ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠪᠠᠶᠢᠭᠤᠯᠵᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2015/6/1
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠣᠭᠰᠠᠨ ᠤ ᠬᠤᠪᠢ ᠳᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠪᠠᠶᠢᠨ᠎ᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠭᠰᠠᠨ ᠰᠠᠭᠤᠷᠢᠨ ᠳᠡᠭᠡᠷ᠎ᠡ᠂ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠵᠢᠭᠦᠯᠦᠨ ᠰᠤᠳᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠴᠢᠬᠤᠯᠠ ᠵᠦᠢᠯᠡᠰ ᠢ ᠰᠤᠳᠤᠯᠵᠤ  ᠂ ᠥᠭᠡᠷᠡᠴᠢᠯᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠭᠤᠣᠯᠳᠠᠯᠭ᠎ᠠ ᠲᠠᠢ ᠬᠦᠴᠢᠷ ᠠᠰᠠᠭᠤᠳᠠᠯ ᠰᠢᠢᠳᠪᠦᠷᠢᠯᠡᠬᠦ ᠶᠢ ᠵᠣᠬᠢᠴᠠᠭᠤᠯᠤᠨ ᠠᠬᠢᠭᠤᠯᠵᠤ᠂ ᠡᠯ᠎ᠡ ᠭᠠᠵᠠᠷ ᠣᠷᠣᠨ ᠤ ᠬᠠᠮᠢᠶ᠎ᠠ ᠪᠦᠬᠦᠢ ᠠᠵᠢᠯ ᠢ ᠵᠢᠯᠣᠭᠤᠳᠴᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠵᠣᠬᠢᠴᠠᠭᠤᠯᠬᠤ ᠳᠤᠭᠤᠶᠢᠯᠠᠩ ᠨᠢ ᠳᠣᠣᠷ᠎ᠠ ᠪᠠᠨ ᠵᠠᠰᠠᠭ ᠵᠠᠬᠢᠷᠭᠠᠨ ᠢᠶᠠᠷ ᠬᠢᠨᠠᠨ ᠵᠥᠪᠰᠢᠶᠡᠷᠡᠯ ᠤᠨ ᠳᠦᠷᠢᠮ ᠤᠨ ᠥᠭᠡᠷᠡᠴᠢᠯᠡᠯᠲᠡ ᠶᠢᠨ ᠳᠤᠭᠤᠶᠢᠯᠠᠩ᠂ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠳᠤᠭᠤᠶᠢᠯᠠᠩ᠂ ᠡᠷᠬᠢᠯᠡᠭᠰᠡᠨ ᠠᠵᠢᠯ ᠤᠨ ᠬᠢᠷᠢ ᠬᠡᠮ ᠤᠨ ᠥᠭᠡᠷᠡᠴᠢᠯᠡᠯᠲᠡ ᠶᠢᠨ ᠳᠤᠭᠤᠶᠢᠯᠠᠩ᠂ ᠰᠦᠢᠳᠬᠡᠯ ᠬᠤᠷᠢᠶᠠᠵᠤ ᠪᠠᠶᠢᠭ᠎ᠠ ᠶᠢ ᠢᠯᠭᠠᠷᠠᠭᠤᠯᠬᠤ ᠥᠭᠡᠷᠡᠴᠢᠯᠡᠯᠲᠡ ᠶᠢᠨ ᠳᠤᠭᠤᠶᠢᠯᠠᠩ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠳᠤᠭᠤᠶᠢᠯᠠᠩ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢᠨ ᠳᠤᠭᠤᠶᠢᠯᠠᠩ ᠵᠡᠷᠭᠡ 6 ᠲᠤᠰᠬᠠᠶ ᠳᠤᠭᠤᠶᠢᠯᠠᠩ ᠪᠠ ᠶᠡᠷᠦᠩᠬᠡᠶᠢᠯᠡᠭᠰᠡᠨ ᠳᠤᠭᠤᠶᠢᠯᠠᠩ᠂ ᠬᠠᠤᠯᠢ ᠳᠦᠷᠢᠮ ᠬᠢᠭᠡᠳ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠡᠷᠭᠡ 2 ᠴᠢᠳᠠᠪᠬᠢ ᠶᠢᠨ ᠳᠤᠭᠤᠶᠢᠯᠠᠩ ᠭᠠᠷᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号