| | ᠰᠤᠷᠪᠤᠯᠵᠢᠯᠠᠭ᠎ᠠ ᠶᠠᠷᠢᠯᠴᠠᠭ᠎ᠠ ᠶᠢᠨ ᠭᠤᠤᠯ ᠰᠡᠳᠤᠪ᠄ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 15 ᠳ᠋ᠤᠭᠠᠷ ᠲᠤᠭᠠᠳᠤ | ᠪᠢᠴᠢᠭ | ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠦ ᠪᠦᠬᠦ ᠤᠷᠤᠨ ᠤ ᠵᠠᠰᠠᠭ ᠤᠨ | | ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠵᠢᠨᠠᠵᠢᠯ ᠢ ᠪᠦᠬᠦ ᠬᠦᠴᠤᠨ ᠢᠶᠠᠷ ᠰᠠᠶᠢᠳᠤᠷ | ᠬᠢᠶ᠎ᠡ | ᠰᠤᠷᠪᠤᠯᠵᠢᠯᠠᠭᠰᠠᠨ ᠴᠠᠭ᠄ 2015 ᠤᠨ ᠤ 4 ᠳ᠋ᠤᠭᠠᠷ ᠰᠠᠷ᠎ᠠ ᠶᠢᠨ 27 ᠤ ᠡᠳᠤᠷ | ᠰᠤᠷᠪᠤᠯᠵᠢᠯᠠᠭᠰᠠᠨ ᠵᠤᠴᠢᠨ᠄ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ | ᠳᠡᠳ᠋ ᠲᠤᠭᠤᠷᠢᠨ ᠪᠠᠶᠢᠴᠠᠭᠠᠭᠴᠢ ᠳᠠᠪᠬᠤᠷᠪᠠᠶᠠᠷ | ᠰᠤᠷᠪᠤᠯᠵᠢᠯᠠᠭ᠎ᠠ ᠶᠠᠷᠢᠯᠴᠠᠭ᠎ᠠ ᠶᠢᠨ ᠲᠤᠪᠴᠢ᠄ | ᠵᠠᠰᠠᠭ ᠤᠨ ᠤᠷᠳᠤᠨ ᠤ ᠰᠦᠯᠵᠢᠶ᠎ᠡ ᠨᠢ ᠵᠠᠰᠠᠭ ᠤᠨ ᠤᠷᠳᠤᠨ ᠬᠢᠭᠡᠳ ᠠᠷᠠᠳ ᠤᠯᠠᠨ ᠢ ᠬᠤᠯᠪᠤᠬᠤ | ᠬᠦᠬᠦᠷᠭᠡ ᠪᠠ ᠬᠤᠯᠪᠤᠭᠠᠰᠤ ᠪᠤᠯᠤᠭᠰᠠᠨ ᠤ ᠬᠤᠪᠢ ᠳᠤ᠂ ᠲᠡᠭᠦᠨ ᠢ ᠪᠦᠳᠤᠭᠡᠨ ᠪᠠᠶᠢᠭᠤᠯᠬᠤ ᠪᠠᠶᠢᠳᠠᠯ ᠨᠢ ᠵᠠᠰᠠᠭ | ᠤᠨ ᠤᠷᠳᠤᠨ ᠤ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠲᠠᠢ ᠰᠢᠭᠤᠳ | ᠬᠤᠯᠪᠤᠭᠳᠠᠨ᠎ᠠ᠃ ᠡᠨᠡ ᠵᠢᠯ ᠤᠨ 3 ᠳ᠋ᠤᠭᠠᠷ ᠰᠠᠷ᠎ᠠ ᠠᠴᠠ ᠡᠬᠢᠯᠡᠨ ᠵᠢᠯ ᠤᠨ ᠡᠴᠤᠰ ᠪᠤᠯᠳᠠᠯ᠎ᠠ᠂ ᠪᠦᠬᠦ ᠤᠯᠤᠰ ᠤᠨ | ᠵᠠᠰᠠᠭ ᠤᠨ ᠤᠷᠳᠤᠨ ᠤ ᠰᠦᠯᠵᠢᠶ᠎ᠡ ᠶᠢᠨ ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠠᠷ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠤᠭᠳᠠᠭᠠᠪᠠ᠂ ᠡᠨᠡᠬᠦ ᠠᠵᠢᠯ ᠨᠢ ᠪᠦᠬᠦ ᠤᠯᠤᠰ ᠤᠨ | ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠠ ᠳᠤ ᠴᠢᠬᠤᠯᠠ ᠠᠴᠢ ᠬᠤᠯᠪᠤᠭᠳᠠᠯ ᠲᠠᠢ ᠪᠦᠬᠡᠳ ᠪᠠᠰᠠᠴᠤ | ᠨᠡᠶᠢᠭᠡᠮ ᠨᠡᠶᠢᠳᠡ ᠶᠢᠨ ᠪᠠ ᠠᠷᠠᠳ ᠤᠯᠠᠨ ᠤ ᠠᠩᠬᠠᠷᠤᠯ ᠢ ᠶᠡᠬᠡᠳᠡ ᠳᠠᠳᠠᠵᠦ ᠪᠤᠢ᠃ ᠦᠨᠦᠳᠤᠷ᠂ | ᠪᠢᠳᠡᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠳᠡᠳ᠋ ᠲᠤᠭᠤᠷᠢᠨ | ᠪᠠᠶᠢᠴᠠᠭᠠᠭᠴᠢ ᠳᠠᠪᠬᠤᠷᠪᠠᠶᠠᠷ ᠢ ᠤᠷᠢᠨ ᠵᠠᠯᠠᠵᠦ᠂ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠠᠯ᠎ᠠ | ᠪᠠᠷ ᠲᠠ ᠪᠦᠬᠦᠨ ᠲᠠᠢ ᠵᠤᠭᠤᠭᠳᠠᠭᠤᠯᠬᠤ ᠪᠠᠷ ᠪᠤᠯᠤᠯ᠎ᠠ᠃ | ﹇ᠬᠦᠳᠤᠯᠦᠭᠴᠢ﹈ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠠ | ᠪᠦᠬᠦᠨ ᠤ ᠡᠨᠡ ᠬᠤᠭᠤᠴᠠᠭᠠᠨ ᠤ ︽ᠳᠤᠮᠳᠠᠳᠤ ᠤᠯᠤᠰ ᠂ ᠦᠪᠤᠷ ᠮᠤᠩᠭᠤᠯ ︾ ᠰᠦᠯᠵᠢᠶ᠎ᠡ ᠶᠢᠨ | ᠰᠤᠷᠪᠤᠯᠵᠢᠯᠠᠭ᠎ᠠ ᠶᠠᠷᠢᠯᠴᠠᠭ᠎ᠠ ᠶᠢᠨ ᠫᠷᠦᠭᠷᠡᠮ ᠢ ᠬᠦᠯᠢᠶᠡᠨ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠵᠠᠰᠠᠭ | ᠤᠨ ᠤᠷᠳᠤᠨ ᠤ ᠰᠦᠯᠵᠢᠶ᠎ᠡ ᠨᠢ ᠵᠠᠰᠠᠭ ᠤᠨ ᠤᠷᠳᠤᠨ ᠬᠢᠭᠡᠳ ᠠᠷᠠᠳ ᠤᠯᠠᠨ ᠢ ᠬᠤᠯᠪᠤᠬᠤ ᠬᠦᠬᠦᠷᠭᠡ ᠪᠠ | ᠬᠤᠯᠪᠤᠭᠠᠰᠤ ᠪᠤᠯᠤᠭᠰᠠᠨ ᠤ ᠬᠤᠪᠢ ᠳᠤ᠂ ᠲᠡᠭᠦᠨ ᠢ ᠪᠦᠳᠤᠭᠡᠨ ᠪᠠᠶᠢᠭᠤᠯᠬᠤ ᠪᠠᠶᠢᠳᠠᠯ ᠨᠢ ᠵᠠᠰᠠᠭ ᠤᠨ ᠤᠷᠳᠤᠨ ᠤ | ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠲᠠᠢ ᠰᠢᠭᠤᠳ ᠬᠤᠯᠪᠤᠭᠳᠠᠨ᠎ᠠ᠃ ᠡᠨᠡ ᠵᠢᠯ | ᠤᠨ 3 ᠳ᠋ᠤᠭᠠᠷ ᠰᠠᠷ᠎ᠠ ᠠᠴᠠ ᠡᠬᠢᠯᠡᠨ ᠵᠢᠯ ᠤᠨ ᠡᠴᠤᠰ ᠪᠤᠯᠳᠠᠯ᠎ᠠ᠂ ᠪᠦᠬᠦ ᠤᠯᠤᠰ ᠤᠨ ᠵᠠᠰᠠᠭ ᠤᠨ ᠤᠷᠳᠤᠨ ᠤ | ᠰᠦᠯᠵᠢᠶ᠎ᠡ ᠶᠢᠨ ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠪᠠᠷ ᠲᠦᠷᠦ ᠶᠢᠨ ᠶᠠᠪᠤᠳᠠᠯ | ᠤᠨ ᠬᠤᠷᠢᠶᠠᠨ ᠤ ᠠᠯᠪᠠᠨ ᠲᠢᠩᠬᠢᠮ ᠲᠤᠭᠳᠠᠭᠠᠪᠠ ᠂ ᠡᠨᠡᠬᠦ ᠠᠵᠢᠯ ᠨᠢ ᠪᠦᠬᠦ ᠤᠯᠤᠰ ᠤᠨ ᠵᠠᠰᠠᠭ ᠤᠨ ᠤᠷᠳᠤᠨ | ᠤ ᠰᠦᠯᠵᠢᠶ᠎ᠡ ᠶᠢᠨ ᠬᠦᠭᠵᠢᠯᠳᠠ ᠳᠤ ᠴᠢᠬᠤᠯᠠ ᠠᠴᠢ ᠬᠤᠯᠪᠤᠭᠳᠠᠯ ᠲᠠᠢ ᠪᠦᠬᠡᠳ ᠪᠠᠰᠠᠴᠤ ᠨᠡᠶᠢᠭᠡᠮ ᠨᠡᠶᠢᠳᠡ ᠶᠢᠨ | ᠪᠠ ᠠᠷᠠᠳ ᠤᠯᠠᠨ ᠤ ᠠᠩᠬᠠᠷᠤᠯ ᠢ ᠶᠡᠬᠡᠳᠡ ᠳᠠᠳᠠᠵᠦ ᠪᠤᠢ᠃ ᠦᠨᠦᠳᠤᠷ᠂ ᠪᠢᠳᠡᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠠᠯᠪᠠᠨ ᠲᠢᠩᠬᠢᠮ ᠤᠨ ᠳᠡᠳ᠋ ᠲᠤᠭᠤᠷᠢᠨ ᠪᠠᠶᠢᠴᠠᠭᠠᠭᠴᠢ ᠳᠠᠪᠬᠤᠷᠪᠠᠶᠠᠷ ᠢ ᠤᠷᠢᠨ ᠵᠠᠯᠠᠵᠦ᠂ | ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠲᠠ ᠪᠦᠬᠦᠨ ᠲᠠᠢ ᠵᠤᠭᠤᠭᠳᠠᠭᠤᠯᠬᠤ ᠪᠠᠷ ᠪᠤᠯᠤᠯ᠎ᠠ᠃ | ᠲᠠ᠊ ᠳᠠᠷᠤᠭ᠎ᠠ ᠡ᠂ ᠲᠠᠨ ᠢ ᠪᠠᠶᠠᠷᠯᠠᠨ ᠤᠭᠳᠤᠵᠦ ᠪᠠᠶᠢᠨ᠎ᠠ︕ | ﹇ᠲᠠᠪᠬᠤᠷᠪᠠᠶᠠᠷ﹈ ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ | ᠤᠤ︕ ᠠᠳᠡ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠡᠨᠡᠬᠦ ᠰᠡᠳᠤᠪ ᠢᠶᠠᠷ ᠲᠠ | ᠪᠦᠬᠦᠨ ᠲᠠᠢ ᠵᠤᠭᠤᠭᠳᠠᠬᠤ ᠪᠤᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠃ ᠮᠦᠨᠴᠤ ᠲᠠ ᠪᠦᠬᠦᠨ ᠤ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠡ ᠶᠢ | ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠦ ᠪᠠᠶᠢᠨ᠎ᠠ᠃ | ﹇ᠬᠦᠳᠤᠯᠦᠭᠴᠢ﹈ ᠲᠠ᠊ ᠲᠠᠷᠤᠭ᠎ᠠ ᠡ᠂ ᠲᠠ ᠤᠳᠤ ᠡᠨᠡ ᠤᠳᠠᠭᠠᠨ ᠤ ᠪᠦᠬᠦ ᠤᠯᠤᠰ ᠤᠨ ᠵᠠᠰᠠᠭ | ᠤᠨ ᠤᠷᠳᠤᠨ ᠤ ᠰᠦᠯᠵᠢᠶᠡᠨ ᠤ ᠨᠡᠶᠢᠳᠡᠮ ᠪᠠᠶᠢᠴᠠᠭᠠᠯᠳᠠ ᠶᠢᠨ ᠠᠵᠢᠯ ᠢ ᠦᠷᠨᠢᠬᠦᠯᠬᠦ ᠨᠢ ᠶᠠᠮᠠᠷ ᠴᠢᠬᠤᠯᠠ ᠠᠴᠢ | ᠬᠤᠯᠪᠤᠭᠳᠠᠯ ᠲᠠᠢ ᠪᠠ ᠶᠠᠮᠠᠷ ᠬᠠᠷᠠᠯᠳᠠ ᠲᠠᠢ ᠪᠠᠶᠢᠬᠤ ᠶᠢ ᠶᠠᠷᠢᠭᠠᠳᠥᠭᠭᠦᠨᠡ ᠤᠤ︖ | ﹇ᠲᠠᠪᠬᠤᠷᠪᠠᠶᠠᠷ﹈ ᠤᠶᠢᠷ᠎ᠠ ᠶᠢᠨ ᠵᠢᠯ ᠤᠳ ᠲᠤ᠂ ᠤᠯᠤᠰ ᠪᠠ ᠦᠪᠡᠷᠳᠡᠭᠡᠨ ᠵᠠᠰᠠᠬᠤ ᠤᠷᠤᠨ | ᠠᠴᠠ ᠵᠠᠰᠠᠭ ᠤᠨ ᠤᠷᠳᠤᠨ ᠤ ᠰᠦᠯᠵᠢᠶ᠎ᠡ ᠶᠢᠨ ᠬᠦᠭᠵᠢᠯᠳᠠ ᠶᠢ ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ | ᠂ ᠵᠠᠰᠠᠭ ᠤᠨ ᠤᠷᠳᠤᠨ ᠤ ᠰᠦᠯᠵᠢᠶ᠎ᠡ ᠶᠢᠨ ᠪᠠᠶᠢᠭᠤᠯᠤᠯᠳᠠ ᠴᠢᠯᠤᠭᠡᠲᠠᠢ ᠬᠦᠭᠵᠢᠭᠰᠡᠭᠡᠷ ᠢᠷᠠᠪᠠ᠂ ᠭᠡᠪᠡᠴᠤ | ᠵᠠᠷᠢᠮ ᠰᠦᠯᠵᠢᠶ᠎ᠡ ᠳᠤ ︽ᠴᠠᠭ ᠲᠠᠷᠤᠢ ᠳᠤᠨᠢ ᠰᠢᠨᠡᠴᠢᠯᠡᠬᠦ ᠦᠬᠡᠢ᠂ ᠠᠭᠤᠯᠭ᠎ᠠ ᠨᠢ ᠤᠨᠤᠪᠴᠢ ᠦᠬᠡᠢ᠂ | ᠬᠦᠳᠡᠯᠤᠯᠴᠡᠬᠦ ᠨᠢ ᠬᠠᠷᠢᠭᠤ ᠲᠤᠰᠬᠠᠯ ᠦᠬᠡᠢ᠂ ᠦᠢᠯᠡᠴᠢᠯᠡᠭᠡ ᠨᠢ ᠬᠡᠷᠡᠭᠯᠡᠬᠦᠨ ᠦᠬᠡᠢ︾ ᠵᠡᠷᠬᠡ ᠠᠰᠠᠭᠤᠳᠠᠯ | ᠤᠷᠤᠰᠢᠵᠦ ᠂ ᠵᠠᠰᠠᠭ ᠤᠨ ᠤᠷᠳᠤᠨ ᠤ ᠲᠦᠷᠢ ᠲᠦᠷᠬᠦ ᠪᠠ ᠢᠳᠡᠭᠡᠬᠦᠯᠬᠦ ᠬᠦᠴᠤᠨ ᠢ ᠬᠦᠨᠳᠤ ᠨᠤᠴᠢᠲᠠᠢ | ᠨᠦᠯᠦᠭᠡᠯᠡᠭᠡᠳ᠂ ᠠᠷᠠᠳ ᠤᠯᠠᠨ ᠮᠠᠰᠢ ᠴᠢᠩᠭ᠎ᠠ ᠲᠤᠰᠬᠠᠯ ᠲᠠᠢ ᠪᠠᠶᠢᠨ᠎ᠠ᠃ ᠢᠢᠮᠤ ᠠᠴᠠ ᠲᠦᠪ ᠵᠠᠰᠠᠭ ᠤᠨ | ᠤᠷᠳᠤᠨ ᠬᠢᠷᠢ ᠳᠤ ᠳᠡᠩᠴᠡᠬᠦ ᠦᠬᠡᠢ ᠰᠦᠯᠵᠢᠶ᠎ᠡ ᠶᠢ ᠬᠠᠭᠠᠨ ᠵᠤᠭᠰᠤᠭᠠᠵᠦ᠂ ︽ᠲᠦᠷᠪᠡᠨ ᠦᠬᠡᠢ︾ ᠠᠰᠠᠭᠤᠳᠠᠯ | ᠢ ᠲᠤᠶᠢᠯᠪᠤᠷᠢᠲᠠᠢ ᠰᠢᠢᠳᠪᠤᠷᠢᠯᠠᠵᠦ᠂ ︽ᠦᠬᠦᠮᠡᠯ ᠰᠦᠯᠵᠢᠶ᠎ᠡ︾ ᠪᠠ ︽ᠤᠨᠳᠠᠭ᠎ᠠ ᠰᠦᠯᠵᠢᠶ᠎ᠡ︾ ᠶᠢ ᠴᠡᠪᠡᠷᠯᠡᠵᠦ᠂ | ᠵᠠᠰᠠᠭ ᠤᠨ ᠤᠷᠳᠤᠨ ᠤ ᠠᠷᠠᠳ ᠤᠯᠠᠨ ᠳᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ | ᠪᠠᠷ ᠵᠤᠷᠢᠭ ᠰᠢᠭᠤᠳᠤᠭᠰᠠᠨ ᠪᠠᠶᠢᠨ᠎ᠠ᠃ | ﹇ᠬᠦᠳᠤᠯᠦᠭᠴᠢ﹈ ᠡᠨᠡ ᠤᠳᠠᠭᠠᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠶᠠᠮᠠᠷ ᠤᠷᠴᠢᠨ ᠪᠠᠶᠢᠳᠠᠯ ᠳᠤᠤᠷ᠎ᠠ ᠦᠷᠨᠢᠬᠦᠯᠦᠭᠰᠡᠨ ᠪᠤᠢ︖ | ﹇ᠲᠠᠪᠬᠤᠷᠪᠠᠶᠠᠷ﹈ ᠤᠷᠳᠤ ᠬᠤᠭᠤᠴᠠᠭᠠᠨ ᠤ ᠲᠤᠷᠰᠢ᠂ ᠲᠦᠪ ᠤᠨ ᠪᠠ ᠲᠦᠷᠦ ᠶᠢᠨ ᠶᠡᠪᠤᠳᠠᠯ | ᠤᠨ ᠬᠤᠷᠢᠶ᠎ᠠ ᠶᠢᠨ ᠤᠳᠤᠷᠢᠳᠤᠯᠭ᠎ᠠ ᠴᠦᠮ ᠵᠠᠰᠠᠭ ᠤᠨ ᠤᠷᠳᠤᠨ ᠤ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ | ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ᠂ ᠵᠠᠰᠠᠭ ᠤᠨ ᠤᠷᠳᠤᠨ ᠤ ᠮᠡᠳᠡᠭᠡ ᠵᠠᠩᠬᠢᠵᠢᠯᠳᠠ ᠳᠤ ︽ᠤᠷᠢᠳᠠᠪᠡᠷ | ᠨᠢᠬᠡ ᠠᠯᠬᠤᠮ ᠠᠯᠬᠤᠬᠤ ᠬᠡᠷᠡᠭᠲᠠᠢ︾ ᠬᠡᠰᠡᠨ ᠱᠠᠭᠠᠷᠳᠠᠯᠭ᠎ᠠ ᠲᠤᠷᠠᠳᠪᠠ᠃ ᠡᠨᠡ ᠬᠡᠳᠤᠨ ᠵᠢᠯ᠂ ᠨᠠᠮ ᠤᠨ | ᠲᠦᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠯᠢ ᠤᠯᠠᠨ | ᠪᠢᠴᠢᠭ ᠮᠠᠲ᠋ᠧᠷᠢᠶᠠᠯ ᠲᠠᠷᠤᠮᠠᠯᠯᠠᠨ ᠲᠠᠷᠬᠠᠭᠠᠵᠦ᠂ ᠵᠠᠰᠠᠭ ᠤᠨ ᠤᠷᠳᠤᠨ ᠤ ᠰᠦᠯᠵᠢᠶ᠎ᠡ ᠶᠢᠨ ᠪᠠᠶᠢᠭᠤᠯᠤᠯᠳᠠ ᠪᠠ | ᠬᠠᠮᠢᠶᠠᠷᠤᠯᠳᠠ ᠶᠢ ᠵᠢᠯᠤᠭᠤᠳᠪᠠ᠃ | ᠨᠢᠳᠤᠨᠤᠨ ᠤ 11 ᠳ᠋ᠤᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ | ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠠᠵᠢᠯ ᠤᠨ ᠰᠤᠯᠢᠯᠴᠠᠬᠤ ᠬᠤᠷᠠᠯ ᠬᠢᠵᠦ᠂ ᠵᠠᠰᠠᠭ ᠤᠨ | ᠤᠷᠳᠤᠨ ᠤ ᠰᠦᠯᠵᠢᠶ᠎ᠡ ᠶᠢᠨ ᠠᠵᠢᠯ ᠢ ᠬᠢᠷᠬᠢᠨ ᠰᠠᠶᠢᠨ ᠬᠢᠬᠦ ᠠᠰᠠᠭᠤᠳᠠᠯ ᠢ ᠰᠤᠳᠤᠯᠤᠨ ᠶᠠᠷᠢᠯᠴᠠᠪᠠ᠃ | 2014 ᠤᠨ ᠤ11 ᠳ᠋ᠤᠭᠡᠷ ᠰᠠᠷ᠎ᠠ ᠶᠢᠨ17 ᠤ ᠡᠳᠤᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ︽ᠵᠠᠰᠠᠭ ᠤᠨ ᠤᠷᠳᠤᠨ ᠤ ᠰᠦᠯᠵᠢᠶ᠎ᠡ ᠶᠢᠨ ᠮᠡᠳᠡᠭᠡ ᠵᠡᠩᠬᠢ ᠶᠢᠨ ᠠᠭᠤᠯᠭ᠎ᠠ ᠶᠢᠨ ᠪᠠᠶᠢᠭᠤᠯᠤᠯᠳᠠ | ᠶᠢ ᠴᠢᠩᠭᠠᠳᠬᠠᠬᠤ ᠲᠤᠬᠠᠢ ᠰᠠᠨᠠᠯ︾ ︵ᠲᠦᠷᠦ ᠠᠯᠪᠠᠨ ᠲᠠᠷᠬᠠᠭᠠᠭᠰᠠᠨ ﹇2014﹈ 57 ᠳ᠋ᠤᠭᠠᠷ ᠲᠤᠭᠠᠳᠤ︶ | ᠢ ᠨᠡᠶᠢᠳᠡᠯᠡᠵᠦ᠂ ᠵᠠᠰᠠᠭ ᠤᠨ ᠤᠷᠳᠤᠨ ᠤ ᠰᠦᠯᠵᠢᠶ᠎ᠡ ᠶᠢᠨ ᠠᠭᠤᠯᠭ᠎ᠠ ᠶᠢᠨ ᠪᠠᠶᠢᠭᠤᠯᠤᠯᠳᠠ ᠳᠤ ᠲᠤᠳᠤᠷᠬᠠᠢ | ᠱᠠᠭᠠᠷᠳᠠᠯᠭ᠎ᠠ ᠲᠤᠷᠠᠳᠴᠤ᠂ ᠬᠤᠶᠢᠰᠢᠳᠠ ᠶᠢᠨ ᠨᠢᠭᠡᠨ ᠬᠤᠭᠤᠴᠠᠭᠠᠨ ᠳᠤ ᠮᠠᠨ ᠤ ᠤᠯᠤᠰ ᠤᠨ ᠵᠠᠰᠠᠭ ᠤᠨ ᠤᠷᠳᠤᠨ | ᠤ ᠰᠦᠯᠵᠢᠶ᠎ᠡ ᠶᠢᠨ ᠪᠠᠶᠢᠭᠤᠯᠤᠯᠳᠠ ᠶᠢ ᠵᠢᠯᠤᠭᠤᠳᠬᠤ ᠬᠦᠳᠤᠯᠪᠤᠷᠢ ᠶᠢᠨ ᠴᠢᠨᠠᠷᠲᠠᠢ ᠪᠢᠴᠢᠭ ᠮᠠᠲ᠋ᠧᠷᠢᠶᠠᠯ | ᠪᠤᠯᠭᠠᠪᠠ᠃ 2015 ᠤᠨ ᠤ 3 ᠳ᠋ᠤᠭᠠᠷ ᠰᠠᠷ᠎ᠠ ᠶᠢᠨ 11 ᠤ ᠡᠳᠤᠷ᠂ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ | ᠠᠩᠬᠠᠳᠤᠭᠠᠷ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠲᠤᠬᠠᠢ ᠮᠡᠳᠡᠭᠳᠡᠯ︾ ︵ᠲᠦᠷᠦ ᠲᠠᠷᠬᠠᠭᠠᠭᠰᠠᠨ | ﹇2015﹈15 ᠳ᠋ᠤᠭᠠᠷ ᠲᠤᠭᠠᠳᠤ︶ ᠪᠠᠭᠤᠯᠭᠠᠵᠦ᠂ ᠨᠡᠶᠢᠳᠡᠮ ᠪᠠᠶᠢᠴᠠᠭᠠᠯᠳᠠ ᠶᠢ ᠦᠷᠨᠢᠬᠦᠯᠬᠦ ᠠᠵᠢᠯ ᠢ ᠨᠠᠷᠢᠨ | ᠪᠠᠶᠢᠷᠢᠯᠠᠭᠤᠯᠪᠠ᠃ | ᠡᠨᠡ ᠵᠢᠯ ᠤᠨ 4 ᠳ᠋ᠤᠭᠠᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ | ᠤᠨ ᠵᠠᠰᠠᠭ ᠤᠨ ᠤᠷᠳᠤᠨ ᠤ ᠮᠡᠳᠡᠭᠡ ᠵᠡᠩᠬᠢ ᠶᠢ ᠢᠯᠡ ᠪᠤᠯᠭᠠᠬᠤ ᠠᠵᠢᠯ ᠤᠨ ᠠᠯᠪᠠᠨ ᠭᠡᠷ ᠪᠡᠭᠡᠵᠢᠩ ᠳᠤ ᠪᠦᠬᠦ | ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠪᠤᠯᠪᠠᠰᠤᠷᠠᠯ ᠤᠨ ᠠᠩᠬᠢ | ᠡᠷᠬᠢᠯᠡᠵᠦ᠂ ᠨᠡᠶᠢᠳᠡᠮ ᠪᠠᠶᠢᠴᠠᠭᠠᠯᠳᠠ ᠶᠢᠨ ᠠᠵᠢᠯ ᠢ ᠪᠠᠶᠢᠷᠢᠯᠠᠭᠤᠯᠵᠦ᠂ ᠪᠤᠳᠠᠲᠠᠢ ᠱᠠᠭᠠᠷᠳᠠᠯᠭ᠎ᠠ ᠲᠤᠷᠠᠳᠪᠠ᠃ | ᠡᠳᠡᠭᠡᠷ ᠠᠯᠢ ᠤᠯᠠᠨ ᠪᠠᠶᠢᠷᠢᠯᠠᠭᠤᠯᠤᠯᠳᠠ ᠪᠠ ᠲᠤᠬᠢᠷᠠᠭᠤᠯᠭ᠎ᠠ ᠨᠢ ᠡᠨᠡ ᠤᠳᠠᠭᠠᠨ ᠤ ᠵᠠᠰᠠᠭ ᠤᠨ | ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ | ᠬᠠᠷᠠᠭᠤᠯᠤᠭᠰᠠᠨ ᠪᠠᠶᠢᠨ᠎ᠠ᠃ | ﹇ᠬᠦᠳᠤᠯᠦᠭᠴᠢ﹈ ᠡᠨᠡ ᠤᠳᠠᠭᠠᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠨᠡᠶᠢᠳᠡᠮ | ᠪᠠᠶᠢᠴᠠᠭᠠᠯᠳᠠ ᠨᠢ ᠶᠠᠮᠠᠷ ᠤᠨᠴᠠᠯᠢᠭ ᠲᠠᠢ ᠪᠤᠢ︖ ᠶᠠᠭᠤᠨ ᠳᠤ ᠤᠯᠠᠨ ᠤ ᠠᠩᠬᠠᠷᠤᠯ ᠢ ᠲᠠᠳᠠᠵᠦ ᠪᠠᠶᠢᠬᠤ ᠪᠤᠢ︖ | | ﹇ᠲᠠᠪᠬᠤᠷᠪᠠᠷᠠᠷ﹈ ᠪᠠᠭᠴᠠᠯᠠᠭᠠᠳ ᠬᠡᠯᠡᠪᠡᠯ᠂ ᠡᠨᠡ ᠤᠳᠠᠭᠠᠨ ᠤ ᠪᠦᠬᠦ ᠤᠯᠤᠰ ᠤᠨ ᠵᠠᠰᠠᠭ ᠤᠨ | ᠤᠷᠳᠤᠨ ᠤ ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠨᠢ ᠭᠤᠤᠯ ᠨᠢ ᠳᠤᠤᠷᠠᠬᠢ ᠮᠡᠳᠤ ᠬᠤᠶᠠᠷ | ᠤᠨᠴᠠᠯᠢᠭ ᠲᠠᠢ᠄ | ᠨᠢᠭᠡ ᠳᠤ ᠲᠡᠭ ᠬᠦᠯᠢᠴᠡᠯ ᠤᠨ ᠬᠠᠮᠤᠭ ᠳᠤᠤᠷ᠎ᠠ ᠬᠢᠵᠠᠭᠠᠷ ᠢ ᠲᠤᠭᠳᠠᠭᠠᠵᠠᠢ᠃ ᠡᠨᠡ ᠤᠳᠠᠭᠠᠨ ᠤ | ᠨᠡᠶᠢᠳᠡᠮ ᠪᠠᠶᠢᠴᠠᠭᠠᠯᠳᠠ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠡᠯ᠎ᠡ ᠵᠠᠰᠠᠭ ᠤᠨ | ᠤᠷᠳᠤᠨ ᠤ ᠰᠦᠯᠵᠢᠶ᠎ᠡ ᠶᠢ ᠪᠠᠶᠢᠴᠠᠭᠠᠬᠤ ᠪᠠ ᠬᠤᠪᠢ ᠲᠤᠭᠳᠠᠭᠠᠬᠤ ᠶᠢᠨ ᠬᠠᠮᠳᠤ ᠭᠠᠭᠴᠠ ᠵᠦᠢᠯ ᠢᠶᠠᠷ | ᠦᠬᠡᠶᠢᠰᠭᠡᠬᠦ ᠪᠠ 40 ᠬᠤᠪᠢ ᠪᠠᠷ ︽ᠵᠤᠭᠰᠤᠭᠠᠬᠤ︾ ᠳᠤᠤᠷ᠎ᠠ ᠬᠢᠵᠠᠭᠠᠷ ᠢ ᠲᠤᠳᠤᠷᠬᠠᠢ ᠲᠤᠭᠳᠠᠭᠠᠵᠠᠢ ᠃ ︽ | ᠭᠠᠭᠴᠠ ᠵᠦᠢᠯ ᠢᠶᠠᠷ ᠦᠬᠡᠶᠢᠰᠭᠡᠬᠦ︾ ᠬᠡᠳᠡᠭ ᠨᠢ ᠲᠠᠷᠤᠢ ᠰᠦᠯᠵᠢᠶ᠎ᠡ ᠶᠢᠨ ᠳᠤᠳᠤᠷ᠎ᠠ ︽ᠰᠦᠯᠵᠢᠶᠡᠨ ᠳᠤᠨᠢ | ᠤᠷᠤᠬᠤ ᠶᠢᠨ ᠠᠷᠭ᠎ᠠ ᠦᠬᠡᠢ᠂ ᠰᠦᠯᠵᠢᠶ᠎ᠡ ᠪᠠᠨ ᠰᠢᠨᠡᠴᠢᠯᠡᠭᠰᠡᠨ ᠦᠬᠡᠢ᠂ ᠪᠤᠯᠤᠩ ᠢᠶᠠᠨ ᠰᠢᠨᠡᠴᠢᠯᠡᠭᠰᠡᠨ ᠦᠬᠡᠢ᠂ | ᠬᠦᠨᠳᠤ ᠨᠤᠴᠢᠲᠠᠢ ᠠᠯᠳᠠᠭ᠎ᠠ ᠪᠤᠷᠤᠭᠤ ᠲᠠᠢ ᠪᠠ ᠬᠦᠳᠡᠯᠦᠯᠴᠡᠭᠡ ᠶᠢᠨ ᠬᠠᠷᠢᠭᠤ ᠲᠤᠰᠬᠠᠯ ᠨᠢ ᠪᠠᠷᠤᠭᠲᠠᠢ︾ | ᠵᠡᠷᠭᠡ ᠲᠠᠪᠤᠨ ᠵᠦᠢᠯ ᠤᠨ ᠬᠦᠢᠴᠡᠳᠭᠡᠯ ᠲᠤᠭᠠᠨ ᠤ ᠠᠯᠢ ᠨᠢᠭᠡᠨ ᠵᠦᠢᠯ ᠤᠨ ᠪᠠᠶᠢᠳᠠᠯ ᠨᠢ ᠪᠠᠶᠢᠪᠠᠯ ᠬᠢᠷᠢ ᠳᠤ ᠦᠯᠦ | ᠳᠡᠩᠴᠡᠬᠦ ᠰᠦᠯᠵᠢᠶ᠎ᠡ ᠪᠠᠷ ᠰᠢᠭᠤᠳ ᠨᠤᠳᠠᠯᠠᠨ ᠲᠤᠭᠳᠠᠭᠠᠨ᠎ᠠ︔ ︽40 ᠬᠤᠪᠢ ᠪᠠᠷ ᠵᠤᠭᠰᠤᠭᠠᠬᠤ︾ ᠭᠡᠳᠡᠭ ᠨᠢ | ᠲᠠᠷᠤᠢ ᠡᠯ᠎ᠡ ᠵᠦᠢᠯ ᠤᠨ ᠭᠦᠢᠴᠡᠳᠭᠡᠯ ᠲᠤᠭᠠᠨ ᠤ ᠳᠤᠳᠤᠷ᠎ᠠ ᠨᠡᠶᠢᠳᠡ ᠬᠠᠰᠤᠭᠰᠠᠨ ᠬᠤᠪᠢ ᠨᠢ 40 ᠬᠤᠪᠢ ᠠᠴᠠ | ᠬᠡᠳᠤᠷᠡᠭᠰᠡᠨ ᠰᠦᠯᠵᠢᠶ᠎ᠡ ᠶᠢ ᠮᠦᠨᠬᠦ ᠬᠢᠷᠢ ᠳᠤ ᠦᠯᠦ ᠳᠡᠩᠴᠡᠬᠦ ᠰᠦᠯᠵᠢᠶ᠎ᠡ ᠪᠠᠷ ᠰᠢᠭᠤᠳ ᠨᠤᠳᠠᠯᠠᠨ ᠲᠤᠭᠳᠠᠭᠠᠨ᠎ᠠ᠃ | ᠬᠢᠷᠢ ᠳᠤ ᠳᠡᠩᠴᠡᠭᠰᠡᠨ ᠦᠬᠡᠢ ᠰᠦᠯᠵᠢᠶ᠎ᠡ ᠶᠢ ᠲᠡᠷᠡ ᠲᠠᠷᠤᠢ ᠳᠤᠨᠢ ᠬᠠᠭᠠᠨ ᠵᠤᠭᠰᠤᠭᠠᠵᠦ ᠴᠡᠭᠴᠡᠯᠡᠨ ᠵᠠᠰᠠᠨ᠎ᠠ᠃ | ᠬᠤᠶᠠᠷ ᠲᠤ ᠴᠡᠭᠴᠡᠯᠡᠨ ᠵᠠᠰᠠᠬᠤ ᠬᠠᠷᠢᠭᠤᠴᠠᠯᠭ᠎ᠠ ᠨᠡᠬᠡᠮᠵᠢᠯᠡᠬᠦ ᠴᠢᠩᠭ᠎ᠠ ᠲᠦᠷᠢᠮ ᠢ ᠲᠤᠭᠳᠠᠭᠠᠵᠠᠢ | ᠃ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠳᠤ᠂ ᠬᠠᠷᠢᠭᠤᠴᠠᠯᠭ᠎ᠠ ᠨᠡᠬᠡᠮᠵᠢᠯᠡᠬᠦ ᠴᠢᠩᠭ᠎ᠠ ᠲᠦᠷᠢᠮ ᠢ | ᠬᠡᠷᠡᠭᠵᠢᠬᠦᠯᠦᠨ᠎ᠡ ᠃ ᠬᠢᠷᠢ ᠳᠤ ᠳᠡᠩᠴᠡᠭᠰᠡᠨ ᠦᠬᠡᠢ᠂ ᠪᠠᠷᠢᠮᠵᠢᠶ᠎ᠡ ᠳᠤ ᠬᠦᠷᠦᠭᠰᠡᠨ ᠦᠬᠡᠢ ᠰᠦᠯᠵᠢᠶ᠎ᠡ ᠳᠤ | ᠵᠠᠰᠠᠭ ᠵᠠᠬᠢᠷᠭᠠᠨ ᠤ ᠨᠡᠪᠳᠡᠷᠡᠭᠦᠯᠬᠡ ᠬᠢᠬᠦ᠂ ᠪᠤᠯᠵᠤᠨ ᠶᠠᠷᠢᠯᠴᠠᠬᠤ ᠵᠡᠷᠭᠡ ᠠᠷᠭ᠎ᠠ ᠬᠡᠯᠪᠡᠷᠢ ᠶᠢ ᠠᠪᠬᠤ ᠠᠴᠠ ᠭᠠᠳᠠᠨ᠎ᠠ | ᠪᠠᠰᠠ ᠵᠠᠭᠤᠴᠢ ᠡᠳᠡᠭᠡᠳ ᠢᠶᠠᠷ ᠲᠠᠮᠵᠢᠭᠤᠯᠤᠨ ᠢᠯᠡ ᠯᠡᠪᠡᠷᠡᠬᠦᠯᠵᠦ᠂ ᠰᠦᠯᠵᠢᠶ᠎ᠡ ᠶᠢ ᠡᠷᠡᠰ ᠬᠠᠰᠤᠬᠤ ᠶᠢᠨ ᠬᠠᠮᠳᠤ | ᠬᠠᠤᠯᠢ ᠪᠤᠰᠤ ᠰᠦᠯᠵᠢᠶ᠎ᠡ ᠪᠠᠷ ᠰᠢᠢᠳᠪᠤᠷᠢᠯᠡᠨ᠎ᠡ᠃ | ﹇ᠬᠦᠳᠤᠯᠦᠭᠴᠢ﹈ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠴᠢᠬᠤᠯᠠ ᠶᠡᠭᠡ ᠠᠴᠢ ᠬᠤᠯᠪᠤᠭᠳᠠᠯ | ᠲᠠᠢ ᠪᠠᠶᠢᠨ᠎ᠠ᠂ ᠳᠡᠭᠡᠪᠡᠯ ᠮᠠᠨ ᠤ ᠤᠷᠤᠨ ᠡᠨᠡ ᠤᠳᠠᠭᠠᠨ ᠤ ᠠᠵᠢᠯ ᠢ ᠬᠡᠷᠬᠢᠨ ᠲᠤᠬᠢᠷᠠᠭᠤᠯᠤᠭᠰᠠᠨ ᠪᠤᠢ︖ | ﹇ᠲᠠᠪᠬᠤᠷᠪᠠᠶᠠᠷ﹈ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠲᠦᠷᠪᠡᠨ ᠱᠠᠳᠤ ᠦᠶ᠎ᠡ | ᠬᠤᠪᠢᠶᠠᠵᠦ ᠶᠠᠪᠤᠭᠳᠠᠭᠤᠯᠬᠤ ᠪᠦᠭᠡᠳ ᠱᠠᠳᠤ ᠦᠶ᠎ᠡ ᠪᠦᠷᠢ ᠶᠢᠨ ᠡᠭᠦᠷᠭᠡ ᠨᠢ ᠴᠦᠮ ᠮᠠᠰᠢ ᠬᠦᠨᠳᠤ ᠶᠤᠮ᠂ ᠡᠯ᠎ᠡ | ᠭᠠᠵᠠᠷ ᠤᠷᠤᠨ ᠡᠯ᠎ᠡ ᠰᠠᠯᠠᠭ᠎ᠠ ᠮᠦᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠯ᠎ᠡ ᠱᠠᠳᠤ | ᠦᠶ᠎ᠡ ᠶᠢᠨ ᠠᠵᠢᠯ ᠢ ᠬᠢᠨᠠᠮᠠᠭᠠᠢ ᠰᠠᠶᠢᠨ ᠪᠡᠶᠡᠯᠡᠭᠦᠯᠬᠦ ᠬᠡᠷᠡᠭᠲᠠᠢ᠃ | ᠨᠢᠭᠡᠳᠤᠭᠡᠷ ᠱᠠᠳᠤᠨ ᠳᠤ ᠪᠤᠯ ᠦᠨᠳᠤᠰᠤᠨ ᠮᠡᠳᠡᠭᠡ ᠵᠠᠩᠬᠢ ᠶᠢ ᠲᠠᠭᠯᠠᠨ ᠮᠡᠳᠡᠭᠦᠯᠬᠦ ᠠᠵᠢᠯ ᠢ | ᠲᠤᠭᠳᠠᠭᠰᠠᠨ ᠴᠠᠭ ᠲᠤᠨᠢ ᠪᠠᠶᠡᠯᠡᠭᠦᠯᠦᠨ᠎ᠡ᠃ ᠡᠨᠡᠬᠦ ᠱᠠᠳᠤᠨ ᠤ ᠡᠭᠦᠷᠭᠡ ᠪᠤᠯ ︽ᠵᠠᠰᠠᠭ ᠤᠨ ᠤᠷᠳᠤᠨ ᠤ | ᠰᠦᠯᠵᠢᠶ᠎ᠡ ᠶᠢᠨ ᠦᠨᠳᠤᠰᠤᠨ ᠮᠡᠳᠡᠭᠡ ᠵᠠᠩᠬᠢ ᠶᠢᠨ ᠬᠦᠰᠤᠨᠦᠭᠳᠤ︾᠂ ︽ᠵᠠᠰᠠᠭ ᠤᠨ ᠤᠷᠳᠤᠨ ᠤ ᠰᠦᠯᠵᠢᠶ᠎ᠡ ᠶᠢᠨ | ᠪᠤᠯᠤᠩ ︵ᠰᠢᠰᠲ᠋ᠧᠮ︶ ᠤᠨ ᠦᠨᠳᠤᠰᠤᠨ ᠮᠡᠳᠡᠭᠡ ᠵᠠᠩᠬᠢ ᠶᠢᠨ ᠬᠦᠰᠤᠨᠦᠭᠳᠤ︾ ᠶᠢ ᠲᠠᠭᠯᠠᠨ ᠮᠡᠳᠡᠬᠦᠯᠬᠦ ᠠᠵᠢᠯ | ᠢ ᠲᠤᠭᠳᠠᠭᠠᠭᠰᠠᠨ ᠴᠠᠭ ᠪᠠ ᠠᠯᠬᠤᠮ ᠲᠠᠷᠠᠭ᠎ᠠ ᠪᠠᠷ ᠪᠠᠶᠡᠯᠡᠬᠦᠯᠵᠦ᠂ ᠲᠤᠭ᠎ᠠ ᠪᠠᠷᠢᠮᠳᠠ ᠶᠢ ᠡᠷᠬᠡᠪᠰᠢ ᠦᠨᠡᠨ | ᠪᠤᠳᠠᠲᠠᠢ᠂ ᠤᠨᠤᠪᠴᠢᠲᠠᠢ᠂ ᠪᠦᠷᠢᠨ᠂ ᠲᠦᠷᠢᠮᠵᠢᠯ ᠲᠠᠢ ᠪᠠᠶᠢᠯᠭᠠᠬᠤ ᠶᠢ ᠱᠠᠭᠠᠷᠳᠠᠨ᠎ᠠ᠃ | ᠬᠤᠶᠠᠳᠤᠭᠠᠷ ᠱᠠᠳᠤᠨ ᠳᠤ ᠪᠤᠯ ᠴᠡᠭᠴᠡᠯᠡᠨ ᠵᠠᠰᠠᠬᠤ ᠶᠢ ᠵᠤᠬᠢᠶᠠᠨ ᠪᠠᠶᠢᠭᠤᠯᠵᠦ᠂ ᠴᠡᠭᠴᠡᠯᠡᠨ ᠵᠠᠰᠠᠬᠤ | ᠮᠡᠳᠡᠬᠦᠯᠦᠯᠳᠡ ᠪᠢᠴᠢᠨ᠎ᠠ᠃ 4 ᠳ᠋ᠤᠭᠡᠷ ᠰᠠᠷ᠎ᠠ ᠶᠢᠨ 25 ᠠᠴᠠ ᠬᠤᠶᠢᠰᠢ ᠪᠤᠯ ᠨᠡᠶᠢᠳᠡᠮ ᠪᠠᠶᠢᠴᠠᠭᠠᠬᠤ ᠠᠵᠢᠯ ᠤᠨ | ᠬᠤᠶᠠᠳᠤᠭᠠᠷ ᠱᠠᠳᠤ ᠪᠤᠯᠤᠨ᠎ᠠ᠃ ᠡᠯ᠎ᠡ ᠨᠢᠭᠡᠴᠡ ᠨᠦᠭᠦᠳ ︽ᠪᠦᠬᠦ ᠤᠯᠤᠰ ᠤᠨ ᠵᠠᠰᠠᠭ ᠤᠨ ᠤᠷᠳᠤᠨ ᠤ | ᠰᠦᠯᠵᠢᠶ᠎ᠡ ᠶᠢᠨ ᠨᠡᠶᠢᠳᠡᠮ ᠪᠠᠶᠢᠴᠠᠭᠠᠯᠳᠠ ᠶᠢᠨ ᠬᠤᠪᠢ ᠲᠤᠭᠳᠠᠭᠠᠬᠤ ᠬᠦᠰᠤᠨᠦᠭᠳᠤ︾ ᠶᠢᠨ ᠬᠤᠪᠢ ᠲᠤᠭᠳᠠᠭᠠᠬᠤ | ᠭᠦᠢᠴᠡᠳᠭᠡᠯ ᠲᠤᠭ᠎ᠠ ᠪᠤᠯᠤᠨ ᠬᠤᠪᠢ ᠬᠠᠰᠤᠬᠤ ᠨᠠᠷᠢᠨ ᠲᠦᠷᠢᠮ ᠲᠠᠢ ᠬᠠᠷᠢᠴᠠᠭᠤᠯᠤᠨ᠂ ᠦᠪᠡᠷᠰᠡᠳ ᠤᠨ | ᠰᠦᠯᠵᠢᠶ᠎ᠡ ᠶᠢᠨ ᠢᠶᠠᠨ ᠪᠤᠯᠤᠩ ᠪᠤᠯᠤᠨ ᠠᠭᠤᠯᠭ᠎ᠠ ᠶᠢ ᠵᠠᠬ᠎ᠠ ᠲᠠᠷᠠᠭᠠᠯᠠᠨ ᠪᠠᠶᠢᠴᠠᠭᠠᠵᠦ᠂ ᠠᠰᠠᠭᠤᠳᠠᠯ ᠪᠠᠶᠢᠪᠠᠯ ᠲᠡᠷᠡ | ᠲᠠᠷᠤᠢ ᠳᠤᠨᠢ ᠴᠡᠭᠴᠡᠯᠡᠨ ᠵᠠᠰᠠᠬᠤ ᠬᠡᠷᠡᠭᠲᠠᠢ᠃ ᠪᠠᠶᠢᠴᠠᠭᠠᠵᠦ ᠭᠠᠷᠭᠠᠭᠰᠠᠨ ᠠᠰᠠᠭᠤᠳᠠᠯ ᠢᠶᠠᠨ ᠦᠨᠳᠤᠰᠤᠯᠡᠨ᠂ | ᠴᠡᠭᠴᠡᠯᠡᠨ ᠵᠠᠰᠠᠬᠤ ᠲᠦᠰᠦᠯ ᠲᠤᠭᠳᠠᠭᠠᠬᠤ ᠶᠢᠨ ᠬᠠᠮᠳᠤ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠲᠠᠢ᠃ | ᠰᠦᠯᠵᠢᠶ᠎ᠡ ᠨᠢ ᠨᠡᠭᠡᠬᠡᠭᠳᠡᠬᠦ ᠦᠬᠡᠢ᠂ ᠮᠡᠳᠡᠭᠡ ᠵᠠᠩᠬᠢ ᠶᠢ ᠰᠢᠨᠡᠴᠢᠯᠡᠭᠰᠡᠨ ᠦᠬᠡᠢ᠂ ᠪᠤᠯᠤᠩ ᠨᠢ ᠠᠭᠤᠯᠭ᠎ᠠ ᠦᠬᠡᠢ᠂ | ᠬᠦᠳᠡᠯᠦᠯᠴᠡᠭᠡ ᠨᠢ ᠲᠤᠰᠬᠠᠯ ᠦᠬᠡᠢ᠂ ᠵᠠᠯᠭᠠᠯᠳᠠ ᠨᠢ ᠬᠤᠭᠤᠰᠤᠨ ᠪᠤᠶᠤ ᠪᠤᠷᠤᠭᠤ ᠵᠢᠴᠢ ᠲᠠᠰᠢᠶ᠎ᠠ ᠦᠰᠦᠭ | ᠮᠠᠰᠢ ᠤᠯᠠᠨ ᠪᠠᠶᠢᠬᠤ ᠪᠠ ᠠᠭᠤᠯᠭ᠎ᠠ ᠨᠢ ᠬᠤᠳᠠᠯ ᠬᠠᠭᠤᠷᠮᠠᠭ ᠪᠠᠶᠢᠬᠤ ᠠᠰᠠᠭᠤᠳᠠᠯ ᠢ ᠮᠠᠰᠢ ᠤᠬᠤᠷᠬᠠᠨ | ᠬᠤᠭᠤᠴᠠᠭᠠᠨ ᠳᠤᠳᠤᠷ᠎ᠠ ᠰᠢᠢᠳᠪᠤᠷᠢᠯᠡᠬᠦ ᠶᠢ ᠱᠠᠭᠠᠷᠳᠠᠨ᠎ᠠ᠃ ᠡᠭᠦᠨ ᠤ ᠬᠠᠮᠳᠤ ︽ᠪᠦᠬᠦ ᠤᠯᠤᠰ ᠤᠨ ᠵᠠᠰᠠᠭ | ᠤᠨ ᠤᠷᠳᠤᠨ ᠤ ᠰᠦᠯᠵᠢᠶ᠎ᠡ ᠶᠢᠨ ᠬᠤᠪᠢ ᠲᠤᠭᠳᠠᠭᠠᠬᠤ ᠬᠦᠰᠤᠨᠦᠭᠳᠤ︾ ᠳᠠᠬᠢ ᠡᠯ᠎ᠡ ᠵᠦᠢᠯ ᠤᠨ ᠭᠦᠢᠴᠡᠳᠭᠡᠯ | ᠲᠤᠭ᠎ᠠ ᠪᠤᠯᠤᠨ ᠬᠤᠪᠢ ᠬᠠᠰᠤᠬᠤ ᠨᠠᠷᠢᠨ ᠲᠦᠷᠢᠮ ᠲᠠᠢ ᠬᠠᠷᠢᠴᠠᠭᠤᠯᠵᠦ᠂ ︽ᠪᠦᠬᠦ ᠤᠯᠤᠰ ᠤᠨ ᠵᠠᠰᠠᠭ ᠤᠨ | ᠤᠷᠳᠤᠨ ᠤ ᠰᠦᠯᠵᠢᠶ᠎ᠡ ᠶᠢᠨ ᠬᠤᠪᠢ ᠲᠤᠭᠳᠠᠭᠠᠬᠤ ᠬᠦᠰᠤᠨᠦᠭᠳᠤ︾ ᠶᠢ ᠲᠠᠭᠯᠠᠨ ᠮᠡᠳᠡᠭᠦᠯᠬᠦ ᠠᠵᠢᠯ ᠢ ᠬᠢᠨᠠᠮᠠᠭᠠᠢ | ᠪᠠᠶᠡᠯᠡᠬᠦᠯᠵᠦ᠂ ᠬᠤᠪᠢ ᠲᠤᠭᠳᠠᠭᠠᠬᠤ ᠳᠠᠭᠠᠨ ᠪᠤᠰᠤᠳᠴᠢ ᠪᠦᠭᠡᠳ ᠦᠨᠡᠨ ᠪᠠᠶᠢᠬᠤ ᠶᠢ ᠱᠠᠭᠠᠷᠳᠠᠨ᠎ᠠ᠃ ᠡᠯ᠎ᠡ | ᠱᠠᠳᠤᠨ ᠤ ᠵᠠᠰᠠᠭ ᠤᠨ ᠤᠷᠳᠤᠨ ᠨᠤᠭᠤᠳ ᠬᠢᠨᠠᠮᠠᠭᠠᠢ ᠬᠠᠷᠢᠭᠤᠴᠠᠬᠤ᠂ ᠪᠤᠰᠤᠳᠴᠢ ᠪᠦᠭᠡᠳ ᠭᠤᠤᠯᠴᠢ ᠪᠠᠶᠢᠬᠤ | ᠤᠪᠤᠷ ᠢᠶᠠᠷ ᠬᠠᠷᠢᠶ᠎ᠠ ᠪᠦᠬᠦᠢ ᠭᠠᠵᠠᠷ ᠤᠷᠤᠨ ᠤ ᠪᠠᠨ ᠡᠯ᠎ᠡ ᠨᠢᠭᠡᠴᠡ ᠶᠢᠨ ᠬᠤᠪᠢ ᠤᠯᠭᠤᠭᠰᠠᠨ ᠪᠠᠶᠢᠳᠠᠯ ᠢ ᠬᠢᠨᠠᠨ | ᠬᠠᠷᠭᠤᠭᠤᠯᠬᠤ ᠬᠡᠷᠡᠭᠲᠠᠢ᠃ ᠦᠪᠡᠷᠰᠡᠳ ᠢᠶᠠᠨ ᠬᠢᠨᠠᠨ ᠦᠨᠡᠯᠡᠬᠦ ᠪᠠ ᠳᠡᠭᠡᠳᠤ ᠱᠠᠳᠤᠨ ᠤ ᠰᠠᠯᠠᠭ᠎ᠠ ᠮᠦᠴᠢᠷ ᠤᠨ | ᠬᠢᠨᠠᠨ ᠪᠠᠶᠢᠴᠠᠭᠠᠬᠤ ᠪᠠᠷ ᠲᠠᠮᠵᠢᠭᠤᠯᠤᠨ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ | ᠪᠦᠬᠦᠶᠢᠯᠡ ᠪᠠᠶᠢᠳᠠᠯ ᠢ ᠡᠵᠡᠮᠰᠢᠬᠦ ᠶᠢ ᠪᠡᠶᠡᠯᠡᠬᠦᠯᠬᠦ ᠬᠡᠷᠡᠭᠲᠠᠢ᠃ | 6 ᠳ᠋ᠤᠭᠠᠷ ᠰᠠᠷ᠎ᠠ ᠠᠴᠠ ᠡᠬᠢᠯᠡᠨ ᠭᠤᠷᠪᠠᠳᠤᠭᠠᠷ ᠱᠠᠳᠤ ᠪᠠ ᠲᠦᠷᠪᠡᠳᠤᠭᠡᠷ ᠱᠠᠳᠤ ᠳᠤ ᠤᠷᠤᠨ᠎ᠠ᠂ | ᠡᠨᠡᠬᠦ ᠱᠠᠳᠤᠨ ᠳᠤ ᠭᠤᠤᠯ ᠨᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠨᠡᠶᠢᠳᠡᠮ | ᠪᠠᠶᠢᠴᠠᠭᠠᠬᠤ ᠬᠡᠪᠴᠢᠶᠡᠨ ᠳᠤᠳᠤᠷᠠᠬᠢ ᠪᠦᠬᠦᠶᠢᠯᠡ ᠰᠦᠯᠵᠢᠶ᠎ᠡ ᠶᠢᠨ ᠬᠠᠮᠢᠶ᠎ᠠ ᠪᠦᠬᠦᠢ ᠪᠠᠶᠢᠳᠠᠯ ᠢ ᠰᠤᠭᠤᠴᠠᠨ ᠬᠢᠨᠠᠨ | ᠪᠠᠶᠢᠴᠠᠭᠠᠬᠤ ᠪᠠ ᠬᠢᠨᠠᠨ ᠲᠤᠭᠳᠠᠭᠠᠵᠦ᠂ ᠵᠢᠯ ᠤᠨ ᠡᠴᠤᠰ ᠲᠤ ᠨᠡᠪᠳᠡᠷᠡᠭᠦᠯᠭᠡ ᠬᠢᠬᠦ ᠪᠠ ᠳ᠋ᠦᠩᠨᠡᠯᠳᠡ ᠬᠢᠨ᠎ᠠ᠃ | ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠤᠳᠤᠷᠢᠳᠤᠯᠭ᠎ᠠ ᠳᠡᠭᠡᠳᠤ ᠬᠡᠮᠵᠢᠶ᠎ᠡ ᠪᠠᠷ ᠬᠦᠨᠳᠤᠳᠭᠡᠨ ᠦᠵᠡᠵᠦ᠂ ᠲᠤᠰᠬᠠᠶᠢᠯᠠᠨ ᠵᠢᠭᠠᠪᠤᠷᠢ ᠦᠭᠴᠤ᠂ | ᠠᠵᠢᠯ ᠤᠨ ᠦᠷᠨᠢᠯᠳᠠ ᠶᠢ ᠵᠢᠯᠤᠭᠤᠳᠪᠠ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ | ᠲᠢᠩᠬᠢᠮ ᠲᠤᠰᠬᠠᠢ ᠬᠦᠮᠤᠨ ᠲᠤᠬᠢᠷᠠᠭᠤᠯᠤᠨ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ | ᠦᠷᠨᠢᠭᠦᠯᠪᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠰᠡᠳᠭᠢᠯ ᠨᠢᠭᠡᠳᠤᠨ ᠬᠦᠴᠤ ᠪᠠᠨ ᠬᠠᠮᠳᠤᠳᠬᠠᠵᠦ᠂ | ᠡᠯ᠎ᠡ ᠲᠦᠷᠦᠯ ᠤᠨ ᠠᠵᠢᠯ ᠢ ᠰᠠᠶᠢᠳᠤᠷ ᠴᠢᠷᠮᠠᠶᠢᠨ ᠬᠢᠵᠦ᠂ ᠡᠯ᠎ᠡ ᠱᠠᠳᠤ ᠦᠶ᠎ᠡ ᠶᠢᠨ ᠨᠡᠶᠢᠳᠡᠮ ᠪᠠᠶᠢᠴᠠᠭᠠᠯᠳᠠ ᠶᠢᠨ | ᠡᠭᠦᠷᠭᠡ ᠶᠢ ᠬᠤᠭᠤᠴᠠᠭ᠎ᠠ ᠶᠤᠰᠤᠭᠠᠷ ᠲᠡᠭᠦᠰ ᠪᠡᠶᠡᠯᠡᠬᠦᠯᠬᠦ ᠶᠢ ᠬᠦᠰᠡᠶ᠎ᠡ᠃ | ﹇ᠬᠦᠳᠤᠯᠦᠭᠴᠢ﹈ ᠡᠨᠡ ᠤᠳᠠᠭᠠᠨ ᠤ ᠪᠦᠬᠦ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠡ ᠶᠢᠨ | ᠨᠡᠶᠢᠳᠡᠮ ᠪᠠᠶᠢᠴᠠᠭᠠᠯᠳᠠ ᠪᠤᠯ ᠲᠦᠪ ᠵᠠᠰᠠᠭ ᠤᠨ ᠤᠷᠳᠤᠨ ᠠᠴᠠ ᠠᠪᠤᠭᠰᠠᠨ ᠵᠠᠰᠠᠭ ᠶᠢᠨ ᠤᠷᠳᠤᠨ ᠤ ᠡᠭᠦᠷᠭᠡ | ᠴᠢᠳᠠᠪᠤᠷᠢ ᠶᠢ ᠬᠤᠪᠢᠷᠠᠭᠤᠯᠬᠤ᠂ ᠰᠢᠨ᠎ᠡ ᠶᠢ ᠡᠭᠦᠳᠤᠨ ᠬᠠᠮᠢᠶᠠᠷᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠮᠦᠨ᠂ ᠮᠠᠨ ᠤ ᠤᠷᠤᠨ ᠤ ᠡᠯ᠎ᠡ ᠱᠠᠳᠤᠨ ᠤ ᠵᠠᠰᠠᠭ ᠤᠨ ᠤᠷᠳᠤᠨ ᠤ ᠰᠦᠯᠵᠢᠶ᠎ᠡ ᠨᠢ ᠶᠡᠭᠡ ᠶᠢ ᠪᠦᠳᠤᠭᠡᠬᠦ᠂ | ᠵᠤᠷᠢᠭᠲᠠᠢ ᠪᠠᠷ ᠡᠭᠦᠷᠭᠡᠯᠡᠬᠦ ᠬᠠᠷᠢᠭᠤᠴᠠᠯᠭᠠᠳᠤ ᠤᠬᠠᠮᠰᠠᠷ ᠢ ᠪᠤᠢ ᠪᠤᠯᠭᠠᠵᠦ᠂ ᠵᠠᠰᠠᠭ ᠤᠨ ᠤᠷᠳᠤᠨ ᠤ ᠰᠦᠯᠵᠢᠶ᠎ᠡ ᠶᠢ | ᠰᠠᠶᠢᠳᠤᠷ ᠪᠠᠶᠢᠭᠤᠯᠵᠦ ᠰᠠᠶᠢᠳᠤᠷ ᠬᠠᠮᠢᠶᠠᠷᠴᠤ ᠰᠠᠶᠢᠳᠤᠷ ᠬᠡᠷᠡᠭᠯᠡᠵᠦ᠂ ᠨᠡᠶᠢᠭᠡᠮ ᠨᠡᠶᠢᠳᠡ ᠪᠤᠯᠤᠨ ᠠᠷᠠᠳ ᠤᠯᠠᠨ ᠳᠤ | ᠦᠢᠯᠡᠴᠢᠯᠡᠬᠦ ᠴᠢᠳᠠᠪᠤᠷᠢ ᠪᠤᠯᠤᠨ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠬᠦᠯᠬᠦ ᠬᠡᠷᠡᠭᠲᠠᠢ᠃ | ᠲᠠ᠊ ᠲᠠᠷᠤᠭ᠎ᠠ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ ᠲᠤᠩ ᠶᠡᠭᠡ ᠲᠠᠯᠠᠷᠬᠠᠵᠦ ᠪᠠᠶᠢᠨ᠎ᠠ᠂ | ᠮᠦᠨᠴᠤ ᠰᠦᠯᠵᠢᠶᠡᠨ ᠠᠨᠳᠠ ᠨᠠᠷ ᠤᠨ ᠢᠳᠡᠪᠬᠢᠲᠠᠢ ᠤᠷᠤᠯᠴᠠᠭᠰᠠᠨ ᠳᠤ ᠲᠠᠯᠠᠷᠬᠠᠵᠦ ᠪᠠᠶᠢᠨ᠎ᠠ᠃ ᠲᠤᠰ | ᠬᠤᠭᠤᠴᠠᠭᠠᠨ ᠤ ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠳᠡᠭᠦᠰᠤᠯᠡ᠂ ᠲᠠᠷᠠᠭᠠᠴᠢ ᠶᠢᠨ ᠫᠷᠦᠭᠷᠡᠮ ᠢᠶᠠᠷ | ᠲᠠᠬᠢᠨ ᠪᠠᠶᠠᠷᠲᠠᠢ ᠵᠤᠯᠭᠠᠶ᠎ᠠ︕ |