ᠣᠶᠢᠷ᠎ᠠ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠪᠦᠬᠦ ᠠᠷᠠᠳ ᠤᠨ ᠪᠡᠶ᠎ᠡ ᠪᠤᠯᠪᠠᠰᠣᠷᠠᠬᠤ ᠳᠦᠷᠢᠮ︾ ᠢ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠷᠪᠠᠨ ᠵᠢᠷᠭᠤᠳᠤᠭᠠᠷ ᠤᠳᠠᠭ᠎ᠠ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠨᠡᠶᠢᠭᠡᠮ ᠳᠤ ᠨᠡᠶᠢᠲᠡᠯᠡᠪᠡ᠃ | ᠰᠢᠨ᠎ᠡ ᠳᠦᠷᠢᠮ ᠤᠨ ᠬᠤᠶᠠᠷ ᠶᠡᠭᠡ ᠭᠢᠯᠠᠰ ᠴᠡᠭ ᠨᠢ᠂ ᠨᠢᠭᠡ ᠳᠤ ᠬᠥᠯ ᠪᠥᠮᠪᠦᠭᠡ ᠶᠢ ᠪᠦᠬᠦ ᠠᠷᠠᠳ ᠤᠨ ᠪᠡᠶ᠎ᠡ | ᠪᠣᠯᠪᠠᠰᠣᠷᠠᠭᠤᠯᠬᠤ ᠠᠶ ᠳᠤ ᠣᠷᠣᠭᠤᠯᠪᠠ︔ ᠬᠤᠶᠠᠷ ᠲᠤ ᠨᠡᠶᠢᠭᠡᠮ ᠲᠣᠭᠤᠷᠢᠭ ᠤᠨ ᠪᠡᠶ᠎ᠡ ᠪᠣᠯᠪᠠᠰᠣᠷᠠᠭᠤᠯᠬᠤ | ᠪᠡᠯᠡᠳᠬᠡᠮᠵᠢ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢ ᠨᠡᠭᠡᠭᠡᠬᠦ ᠲᠤᠬᠠᠶ ᠪᠣᠳᠠᠲᠠᠶ ᠲᠣᠭᠲᠠᠭᠠᠯ | ᠭᠠᠷᠭᠠᠪᠠ᠃ | 2014 ᠣᠨ ᠤ 9 ᠳ᠋ᠦ᠋ᠭᠡᠷ ᠰᠠᠷ᠎ᠠ ᠳᠤ᠂ ᠥᠪᠥᠷ ᠮᠣᠩᠭᠤᠯ ᠢ ᠪᠦᠬᠦ ᠤᠯᠤᠰ ᠤᠨ ᠴᠣᠷ ᠤᠨ ᠭᠠᠭᠴᠠ | ᠬᠥᠯ ᠪᠥᠮᠪᠦᠭᠡ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠶᠢᠨ ᠴᠢᠭ᠋ ᠪᠣᠯᠬᠤ ᠮᠤᠵᠢ | ᠣᠷᠣᠨ ᠢᠶᠠᠷ ᠲᠣᠭᠲᠠᠭᠠᠪᠠ ︵ᠪᠤᠰᠤᠳ ᠲᠤᠷᠰᠢᠯᠲᠠ ᠶᠢᠨ ᠴᠢᠭ᠋ ᠤᠨ ᠭᠠᠵᠠᠷ ᠣᠷᠣᠨ ᠨᠢ ᠴᠥᠮ ᠬᠤᠲᠠ ᠪᠣᠯᠣᠨ᠎ᠠ︶ | ᠃ ᠳᠥᠷᠢᠮ ᠨᠢ ᠬᠥᠯ ᠪᠥᠮᠪᠦᠭᠡ ᠶᠢ ᠴᠠᠭ ᠲᠤᠨᠢ ᠲᠣᠬᠢᠷᠠᠭᠤᠯᠤᠨ ᠪᠦᠬᠦ ᠠᠷᠠᠳ ᠤᠨ ᠪᠡᠶ᠎ᠡ ᠪᠤᠯᠪᠠᠰᠣᠷᠠᠬᠤ ᠠᠶ ᠳᠤ | ᠣᠷᠣᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠥᠯ ᠪᠥᠮᠪᠦᠭᠡ᠂ ᠰᠠᠭᠰᠤᠨ ᠪᠥᠮᠪᠦᠭᠡ᠂ | ᠠᠯᠠᠭᠠᠳᠠᠬᠤ ᠪᠥᠮᠪᠦᠭᠡ᠂ ᠫᠢᠩᠫᠠᠩ ᠪᠥᠮᠪᠦᠭᠡ᠂ ᠥᠳᠥᠨ ᠪᠥᠮᠪᠦᠭᠡ ᠵᠡᠷᠭᠡ ᠲᠥᠷᠥᠯ ᠵᠦᠢᠯ ᠢ ᠲᠥᠷᠭᠡᠳᠬᠡᠨ | ᠬᠥᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠠ ᠨᠡᠶᠢᠭᠡᠮ ᠤᠨ ᠬᠥᠯ ᠪᠥᠮᠪᠦᠭᠡ ᠶᠢ ᠶᠡᠬᠡᠪᠡᠷ | ᠳᠡᠯᠭᠡᠷᠡᠭᠦᠯᠬᠦ ᠬᠡᠷᠡᠭᠲᠡᠢ ᠭᠡᠵᠦ ᠲᠣᠭᠲᠠᠭᠠᠭᠰᠠᠨ ᠪᠠᠶᠢᠨ᠎ᠠ᠃ | ᠳᠦᠷᠢᠮ ᠨᠢ ᠪᠠᠰᠠ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ | ᠪᠡᠯᠡᠳᠬᠡᠮᠵᠢ ᠶᠢ ᠨᠡᠭᠡᠭᠡᠵᠦ ᠠᠰᠢᠭᠯᠠᠬᠤ ᠲᠤᠬᠠᠢ ᠰᠢᠨ᠎ᠡ ᠲᠣᠭᠲᠠᠭᠠᠯ ᠭᠠᠷᠭᠠᠵᠤ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠲᠠᠯᠠᠪᠠᠶ ᠣᠷᠳᠣᠨ ᠤ ᠪᠡᠯᠡᠳᠬᠡᠮᠵᠢ ᠶᠢ ᠰᠦᠢᠳᠬᠡᠯ ᠬᠤᠷᠢᠶᠠᠬᠤ ᠦᠭᠡᠶ ᠪᠠ ᠰᠦᠢᠳᠬᠡᠯ ᠪᠠᠭ᠎ᠠ ᠬᠤᠷᠢᠶᠠᠵᠤ | ᠨᠡᠶᠢᠭᠡᠮ ᠨᠡᠶᠢᠲᠡ ᠳᠤ ᠨᠡᠭᠡᠭᠡᠬᠦ ᠬᠡᠷᠡᠭᠲᠡᠶ᠃ ᠭᠠᠷᠠᠭ ᠪᠦᠷᠢ ᠶᠢᠨ ᠨᠡᠭᠡᠭᠡᠬᠦ ᠴᠠᠭ ᠢ 35 ᠴᠠᠭ ᠠᠴᠠ ᠳᠤᠲᠠᠭᠤ | ᠪᠠᠶᠢᠯᠭᠠᠵᠤ ᠪᠣᠯᠬᠤ ᠦᠭᠡᠶ᠂ ᠪᠦᠬᠦ ᠵᠢᠯ ᠤᠨ ᠨᠡᠭᠡᠭᠡᠬᠦ ᠴᠠᠭ ᠢ 330 ᠡᠳᠦᠷ ᠠᠴᠠ ᠳᠤᠲᠠᠭᠤ ᠪᠠᠶᠢᠯᠭᠠᠵᠤ ᠪᠣᠯᠬᠤ | ᠦᠭᠡᠶ᠃ ᠠᠯᠪᠠᠨ ᠠᠮᠠᠷᠠᠯᠲᠠ ᠶᠢᠨ ᠡᠳᠦᠷ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ | ᠡᠳᠦᠷ᠂ ᠰᠤᠷᠭᠠᠭᠤᠯᠢ ᠶᠢᠨ ᠡᠪᠦᠯ ᠵᠤᠨ ᠤ ᠴᠢᠯᠦᠭᠡᠨ ᠤ ᠬᠤᠭᠤᠴᠠᠭᠠᠨ ᠳᠤ ᠨᠡᠭᠡᠭᠡᠬᠦ ᠴᠠᠭ ᠢ ᠤᠷᠲᠤᠳᠬᠠᠬᠤ | ᠬᠡᠷᠡᠭᠲᠡᠶ᠃ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠤ ᠳᠠᠭᠠᠭᠠᠯᠲᠠ ᠭᠡᠷ ᠤᠨ ᠭᠠᠳᠠᠨᠠᠬᠢ ᠣᠯᠠᠨ ᠨᠡᠶᠢᠲᠡ ᠶᠢᠨ | ᠣᠷᠣᠨ ᠵᠢᠴᠢ ᠭᠡᠷ ᠤᠨ ᠭᠠᠳᠠᠨ᠎ᠠ ᠪᠡᠶ᠎ᠡ ᠪᠣᠯᠪᠠᠰᠣᠷᠠᠬᠤ ᠪᠠᠭᠠᠵᠢ ᠬᠡᠷᠡᠭᠰᠡᠯ ᠢ ᠪᠦᠬᠦᠯᠢ ᠡᠳᠦᠷ ᠢᠶᠠᠷ ᠰᠦᠢᠳᠬᠡᠯ | ᠬᠤᠷᠢᠶᠠᠬᠤ ᠦᠭᠡᠶ ᠪᠠᠷ ᠨᠡᠭᠡᠭᠡᠬᠦ ᠬᠡᠷᠡᠭᠲᠡᠶ ᠭᠡᠰᠡᠨ ᠪᠠᠶᠢᠨ᠎ᠠ᠃ |