭᠡᠵᠦ᠂ ᠬᠤᠳᠠ ᠬᠦᠳᠡᠭᠡ ᠶᠢᠨ ᠬᠦᠳᠡᠯᠮᠤᠷᠢᠯᠡᠭᠴᠢᠳ ᠲᠤ ᠠᠵᠢᠯ ᠤᠯᠭᠤᠬᠤ ᠶᠢ | ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ᠂ ᠠᠵᠦ ᠦᠢᠯᠡᠳᠪᠤᠷᠢᠵᠢᠬᠦᠯᠦᠯᠳᠡ ᠪᠤᠯᠤᠨ | ᠲᠠᠷᠢᠶᠠᠯᠠᠬᠤ ᠮᠠᠯᠵᠢᠬᠤ ᠤᠷᠤᠨ ᠤ ᠤᠳᠤᠬᠢᠴᠢᠯᠠᠬᠤ ᠠᠬᠢᠴᠠ ᠶᠢ ᠲᠦᠯᠬᠢᠨ ᠠᠬᠢᠭᠤᠯᠬᠤ ᠳᠤᠮᠳᠠ ᠬᠦᠳᠡᠯᠮᠤᠷᠢ | ᠨᠢᠭᠳᠠᠷᠠᠭᠰᠠᠨ ᠠᠵᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠳᠤᠮᠳᠠ ᠵᠢᠵᠢᠭ ᠠᠵᠦ | ᠠᠬᠤᠶᠢᠯᠠᠯ᠂ ᠠᠷᠠᠳ ᠠᠴᠠ ᠡᠷᠬᠢᠯᠡᠭᠰᠡᠨ ᠠᠵᠦ ᠠᠬᠤᠢ ᠵᠢᠴᠢ ᠰᠢᠨ᠎ᠡ ᠬᠡᠯᠪᠡᠷᠢ ᠶᠢᠨ ᠠᠵᠦ ᠦᠢᠯᠡᠰ ᠤᠨ | ᠬᠦᠭᠵᠢᠯᠳᠡ ᠶᠢ ᠶᠡᠭᠡ ᠬᠦᠴᠤᠨ ᠢᠶᠠᠷ ᠵᠤᠷᠢᠭᠵᠢᠭᠤᠯᠬᠤ ᠪᠠ ᠳᠡᠮᠵᠢᠵᠦ᠂ ᠭᠠᠶᠢᠯᠢ ᠳᠠᠳᠠᠪᠤᠷᠢ ᠶᠢ ᠬᠠᠰᠤᠵᠦ | ᠬᠡᠯᠳᠤᠷᠢᠬᠦᠯᠬᠦ᠂ ᠨᠠᠶᠢᠭᠡᠮ ᠤᠨ ᠳᠠᠭᠠᠳᠬᠠᠯ ᠤᠨ ᠨᠦᠬᠦᠪᠤᠷᠢ ᠦᠭᠬᠦ᠂ ᠪᠡᠯᠡ ᠮᠦᠩᠬᠦ ᠪᠠᠷ ᠳᠡᠳᠬᠦᠬᠦ ᠵᠡᠷᠭᠡ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠠᠵᠢᠯ ᠤᠯᠭᠤᠯᠳᠠ ᠶᠢ | ᠰᠢᠩᠭᠡᠭᠡᠬᠦ ᠠᠴᠢᠶᠠᠯᠠᠭᠴᠢ ᠪᠡᠶ᠎ᠡ ᠶᠢ ᠢᠳᠡᠪᠬᠢᠲᠠᠢ ᠪᠤᠶᠢᠵᠢᠭᠤᠯᠤᠨ ᠪᠤᠢ ᠪᠤᠯᠭᠠᠵᠦ᠂ ᠠᠵᠢᠯ ᠤᠯᠭᠤᠬᠤ ᠠᠷᠭ᠎ᠠ ᠵᠠᠮ ᠢ | ᠨᠡᠩ ᠢᠯᠡᠭᠦᠤ ᠦᠷᠭᠡᠳᠬᠡᠵᠦ᠂ ᠠᠵᠢᠯ ᠤᠯᠭᠤᠬᠤ ᠠᠵᠢᠯ ᠤᠨ ᠪᠠᠶᠢᠷᠢ ᠶᠢ ᠨᠡᠮᠡᠭᠳᠡᠬᠦᠯᠦᠨ᠎ᠡ᠃ ᠲᠦᠷᠪᠡ ᠳᠤ ᠭᠡᠷ | ᠪᠦᠯᠢ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠲᠦᠯᠬᠢᠨ ᠬᠦᠭᠵᠢᠬᠦᠯᠬᠦ ᠪᠠᠷ ᠲᠠᠷᠢᠶᠠᠴᠢᠨ ᠮᠠᠯᠴᠢᠳ ᠢ | ᠤᠶᠢᠷ᠎ᠠ ᠬᠠᠪᠢ ᠲᠤᠬᠠᠢ ᠶᠢᠨ ᠭᠠᠵᠠᠷ ᠲᠤᠨᠢ ᠰᠢᠯᠵᠢᠭᠦᠯᠦᠨ ᠠᠵᠢᠯ ᠤᠯᠤᠭᠤᠬᠤ ᠶᠢ ᠠᠬᠢᠭᠤᠯᠬᠤ ᠶᠢᠨ ᠪᠦᠳᠤᠮᠵᠢᠲᠠᠢ | ᠠᠷᠭ᠎ᠠ ᠵᠠᠮ ᠪᠤᠯᠭᠠᠨ᠎ᠠ᠃ ᠦᠪᠡᠷᠳᠡᠭᠡᠨ ᠵᠠᠰᠠᠬᠤ ᠤᠷᠤᠨ ᠠᠴᠠ ᠬᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ | ᠨᠡᠶᠢᠳᠡᠶᠢᠨ ᠠᠰᠠᠷᠠᠮᠵᠢ ᠶᠢᠨ ᠴᠢᠨᠠᠷᠲᠠᠢ ᠮᠡᠳᠡᠭᠡ ᠵᠠᠩᠬᠢ ᠶᠢᠨ ᠦᠢᠯᠡᠴᠢᠯᠡᠭᠡᠨ ᠤ ᠳᠠᠪᠴᠠᠩ ︽ᠱᠠᠩᠨᠠᠯ ᠢᠶᠠᠷ | ᠨᠦᠬᠦᠪᠤᠷᠢ ᠶᠢ ᠤᠷᠤᠯᠠᠭᠤᠯᠬᠤ︾ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠬᠦ ᠪᠤᠯᠤᠨ᠎ᠠ᠂ ︽ᠵᠠᠭᠤᠨ ᠡᠷᠦᠭᠡ | ᠠᠷᠪᠠᠨ ᠬᠦᠴᠤᠷᠬᠡᠭ︾ ᠬᠡᠷ ᠪᠦᠯᠢ ᠶᠢᠨ ᠦᠢᠯᠡᠴᠢᠯᠡᠭᠡᠨ ᠤ ᠠᠵᠦ ᠠᠬᠤᠶᠢᠯᠠᠯ ︵ᠨᠢᠭᠡᠴᠡ︶ ᠢ ᠡᠭᠦᠳᠤᠨ ᠪᠠᠶᠢᠭᠤᠯᠬᠤ | ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠵᠦ᠂ ᠬᠡᠷ ᠪᠦᠯᠢ ᠶᠢᠨ ᠦᠢᠯᠡᠴᠢᠯᠡᠭᠡᠨ ᠤ ᠠᠵᠦ ᠠᠬᠤᠶᠢᠯᠠᠯ ᠢ | ᠵᠢᠯᠤᠭᠤᠳᠤᠨ ᠤᠯᠠᠮᠵᠢᠯᠠᠯᠳᠤ ᠲᠦᠯᠦᠪ ᠪᠠᠶᠢᠳᠠᠯ ᠠᠴᠠ ᠨᠢ ᠤᠳᠤ ᠦᠶ᠎ᠡ ᠶᠢᠨ ᠦᠢᠯᠡᠴᠢᠯᠡᠭᠡᠨ ᠤ ᠲᠦᠯᠦᠪ ᠪᠠᠶᠢᠳᠠᠯ | ᠦᠬᠡᠳᠡ ᠤᠯᠠᠷᠢᠭᠤᠯᠵᠦ᠂ ᠵᠢᠵᠢᠭ᠂ ᠲᠠᠷᠬᠠᠢ ᠬᠡᠯᠪᠡᠷᠢ ᠶᠢᠨ ᠵᠠᠭᠤᠴᠢ ᠮᠠᠶ᠋ᠢᠭ ᠤᠨ ᠦᠢᠯᠡᠴᠢᠯᠡᠭᠡᠨ ᠠᠴᠠ ᠨᠢ | ᠳᠡᠮᠳᠡᠭᠵᠢᠬᠦᠯᠬᠦ᠂ ᠬᠡᠪᠴᠢᠶᠡᠵᠢᠬᠦᠯᠬᠦ ᠦᠬᠡᠳᠡ ᠬᠦᠭᠵᠢᠬᠦᠯᠵᠦ᠂ ᠬᠡᠷ ᠪᠦᠯᠢ ᠶᠢᠨ ᠦᠢᠯᠡᠴᠢᠯᠡᠭᠡᠨ ᠤ ᠠᠵᠢᠯ | ᠤᠯᠤᠭᠤᠬᠤ ᠢᠳᠡᠪᠬᠢ ᠦᠢᠯᠡᠳᠤᠯ ᠢ ᠨᠢ ᠨᠡᠩ ᠰᠠᠶᠢᠨ ᠪᠠᠳᠠᠷᠠᠭᠤᠯᠤᠨ᠎ᠠ᠃ ᠡᠨᠡ ᠵᠢᠯ ᠨᠢᠳᠤᠨᠤᠨ ᠤ ᠰᠠᠭᠤᠷᠢ ᠳᠡᠭᠡᠷ᠎ᠡ | ᠂ ᠳᠠᠬᠢᠨ 5 ︽ᠠᠷᠪᠠᠨ ᠬᠦᠴᠤᠷᠭᠡᠭ︾ 61 ︽ᠵᠠᠭᠤᠨ ᠡᠷᠤᠬᠡ︾ ᠬᠡᠷ ᠪᠦᠯᠢ ᠶᠢᠨ ᠦᠢᠯᠡᠴᠢᠯᠡᠭᠡᠨ ᠤ ᠠᠵᠦ | ᠠᠬᠤᠶᠢᠯᠠᠯ ᠢ ᠠᠳᠠᠯᠢᠳᠬᠠᠨ ᠰᠢᠯᠭᠠᠷᠠᠭᠤᠯᠬᠤ ᠪᠠᠷ ᠪᠠᠶᠢᠨ᠎ᠠ᠃ ᠳᠠᠪᠤ ᠳᠤ ᠲᠠᠷᠢᠶᠠᠯᠠᠬᠤ ᠮᠠᠯᠵᠢᠬᠤ ᠤᠷᠤᠨ ᠤ ᠦᠯᠡᠬᠦᠤ | ᠬᠦᠳᠡᠯᠮᠤᠷᠢ ᠶᠢᠨ ᠬᠦᠴᠤᠨ ᠢ ᠢᠳᠡᠪᠬᠢᠲᠠᠯ ᠵᠢᠯᠤᠭᠤᠳᠤᠨ ᠬᠤᠳᠠ ᠪᠠᠯᠭᠠᠰᠤ ᠪᠤᠯᠤᠨ ᠲᠠᠷᠢᠶᠠᠯᠠᠩ ᠤᠨ ᠪᠤᠰᠤ ᠠᠵᠦ | ᠦᠢᠯᠡᠰ ᠦᠬᠡᠳᠡ ᠰᠢᠯᠵᠢᠬᠦᠯᠦᠨ ᠠᠵᠢᠯ ᠤᠯᠭᠤᠵᠦ᠂ ᠤᠯᠠᠨ ᠠᠷᠭ᠎ᠠ ᠵᠠᠮ ᠢ ᠬᠤᠤᠰᠯᠠᠭᠤᠯᠤᠨ ᠬᠡᠷᠡᠭᠯᠡᠵᠦ | ᠲᠠᠷᠢᠶᠠᠴᠢᠨ ᠮᠠᠯᠴᠢᠨ ᠬᠦᠯᠤᠰᠤᠨ ᠠᠵᠢᠯᠴᠢᠨ ᠳᠤ ᠠᠵᠢᠯ ᠤᠯᠭᠤᠨ ᠠᠳᠠᠯ ᠦᠢᠯᠡᠰ ᠪᠤᠰᠬᠠᠯᠭᠠᠨᠠ᠃ ︽ | ᠲᠠᠷᠢᠶᠠᠴᠢᠨ ᠬᠦᠯᠤᠰᠤᠨ ᠠᠵᠢᠯᠴᠢᠨ ᠳᠤ ᠦᠢᠯᠡᠴᠢᠯᠡᠬᠦ ᠠᠵᠢᠯ ᠢ ᠤᠯᠠᠮ ᠰᠠᠶᠢᠨ ᠬᠢᠬᠦ ᠲᠤᠬᠠᠢ ᠲᠦᠷᠦ ᠶᠢᠨ ᠶᠠᠪᠤᠳᠠᠯ | ᠤᠨ ᠬᠤᠷᠢᠶᠠᠨ ᠤ ᠰᠠᠨᠠᠯ︾ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠳᠡᠭᠡᠷ᠎ᠡ ᠬᠠᠭᠠᠰ ᠵᠢᠯ | ᠳᠤ ᠰᠤᠳᠤᠯᠤᠨ ᠨᠤᠳᠠᠯᠠᠭᠰᠠᠨ ᠰᠠᠭᠤᠷᠢᠨ ᠳᠡᠭᠡᠷ᠎ᠡ ᠦᠪᠡᠷᠳᠡᠭᠡᠨ ᠵᠠᠰᠠᠬᠤ ᠤᠷᠤᠨ ᠤ ᠬᠡᠷᠡᠭᠵᠢᠬᠦᠯᠬᠦ ᠰᠠᠨᠠᠯ ᠢ | ᠨᠡᠶᠢᠳᠠᠯᠠᠨ᠎ᠠ᠂ ᠡᠯ᠎ᠡ ᠭᠠᠵᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠢ ᠰᠠᠶᠢᠨ ᠬᠢᠵᠦ᠂ | ᠬᠤᠳᠠ ᠪᠠᠯᠭᠠᠰᠤᠵᠢᠯᠳᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠷ ᠲᠦᠰᠢᠭ ᠪᠤᠯᠭᠠᠵᠦ᠂ ᠲᠠᠷᠢᠶᠠᠯᠠᠩ | ᠲᠤᠰᠠᠯᠠᠬᠤ ᠦᠢᠯᠡᠳᠪᠤᠷᠢᠯᠡᠯ ᠤᠨ ᠪᠦᠳᠤᠭᠡᠭᠳᠡᠭᠦᠨ ᠤ ᠰᠤᠯᠢᠯᠴᠠᠭ᠎ᠠ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡᠨ ᠤ | ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠤᠨᠴᠠᠯᠢᠭᠳᠤ ᠲᠡᠵᠢᠭᠡᠪᠤᠷᠢ ᠶᠢᠨ | ᠦᠢᠯᠡᠰ᠂ ᠠᠮᠤ ᠪᠤᠳᠠᠭᠠᠨ ᠤ ᠡᠳ᠋ᠰᠢᠬᠦᠯᠬᠦ ᠦᠢᠯᠡᠰ ᠵᠡᠷᠬᠡ ᠤᠨᠴᠠᠯᠢᠭᠳᠤ ᠲᠠᠷᠢᠶᠠᠯᠠᠩ ᠮᠠᠯ ᠠᠵᠦ ᠠᠬᠤᠢ ᠶᠢᠨ ᠠᠵᠦ | ᠦᠢᠯᠡᠰ᠂ ᠲᠤᠰᠬᠠᠶᠢᠵᠢᠭᠰᠠᠨ ᠬᠤᠷᠰᠢᠵᠢᠯ ᠢ ᠬᠦᠭᠵᠢᠬᠦᠯᠬᠦ ᠪᠠ ᠰᠢᠨ᠎ᠡ ᠬᠡᠯᠪᠡᠷᠢ ᠶᠢᠨ ᠠᠵᠢᠯ ᠲᠦᠷᠦᠯ ᠤᠨ | ᠲᠠᠷᠢᠶᠠᠴᠢᠳ ᠢ ᠵᠤᠷᠢᠭᠵᠢᠭᠤᠯᠤᠨ ᠳᠡᠮᠵᠢᠵᠦ᠂ ᠲᠤᠬᠠᠢ ᠶᠢᠨ ᠭᠠᠵᠠᠷ ᠤᠶᠢᠷ᠎ᠠ ᠤᠷᠴᠢᠮ ᠳᠤᠨᠢ ᠰᠢᠯᠵᠢᠬᠦᠯᠦᠨ ᠠᠵᠢᠯ | ᠤᠯᠭᠤᠬᠤ ᠪᠠ ᠠᠳᠠᠯ ᠦᠢᠯᠡᠰ ᠪᠤᠰᠬᠠᠬᠤ ᠶᠢ ᠤᠯᠠᠨ ᠠᠷᠭ᠎ᠠ ᠵᠠᠮ ᠢᠶᠠᠷ ᠠᠬᠢᠭᠤᠯᠬᠤ ᠬᠡᠷᠡᠭᠲᠠᠢ᠃ | ﹇ᠬᠦᠳᠤᠯᠦᠭᠴᠢ﹈ ᠪᠢᠳᠡᠨ ᠤ ᠮᠡᠳᠡᠭᠡᠵᠢ ᠪᠠᠷ᠂ ᠠᠵᠢᠯ ᠲᠦᠷᠦᠯ ᠤᠨ ᠪᠤᠯᠪᠠᠰᠤᠷᠠᠭᠤᠯᠤᠯ ᠢ | ᠴᠢᠩᠭᠠᠳᠬᠠᠬᠤ ᠪᠤᠯ ᠠᠵᠢᠯ ᠤᠯᠭᠤᠯᠳᠠ ᠶᠢᠨ ᠪᠦᠳᠤᠴᠡ ᠶᠢᠨ ᠴᠢᠨᠠᠷᠲᠠᠢ ᠵᠦᠷᠢᠴᠡᠯ ᠢ ᠰᠢᠢᠳᠪᠤᠷᠢᠯᠡᠬᠦ ᠦᠨᠳᠤᠰᠤᠨ | ᠠᠷᠭ᠎ᠠ ᠬᠡᠮᠵᠢᠶ᠎ᠡ ᠮᠦᠨ᠂ ᠡᠨᠡ ᠵᠢᠯ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ | ᠦᠪᠡᠷᠳᠡᠭᠡᠨ ᠵᠠᠰᠠᠬᠤ ᠤᠷᠤᠨ ᠠᠯᠢ ᠠᠯᠢ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠨ ᠬᠢᠬᠦ ᠪᠤᠢ︖ | ﹇ᠸᠠᠩ ᠶᠢᠤ ᠬᠤᠩ﹈ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ | ᠲᠠᠯ᠎ᠠ ᠪᠠᠷ ᠭᠤᠷᠪᠠᠨ ᠶᠠᠪᠤᠳᠠᠯ ᠢ ᠲᠤᠪᠤᠶᠢᠯᠭᠠᠨ ᠠᠳᠬᠤᠨ᠎ᠠ᠃ ᠨᠢᠬᠡ ᠳᠤ ᠠᠵᠢᠯ ᠤᠯᠭᠤᠬᠤ ᠮᠡᠷᠭᠡᠵᠢᠯ ᠴᠢᠳᠠᠪᠤᠷᠢ᠂ | ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠪᠤᠯᠤᠨ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠢ | ᠨᠢᠭᠡᠳᠤᠯᠲᠠᠢ ᠲᠦᠯᠦᠪᠯᠡᠨ ᠠᠬᠢᠭᠤᠯᠵᠦ᠂ ᠬᠦᠳᠡᠯᠮᠤᠷᠢᠯᠡᠭᠴᠢᠳ ᠲᠤ ᠴᠢᠭᠯᠡᠬᠦᠯᠬᠦ ᠴᠢᠨᠠᠷᠲᠠᠢ ᠠᠵᠢᠯ ᠮᠡᠷᠭᠡᠵᠢᠯ ᠤᠨ | ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠶᠢ ᠬᠦᠷᠳᠡᠬᠡᠨ᠎ᠡ᠃ ᠪᠤᠯᠪᠠᠰᠤᠷᠠᠭᠤᠯᠤᠯ ᠤᠨ ᠨᠦᠬᠦᠪᠤᠷᠢ ᠶᠢᠨ | ᠪᠠᠷᠢᠮᠵᠢᠶ᠎ᠠ ᠶᠢ ᠲᠤᠬᠢᠷᠠᠭᠤᠯᠬᠤ ᠲᠤᠭᠳᠠᠴᠠ ᠶᠢ ᠪᠠᠶᠢᠭᠤᠯᠬᠤ ᠶᠢ ᠠᠬᠢᠭᠤᠯᠵᠦ᠂ ᠪᠤᠯᠪᠠᠰᠤᠷᠠᠭᠤᠯᠤᠯ ᠤᠨ ᠨᠦᠬᠦᠪᠤᠷᠢ | ᠶᠢᠨ ᠲᠦᠷᠦ ᠶᠢᠨ ᠪᠤᠳᠤᠯᠭ᠎ᠠ᠂ ᠪᠤᠯᠪᠠᠰᠤᠷᠠᠭᠤᠯᠤᠯ ᠤᠨ ᠨᠦᠬᠦᠪᠤᠷᠢ ᠶᠢᠨ ᠪᠠᠷᠢᠮᠵᠢᠶ᠎ᠠ ᠶᠢ ᠪᠦᠷᠢᠨᠰᠢᠬᠦᠯᠦᠨ | ᠳᠡᠬᠦᠯᠳᠡᠷᠵᠢᠬᠦᠯᠵᠦ᠂ ᠤᠨᠴᠠᠯᠢᠭᠳᠤ ᠪᠤᠯᠪᠠᠰᠤᠷᠠᠭᠤᠯᠤᠯ ᠤᠨ ᠳᠡᠮᠳᠡᠭᠳᠤ ᠪᠤᠯᠤᠨ ᠨᠠᠷᠢᠯᠢᠭ ᠵᠦᠢᠯᠡᠰ ᠤᠨ ᠲᠤᠰᠬᠠᠢ | ᠪᠤᠯᠪᠠᠰᠤᠷᠠᠭᠤᠯᠤᠯ ᠢ ᠳᠡᠳᠬᠦᠬᠦ ᠡᠷᠴᠢᠮ ᠢ ᠴᠢᠩᠭᠠᠯᠠᠵᠦ᠂ ᠪᠤᠯᠪᠠᠰᠤᠷᠠᠭᠤᠯᠬᠤ ᠪᠠᠶᠢᠭᠤᠯᠤᠮᠵᠢ ᠪᠤᠯᠤᠨ | ᠪᠤᠯᠪᠠᠰᠤᠷᠠᠭᠤᠯᠤᠯ ᠳᠤ ᠤᠷᠤᠯᠴᠠᠬᠤ ᠬᠦᠮᠤᠰ ᠤᠨ ᠢᠳᠡᠪᠬᠢᠵᠢᠯ ᠢ ᠲᠠᠶᠢᠴᠢᠯᠠᠨ᠎ᠠ᠃ ᠡᠨᠡ ᠵᠢᠯ ᠬᠤᠳᠠ ᠪᠠᠯᠭᠠᠰᠤ ᠶᠢᠨ | ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠳᠤ 13 ᠲᠦᠮᠡᠨ ᠬᠦᠮᠤᠨ᠂ ᠠᠳᠠᠯ ᠦᠢᠯᠡᠰ ᠪᠤᠰᠬᠠᠬᠤ | ᠪᠤᠯᠪᠠᠰᠤᠷᠠᠭᠤᠯᠤᠯ ᠳᠤ 5 ᠲᠦᠮᠡᠨ ᠬᠦᠮᠤᠨ ᠪᠤᠯᠪᠠᠰᠤᠷᠠᠭᠤᠯᠵᠦ᠂ ︽ᠬᠠᠪᠤᠷ ᠤᠨ ᠲᠦᠯᠬᠢᠭᠡᠨ ᠠᠵᠢᠯᠯᠠᠭ᠎ᠠ︾ ᠶᠢ | ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠦ᠂ ᠲᠠᠷᠢᠶᠠᠯᠠᠬᠤ ᠮᠠᠯᠵᠢᠬᠤ ᠤᠷᠤᠨ ᠤ ᠠᠵᠢᠯ ᠮᠡᠷᠭᠡᠵᠢᠯ ᠤᠨ | ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠳᠤ13 ᠲᠦᠮᠡ ᠭᠠᠷᠤᠢ ᠬᠦᠮᠤᠰ ᠢ ᠤᠷᠤᠯᠴᠠᠭᠤᠯᠤᠨ᠎ᠠ ᠃ | ᠬᠤᠶᠠᠷ ᠲᠤ ᠪᠤᠯᠪᠠᠰᠤᠷᠠᠭᠤᠯᠤᠯ ᠤᠨ ᠲᠠᠮᠳᠡᠭᠳᠤ ᠶᠢ ᠪᠤᠢ ᠪᠤᠯᠭᠠᠵᠦ᠂ ᠪᠤᠯᠪᠠᠰᠤᠷᠠᠭᠤᠯᠤᠯ ᠤᠨ ᠲᠡᠰ ᠵᠡᠷᠭᠡ ᠪᠤᠯᠤᠨ | ᠶᠠᠰᠤ ᠴᠢᠨᠠᠷ ᠢ ᠳᠡᠭᠡᠭᠰᠢᠯᠡᠬᠦᠯᠵᠦ᠂ ᠠᠵᠢᠯ ᠤᠯᠭᠤᠯᠳᠠ ᠶᠢᠨ ᠲᠤᠭᠳᠠᠭᠤᠨ ᠴᠢᠨᠠᠷ ᠢ ᠨᠡᠮᠡᠭᠳᠡᠬᠦᠯᠦᠨ᠎ᠡ᠃ ᠵᠠᠬᠢᠶᠠᠯᠠᠭ᠎ᠠ | ᠂ ᠬᠠᠨᠳᠤᠯᠭ᠎ᠠ᠂ ᠲᠤᠭᠳᠠᠭᠰᠠᠨ ᠪᠠᠶᠢᠷᠢ ᠶᠢᠨ ᠬᠡᠯᠪᠡᠷᠢ ᠶᠢᠨ ᠪᠤᠯᠪᠠᠰᠤᠷᠠᠭᠤᠯᠤᠯ ᠪᠠ ᠤᠨᠴᠠᠯᠢᠭᠳᠤ ᠳᠡᠮᠳᠡᠭᠳᠤ᠂ | ᠨᠠᠷᠢᠯᠢᠭ ᠵᠦᠢᠯᠡᠰ ᠤᠨ ᠲᠤᠰᠬᠠᠢ ᠮᠡᠷᠭᠡᠵᠢᠯ ᠤᠨ ᠪᠤᠯᠪᠠᠰᠤᠷᠠᠭᠤᠯᠤᠯ ᠢ ᠶᠡᠬᠡᠪᠡᠷ ᠦᠷᠨᠢᠬᠦᠯᠵᠦ᠂ ᠪᠦᠬᠦ ᠵᠢᠯ ᠳᠤ | ᠵᠠᠬᠢᠶᠠᠯᠠᠭ᠎ᠠ᠂ ᠬᠠᠨᠳᠤᠯᠭ᠎ᠠ ᠬᠡᠯᠪᠡᠷᠢ ᠶᠢᠨ ᠪᠤᠯᠪᠠᠰᠤᠷᠠᠭᠤᠯᠤᠯ ᠢ ᠪᠤᠯᠪᠠᠰᠤᠷᠠᠭᠤᠯᠤᠯ ᠤᠨ ᠶᠡᠷᠦᠩᠬᠡᠢ ᠲᠤᠭᠠᠨ ᠤ | 70% ᠠᠴᠠ ᠳᠡᠭᠡᠭᠰᠢ ᠳᠤ ᠬᠦᠷᠦᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠠᠵᠢᠯ ᠤᠯᠭᠤᠬᠤ ᠮᠡᠷᠭᠡᠵᠢᠯ | ᠴᠢᠳᠠᠪᠤᠷᠢ ᠶᠢᠨ ᠪᠤᠯᠪᠠᠰᠤᠷᠠᠭᠤᠯᠤᠯ ᠤᠨ ᠳᠡᠮᠳᠡᠭᠳᠤ ᠶᠢ 30 ᠶᠢ ᠪᠤᠶᠢᠵᠢᠭᠤᠯᠵᠦ᠂ ᠦᠪᠡᠷᠳᠡᠭᠡᠨ ᠵᠠᠰᠠᠬᠤ ᠤᠷᠤᠨ ᠤ | ᠨᠡᠷᠡᠳᠤ ᠪᠤᠯᠪᠠᠰᠤᠷᠠᠭᠤᠯᠤᠯ ᠤᠨ ᠳᠡᠮᠳᠡᠭᠳᠤ ᠶᠢ10 ᠶᠢ ᠰᠤᠩᠭᠤᠨ ᠲᠤᠭᠳᠠᠭᠠᠨ᠎ᠠ᠃ ᠭᠤᠷᠪᠠ ᠳᠤ ᠠᠵᠢᠯ ᠮᠡᠷᠭᠡᠵᠢᠯ | ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ ᠤᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠤᠨ | ᠪᠦᠳᠤᠭᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠠᠬᠢᠭᠤᠯᠵᠦ᠂ ᠳᠠᠳᠤᠯᠭ᠎ᠠ ᠪᠤᠯᠪᠠᠰᠤᠷᠠᠯ ᠤᠨ ᠴᠢᠳᠠᠪᠤᠷᠢ ᠶᠢ | ᠲᠠᠰᠤᠷᠠᠯᠳᠠ ᠦᠬᠡᠢ ᠳᠡᠭᠡᠭᠰᠢᠯᠡᠬᠦᠯᠦᠨ᠎ᠡ᠃ ᠡᠨᠡ ᠵᠢᠯ ᠪᠦᠬᠦ ᠤᠷᠤᠨ ᠳᠤ ᠠᠶᠢᠮᠠᠭ ᠬᠤᠳᠠ ᠶᠢᠨ ᠲᠡᠰ ᠤᠨ | ᠳᠠᠳᠤᠯᠭ᠎ᠠ ᠪᠤᠯᠪᠠᠰᠤᠷᠠᠯ ᠤᠨ 5 ᠰᠠᠭᠤᠷᠢᠨ ᠭᠠᠵᠠᠷ᠂ ᠦᠪᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ | ᠦᠵᠡᠬᠦᠯᠬᠦ ᠳᠠᠳᠤᠯᠭ᠎ᠠ ᠪᠤᠯᠪᠠᠰᠤᠷᠠᠯ ᠤᠨ 1 ᠰᠠᠭᠤᠷᠢᠨ ᠭᠠᠵᠠᠷ ᠢ ᠬᠢᠨᠠᠨ ᠲᠤᠭᠳᠠᠭᠠᠵᠦ᠂ ᠳᠠᠳᠤᠯᠭ᠎ᠠ | ᠪᠤᠯᠪᠠᠰᠤᠷᠠᠯ ᠤᠨ ᠦᠷ᠎ᠡ ᠪᠦᠳᠤᠮᠵᠢ ᠶᠢ ᠨᠡᠩ ᠴᠢᠬᠤᠯᠠᠴᠢᠯᠠᠵᠦ᠂ ᠬᠢᠨᠠᠨ ᠲᠤᠭᠳᠠᠭᠠᠬᠤ ᠪᠠᠷᠢᠮᠵᠢᠶ᠎ᠠ ᠶᠢ ᠴᠢᠩᠭᠠᠯᠠᠵᠦ᠂ | ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠦᠪᠡᠷᠳᠡᠭᠡᠨ ᠵᠠᠰᠠᠬᠤ ᠤᠷᠤᠨ ᠠᠴᠠ ︽ᠱᠠᠩᠨᠠᠯ ᠢᠶᠠᠷ ᠨᠦᠬᠦᠪᠤᠷᠢ ᠶᠢ | ᠤᠷᠤᠯᠠᠭᠤᠯᠬᠤ︾ ᠲᠦᠷᠦᠯ ᠵᠦᠢᠯ ᠢᠶᠠᠷ ᠳᠠᠮᠵᠢᠭᠤᠯᠤᠨ ᠲᠤᠪᠤᠶᠢᠮ᠎ᠠ ᠠᠮᠵᠢᠯᠳᠠ ᠪᠦᠳᠤᠭᠡᠯ ᠲᠠᠢ ᠳᠠᠳᠤᠯᠭ᠎ᠠ | ᠪᠤᠯᠪᠠᠰᠤᠷᠠᠯ ᠤᠨ ᠰᠠᠭᠤᠷᠢᠨ ᠭᠠᠵᠠᠷ ᠢ ᠦᠷᠭᠦᠯᠵᠢᠯᠡᠨ ᠱᠠᠩᠨᠠᠨ ᠬᠦᠬᠢᠭᠦᠯᠦᠨ᠎ᠡ᠃ | ﹇ᠬᠦᠳᠤᠯᠦᠭᠴᠢ﹈ ᠯᠢ ᠺᠧ ᠴᠢᠶᠠᠩ ᠶᠠᠷᠦᠩᠬᠡᠢ ᠰᠠᠶᠢᠳ ᠤᠨ ᠦᠬᠡ ᠪᠠᠷ ᠬᠡᠯᠡᠪᠡᠯ᠂ ᠦᠢ | ᠤᠯᠠᠨ ᠠᠳᠠᠯ ᠦᠢᠯᠡᠰ ᠪᠤᠰᠬᠠᠬᠤ᠂ ᠲᠦᠭ ᠲᠦᠮᠡᠨ ᠰᠢᠨ᠎ᠡ ᠶᠢ ᠡᠭᠦᠳᠬᠦ ᠪᠤᠯ ᠳᠤᠮᠳᠠᠳᠤ ᠤᠯᠤᠰ ᠤᠨ ᠠᠵᠦ | ᠠᠬᠤᠢ ᠶᠢᠨ ᠨᠢᠭᠡᠨ ᠰᠢᠨ᠎ᠡ ᠬᠦᠳᠡᠯᠭᠡᠬᠦ ᠮᠠᠰᠢᠨ᠂ ᠰᠢᠨ᠎ᠡ ᠳᠠᠶᠢᠴᠢᠯᠠᠭᠤᠷ ᠮᠠᠰᠢᠨ ᠮᠦᠨ᠃ ᠦᠪᠡᠷᠳᠡᠭᠡᠨ ᠵᠠᠰᠠᠬᠤ | ᠤᠷᠤᠨ ᠡᠨᠡ ᠵᠢᠯ ᠬᠢᠷᠬᠢᠨᠦᠢ ᠤᠯᠠᠨ ᠠᠳᠠᠯ ᠦᠢᠯᠡᠰ ᠪᠤᠰᠬᠠᠬᠤ ᠶᠢ ᠠᠬᠢᠭᠤᠯᠵᠦ᠂ ᠠᠳᠠᠯ ᠦᠢᠯᠡᠰ ᠪᠤᠰᠬᠠᠬᠤ | ᠪᠠᠷ ᠠᠵᠢᠯ ᠤᠯᠭᠤᠬᠤ ᠶᠢ ᠳᠠᠶᠢᠴᠢᠯᠠᠬᠤ ᠶᠢ ᠠᠬᠢᠭᠤᠯᠬᠤ ᠪᠤᠢ︖ | ﹇ᠸᠠᠩ ᠶᠢᠤ ᠬᠤᠩ﹈ ᠦᠢ ᠤᠯᠠᠨ ᠠᠳᠠᠯ ᠦᠢᠯᠡᠰ ᠪᠤᠰᠬᠠᠬᠤ ᠶᠢ ᠪᠦᠬᠦ ᠲᠠᠯ᠎ᠠ ᠪᠠᠷ | ᠠᠬᠢᠭᠤᠯᠬᠤ ᠳᠤ ᠲᠦᠷᠪᠡᠨ ᠵᠠᠩᠬᠢᠯᠠᠭ᠎ᠠ ᠶᠢᠨ ᠠᠯᠬᠤᠮ ᠢ ᠲᠤᠪᠤᠶᠢᠮ᠎ᠠ ᠠᠳᠬᠤᠬᠤ ᠬᠡᠷᠡᠭᠲᠠᠢ᠃ ᠨᠢᠭᠡ ᠳᠤ ᠲᠦᠷᠦ | ᠶᠢᠨ ᠪᠤᠳᠤᠯᠭ᠎ᠠ ᠪᠠᠷ ᠵᠢᠯᠤᠭᠤᠳᠤᠭᠤᠯᠬᠤ ᠪᠠ ᠦᠢᠯᠡᠴᠢᠯᠡᠭᠡᠨ ᠤ ᠲᠡᠰ ᠢ ᠳᠡᠭᠡᠭᠰᠢᠯᠡᠬᠦᠯᠬᠦ ᠪᠠᠷ ᠳᠠᠮᠵᠢᠭᠤᠯᠤᠨ ᠪᠦᠬᠦ | ᠠᠷᠠᠳ ᠢᠶᠠᠷ ᠢᠶᠠᠨ ᠠᠳᠠᠯ ᠦᠢᠯᠡᠰ ᠪᠤᠰᠬᠠᠬᠤ ᠤᠷᠴᠢᠨ ᠠᠬᠤᠢ ᠶᠢ ᠪᠤᠢ ᠪᠤᠯᠭᠠᠵᠦ᠂ ᠦᠢ ᠤᠠᠯᠠᠨ ᠠᠳᠠᠯ ᠦᠢᠯᠡᠰ | ᠪᠤᠰᠬᠠᠬᠤ᠂ ᠲᠦᠭ ᠲᠦᠮᠡᠨ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠠᠬᠢᠭᠤᠯᠤᠨ᠎ᠠ ᠃ ᠭᠤᠤᠯᠳᠠᠯᠭ᠎ᠠ ᠲᠠᠢ | ᠪᠦᠯᠦᠭᠯᠡᠯ ᠤᠨ ᠠᠳᠠᠯ ᠦᠢᠯᠡᠰ ᠪᠤᠰᠬᠠᠨ ᠠᠵᠢᠯ ᠤᠯᠭᠤᠬᠤ ᠶᠢ ᠳᠡᠮᠵᠢᠨ ᠠᠬᠢᠭᠤᠯᠬᠤ ᠲᠤᠬᠠᠢ ᠤᠯᠤᠰ ᠤᠨ ᠭᠠᠶᠢᠯᠢ | ᠶᠢᠨ ᠶᠡᠷᠦᠩᠬᠡᠢ ᠲᠤᠪᠴᠢᠶ᠎ᠠ᠂ ᠡᠳ᠋ ᠤᠨ ᠵᠠᠰᠠᠭ ᠤᠨ ᠶᠠᠮᠤᠨ᠂ ᠬᠦᠮᠤᠨ ᠤ ᠬᠦᠴᠤᠨ ᠤ ᠡᠬᠢ ᠪᠠᠶᠠᠯᠢᠭ ᠨᠡᠶᠢᠭᠡᠮ | ᠤᠨ ᠪᠠᠳᠤᠯᠠᠭ᠎ᠠ ᠶᠢᠨ ᠶᠠᠮᠤᠨ ᠤ ᠬᠠᠮᠢᠶ᠎ᠠ ᠪᠦᠬᠦᠢ ᠭᠠᠶᠢᠯᠢ ᠳᠠᠳᠠᠪᠤᠷᠢ ᠶᠢᠨ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠦ᠂ ᠡᠯ᠎ᠡ ᠲᠦᠷᠦᠯ ᠤᠨ ᠪᠦᠯᠦᠭᠯᠡᠯ ᠳᠤ ᠠᠵᠢᠯ ᠤᠯᠭᠤᠬᠤ ᠶᠢ ᠠᠬᠢᠭᠤᠯᠤᠨ᠎ᠠ᠃ ᠬᠤᠶᠡᠷ ᠲᠤ | ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠠᠷᠭ᠎ᠠ ᠪᠠᠷᠢᠯ ᠢ ᠢᠳᠡᠪᠬᠢᠲᠠᠢ ᠪᠠᠶᠠᠯᠢᠭᠵᠢᠭᠤᠯᠵᠦ᠂ ᠪᠠᠭ᠎ᠠ ᠲᠤᠭᠠᠨ ᠤ | ᠪᠠᠳᠤᠯᠠᠭ᠎ᠠ ᠶᠢᠨ ᠵᠢᠬᠡᠯᠡᠯᠬᠡ ᠶᠢᠨ ᠬᠠᠮᠢᠶᠠᠷᠤᠯᠳᠠ ᠶᠢᠨ ᠠᠷᠭ᠎ᠠ ᠪᠤᠯᠤᠨ ᠳᠠᠮ ᠬᠦᠤ ᠮᠦᠩᠬᠦ ᠶᠢᠨ ᠲᠦᠷᠦ ᠶᠢᠨ | ᠪᠤᠳᠤᠯᠭ᠎ᠠ ᠶᠢ ᠳᠡᠭᠦᠯᠳᠡᠷᠵᠢᠬᠦᠯᠵᠦ᠂ ᠠᠵᠢᠯᠯᠠᠬᠤ ᠵᠢᠷᠤᠮᠵᠢᠯ ᠢ ᠲᠦᠷᠢᠮᠵᠢᠬᠦᠯᠦᠨ᠎ᠡ᠃ ᠠᠳᠠᠯ ᠦᠢᠯᠡᠰ ᠪᠤᠰᠬᠠᠬᠤ | ᠬᠦᠭᠵᠢᠯᠳᠡ ᠶᠢᠨ ᠪᠡᠯᠡ ᠮᠦᠩᠬᠦ᠂ ᠪᠠᠭ᠎ᠠ ᠲᠤᠭᠠᠨ ᠤ ᠵᠢᠭᠡᠯᠡᠯᠭᠡ ᠶᠢᠨ ᠪᠠᠳᠤᠯᠠᠭ᠎ᠠ ᠶᠢᠨ ᠰᠠᠭᠤᠷᠢ ᠮᠦᠩᠬᠦ᠂ ᠳᠠᠮ | ᠬᠦᠤ ᠮᠦᠩᠬᠦ ᠶᠢᠨ ᠪᠡᠯᠡ ᠮᠦᠩᠬᠦᠨ ᠤ ᠤᠷᠤᠭᠤᠯᠤᠯᠳᠠ ᠶᠢᠨ ᠡᠷᠴᠢᠮ ᠪᠤᠯᠤᠨ ᠠᠳᠠᠯ ᠦᠢᠯᠡᠰ ᠪᠤᠰᠬᠠᠬᠤ | ᠲᠦᠷᠢᠶᠡᠰᠤᠨ ᠮᠦᠩᠬᠦ ᠶᠢᠨ ᠨᠦᠬᠦᠪᠤᠷᠢ᠂ ᠬᠡᠷᠡᠭᠯᠡᠬᠦ ᠵᠠᠷᠤᠳᠠᠯ ᠤᠨ ᠨᠦᠬᠦᠪᠤᠷᠢ ᠪᠠ ᠠᠮᠵᠢᠯᠳᠠ ᠲᠠᠢ ᠠᠳᠠᠯ ᠦᠢᠯᠡᠰ | ᠪᠤᠰᠬᠠᠭᠰᠠᠨ ᠱᠠᠩᠨᠠᠯ ᠵᠡᠷᠭᠡ ᠳᠡᠳᠬᠦᠯᠳᠡ ᠶᠢᠨ ᠡᠷᠴᠢᠮ ᠢ ᠤᠯᠠᠮ ᠴᠢᠩᠭᠠᠯᠠᠨ᠎ᠠ᠃ ᠲᠠᠷᠢᠶᠠᠴᠢᠨ ᠮᠠᠯᠴᠢᠳ ᠤᠨ ᠠᠳᠠᠯ | ᠦᠢᠯᠡᠰ ᠪᠤᠰᠬᠠᠨ ᠠᠵᠢᠯ ᠤᠯᠬᠤ ᠳᠤ ᠳᠡᠮᠵᠢᠯᠬᠡ ᠦᠵᠡᠬᠦᠯᠵᠦ᠂ ᠠᠳᠠᠯ ᠦᠢᠯᠡᠰ ᠪᠤᠰᠬᠠᠭᠰᠠᠨ ᠲᠦᠷᠦᠯ ᠵᠦᠢᠯ | ᠢᠶᠠᠷ ᠨᠢ ᠵᠤᠬᠢᠬᠤ ᠬᠠᠷᠢᠴᠠᠯ ᠤᠨ ᠳᠠᠮ ᠬᠦᠤ ᠮᠦᠩᠬᠦ ᠤᠯᠭᠤᠨ᠎ᠠ᠃ ᠭᠤᠷᠪᠠ ᠳᠤ ᠠᠳᠠᠯ ᠦᠢᠯᠡᠰ ᠪᠤᠰᠬᠠᠬᠤ | ᠦᠢᠯᠡᠴᠢᠯᠡᠭᠡᠨ ᠤ ᠲᠠᠪᠴᠠᠩ ᠢ ᠤᠯᠠᠮ ᠪᠦᠷᠢᠨᠰᠢᠬᠦᠯᠦᠨ ᠳᠡᠭᠦᠯᠳᠡᠷᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ | ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢᠨ ᠰᠠᠨᠠᠯ ᠢ ᠲᠦᠷᠭᠡᠬᠡᠨ ᠨᠠᠶᠢᠳᠡᠯᠡᠵᠦ | ᠂ ᠠᠳᠠᠯ ᠦᠢᠯᠡᠰ ᠪᠤᠰᠬᠠᠬᠤ ᠬᠦᠷᠢᠶᠡᠯᠡᠩ ᠪᠤᠯᠤᠨ ᠠᠳᠠᠯ ᠦᠢᠯᠡᠰ ᠪᠤᠰᠬᠠᠬᠤ ᠨᠠᠪᠴᠢᠯᠳᠠ ᠶᠢᠨ ᠰᠠᠭᠤᠷᠢᠨ ᠭᠠᠵᠠᠷ᠂ | ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠲᠤᠭᠳᠠᠭᠰᠠᠨ ᠴᠢᠭ᠋ ᠤᠨ ᠪᠠᠶᠢᠭᠤᠯᠤᠮᠵᠢ ᠪᠠ ᠳᠠᠳᠤᠯᠭ᠎ᠠ | ᠪᠤᠯᠪᠠᠰᠤᠷᠠᠯ ᠤᠨ ᠰᠠᠭᠤᠷᠢᠨ ᠭᠠᠵᠠᠷ᠂ ᠤᠠᠯᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠲᠦᠪ ᠵᠡᠷᠭᠡ ᠶᠢᠨ | ᠪᠦᠳᠤᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠬᠦᠯᠬᠦ ᠪᠠᠷ ᠭᠤᠤᠯᠳᠠᠯᠭ᠎ᠠ ᠪᠤᠯᠭᠠᠵᠦ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠪᠠᠭᠰᠢ ᠨᠠᠷ ᠤᠨ | ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠨᠡᠪᠴᠢᠯᠳᠡ ᠶᠢᠨ ᠪᠤᠳᠠᠳᠤ ᠴᠤᠭᠴᠠ | ᠶᠢ ᠳᠡᠳᠬᠦᠨ ᠵᠢᠯᠤᠭᠤᠳᠬᠤ ᠲᠦᠷᠦ ᠶᠢᠨ ᠪᠤᠳᠤᠯᠭ᠎ᠠ ᠪᠤᠯᠤᠨ ᠪᠤᠳᠠᠲᠠᠢ ᠠᠵᠢᠯᠯᠠᠬᠤ ᠠᠷᠭ᠎ᠠ ᠶᠢ ᠲᠤᠭᠳᠠᠭᠠᠨ | ᠳᠡᠭᠦᠯᠳᠡᠷᠵᠢᠬᠦᠯᠵᠦ᠂ ᠲᠦᠷᠦᠯ ᠵᠦᠢᠯ ᠢ ᠬᠦᠷᠢᠶᠡᠯᠡᠩ ᠳᠤ ᠤᠷᠤᠭᠤᠯᠬᠤ᠂ ᠲᠦᠷᠦ ᠶᠢᠨ ᠪᠤᠳᠤᠯᠭ᠎ᠠ ᠶᠢ ᠡᠷᠦᠬᠡ ᠳᠤ | ᠤᠶᠢᠯᠠᠭᠠᠭᠤᠯᠬᠤ ᠠᠳᠡᠯ ᠦᠢᠯᠡᠰ ᠪᠤᠰᠬᠠᠬᠤ ᠳᠡᠳᠬᠦᠯᠳᠡ ᠶᠢᠨ ᠲᠤᠭᠳᠠᠴᠠ ᠶᠢ ᠪᠤᠢ ᠪᠤᠯᠭᠠᠨ᠎ᠠ᠃ ᠡᠨᠡ ᠵᠢᠯ | ᠦᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ ᠴᠢᠨᠠᠷᠲᠠᠢ ᠠᠳᠠᠯ ᠦᠢᠯᠡᠰ ᠪᠤᠰᠬᠠᠬᠤ ᠬᠦᠷᠢᠶᠡᠯᠡᠩ | ᠤᠨ ᠨᠡᠪᠴᠢᠯᠳᠡ ᠶᠢᠨ ᠰᠠᠭᠤᠷᠢᠨ ᠭᠠᠵᠠᠷ 5 ᠶᠢ ᠦᠨᠡᠯᠡᠨ ᠲᠤᠭᠳᠠᠭᠠᠵᠦ᠂ ᠤᠯᠤᠰ ᠤᠨ ᠲᠡᠰ ᠤᠨ ᠠᠳᠠᠯ ᠦᠢᠯᠡᠰ | ᠪᠤᠰᠬᠠᠬᠤ ᠨᠡᠪᠴᠢᠯᠳᠡ ᠶᠢᠨ ᠰᠠᠭᠤᠷᠢᠨ ᠭᠠᠵᠠᠷ ᠤᠨ ᠡᠩᠨᠡᠭᠡᠨ ᠳᠤ 1 ᠰᠠᠭᠤᠷᠢᠨ ᠭᠠᠵᠠᠷ ᠢ ᠤᠷᠤᠭᠤᠯᠬᠤ ᠪᠠᠷ | ᠴᠢᠷᠮᠠᠶᠢᠨ᠎ᠠ᠃ ᠠᠳᠠᠯ ᠦᠢᠯᠡᠰ ᠪᠤᠰᠬᠠᠬᠤ ᠬᠦᠷᠢᠶᠡᠯᠡᠩ ᠤᠨ ᠨᠡᠪᠴᠢᠯᠳᠡ ᠶᠢᠨ ᠰᠠᠭᠤᠷᠢᠨ ᠭᠠᠵᠠᠷ ᠤᠨ ︽ᠱᠠᠩᠨᠠᠯ | ᠢᠶᠠᠷ ᠨᠦᠬᠦᠪᠤᠷᠢ ᠶᠢ ᠤᠷᠤᠯᠠᠭᠤᠯᠬᠤ︾ ᠲᠦᠷᠦᠯ ᠵᠦᠢᠯ ᠢ ᠦᠷᠭᠦᠯᠵᠢᠯᠡᠨ ᠵᠤᠬᠢᠶᠠᠨ ᠪᠠᠶᠢᠭᠤᠯᠤᠨ ᠬᠡᠷᠡᠭᠵᠢᠬᠦᠯᠵᠦ᠂ | ᠪᠠᠷᠢᠮᠵᠢᠶ᠎ᠠ ᠶᠢ ᠴᠢᠩᠭᠠᠳᠬᠠᠨ᠂ ᠲᠤᠭ᠎ᠠ ᠶᠢ ᠬᠢᠵᠠᠭᠠᠷᠯᠠᠵᠦ᠂ ᠪᠤᠳᠠᠳᠤ ᠠᠰᠢᠭ ᠢ ᠲᠤᠪᠤᠶᠢᠯᠭᠠᠨ᠎ᠠ᠃ ᠲᠦᠷᠪᠡ ᠳᠤ | ᠠᠳᠠᠯ ᠦᠢᠯᠡᠰ ᠪᠤᠰᠬᠠᠬᠤ ᠬᠡᠯᠪᠡᠷᠢ ᠶᠢᠨ ᠭᠠᠵᠠᠷ ᠤᠷᠤᠨ ᠢ ᠡᠭᠦᠰᠭᠡᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠢᠶᠠᠷ | ᠠᠬᠢᠭᠤᠯᠤᠨ᠎ᠠ᠃ ᠵᠤᠬᠢᠶᠠᠨ ᠪᠠᠶᠢᠭᠤᠯᠤᠯᠳᠠ ᠤᠳᠤᠷᠢᠳᠤᠯᠭ᠎ᠠ ᠶᠢᠨ ᠰᠢᠰᠲ᠋ᠧᠮᠵᠢ᠂ ᠲᠦᠷᠦ ᠶᠢᠨ ᠪᠤᠳᠤᠯᠭ᠎ᠠ ᠪᠠᠷ | ᠳᠡᠳᠬᠦᠬᠦ ᠰᠢᠰᠲ᠋ᠧᠮᠵᠢ᠂ ᠠᠳᠠᠯ ᠦᠢᠯᠡᠰ ᠪᠤᠰᠬᠠᠬᠤ ᠪᠤᠯᠪᠠᠰᠤᠷᠠᠭᠤᠯᠤᠯ ᠤᠨ ᠰᠢᠰᠲ᠋ᠧᠮᠵᠢ᠂ ᠠᠳᠠᠯ ᠦᠢᠯᠡᠰ | ᠪᠤᠰᠬᠠᠬᠤ ᠦᠢᠯᠡᠴᠢᠯᠡᠭᠡᠨ ᠤ ᠰᠢᠰᠲ᠋ᠧᠮᠵᠢ᠂ ᠠᠵᠢᠯ ᠤᠨ ᠬᠢᠨᠠᠨ ᠰᠢᠯᠭᠠᠬᠤ ᠰᠢᠰᠲ᠋ᠧᠮᠵᠢ ᠶᠢ ᠤᠯᠠᠮ ᠪᠦᠷᠢᠨᠰᠢᠬᠦᠯᠦᠨ | ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠤ ᠡᠷᠬᠡ ᠴᠢᠳᠠᠪᠤᠷᠢ ᠶᠢ ᠴᠢᠩᠭᠠᠳᠬᠠᠵᠦ᠂ ᠵᠠᠰᠠᠭ ᠤᠨ ᠤᠷᠳᠤᠨ | ᠭᠤᠤᠯᠯᠠᠵᠦ᠂ ᠰᠠᠯᠠᠭ᠎ᠠ ᠮᠦᠴᠢᠷ ᠬᠤᠯᠪᠤᠭᠠᠯᠠᠨ ᠬᠦᠳᠡᠯᠤᠯᠴᠡᠵᠦ᠂ ᠪᠦᠬᠦ ᠨᠡᠶᠢᠭᠡᠮ ᠢᠶᠠᠷ ᠢᠶᠠᠨ ᠤᠷᠤᠯᠴᠠᠬᠤ | ᠡᠭᠦᠳᠤᠨ ᠪᠠᠶᠢᠭᠤᠯᠬᠤ ᠪᠠᠶᠢᠭᠤᠯᠤᠯ ᠪᠤᠯᠤᠨ ᠲᠤᠭᠳᠠᠴᠠ ᠶᠢ ᠪᠤᠢ ᠪᠤᠯᠭᠠᠬᠤ ᠶᠢ ᠠᠬᠢᠭᠤᠯᠵᠦ᠂ ᠠᠳᠠᠯ ᠦᠢᠯᠡᠰ | ᠪᠤᠰᠬᠠᠬᠤ ᠬᠡᠯᠪᠡᠷᠢ ᠶᠢᠨ ᠭᠠᠵᠠᠷ ᠤᠷᠤᠨ ᠢ ᠡᠭᠦᠳᠤᠨ ᠪᠠᠶᠢᠭᠤᠯᠬᠤ ᠠᠵᠢᠯ ᠤᠨ ᠪᠤᠳᠠᠳᠤ ᠦᠷ᠎ᠡ ᠠᠰᠢᠭ ᠤᠯᠬᠤ ᠶᠢ | ᠨᠢ ᠪᠠᠳᠤᠯᠠᠨ᠎ᠠ᠃ ᠡᠴᠤᠰ ᠤᠨ ᠬᠢᠨᠠᠨ ᠲᠤᠭᠳᠠᠭᠠᠯ ᠳᠤ ᠬᠢᠷᠢ ᠳᠤ ᠳᠡᠩᠴᠡᠭᠰᠡᠨ ᠦᠬᠡᠢ ᠭᠠᠵᠠᠷ ᠤᠷᠤᠨ ᠢ | ᠰᠢᠮᠳᠠᠭᠤᠯᠤᠨ ᠪᠠᠶᠢᠴᠠᠭᠠᠬᠤ ᠪᠠ ᠦᠨᠡᠯᠡᠬᠦ ᠶᠢ ᠴᠢᠩᠭᠠᠳᠬᠠᠨ᠎ᠠ᠃ ᠠᠳᠠᠯ ᠦᠢᠯᠡᠰ ᠪᠤᠰᠬᠠᠬᠤ ᠵᠢᠱᠢᠶ᠎ᠡ ᠦᠵᠡᠭᠦᠯᠬᠦ | ᠳᠡᠯᠭᠡᠭᠦᠷ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠦᠷᠬᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠦᠨ᠎ᠡ᠃ | ﹇ᠬᠦᠳᠤᠯᠦᠭᠴᠢ﹈ ᠠᠵᠢᠯ ᠤᠯᠭᠤᠬᠤ ᠳᠤ ᠬᠦᠴᠢᠷᠳᠡᠯ ᠲᠠᠢ ᠪᠦᠯᠦᠭᠯᠡᠯ ᠳᠤ ᠠᠵᠢᠯ ᠤᠯᠭᠤᠬᠤ | ᠶᠢ ᠠᠬᠢᠭᠤᠯᠬᠤ ᠪᠤᠯ ᠠᠵᠢᠯ ᠤᠯᠭᠤᠬᠤ ᠳᠤ ᠬᠦᠴᠢᠷᠳᠠᠯ ᠲᠠᠢ ᠪᠦᠯᠦᠭᠯᠡᠯ ᠤᠨ ᠠᠮᠢᠳᠤᠷᠠᠯ ᠢ ᠰᠠᠶᠢᠵᠢᠷᠠᠭᠤᠯᠬᠤ | ᠦᠨᠳᠤᠰᠤᠨ ᠤᠷᠢᠳᠠᠯ ᠪᠠ ᠠᠷᠭ᠎ᠠ ᠵᠠᠮ ᠪᠤᠯᠬᠤ ᠮᠦᠷᠳᠡᠭᠡᠨ ᠪᠠᠰᠠᠴᠤ ᠨᠡᠶᠢᠭᠡᠮ ᠵᠢᠷᠤᠮᠳᠤ ᠡᠪ ᠵᠤᠬᠢᠴᠠᠯᠳᠤ ᠨᠡᠶᠢᠭᠡᠮ ᠢ | ᠴᠤᠭᠴᠠᠯᠠᠨ ᠪᠠᠶᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠃ ᠡᠨᠡ ᠵᠢᠯ ᠠᠵᠢᠯ ᠤᠯᠭᠤᠯᠳᠠ ᠶᠢᠨ | ᠲᠤᠰᠠᠯᠠᠮᠵᠢ ᠶᠢ ᠴᠢᠩᠭᠠᠷᠠᠭᠤᠯᠵᠦ᠂ ᠠᠵᠢᠯ ᠤᠯᠭᠤᠬᠤ ᠳᠤ ᠬᠦᠴᠢᠷᠳᠠᠯ ᠲᠠᠢ ᠪᠦᠯᠦᠭᠯᠡᠯ ᠳᠤ ᠲᠤᠭᠳᠠᠭᠤᠨ | ᠠᠵᠢᠯ ᠤᠯᠭᠤᠬᠤ ᠲᠠᠯ᠎ᠠ ᠪᠠᠷ ᠶᠠᠮᠠᠷ ᠶᠠᠮᠠᠷ ᠭᠤᠤᠯᠳᠠᠯᠭ᠎ᠠ ᠲᠠᠢ ᠠᠵᠢᠯ ᠢ ᠰᠠᠶᠢᠳᠤᠷ ᠬᠢᠬᠦ ᠪᠤᠢ︖ | ﹇ᠸᠠᠩ ᠶᠢᠤ ᠬᠤᠩ﹈ ᠭᠤᠷᠪᠠᠨ ᠭᠤᠤᠯᠳᠠᠯᠭ᠎ᠠ ᠶᠢ ᠲᠤᠪᠤᠶᠢᠮ᠎ᠠ ᠠᠳᠬᠤᠨ᠎ᠠ᠃ ᠨᠢᠭᠡ ᠳᠤ | ᠬᠤᠳᠠ ᠬᠦᠳᠡᠭᠡ ᠶᠢᠨ ᠠᠵᠢᠯ ᠤᠯᠭᠤᠬᠤ ᠳᠤ ᠬᠦᠴᠢᠷᠳᠡᠯ ᠲᠠᠢ ᠪᠠᠶᠢᠭ᠎ᠠ ᠬᠦᠮᠤᠰ ᠢ ᠳᠡᠳᠬᠦᠨᠠᠵᠢᠯ ᠤᠯᠬᠤ ᠶᠢ | ᠲᠡᠷᠢᠬᠦᠨ ᠬᠠᠷᠠᠯᠳᠠ ᠪᠠᠨ ᠪᠤᠯᠭᠠᠵᠦ᠂ ᠠᠵᠢᠯ ᠤᠯᠬᠤ ᠳᠤ ᠬᠦᠴᠢᠷᠳᠡᠯ ᠲᠠᠢ ᠬᠦᠮᠤᠰ ᠢ ᠳᠡᠳᠬᠦᠨ ᠲᠤᠰᠠᠯᠠᠬᠤ | ᠡᠷᠴᠢᠮ ᠢ ᠤᠯᠠᠮ ᠢᠯᠡᠭᠦᠤ ᠴᠢᠩᠭᠠᠯᠠᠵᠦ᠂ ᠠᠵᠢᠯ ᠤᠯᠭᠤᠬᠤ ᠲᠤᠰᠠᠯᠠᠮᠵᠢ ᠶᠢᠨ ᠲᠤᠭᠳᠠᠴᠠ ᠶᠢ ᠳᠡᠭᠦᠯᠳᠡᠷᠵᠢᠬᠦᠯᠵᠦ᠂ | ᠠᠵᠢᠯ ᠠᠯᠳᠠᠭᠰᠠᠳ ᠢ ᠬᠠᠪᠰᠤᠷᠤᠨ ᠠᠵᠢᠯ ᠠᠯᠳᠠᠬᠤ ᠦᠶᠡᠯᠡᠯ ᠤᠨ ᠬᠤᠭᠤᠴᠠᠭ᠎ᠠ ᠶᠢ ᠨᠢ ᠪᠤᠭᠤᠨᠢᠰᠬᠠᠵᠦ᠂ ᠠᠵᠢᠯ | ᠤᠯᠬᠤ ᠳᠤ ᠬᠦᠴᠢᠷᠳᠠᠯ ᠲᠠᠢ ᠬᠦᠮᠤᠰ ᠢ ᠭᠤᠤᠯᠳᠠᠯᠭ᠎ᠠ ᠲᠠᠢ ᠳᠡᠳᠬᠦᠨ ᠠᠵᠢᠯ ᠤᠯᠭᠤᠵᠦ᠂ ᠠᠵᠢᠯ ᠦᠬᠡᠢ ᠡᠷᠤᠬᠡ | ᠭᠡᠷ ᠢ ᠦᠬᠡᠢ ᠪᠤᠯᠭᠠᠨ᠎ᠠ᠃ ᠬᠤᠶᠡᠷ ᠲᠤ ᠠᠵᠢᠯ ᠤᠯᠭᠤᠬᠤ ᠲᠤᠰᠠᠯᠠᠮᠵᠢ ᠶᠢ ᠲᠦᠷᠢᠮᠵᠢᠬᠦᠯᠬᠦ᠂ ᠤᠷᠳᠤ | ᠬᠤᠭᠤᠴᠠᠭ᠎ᠠ ᠪᠠᠷ ᠪᠦᠳᠦᠮᠵᠢᠬᠦᠯᠬᠦ᠂ ᠨᠠᠷᠢᠯᠢᠭᠵᠢᠭᠤᠯᠬᠤ ᠪᠠᠶᠢᠭᠤᠯᠤᠯᠳᠠ ᠶᠢ ᠴᠢᠩᠭᠠᠳᠬᠠᠨ᠎ᠠ᠃ ᠬᠤᠳᠠ ᠪᠠᠯᠭᠠᠰᠤ | ᠶᠢᠨ ︽ᠠᠵᠢᠯ ᠦᠬᠡᠢ ᠡᠷᠤᠬᠡ︾ ᠳᠤ ᠠᠵᠢᠯ ᠤᠯᠭᠤᠬᠤ ᠲᠤᠰᠠᠯᠠᠮᠵᠢ ᠶᠢᠨ ᠠᠵᠢᠯ ᠢ ᠤᠯᠠᠮ ᠨᠢᠬᠡ ᠠᠯᠬᠤᠮ | ᠰᠠᠶᠢᠳᠤᠷ ᠬᠢᠬᠦ ᠲᠤᠬᠠᠢ ᠦᠪᠡᠷᠳᠡᠭᠡᠨ ᠵᠠᠰᠠᠬᠤ ᠤᠷᠤᠨ ᠤ ᠮᠡᠳᠡᠭᠳᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠠᠵᠢᠯ ᠤᠯᠬᠤ ᠳᠤ ᠬᠦᠴᠢᠷᠳᠠᠯ ᠲᠠᠢ ᠬᠦᠮᠤᠰ ᠪᠤᠯᠤᠨ ︽ᠠᠵᠢᠯ ᠦᠬᠡᠢ ᠡᠷᠤᠬᠡ︾ ᠶᠢ | ᠪᠦᠷᠢᠳᠭᠡᠨ ᠲᠤᠭᠳᠠᠭᠠᠬᠤ ᠪᠠ ᠴᠢᠭᠯᠡᠬᠦᠯᠬᠦ ᠴᠢᠨᠠᠷᠲᠠᠢ ᠳᠡᠳᠬᠦᠬᠦ ᠠᠵᠢᠯ ᠢ ᠰᠠᠶᠢᠳᠤᠷ ᠬᠢᠵᠦ᠂ ᠮᠦᠷᠳᠡᠨ | ᠰᠤᠷᠪᠤᠯᠵᠢᠯᠠᠬᠤ ᠶᠢ ᠴᠢᠩᠭᠠᠳᠬᠠᠵᠦ᠂ ︽ᠠᠵᠢᠯ ᠦᠬᠡᠢ ᠡᠷᠤᠬᠡ︾ ᠳᠤ ᠦᠨᠡᠨ ᠨᠡᠷ᠎ᠡ ᠶᠢᠨ ᠲᠦᠷᠢᠮᠳᠤ | ᠬᠦᠳᠡᠯᠦᠩᠭᠦᠢ ᠬᠠᠮᠢᠶᠠᠷᠤᠯᠳᠠ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠪᠦᠬᠦ ᠬᠡᠪᠴᠢᠶᠡᠨ᠎ᠡ ᠤᠯᠠᠨ ᠨᠡᠶᠢᠳᠡ ᠶᠢᠨ | ᠠᠵᠢᠯ ᠤᠯᠭᠤᠬᠤ ᠦᠢᠯᠡᠴᠢᠯᠡᠭᠡᠨ ᠢ ᠬᠠᠩᠭᠠᠨ᠎ᠠ᠃ ᠭᠤᠷᠪᠠ ᠳᠤ ᠨᠡᠶᠢᠳᠡ ᠶᠢᠨ ᠠᠰᠠᠷᠠᠮᠵᠢ ᠶᠢᠨ ᠤᠷᠤᠨ ᠪᠠᠶᠢᠷᠢ ᠶᠢ | ᠶᠡᠭᠡ ᠪᠠᠷ ᠨᠡᠬᠡᠬᠡᠵᠦ᠂ ᠠᠵᠢᠯ ᠤᠯᠬᠤ ᠳᠤ ᠬᠦᠴᠢᠷᠳᠠᠯ ᠲᠠᠢ ᠬᠦᠮᠤᠰ ᠢ ᠢᠳᠡᠪᠬᠢᠲᠠᠢ ᠲᠦᠪᠬᠢᠨᠡᠬᠦᠯᠬᠦ ᠪᠠ ︽ᠠᠵᠢᠯ | ᠦᠬᠡᠢ ᠡᠷᠦᠬᠡ︾ ᠳᠤ ᠠᠵᠢᠯ ᠤᠯᠭᠤᠨ᠎ᠠ᠃ ᠨᠠᠶᠢᠳᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠨᠡᠬᠡᠬᠡᠨ | ᠬᠦᠭᠵᠢᠬᠦᠯᠬᠦ ᠬᠠᠮᠢᠶᠠᠷᠬᠤ ᠬᠡᠷᠡᠭᠯᠡᠬᠦ ᠠᠷᠭ᠎ᠠ ᠶᠢ ᠲᠦᠷᠭᠡᠨ ᠲᠤᠭᠳᠠᠭᠠᠵᠦ᠂` ᠨᠡᠶᠢᠳᠡ ᠶᠢᠨ ᠠᠰᠠᠷᠠᠮᠵᠢ ᠶᠢᠨ ᠠᠵᠢᠯ | ᠤᠨ ᠪᠠᠶᠢᠷᠢ ᠶᠢᠨ ᠲᠦᠪᠬᠢᠨᠡᠬᠦᠯᠦᠯᠳᠡ ᠶᠢᠨ ᠬᠡᠯᠪᠡᠷᠢ ᠶᠢ ᠰᠢᠨᠡᠴᠢᠯᠡᠵᠦ᠂ ᠭᠠᠵᠠᠷ ᠤᠷᠤᠨ ᠤ ᠪᠠᠶᠢᠳᠠᠯ ᠳᠤ | ᠲᠤᠬᠢᠷᠠᠭᠤᠯᠤᠨ ᠠᠵᠢᠯ ᠤᠯᠭᠤᠬᠤ ᠠᠵᠢᠯ ᠤᠨ ᠪᠠᠶᠢᠷᠢ ᠶᠢ ᠨᠡᠬᠡᠬᠡᠵᠦ᠂ ᠦᠨᠳᠤᠰᠤᠨ ᠱᠠᠳᠤᠨ ᠤ ᠲᠠᠪᠴᠠᠩ | ᠰᠠᠭᠤᠭᠠᠯᠢ ᠠᠷᠠᠳ ᠲᠠᠢ ᠤᠶᠢᠷᠬᠠᠨ ᠪᠠᠶᠢᠬᠤ ᠳᠠᠪᠠᠭᠤᠯᠢᠭ ᠢ ᠬᠦᠢᠴᠡᠳ ᠪᠠᠳᠠᠷᠠᠭᠤᠯᠵᠦ᠂ ᠨᠡᠶᠢᠭᠡᠮ ᠲᠤᠭᠤᠷᠢᠭ ᠤᠨ | ᠪᠤᠳᠠᠳᠤ ᠴᠤᠭᠴᠠ ᠶᠢ ᠡᠬᠦᠳᠤᠨ ᠡᠷᠬᠢᠯᠡᠬᠦ᠂ ᠤᠨᠴᠠᠯᠢᠭᠳᠤ ᠲᠤᠰᠠᠯᠠᠮᠵᠢ ᠵᠡᠷᠬᠡ ᠠᠵᠢᠯᠯᠠᠭ᠎ᠠ ᠶᠢ ᠦᠷᠨᠢᠬᠦᠯᠬᠦ ᠂ | ᠡᠯ᠎ᠡ ᠲᠦᠷᠦᠯ ᠤᠨ ᠬᠠᠷᠠᠭᠠᠯᠵᠠᠳᠤ ᠳᠡᠳᠭᠦᠮᠵᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠬᠤᠳᠠ ᠬᠦᠳᠡᠭᠡ ᠶᠢᠨ ᠠᠵᠢᠯ ᠤᠯᠬᠤ ᠳᠤ ᠬᠦᠴᠢᠷᠳᠠᠯ ᠲᠠᠢ ᠬᠦᠮᠤᠰ | ᠲᠤ ᠠᠵᠢᠯ ᠤᠯᠭᠤᠬᠤ ᠪᠠ ︽ᠠᠵᠢᠯ ᠦᠬᠡᠢ ᠡᠷᠦᠬᠡ︾ ᠶᠢᠨ ᠬᠦᠳᠡᠯᠦᠯ ᠪᠠᠶᠢᠳᠠᠯ ᠢ ᠦᠬᠡᠢ ᠪᠤᠯᠭᠠᠨ᠎ᠠ᠃ | ﹇ᠬᠦᠳᠤᠯᠦᠭᠴᠢ﹈ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠨᠢ ᠢᠳᠡᠪᠬᠢᠲᠠᠢ | ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠴᠢᠬᠤᠯᠠ ᠠᠴᠢᠶᠠᠯᠠᠭᠴᠢ ᠪᠡᠶ᠎ᠡ ᠪᠠ ᠵᠠᠰᠠᠭ ᠤᠨ | ᠤᠷᠳᠤᠨ ᠬᠦᠳᠡᠯᠮᠤᠷᠢᠯᠡᠭᠴᠢᠳ ᠲᠤ ᠰᠢᠭᠤᠳ ᠦᠢᠯᠡᠴᠢᠯᠡᠬᠦ ᠠᠷᠭ᠎ᠠ ᠪᠠᠷᠢᠯ ᠪᠤᠯᠤᠭᠰᠠᠨ ᠤ ᠬᠤᠪᠢ ᠳᠤ ᠲᠡᠭᠦᠨ ᠤ | ᠴᠢᠳᠠᠪᠤᠷᠢ ᠶᠢᠨ ᠪᠠᠶᠢᠭᠤᠯᠤᠯᠳᠠ ᠨᠢ ᠦᠢᠯᠡᠴᠢᠯᠡᠭᠡᠨ ᠤ ᠶᠠᠰᠤ ᠴᠢᠨᠠᠷ ᠪᠤᠯᠤᠨ ᠬᠢᠷᠢ ᠲᠦᠪᠰᠢᠨ ᠢ ᠨᠦᠯᠦᠭᠡᠯᠡᠵᠦ | ᠪᠠᠶᠢᠳᠠᠭ᠂ ᠡᠨᠡ ᠵᠢᠯ ᠠᠵᠢᠯ ᠤᠯᠭᠤᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠬᠦᠯᠬᠦ ᠲᠠᠯ᠎ᠠ ᠪᠠᠷ ᠦᠪᠡᠷᠳᠡᠭᠡᠨ | ᠵᠠᠰᠠᠬᠤ ᠤᠷᠤᠨ ᠶᠠᠮᠠᠷ ᠴᠢᠬᠤᠯᠠ ᠠᠷᠭ᠎ᠠ ᠬᠡᠮᠵᠢᠶ᠎ᠡ ᠨᠦᠭᠦᠳ ᠢ ᠠᠪᠬᠤ ᠪᠤᠢ︖ | ﹇ᠸᠠᠩ ᠶᠢᠤ ᠬᠤᠩ ﹈ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠲᠠᠪᠴᠠᠩ | ᠤᠨ ᠪᠠᠶᠢᠭᠤᠯᠤᠯᠳᠠ ᠶᠢ ᠬᠦᠴᠤᠲᠠᠢ ᠰᠠᠶᠢᠨ ᠠᠳᠬᠤᠵᠦ᠂ ᠳᠠᠪᠤᠨ ᠲᠠᠯ᠎ᠠ ᠪᠠᠷ ᠲᠦᠷᠭᠡᠨ ᠳᠠᠪᠰᠢᠯᠳᠠ ᠲᠠᠢ | ᠪᠤᠯᠭᠠᠨ᠎ᠠ᠃ ᠨᠢᠭᠡ ᠳᠤ ᠠᠵᠢᠯ ᠤᠯᠭᠤᠬᠤ ᠮᠡᠳᠡᠭᠡ ᠵᠠᠩᠬᠢ ᠶᠢᠨ ᠰᠦᠯᠵᠢᠶᠡᠨ ᠤ ᠪᠠᠶᠢᠭᠤᠯᠤᠯᠳᠠ ᠶᠢ ᠲᠦᠷᠭᠡᠨ | ᠠᠬᠢᠭᠤᠯᠤᠨ᠎ᠠ᠃ ᠬᠦᠳᠡᠯᠮᠤᠷᠢ ᠠᠵᠢᠯ ᠤᠯᠭᠤᠬᠤ ᠭᠤᠤᠯᠯᠠᠭᠴᠢ ᠲᠤᠬᠠᠶᠢᠯᠠᠭᠰᠠᠨ ᠠᠵᠢᠯ ᠤᠨ ᠬᠤᠪᠢᠶᠠᠷᠢ | ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠦᠢᠯᠡᠳᠤᠯᠳᠤ ᠮᠤᠳᠧᠯ ᠬᠡᠰᠡᠭ ᠢ ᠤᠯᠠᠮ ᠳᠡᠭᠦᠯᠳᠡᠷᠵᠢᠭᠦᠯᠵᠦ᠂ ᠬᠤᠳᠠ | ᠬᠦᠳᠡᠭᠡ ᠶᠢᠨ ᠰᠢᠨ᠎ᠡ ᠪᠠᠷ ᠨᠡᠮᠡᠭᠳᠡᠭᠰᠡᠨ ᠠᠵᠢᠯ ᠤᠯᠭᠤᠯᠳᠠ᠂ ᠪᠦᠷᠢᠳᠭᠡᠭᠰᠡᠨ ᠠᠵᠢᠯ ᠠᠯᠳᠠᠭᠰᠠᠳ᠂ ᠠᠵᠢᠯ ᠤᠯᠬᠤ | ᠳᠤ ᠬᠦᠴᠢᠷᠳᠡᠯ ᠲᠠᠢ ᠬᠦᠮᠤᠰ ᠵᠡᠷᠭᠡ ᠶᠢᠰᠤᠨ ᠲᠦᠷᠦᠯ ᠤᠨ ᠬᠦᠮᠤᠰ ᠤᠨ ᠦᠨᠡᠨ ᠨᠡᠷ᠎ᠡ ᠶᠢᠨ ᠲᠦᠷᠢᠮᠳᠤ | ᠬᠦᠳᠡᠯᠦᠩᠬᠦᠢ ᠬᠠᠮᠢᠶᠠᠷᠤᠯᠳᠠ ᠶᠢᠨ ᠠᠵᠢᠯ ᠤᠯᠭᠤᠬᠤ ᠪᠦᠷᠢᠳᠭᠡᠯ ᠤᠨ ᠮᠡᠳᠡᠭᠦᠯᠦᠯᠳᠡ ᠶᠢᠨ ᠬᠦᠰᠤᠨᠦᠭ ᠤᠨ ᠲᠤᠭ᠎ᠠ | ᠪᠠᠷᠢᠮᠳᠠ ᠬᠢᠭᠡᠳ ᠮᠡᠳᠡᠭᠡ ᠵᠠᠩᠬᠢ ᠶᠢᠨ ᠰᠢᠰᠲ᠋ᠧᠮ ᠤᠨ ᠲᠤᠭ᠎ᠠ ᠪᠠᠷᠢᠮᠳᠠ ᠶᠢ ᠪᠦᠬᠦ ᠲᠠᠯ᠎ᠠ ᠪᠠᠷ ᠠᠮᠠ ᠰᠡᠭᠡᠷ | ᠵᠤᠯᠭᠠᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠭᠠᠴᠠᠭ᠎ᠠ ᠲᠤᠰᠬᠤᠨ ᠬᠦᠷᠳᠡᠯᠡᠬᠢ᠂ ᠳᠠᠪᠤᠨ ᠱᠠᠳᠤ | ᠨᠡᠪᠳᠡᠷᠡᠯᠴᠡᠬᠦ᠂ ᠬᠤᠳᠠ ᠬᠦᠳᠡᠭᠡ ᠶᠢ ᠪᠦᠷᠬᠦᠬᠦ ᠤᠯᠠᠨ ᠨᠡᠶᠢᠳᠡ ᠶᠢᠨ ᠠᠵᠢᠯ ᠤᠯᠭᠤᠬᠤ ᠮᠡᠳᠡᠭᠡ ᠵᠠᠩᠬᠢ ᠶᠢᠨ | ᠦᠢᠯᠡᠴᠢᠯᠡᠭᠡᠨ ᠤ ᠰᠦᠯᠵᠢᠶ᠎ᠡ ᠪᠠᠶᠢᠭᠤᠯᠬᠤ ᠶᠢ ᠢᠳᠡᠪᠬᠢᠲᠠᠢ ᠠᠬᠢᠭᠤᠯᠵᠦ᠂ ᠦᠢᠯᠡᠴᠢᠯᠡᠭᠡᠨ ᠤ ᠴᠢᠳᠠᠪᠤᠷᠢ ᠪᠠ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ | ᠰᠦᠯᠵᠢᠶᠡᠨ ᠳᠡᠭᠡᠷ᠎ᠡ ᠦᠢᠯᠡᠴᠢᠯᠡᠭᠡᠨ ᠤ ᠲᠤᠮᠤ ᠲᠠᠩᠬᠢᠮ ᠪᠠᠶᠢᠭᠤᠯᠬᠤ ᠶᠢ ᠲᠦᠷᠭᠡᠨ ᠠᠬᠢᠭᠤᠯᠵᠦ᠂ ᠰᠦᠯᠵᠢᠶᠡᠨ | ᠳᠡᠭᠡᠷ᠎ᠡ ᠦᠢᠯᠡᠴᠢᠯᠡᠬᠦ ᠲᠤᠮᠤ ᠲᠠᠩᠬᠢᠮ ᠤᠨ ᠪᠠᠶᠢᠭᠤᠯᠤᠯᠳᠠ ᠶᠢ ᠤᠯᠠᠨ ᠲᠦᠮᠡᠨ ᠯᠦᠭᠡ ᠤᠯᠠᠨ ᠨᠡᠶᠢᠳᠡ ᠶᠢᠨ ᠠᠵᠢᠯ | ᠤᠯᠭᠤᠬᠤ ᠦᠢᠯᠡᠴᠢᠯᠡᠭᠡᠨ ᠬᠠᠩᠭᠠᠬᠤ ︽ᠳᠡᠭ ᠵᠠᠶᠢᠳᠤ︾ ᠳᠠᠪᠴᠠᠩ ᠪᠤᠯᠭᠠᠨ᠎ᠠ᠃ ᠬᠤᠶᠠᠷ ᠲᠤ ᠠᠵᠢᠯ ᠤᠯᠭᠤᠬᠤ | ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠲᠤᠭᠳᠠᠭᠠᠯ︾ ᠢ ᠬᠢᠨᠠᠮᠠᠭᠠᠢ ᠨᠠᠶᠢᠳᠡᠪᠤᠷᠢᠵᠢᠭᠤᠯᠤᠨᠠ᠃ | ︽ᠠᠵᠢᠯ ᠤᠯᠭᠤᠬᠤ ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠲᠤᠭᠳᠠᠭᠠᠯ ᠳᠤ ᠵᠠᠰᠠᠪᠤᠷᠢ | ᠤᠷᠤᠭᠤᠯᠬᠤ ᠲᠤᠬᠠᠢ ᠬᠦᠮᠤᠨ ᠤ ᠬᠦᠴᠤᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ | ᠲᠤᠭᠳᠠᠭᠠᠯ︾ ᠪᠤᠯᠤᠨ ︽ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ ᠬᠠᠮᠢᠶᠠᠷᠤᠯᠳᠠ ᠶᠢᠨ ᠠᠷᠭ᠎ᠠ | ᠶᠢ ᠤᠯᠠᠮ ᠳᠡᠭᠦᠯᠳᠡᠷᠵᠢᠬᠦᠯᠬᠦ︾ ᠮᠡᠳᠡᠭᠳᠡᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ | ᠠᠵᠢᠯ ᠤᠯᠭᠤᠬᠤ ᠦᠢᠯᠡᠴᠢᠯᠡᠭᠡ ᠪᠤᠯᠤᠨ ᠠᠵᠢᠯ ᠤᠯᠭᠤᠬᠤ ᠬᠠᠮᠢᠶᠠᠷᠤᠯᠳᠠ ᠶᠢᠨ ᠠᠵᠢᠯ ᠢ ᠶᠡᠭᠡ ᠪᠠᠷ ᠴᠢᠩᠭᠠᠳᠬᠠᠵᠦ | ᠂ ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ ᠬᠠᠮᠢᠶᠠᠷᠤᠯᠳᠠ ᠶᠢᠨ ᠠᠷᠭ᠎ᠠ ᠶᠢ ᠤᠯᠠᠮ ᠢᠯᠡᠭᠦᠤ | ᠳᠡᠭᠦᠯᠳᠡᠷᠵᠢᠬᠦᠯᠦᠨ᠎ᠡ᠃ ᠠᠵᠢᠯ ᠠᠯᠳᠠᠯᠳᠠ ᠶᠢᠨ ᠪᠦᠷᠢᠳᠭᠡᠯ ᠤᠨ ᠨᠦᠬᠦᠴᠡᠯ ᠢ ᠠᠭᠤᠵᠢᠭᠤ ᠳᠠᠯᠪᠢᠬᠤ ᠬᠠᠮᠢᠶ᠎ᠠ | ᠪᠦᠬᠦᠢ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠠᠵᠢᠯ ᠤᠯᠭᠠᠯᠳᠠ ᠶᠢᠨ ᠪᠦᠷᠢᠳᠭᠡᠯ ᠤᠨ ᠮᠡᠳᠡᠭᠡ | ᠵᠠᠩᠬᠢ ᠴᠤᠭᠯᠠᠭᠤᠯᠬᠤ ᠠᠷᠭ᠎ᠠ ᠵᠠᠮ ᠢ ᠦᠷᠭᠡᠳᠭᠡᠵᠦ᠂ ᠠᠵᠢᠯ ᠤᠯᠭᠤᠯᠳᠠ ᠠᠵᠢᠯ ᠠᠯᠳᠠᠯᠳᠠ ᠶᠢᠨ ᠪᠦᠷᠢᠳᠭᠡᠯ ᠤᠨ | ᠮᠡᠳᠡᠭᠡ ᠵᠠᠩᠬᠢ ᠶᠢᠨ ᠬᠦᠳᠡᠯᠦᠩᠭᠦᠢ ᠬᠠᠮᠢᠶᠠᠷᠤᠯᠳᠠ ᠶᠢ ᠪᠡᠶᠡᠯᠡᠬᠦᠯᠦᠨ᠎ᠡ᠃ ᠭᠤᠷᠪᠠ ᠳᠤ ᠵᠠᠰᠠᠭ ᠤᠨ ᠤᠷᠳᠤᠨ ᠤ | ᠬᠤᠳᠠᠯᠳᠤᠨ ᠠᠪᠬᠤ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ ᠠᠵᠢᠯ ᠢ ᠢᠳᠡᠪᠬᠢᠲᠠᠢ | ᠠᠬᠢᠭᠤᠯᠤᠨ᠎ᠠ᠃ ᠬᠤᠰᠢᠭᠤ ᠰᠢᠶᠠᠨ ᠠᠴᠠ ᠳᠤᠷᠤᠭᠰᠢᠬᠢ ᠤᠯᠠᠨ ᠨᠡᠶᠢᠳᠡ ᠶᠢᠨ ᠠᠵᠢᠯ ᠤᠯᠭᠤᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠠᠵᠢᠯᠳᠠᠳ ᠲᠤᠭᠳᠠᠭᠤᠨ ᠪᠤᠰᠤ᠂ ᠠᠵᠢᠯ ᠤᠨ ᠵᠠᠷᠤᠳᠠᠯ ᠬᠦᠷᠦᠯᠴᠡᠭᠡ ᠦᠬᠡᠢ ᠂ ᠳᠤᠤᠷ | ᠰᠦᠯᠵᠢᠶ᠎ᠡ ᠶᠢᠨ ᠪᠠᠶᠢᠭᠤᠯᠤᠯᠳᠠ ᠬᠤᠴᠤᠷᠤᠩᠭᠤᠢ ᠪᠠᠶᠢᠬᠤ ᠵᠡᠷᠭᠡ ᠠᠵᠢᠯ ᠢ ᠬᠢᠵᠠᠭᠠᠷᠯᠠᠵᠦ ᠪᠠᠶᠢᠭ᠎ᠠ ᠪᠤᠭᠤᠮᠢ | ᠠᠰᠠᠭᠤᠳᠠᠯ ᠢ ᠭᠤᠤᠯᠳᠠᠯᠭ᠎ᠠ ᠲᠠᠢ ᠰᠢᠢᠳᠪᠤᠷᠢᠯᠠᠵᠦ᠂ ᠠᠵᠢᠯ ᠤᠨ ᠬᠡᠷᠡᠭᠵᠢᠬᠦᠯᠦᠯᠳᠡ ᠶᠢᠨ ᠬᠦᠴᠤᠨ ᠢ | ᠨᠡᠮᠡᠭᠳᠡᠬᠦᠯᠦᠨ᠎ᠡ᠃ ᠲᠦᠷᠪᠡ ᠳᠤ ᠦᠨᠳᠤᠰᠤᠨ ᠱᠠᠳᠤᠨ ᠤ ᠲᠠᠪᠴᠠᠩ ᠤᠨ ᠠᠵᠢᠯᠳᠠᠳ ᠤᠨ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠨ᠎ᠠ᠃ ︽ᠲᠦᠮᠡᠨ ᠬᠦᠮᠤᠨ ᠢ ᠪᠤᠯᠪᠠᠰᠤᠷᠠᠭᠤᠯᠬᠤ ᠲᠦᠷᠦᠯ ᠵᠦᠢᠯ︾ ᠢ | ᠦᠷᠭᠦᠯᠵᠢᠯᠡᠨ ᠬᠡᠷᠡᠭᠵᠢᠬᠦᠯᠵᠦ᠂ ᠠᠵᠢᠯᠳᠠᠳ ᠤᠨ ᠭᠠᠷᠳᠠᠨ ᠭᠦᠢᠴᠡᠳᠭᠡᠬᠦ ᠴᠢᠳᠠᠪᠤᠷᠢ ᠪᠤᠯᠤᠨ ᠲᠤᠬᠠᠶᠢᠯᠠᠭᠰᠠᠨ | ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ ᠪᠦᠬᠦ ᠵᠢᠯ ᠳᠤ 3000 ᠭᠠᠷᠤᠢ ᠬᠦᠮᠤᠨ | ᠢ ᠪᠤᠯᠪᠠᠰᠤᠷᠠᠭᠤᠯᠤᠨ᠎ᠠ᠃ ᠳᠠᠪᠤ ᠳᠤ ᠠᠵᠢᠯ ᠤᠯᠭᠤᠬᠤ ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠶᠡᠭᠡ ᠪᠠᠷ | ᠦᠷᠨᠢᠬᠦᠯᠦᠨ᠎ᠡ᠃ ᠠᠵᠢᠯ ᠤᠯᠭᠤᠬᠤ ᠬᠤᠯᠪᠤᠭᠠᠳᠤ ᠬᠤᠷᠠᠯ ᠤᠨ ᠪᠦᠷᠢᠯᠳᠤᠭᠦᠨ ᠨᠢᠭᠡᠴᠡ ᠶᠢᠨ ᠦᠢᠯᠡᠳᠤᠯ ᠢ ᠨᠢ | ᠭᠦᠢᠴᠡᠳ ᠪᠠᠳᠠᠷᠠᠭᠤᠯᠵᠦ᠂ ᠬᠠᠷᠢᠯᠴᠠᠨ ᠨᠡᠪᠳᠡᠷᠡᠯᠴᠡᠬᠦ ᠵᠤᠬᠢᠴᠠᠯᠳᠤᠬᠤ ᠶᠢ ᠴᠢᠩᠭᠠᠳᠬᠠᠵᠦ᠂ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠤᠯᠪᠤᠭᠠᠯᠠᠨ ︽ᠠᠵᠢᠯ ᠤᠯᠭᠤᠬᠤ ᠲᠤᠰᠠᠯᠠᠮᠵᠢ ᠶᠢᠨ ᠰᠠᠷ᠎ᠠ︾ ᠂ ︽ᠠᠷᠠᠳ ᠠᠴᠠ | ᠡᠷᠬᠢᠯᠡᠭᠰᠡᠨ ᠠᠵᠦ ᠠᠬᠤᠶᠢᠯᠠᠯ ᠤᠨ ᠤᠷᠢᠨ ᠡᠯᠰᠡᠬᠦ ᠭᠠᠷᠠᠭ︾ ᠵᠡᠷᠭᠡ ᠤᠯᠠᠨ ᠨᠡᠶᠢᠳᠡ ᠶᠢᠨ ᠠᠵᠢᠯ ᠤᠯᠭᠤᠬᠤ | ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠵᠤᠬᠢᠶᠠᠨ ᠪᠠᠶᠢᠭᠤᠯᠤᠨ ᠦᠷᠨᠢᠬᠦᠯᠵᠦ᠂ | ᠬᠦᠳᠡᠯᠮᠤᠷᠢᠯᠡᠭᠴᠢᠳ ᠲᠤ ᠲᠦᠭᠦᠮ ᠪᠤᠭᠡᠳ ᠲᠦᠷᠬᠡᠨ᠂ ᠴᠢᠭᠯᠡᠬᠦᠯᠬᠦ ᠴᠢᠨᠠᠷᠲᠠᠢ ᠠᠵᠢᠯ ᠤᠯᠭᠤᠬᠤ ᠦᠢᠯᠡᠴᠢᠯᠡᠭᠡᠨ | ᠬᠠᠩᠭᠠᠵᠦ᠂ ᠲᠤᠭᠳᠠᠭᠤᠨ ᠢᠶᠠᠷ ᠠᠵᠢᠯ ᠤᠯᠭᠤᠬᠤ᠂ ᠭᠦᠢᠴᠡᠳ ᠠᠵᠢᠯ ᠤᠯᠭᠤᠬᠤ᠂ ᠴᠢᠨᠠᠷ ᠰᠠᠶᠢᠲᠠᠢ ᠪᠠᠷ | ᠠᠵᠢᠯ ᠤᠯᠭᠤᠬᠤ ᠶᠢ ᠪᠠᠶᠡᠯᠡᠬᠦᠯᠬᠦ ᠶᠢ ᠠᠬᠢᠭᠤᠯᠤᠨ᠎ᠠ᠃ | ﹇ ᠬᠦᠳᠤᠯᠦᠭᠴᠢ﹈ ᠠᠵᠢᠯ ᠤᠯᠭᠤᠯᠳᠠ ᠠᠵᠢᠯ ᠠᠯᠳᠠᠯᠳᠠ ᠶᠢᠨ ᠮᠡᠳᠡᠭᠡ ᠵᠠᠩᠬᠢ ᠶᠢ ᠬᠢᠨᠠᠨ | ᠬᠡᠮᠵᠢᠬᠦ ᠠᠵᠢᠯ ᠢ ᠰᠠᠶᠢᠳᠤᠷ ᠬᠢᠬᠦ ᠪᠤᠯ ᠠᠵᠢᠯ ᠤᠯᠭᠤᠯᠳᠠ ᠶᠢᠨ ᠪᠠᠶᠢᠳᠠᠯ ᠢ ᠤᠨᠤᠪᠴᠢᠲᠠᠢ ᠮᠠᠭᠠᠳᠯᠠᠬᠤ ᠶᠢᠨ | ᠴᠢᠬᠤᠯᠠ ᠰᠠᠭᠤᠷᠢ ᠮᠦᠨ᠂ ᠡᠨᠡ ᠵᠢᠯ ᠮᠠᠨ ᠤ ᠤᠷᠤᠨᠠᠵᠢᠯ ᠤᠯᠭᠤᠯᠳᠠ ᠠᠵᠢᠯ ᠠᠯᠳᠠᠯᠳᠠ ᠶᠢᠨ ᠮᠡᠳᠡᠭᠡ | ᠵᠠᠩᠬᠢ ᠶᠢ ᠬᠢᠨᠠᠨ ᠬᠡᠮᠵᠢᠬᠦ ᠪᠠ ᠠᠵᠢᠯ ᠠᠯᠳᠠᠯᠳᠠ ᠶᠢᠨ ᠳᠠᠭᠠᠳᠬᠠᠯ ᠢᠶᠠᠷ ᠠᠵᠢᠯ ᠤᠯᠭᠤᠬᠤ ᠶᠢ ᠠᠬᠢᠭᠤᠯᠬᠤ | ᠲᠠᠯ᠎ᠠ ᠪᠠᠷ ᠶᠠᠮᠠᠷ ᠬᠡᠳᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠬᠦ ᠪᠤᠢ︖ | ﹇ᠸᠠᠩ ᠶᠢᠤ ᠬᠤᠩ﹈ ᠲᠦᠷᠪᠡᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ | ᠠᠳᠬᠤᠨ᠎ᠠ ᠃ ᠨᠢᠭᠡ ᠳᠤ ᠠᠵᠢᠯ ᠤᠯᠭᠤᠯᠳᠠ ᠠᠵᠢᠯ ᠠᠯᠳᠠᠯᠳᠠ ᠶᠢᠨ ᠬᠦᠳᠡᠯᠦᠩᠭᠦᠢ ᠪᠠᠶᠢᠳᠠᠯ ᠢ ᠬᠢᠨᠠᠨ ᠬᠡᠮᠵᠢᠬᠦ | ᠶᠢ ᠴᠢᠩᠭᠠᠷᠠᠭᠤᠯᠤᠨ᠎ᠠ᠃ ᠠᠵᠢᠯ ᠤᠯᠭᠤᠯᠳᠠ ᠶᠢᠨ ᠬᠢᠨᠠᠨ ᠬᠡᠮᠵᠢᠬᠦ ᠲᠠᠯ᠎ᠠ ᠪᠠᠷ ᠠᠵᠢᠯ ᠤᠯᠭᠤᠯᠳᠠ ᠶᠢᠨ ᠮᠡᠳᠡᠭᠡ | ᠵᠠᠩᠬᠢ ᠶᠢᠨ ᠰᠢᠰᠲ᠋ᠧᠮ᠂ ᠨᠡᠶᠢᠭᠡᠮ ᠤᠨ ᠪᠠᠳᠤᠯᠠᠭ᠎ᠠ ᠶᠢᠨ ᠮᠡᠳᠡᠭᠡ ᠵᠠᠩᠬᠢ ᠶᠢᠨ ᠰᠢᠰᠲ᠋ᠧᠮ᠂ ᠬᠦᠳᠡᠯᠮᠤᠷᠢ ᠶᠢᠨ | ᠬᠠᠷᠢᠴᠠᠭᠠᠨ ᠤ ᠮᠡᠳᠡᠭᠡ ᠵᠠᠩᠬᠢ ᠶᠢᠨ ᠰᠢᠰᠲ᠋ᠧᠮ ᠵᠡᠷᠭᠡ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠤᠭ᠎ᠠ | ᠪᠠᠷᠢᠮᠳᠠ ᠡᠬᠢ ᠪᠠᠶᠠᠯᠢᠭ ᠢ ᠬᠠᠮᠳᠤ ᠪᠠᠷ ᠬᠦᠷᠳᠡᠬᠦ ᠶᠢ ᠲᠦᠷᠭᠡᠨ ᠠᠬᠢᠭᠤᠯᠤᠨ ᠪᠡᠶᠡᠯᠡᠬᠦᠯᠵᠦ᠂ ᠠᠵᠢᠯ ᠤᠯᠭᠤᠯᠳᠠ | ᠶᠢᠨ ᠮᠡᠳᠡᠭᠡ ᠵᠠᠩᠬᠢ ᠶᠢ ᠬᠢᠨᠠᠨ ᠬᠡᠮᠵᠢᠬᠦ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠠᠵᠢᠯ ᠠᠯᠳᠠᠯᠳᠠ ᠶᠢ ᠬᠢᠨᠠᠨ | ᠬᠡᠮᠵᠢᠬᠦ ᠲᠠᠯ᠎ᠠ ᠪᠠᠷ ᠡᠭᠦᠰᠴᠤ ᠮᠡᠳᠡᠬᠦ ᠪᠦᠳᠤᠴᠡ ᠶᠢᠨ ᠴᠢᠨᠠᠷᠲᠠᠢ ᠠᠵᠢᠯ ᠠᠯᠳᠠᠬᠤ ᠶᠢ ᠠᠷᠭᠠᠴᠠᠭᠠᠬᠤ ᠤᠷᠢᠳᠡᠴᠢ | ᠲᠦᠰᠦᠯ ᠢ ᠨᠠᠷᠢᠯᠢᠭ ᠲᠤᠭᠳᠠᠭᠠᠵᠦ᠂ ᠲᠦᠷᠦ ᠶᠢᠨ ᠪᠤᠳᠤᠯᠭ᠎ᠠ ᠶᠢᠨ ᠨᠦᠭᠡᠴᠡ ᠲᠠᠢ ᠪᠠᠶᠢᠯᠭᠠᠨ᠎ᠠ᠃ ᠡᠨᠡ ᠵᠢᠯ ᠪᠦᠬᠦ | ᠤᠷᠤᠨ ᠤ ᠠᠵᠢᠯ ᠠᠯᠳᠠᠯᠳᠠ ᠶᠢ ᠬᠢᠨᠠᠨ ᠬᠡᠮᠵᠢᠬᠦ ᠠᠵᠦ ᠠᠬᠤᠶᠢᠯᠠᠯ 3380 ᠭᠠᠷᠤᠢ ᠳᠤ ᠬᠦᠷᠬᠦ ᠲᠤᠯᠠ ᠲᠤᠭ᠎ᠠ | ᠪᠠᠷᠢᠮᠳᠠ ᠶᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠵᠠᠳᠠᠯᠤᠨ ᠮᠡᠳᠡᠬᠦᠯᠬᠦ ᠵᠡᠷᠭᠡ ᠠᠵᠢᠯ ᠤᠳ ᠢ ᠬᠢᠨᠠᠮᠠᠭᠠᠢ ᠬᠢᠵᠦ | ᠂ ᠠᠵᠢᠯ ᠤᠯᠭᠤᠯᠳᠠ ᠶᠢᠨ ᠪᠠᠶᠢᠳᠠᠯ ᠳᠤ ᠮᠠᠭᠠᠳᠯᠠᠯᠳᠠ ᠬᠢᠬᠦ ᠶᠢ ᠴᠢᠩᠭᠠᠳᠬᠠᠵᠦ᠂ ᠰᠢᠢᠳᠪᠤᠷᠢᠳᠤ ᠪᠤᠳᠤᠯᠭ᠎ᠠ ᠳᠤ | ᠨᠠᠶᠢᠳᠠᠪᠤᠷᠢᠲᠠᠢ ᠲᠤᠭ᠎ᠠ ᠪᠠᠷᠢᠮᠳᠠ ᠤᠯᠭᠤᠨ᠎ᠠ᠃ ᠬᠤᠶᠠᠷ ᠲᠤ ᠨᠡᠶᠢᠭᠡᠮ ᠤᠨ ᠪᠠᠳᠤᠯᠠᠭ᠎ᠠ ᠶᠢᠨ ᠬᠠᠮᠢᠶᠠᠷᠤᠯᠳᠠ ᠶᠢᠨ | ᠮᠡᠳᠡᠭᠡ ᠵᠠᠩᠬᠢ ᠶᠢᠨ ᠰᠢᠰᠲ᠋ᠧᠮ ᠤᠨ ᠬᠡᠷᠡᠭᠯᠡᠯᠳᠡ ᠶᠢ ᠯᠠᠪᠳᠠᠭᠤᠨ ᠰᠠᠶᠢᠳᠤᠷ ᠠᠳᠬᠤᠨ᠎ᠠ᠃ ᠪᠦᠬᠦ ᠤᠷᠤᠨ ᠤ ᠠᠵᠢᠯ | ᠠᠯᠳᠠᠯᠳᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠭᠠᠷᠳᠠᠨ ᠭᠦᠢᠴᠡᠳᠭᠡᠬᠦ ᠶᠢ | ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠨᠡᠶᠢᠭᠡᠮ ᠤᠨ ᠳᠠᠭᠠᠳᠬᠠᠯ ᠢ ᠡᠳ᠋ ᠤᠨ ᠶᠠᠪᠤᠳᠠᠯ ᠤᠨ ᠰᠢᠰᠲ᠋ᠧᠮ ᠪᠤᠯᠤᠨ | ᠮᠦᠩᠬᠦᠨ ᠭᠦᠢᠯᠬᠡᠬᠡ ᠭᠠᠶᠢᠯᠢ ᠶᠢᠨ ᠰᠢᠰᠲ᠋ᠧᠮ ᠯᠤᠭ᠎ᠠ ᠵᠤᠯᠭᠠᠭᠤᠯᠬᠤ ᠶᠢ ᠢᠳᠡᠪᠬᠢᠲᠠᠢ ᠠᠬᠢᠭᠤᠯᠵᠦ᠂ | ᠰᠦᠯᠵᠢᠶᠡᠵᠢᠬᠦᠯᠦᠯᠳᠡ ᠶᠢᠨ ᠲᠤᠭ᠎ᠠ ᠪᠠᠷᠢᠮᠳᠠ ᠶᠢ ᠮᠡᠳᠡᠭᠦᠯᠦᠨ ᠬᠦᠷᠬᠡᠬᠦ ᠠᠵᠢᠯ ᠢ ᠴᠢᠩᠭᠠᠷᠠᠭᠤᠯᠵᠦ᠂ ᠠᠵᠢᠯ | ᠠᠯᠳᠠᠯᠳᠠ ᠶᠢᠨ ᠳᠠᠭᠠᠳᠬᠠᠯ ᠤᠨ ᠮᠡᠳᠡᠭᠡ ᠵᠠᠩᠬᠢᠵᠢᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ | ᠦᠬᠡᠢ ᠳᠡᠭᠡᠭᠰᠢᠯᠡᠬᠦᠯᠦᠨ᠎ᠡ᠃ ᠳᠡᠭᠡᠷ᠎ᠡ ᠬᠠᠭᠠᠰ ᠵᠢᠯ ᠳᠤ ᠦᠪᠡᠷᠳᠡᠭᠡᠨ ᠵᠠᠰᠠᠬᠤ ᠤᠷᠤᠨ ᠬᠠᠮᠢᠶ᠎ᠠ ᠪᠦᠬᠦᠢ ᠨᠢᠭᠡᠴᠡ ᠶᠢ | ᠵᠤᠬᠢᠶᠠᠨ ᠪᠠᠶᠢᠭᠤᠯᠤᠨ ᠲᠤᠰᠬᠠᠢ ᠰᠢᠮᠳᠠᠭᠤᠯᠤᠨ ᠪᠠᠶᠢᠴᠠᠭᠠᠯᠳᠠ ᠬᠢᠵᠦ᠂ ᠪᠦᠬᠦᠨ ᠢ ᠰᠦᠯᠵᠢᠶᠡᠵᠢᠬᠦᠯᠦᠨ | ᠵᠤᠯᠭᠤᠭᠤᠯᠬᠤ ᠶᠢ ᠠᠬᠢᠭᠤᠯᠤᠨ᠎ᠠ᠃ ᠭᠤᠷᠪᠠ ᠳᠤ ᠪᠡᠯᠡ ᠮᠦᠩᠬᠦᠨ ᠤ ᠬᠠᠮᠢᠶᠠᠷᠤᠯᠳᠠ ᠶᠢ ᠴᠢᠩᠭᠠᠷᠠᠭᠤᠯᠤᠨ᠎ᠠ᠃ | ᠠᠵᠢᠯ ᠠᠯᠳᠠᠯᠳᠠ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠢ ᠤᠯᠠᠮ ᠳᠡᠬᠦᠯᠳᠡᠷᠵᠢᠬᠦᠯᠵᠦ᠂ | ᠠᠵᠢᠯ ᠠᠯᠳᠠᠯᠳᠠ ᠶᠢᠨ ᠳᠠᠭᠠᠳᠬᠠᠯ ᠤᠨ ᠰᠠᠭᠤᠷᠢ ᠮᠦᠩᠬᠦ᠂ ᠠᠵᠢᠯ ᠤᠯᠭᠤᠯᠳᠠ ᠶᠢᠨ ᠲᠤᠰᠬᠠᠢ ᠪᠡᠯᠡ ᠮᠦᠩᠬᠦ ᠶᠢᠨ | ᠬᠠᠮᠢᠶᠠᠷᠤᠯᠳᠠ ᠪᠠ ᠬᠡᠷᠡᠭᠯᠡᠯᠳᠡ ᠶᠢ ᠲᠦᠷᠢᠮᠵᠢᠬᠦᠯᠵᠦ᠂ ᠭᠠᠷᠳᠠᠨ ᠭᠦᠢᠴᠡᠳᠭᠡᠬᠦ ᠶᠢᠨ ᠲᠦᠭᠰᠢᠬᠦᠷᠢ ᠶᠢ | ᠪᠦᠳᠤᠮᠵᠢᠲᠠᠢ ᠪᠠᠷ ᠰᠠᠷᠭᠡᠶᠢᠯᠡᠵᠦ᠂ ᠰᠠᠭᠤᠷᠢ ᠮᠦᠩᠬᠦ ᠶᠢ ᠠᠶᠤᠯ ᠦᠬᠡᠢ ᠡᠷᠬᠢᠯᠳᠤᠬᠦᠯᠬᠦ ᠶᠢ ᠪᠠᠳᠤᠯᠠᠨ᠎ᠠ᠃ | ᠲᠦᠷᠪᠡ ᠳᠤ ᠠᠵᠢᠯ ᠠᠯᠳᠠᠯᠳᠠ ᠶᠢᠨ ᠳᠠᠭᠠᠳᠬᠠᠯ ᠤᠨ ᠠᠵᠢᠯ ᠤᠯᠭᠤᠯᠳᠠ ᠶᠢ ᠠᠬᠢᠭᠤᠯᠬᠤ ᠦᠢᠯᠡᠳᠤᠯ ᠢ ᠨᠢ | ᠪᠠᠳᠠᠷᠠᠭᠤᠯᠵᠦ᠂ ᠠᠵᠢᠯ ᠠᠯᠳᠠᠯᠳᠠ ᠶᠢᠨ ᠳᠠᠭᠠᠳᠬᠠᠯ ᠢᠶᠠᠷ ᠠᠵᠦ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ | ᠲᠤᠭᠳᠠᠪᠤᠷᠢᠵᠢᠭᠤᠯᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠬᠦᠮᠤᠨ ᠤ ᠬᠦᠴᠤᠨ ᠤ ᠡᠬᠢ ᠪᠠᠶᠠᠯᠢᠭ ᠨᠡᠶᠢᠭᠡᠮ | ᠤᠨ ᠪᠠᠳᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠵᠡᠷᠭᠡ ᠰᠠᠯᠭ᠎ᠠ ᠮᠦᠴᠢᠷ ᠤᠨ ᠮᠡᠳᠡᠭᠳᠡᠯ ᠤᠨ ᠵᠤᠷᠢᠭ | ᠰᠠᠨᠠᠭ᠎ᠠ ᠪᠤᠯᠤᠨ ᠬᠦᠴᠢᠷᠳᠡᠯ ᠲᠠᠢ ᠠᠵᠦ ᠠᠬᠤᠶᠢᠯᠠᠯ ᠢ ᠲᠤᠰᠠᠯᠠᠨ ᠠᠵᠢᠯ ᠤᠯᠭᠤᠬᠤ ᠠᠵᠢᠯ ᠤᠨ ᠪᠠᠶᠢᠷᠢ ᠶᠢ | ᠲᠤᠭᠳᠠᠪᠤᠷᠢᠵᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ᠤᠨ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠵᠦ ᠠᠬᠤᠶᠢᠯᠠᠯ ᠢ ᠳᠡᠮᠵᠢᠨ ᠠᠵᠢᠯ ᠤᠨ ᠪᠠᠶᠢᠷᠢ | ᠶᠢ ᠲᠤᠭᠳᠠᠪᠤᠷᠢᠵᠢᠭᠤᠯᠬᠤ ᠲᠦᠷᠦ ᠶᠢᠨ ᠪᠤᠳᠤᠯᠭ᠎ᠠ ᠶᠢ ᠦᠨᠡᠨᠬᠦ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ | ﹇ᠬᠦᠳᠤᠯᠦᠭᠴᠢ﹈ ᠵᠠ ᠰᠠᠶᠢᠨ ᠪᠤᠯᠤᠯ᠎ᠠ᠂ ᠸᠠᠩ ᠳᠠᠷᠤᠭ᠎ᠠ ᠶᠢᠨ ᠬᠠᠯᠠᠰᠢᠷᠠᠯ ᠦᠬᠡᠢ | ᠲᠠᠶᠢᠯᠪᠤᠷᠢᠯᠠᠨ ᠶᠠᠷᠢᠭᠰᠠᠨ ᠳᠤ ᠲᠠᠯᠠᠷᠬᠠᠵᠦ ᠪᠠᠶᠢᠨ᠎ᠠ᠂ ᠮᠦᠨᠴᠤ ᠰᠦᠯᠵᠢᠶᠡᠨ ᠠᠨᠳᠠ ᠨᠠᠷ ᠤᠨ ᠢᠳᠡᠪᠬᠢᠲᠠᠢ | ᠤᠷᠤᠯᠴᠠᠭᠰᠠᠨ ᠳᠤ ᠲᠠᠯᠠᠷᠬᠠᠵᠦ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ | ᠬᠦᠷᠦᠭᠡᠳ ᠲᠡᠭᠦᠰᠤᠯᠡ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ︕ | | | | |