ᠮᠠᠯᠵᠢᠬᠤ ᠲᠠᠷᠢᠶᠠᠯᠠᠬᠤ ᠤᠷᠤᠨ ᠪᠤᠯᠤᠨ ᠬᠤᠲᠠ ᠬᠦᠳᠡᠭᠡ ᠶᠢᠨ ᠠᠭᠤᠯᠵᠠᠷ ᠬᠡᠰᠡᠭ ᠲᠤ ᠭᠤᠤᠯᠳᠠᠯᠭ᠎ᠠ | ᠲᠠᠢ ᠪᠠᠶᠢᠭᠤᠯᠤᠨ᠎ᠠ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠦᠨᠦᠬᠡᠨ ︽ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠠᠴᠠ ᠡᠮᠦᠨᠡᠬᠢ | ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ︵2014 —2016︶ ᠶᠢᠨ ᠮᠡᠳᠡᠭᠳᠡᠯ︾ | ᠢ ᠳᠠᠷᠤᠮᠠᠯᠯᠠᠨ ᠲᠠᠷᠬᠠᠭᠠᠪᠠ᠂ ᠰᠤᠷᠪᠤᠯᠵᠢᠯᠠᠭᠴᠢ ᠦᠴᠦᠭᠡᠳᠦᠷ ᠤᠶᠢᠯᠠᠭᠠᠭᠰᠠᠨ ᠢᠶᠠᠷ᠂ ᠲᠤᠰ ᠠᠵᠢᠯᠯᠠᠭ᠎ᠠ ᠶᠢᠨ | ᠲᠦᠯᠦᠪᠯᠡᠭᠡ ᠶᠢ ᠦᠨᠳᠦᠰᠦᠯᠡᠨ᠂ 2016 ᠤᠨ ᠤ ᠡᠴᠦᠰ ᠪᠤᠯᠳᠠᠯ᠎ᠠ᠂ ᠦᠪᠦᠷ ᠮᠤᠩᠭᠤᠯ 1200 ᠬᠡᠤᠭᠡᠳ ᠤᠨ | ᠴᠡᠴᠡᠷᠯᠢᠭ ︵2014 ᠤᠨ ᠳᠤ ᠰᠢᠨ᠎ᠡ ᠪᠠᠷ ᠪᠠᠶᠢᠭᠤᠯᠤᠭᠰᠠᠨ400 ᠰᠤᠷᠭᠠᠭᠤᠯᠢ ᠪᠠᠭᠲᠠᠨ᠎ᠠ︶ ᠢ ᠰᠢᠨ᠎ᠡ ᠪᠠᠷ | ᠨᠡᠮᠡᠵᠤ ᠪᠠᠶᠢᠭᠤᠯᠤᠨ᠂ ᠰᠤᠷᠭᠠᠭᠤᠯᠢ ᠠᠴᠠ ᠡᠮᠦᠨᠡᠬᠢ 3 ᠵᠢᠯ ᠤᠨ ᠴᠡᠴᠡᠷᠯᠢᠭ ᠲᠤ ᠤᠷᠤᠬᠤ ᠨᠤᠷᠮ᠎ᠠ ᠨᠢ | 90% ᠠᠴᠠ ᠳᠡᠭᠡᠭᠰᠢ ᠳᠤ ᠬᠦᠷᠦᠭᠦᠯᠬᠦ ᠪᠠᠷ ᠪᠠᠶᠢᠨ᠎ᠠ᠃ ᠡᠬᠦᠨ ᠤ ᠬᠠᠮᠲᠤ ᠵᠠᠰᠠᠭ ᠤᠨ ᠤᠷᠳᠤᠨ ᠭᠤᠤᠯᠯᠠᠨ | ᠤᠳᠤᠷᠢᠳᠤᠭᠰᠠᠨ᠂ ᠤᠯᠠᠨ ᠶᠠᠩᠵᠤ ᠬᠡᠯᠪᠡᠷᠢ ᠶᠢ ᠬᠤᠤᠰᠯᠠᠭᠤᠯᠤᠭᠰᠠᠨ᠂ ᠠᠮᠢᠵᠢᠷᠠᠯ ᠤᠨ ᠬᠦᠴᠦᠨ ᠪᠢᠯᠬᠠᠭᠰᠠᠨ | ᠰᠤᠷᠭᠠᠭᠤᠯᠢ ᠠᠴᠠ ᠡᠮᠦᠨᠡᠬᠢ ᠨᠠᠰᠤᠨ ᠤ ᠰᠤᠷᠭᠠᠨ ᠬᠦᠮᠦᠵᠢᠯ ᠤᠨ ᠨᠡᠶᠢᠭᠡᠮ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢ ᠪᠦᠲᠦᠭᠡᠨ ᠪᠠᠶᠢᠭᠤᠯᠬᠤ ᠪᠠᠷ ᠪᠤᠢ᠃ | ᠰᠤᠷᠭᠠᠭᠤᠯᠢ ᠠᠴᠠ ᠡᠮᠦᠨᠡᠬᠢ 3 ᠵᠢᠯ ᠤᠨ ᠴᠡᠴᠡᠷᠯᠢᠭ ᠲᠤ ᠤᠷᠤᠬᠤ ᠨᠤᠷᠮ᠎ᠠ 74.72% ᠪᠤᠯᠪᠠ | 2013 ᠤᠨ ᠤ ᠡᠴᠦᠰ ᠪᠤᠯᠬᠤ ᠳᠤ᠂ ᠪᠦᠬᠦ ᠤᠷᠤᠨ ᠤ ᠰᠤᠷᠭᠠᠭᠤᠯᠢ ᠠᠴᠠ ᠡᠮᠦᠨᠡᠬᠢ 3 ᠵᠢᠯ ᠤᠨ ᠴᠡᠴᠡᠷᠯᠢᠭ ᠲᠤ | ᠤᠷᠤᠬᠤ ᠨᠤᠷᠮ᠎ᠠ 74.72% ᠪᠠᠶᠢᠵᠤ᠂ ︽ᠨᠢᠭᠡᠳᠦᠭᠡᠷ ᠬᠤᠭᠤᠴᠠᠭ᠎ᠠ ᠶᠢᠨ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ︾ ᠶᠢᠨ ᠬᠠᠷᠠᠯᠲᠠ ᠶᠢ 4.72 ᠵᠠᠭᠤᠨ ᠤ ᠴᠡᠭ ᠳᠠᠪᠠᠭᠤᠯᠤᠨ ᠪᠡᠶᠡᠯᠡᠬᠦᠯᠵᠤ᠂ ᠪᠦᠬᠦ ᠤᠯᠤᠰ ᠤᠨ | ᠳᠤᠮᠳᠠᠴᠢ ᠬᠢᠷᠢ ᠲᠦᠪᠰᠢᠨ ᠠᠴᠠ 10.2 ᠵᠠᠭᠤᠨ ᠤ ᠴᠡᠭ ᠦᠨᠳᠦᠷ ᠪᠤᠯᠵᠠᠢ᠃ ᠤᠳᠤᠬᠠᠨ ᠳᠤ᠂ ᠪᠦᠬᠦ ᠤᠷᠤᠨ ᠳᠤ | 3140 ᠬᠡᠤᠭᠡᠳ ᠤᠨ ᠴᠡᠴᠡᠷᠯᠢᠭ ᠲᠠᠢ ᠪᠠᠶᠢᠵᠤ᠂ 2010 ᠤᠨ ᠤ ᠬᠢ ᠠᠴᠠ 1101 ᠨᠡᠮᠡᠭᠳᠡᠵᠤ᠂ | ᠴᠡᠴᠡᠷᠯᠢᠭ ᠲᠤ ᠪᠠᠶᠢᠭ᠎ᠠ ᠬᠡᠤᠭᠡᠳ ᠤᠨ ᠶᠡᠷᠦᠩᠭᠡᠢ ᠲᠤᠭ᠎ᠠ 55.9 ᠲᠦᠮᠡ ᠪᠠᠶᠢᠵᠤ᠂ 2010 ᠤᠨ ᠤ ᠬᠢ ᠠᠴᠠ | 17.82 ᠲᠦᠮᠡ ᠨᠡᠮᠡᠭᠳᠡᠵᠤ᠂ ᠰᠤᠷᠭᠠᠭᠤᠯᠢ ᠠᠴᠠ ᠡᠮᠦᠨᠡᠬᠢ 3 ᠵᠢᠯ ᠤᠨ ᠴᠡᠴᠡᠷᠯᠢᠭ ᠲᠤ ᠤᠷᠤᠬᠤ ᠨᠤᠷᠮ᠎ᠠ 85. | 42% ᠲᠤ ᠬᠦᠷᠴᠦ᠂ ︽ᠴᠡᠴᠡᠷᠯᠢᠭ ᠲᠤ ᠤᠷᠤᠬᠤ ᠳᠤ ᠬᠦᠴᠢᠷᠲᠠᠢ᠂ ᠴᠡᠴᠡᠷᠯᠢᠭ ᠲᠤ ᠤᠷᠤᠬᠤ ᠳᠤ ᠦᠨᠡᠲᠠᠢ᠂ | ᠴᠡᠴᠡᠷᠯᠢᠭ ᠲᠤ ᠤᠷᠤᠬᠤ ᠳᠤ ᠬᠤᠯᠠ︾ ᠠᠰᠠᠭᠤᠳᠠᠯ ᠢ ᠪᠦᠲᠦᠮᠵᠢᠲᠠᠢ ᠪᠠᠷ ᠨᠠᠮᠳᠠᠭᠤᠯᠵᠠᠢ᠃ ᠤᠷᠤᠨ ᠨᠤᠲᠤᠭ ᠤᠨ | ᠬᠦᠭᠵᠢᠯᠲᠠ ᠶᠢᠨ ᠵᠦᠷᠢᠶ᠎ᠡ ᠠᠴᠠ ᠪᠤᠯᠵᠤ᠂ ᠰᠠᠭᠤᠷᠢ ᠨᠢᠮᠭᠡᠨ᠂ ᠦᠷᠢ ᠠᠷᠪᠢᠨ ᠪᠠᠶᠢᠵᠤ᠂ ᠰᠤᠷᠭᠠᠭᠤᠯᠢ ᠠᠴᠠ | ᠡᠮᠦᠨᠡᠬᠢ ᠰᠤᠷᠭᠠᠨ ᠬᠦᠮᠦᠵᠢᠯ ᠨᠢ ᠮᠦᠨᠭᠦ ᠮᠠᠨ ᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮᠵᠢ ᠶᠢᠨ ᠳᠤᠲᠤᠷ᠎ᠠ | ᠪᠠᠭᠤᠷᠠᠢ ᠲᠠᠯ᠎ᠠ ᠪᠤᠯᠤᠭᠰᠠᠭᠠᠷ ᠪᠠᠶᠢᠨ᠎ᠠ᠃ ᠭᠤᠤᠯ ᠨᠢ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠪᠤᠳᠠᠲᠤ | ᠴᠤᠭᠴᠠ ᠶᠢᠨ ᠪᠠᠶᠢᠷᠢ ᠰᠠᠭᠤᠷᠢ ᠪᠠᠲᠤ ᠪᠤᠰᠤ᠂ ᠬᠤᠲᠠ ᠬᠦᠳᠡᠭᠡ ᠶᠢᠨ ᠨᠡᠶᠢᠳᠡᠮ ᠬᠠᠷᠠᠭᠠᠯᠵᠠᠯ ᠬᠦᠷᠲᠡᠭᠡᠬᠦ ᠴᠢᠨᠠᠷᠲᠠᠢ | ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠶᠡᠷᠦᠩᠭᠡᠢ ᠬᠡᠮᠵᠢᠶ᠎ᠡ ᠬᠦᠷᠦᠯᠴᠡᠭᠡ ᠦᠭᠡᠢ᠂ | ᠠᠵᠢᠯᠯᠠᠭᠠᠨ ᠤ ᠪᠠᠲᠤᠯᠠᠭ᠎ᠠ ᠶᠢᠨ ᠲᠤᠭᠲᠠᠴᠠ ᠶᠢᠨ ᠪᠠᠶᠢᠭᠤᠯᠤᠯᠲᠠ ᠬᠠᠷᠢᠴᠠᠩᠭᠤᠢ ᠬᠤᠴᠤᠷᠤᠩᠭᠤᠢ᠂ ᠴᠡᠴᠡᠷᠯᠢᠭ ᠤᠨ | ᠪᠠᠭᠰᠢ ᠬᠦᠷᠦᠯᠴᠡᠬᠦ ᠦᠭᠡᠢ᠂ ᠠᠰᠠᠷᠠᠵᠤ ᠬᠦᠮᠦᠵᠢᠭᠦᠯᠬᠦ ᠬᠦᠮᠦᠵᠢᠯ ᠤᠨ ᠶᠠᠰᠤ ᠴᠢᠨᠠᠷ ᠲᠡᠭᠰᠢ ᠪᠤᠰᠤ ᠪᠠᠶᠢᠬᠤ ᠪᠠᠷ | ᠢᠯᠡᠷᠡᠵᠤ ᠪᠠᠶᠢᠨ᠎ᠠ᠃ | 400 ᠠᠯᠪᠠᠨ ᠠᠴᠠ ᠡᠷᠬᠢᠯᠡᠭᠰᠡᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ | ᠪᠠᠶᠢᠭᠤᠯᠤᠨ᠎ᠠ | ᠠᠵᠢᠯᠯᠠᠭᠠᠨ ᠤ ᠲᠦᠯᠦᠪᠯᠡᠭᠡ ᠶᠤᠰᠤᠭᠠᠷ᠂ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ | ᠡᠬᠢ ᠪᠠᠶᠠᠯᠢᠭ ᠤᠨ ᠶᠡᠷᠦᠩᠭᠡᠢ ᠬᠡᠮᠵᠢᠶ᠎ᠡ ᠶᠢ ᠦᠷᠭᠡᠳᠭᠡᠨ᠎ᠡ᠃ | 2015 ᠤᠨ ᠳᠤ᠂ 400 ᠠᠯᠪᠠᠨ ᠠᠴᠠ ᠡᠷᠬᠢᠯᠡᠭᠰᠡᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ | ᠦᠷᠭᠡᠳᠭᠡᠨ ᠪᠠᠶᠢᠭᠤᠯᠤᠨ᠎ᠠ᠂ ᠡᠬᠦᠨ ᠳᠤ 330 ᠶᠢ ᠰᠢᠨ᠎ᠡ ᠪᠠᠷ ᠪᠠᠶᠢᠭᠤᠯᠵᠤ᠂ 70 ᠶᠢ ᠦᠷᠭᠡᠳᠭᠡᠨ ᠪᠠᠶᠢᠭᠤᠯᠵᠤ᠂ | ᠬᠡᠤᠭᠡᠳ ᠤᠨ ᠪᠠᠶᠢᠷᠢ ᠶᠢ 73000 ᠰᠢᠨ᠎ᠡ ᠪᠠᠷ ᠨᠡᠮᠡᠭᠳᠡᠭᠦᠯᠦᠨ᠎ᠡ︔2016 ᠤᠨ ᠳᠤ᠂ 400 ᠬᠡᠤᠭᠡᠳ ᠤᠨ | ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ ᠡᠭᠦᠨ ᠳᠤ 350 ᠶᠢ ᠰᠢᠨ᠎ᠡ ᠪᠠᠷ | ᠪᠠᠶᠢᠭᠤᠯᠵᠤ᠂ 50 ᠶᠢ ᠰᠢᠨᠡᠴᠢᠯᠡᠨ ᠦᠷᠭᠡᠳᠭᠡᠨ ᠪᠠᠶᠢᠭᠤᠯᠵᠤ᠂ ᠬᠡᠤᠭᠡᠳ ᠤᠨ ᠪᠠᠶᠢᠷᠢ ᠶᠢ 51000 ᠶᠢ ᠰᠢᠨ᠎ᠡ | ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠰᠤᠮᠤ ᠰᠢᠶᠠᠩ ᠪᠠᠯᠭᠠᠰᠤ ᠶᠢᠨ ᠠᠯᠪᠠᠨ ᠠᠴᠠ ᠡᠷᠬᠢᠯᠡᠭᠰᠡᠨ | ᠴᠡᠴᠡᠷᠯᠢᠭ ᠲᠤ ᠲᠤᠰᠠᠭᠠᠷ ᠪᠠᠶᠢᠭᠤᠯᠤᠮᠵᠢᠲᠤ ᠳᠦᠷᠢᠮ ᠢ ᠬᠡᠷᠡᠭᠵᠢᠬᠦᠯᠵᠤ᠂ ᠭᠠᠴᠠᠭ᠎ᠠ ᠲᠤᠰᠬᠤᠨ ᠤ ᠴᠡᠴᠡᠷᠯᠢᠭ ᠤᠨ | ᠵᠢᠭᠠᠨ ᠰᠤᠷᠭᠠᠯᠲᠠ ᠶᠢᠨ ᠴᠢᠭ᠋ ᠢ ᠰᠤᠮᠤ ᠰᠢᠶᠠᠩ ᠪᠠᠯᠭᠠᠰᠤ ᠶᠢᠨ ᠠᠯᠪᠠᠨ ᠠᠴᠠ ᠡᠷᠬᠢᠯᠡᠭᠰᠡᠨ ᠲᠦᠪ ᠴᠡᠴᠡᠷᠯᠢᠭ | ᠨᠢᠭᠡᠳᠦᠯᠲᠠᠢ ᠬᠠᠮᠢᠶᠠᠷᠤᠨ᠎ᠠ᠃ ᠲᠡᠷᠡᠴᠢᠯᠡᠨ ᠮᠠᠯᠵᠢᠠᠬᠤ ᠲᠠᠷᠢᠶᠠᠯᠠᠬᠤ ᠤᠷᠤᠨ ᠤ ᠴᠡᠴᠡᠷᠯᠢᠭ ᠤᠨ ᠰᠠᠭᠤᠷᠢ | ᠪᠡᠯᠡᠳᠭᠡᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠦᠨᠳᠦᠰᠦᠲᠡᠨ ᠤ ᠬᠡᠤᠭᠡᠳ ᠤᠨ ᠴᠡᠴᠡᠷᠯᠢᠭ ᠢ ᠤᠷᠢᠳᠠᠪᠠᠷ | ᠪᠠᠶᠢᠭᠤᠯᠵᠤ᠂ ᠤᠶᠢᠷ᠎ᠠ ᠬᠠᠪᠢ ᠳᠠᠭᠠᠨ ᠴᠡᠴᠷᠯᠢᠭ ᠲᠤ ᠤᠷᠤᠬᠤ᠂ ᠴᠡᠴᠡᠷᠯᠢᠭ ᠲᠤ ᠤᠷᠤᠬᠤ ᠳᠤ ᠳᠦᠭᠦᠮ | ᠪᠤᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ ᠡᠳ᠋ ᠤᠨ | ᠵᠠᠰᠠᠭ ᠤᠨ ᠴᠢᠨᠠᠷᠠᠢ ᠤᠷᠤᠭᠤᠯᠤᠯᠲᠠ ᠶᠢ ᠨᠡᠮᠡᠭᠳᠡᠭᠦᠯᠵᠤ᠂ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ | ᠰᠤᠷᠤᠭᠴᠢ ᠪᠤᠯᠭᠠᠨ ᠳᠤ ᠮᠦᠡᠭᠭᠦ ᠤᠯᠭᠤᠬᠤ ᠲᠤᠭᠲᠠᠴᠠ ᠶᠢ ᠲᠤᠭᠲᠠᠭᠠᠵᠤ᠂ ᠰᠤᠷᠭᠠᠭᠤᠯᠢ ᠠᠴᠠ ᠡᠮᠦᠨᠡᠬᠢ ᠰᠤᠷᠭᠠᠨ | ᠬᠦᠮᠦᠵᠢᠯ ᠤᠨ ᠲᠤᠰᠠᠯᠠᠮᠵᠢ ᠶᠢᠨ ᠳᠦᠷᠢᠮ ᠢ ᠪᠠᠶᠢᠭᠤᠯᠵᠤ᠂ ᠵᠠᠰᠠᠭ ᠤᠨ ᠤᠷᠳᠤᠨ ᠤᠷᠤᠭᠤᠯᠤᠯᠲᠠ ᠬᠢᠬᠦ᠂ | ᠨᠡᠶᠢᠭᠡᠮ ᠤᠨ ᠬᠦᠴᠦᠨ ᠰᠤᠷᠭᠠᠭᠤᠯᠢ ᠡᠷᠬᠢᠯᠡᠬᠦ ᠳᠤ ᠤᠷᠤᠭᠤᠯᠤᠯᠲᠠ ᠬᠢᠬᠦ᠂ ᠬᠡᠷ ᠪᠦᠯᠢ ᠲᠤᠬᠢᠷᠠᠮᠵᠢᠲᠠᠢ | ᠬᠤᠪᠢᠶᠠᠷᠢᠯᠠᠨ ᠤᠷᠤᠭᠤᠯᠤᠯᠲᠠ ᠬᠢᠬᠦ ᠲᠤᠭᠲᠠᠴᠠ ᠶᠢ ᠪᠤᠢ ᠪᠤᠯᠭᠠᠨ᠎ᠠ᠃ ᠰᠤᠷᠭᠠᠨ ᠬᠦᠮᠦᠵᠢᠯ ᠤᠨ ᠶᠠᠮᠤᠨ ᠤ ︽ | 3 ᠠᠴᠠ 6 ᠨᠠᠰᠤᠨ ᠤ ᠬᠡᠤᠭᠡᠳ ᠤᠨ ᠰᠤᠷᠤᠴᠠᠯᠭᠠ ᠪᠠ ᠬᠦᠭᠵᠢᠯᠲᠡ ᠶᠢᠨ ᠵᠦᠭᠯᠡᠭᠦᠷ︾ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠡᠤᠭᠡᠳ ᠤᠨ ᠴᠡᠴᠡᠷᠯᠢᠭ ᠤᠨ ᠪᠠᠭᠰᠢ᠂ ᠡᠷᠡᠬᠦᠯ ᠬᠠᠮᠠᠭᠠᠯᠠᠯ ᠤᠨ ᠠᠵᠢᠯᠲᠠᠨ᠂ | ᠬᠠᠮᠢᠶᠠᠷᠤᠭᠴᠢᠳ ᠤᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠦᠢᠯᠡᠳᠦᠯᠭᠡ ᠶᠢᠨ ᠴᠢᠳᠠᠪᠤᠷᠢ ᠶᠢ ᠨᠢ | ᠳᠡᠭᠡᠭᠰᠢᠯᠡᠬᠦᠯᠦᠨ᠎ᠡ᠃ ᠬᠡᠤᠭᠡᠳ ᠤᠨ ᠴᠡᠴᠡᠷᠯᠢᠭ ᠤᠨ ᠴᠡᠴᠡᠷᠯᠢᠭ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠬᠡᠤᠭᠡᠳ ᠲᠤ ᠠᠮᠤᠷ ᠲᠦᠪᠰᠢᠨ᠂ ᠡᠷᠡᠬᠦᠯ ᠮᠡᠨᠳᠦ᠂ ᠡᠯᠪᠡᠭ ᠪᠠᠶᠠᠯᠢᠭ ᠰᠤᠷᠤᠯᠴᠠᠯᠭ᠎ᠠ ᠠᠮᠢᠳᠤᠷᠠᠯ ᠤᠨ ᠤᠷᠴᠢᠨ | ᠲᠤᠭᠤᠷᠢᠨ ᠢ ᠪᠤᠢ ᠪᠤᠯᠭᠠᠵᠤ ᠦᠭᠭᠦᠨ᠎ᠡ᠃ | ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠪᠠ ᠬᠤᠲᠠ ᠬᠦᠳᠡᠭᠡ ᠶᠢᠨ ᠠᠭᠤᠯᠵᠠᠷ ᠤᠨ ᠬᠡᠰᠡᠭ ᠲᠤ | ᠴᠡᠴᠡᠷᠯᠢᠭ ᠢ ᠨᠡᠮᠡᠵᠤ ᠪᠠᠶᠢᠭᠤᠯᠤᠨ᠎ᠠ | ᠠᠵᠢᠯᠯᠠᠭᠠᠨ ᠤ ᠲᠦᠯᠦᠪᠯᠡᠭᠡ ᠶᠤᠰᠤᠭᠠᠷ᠂ ᠦᠪᠦᠷ ᠮᠤᠩᠭᠤᠯ ︽ᠨᠢᠬᠡ ᠬᠤᠭᠤᠴᠠᠭ᠎ᠠ ᠶᠢᠨ 3 | ᠵᠢᠯ ᠤᠨ ᠠᠵᠢᠯᠯᠠᠭᠠᠨ ᠤ ᠲᠦᠯᠦᠪᠯᠡᠭᠡ︾ ᠶᠢ ᠦᠷᠭᠦᠯᠵᠢᠯᠡᠭᠦᠯᠵᠤ᠂ ᠰᠤᠷᠭᠠᠭᠤᠯᠢ ᠠᠴᠠ ᠡᠮᠦᠨᠡᠬᠢ ᠰᠤᠷᠭᠠᠨ | ᠬᠦᠮᠦᠵᠢᠯ ᠤᠨ ᠡᠬᠢ ᠪᠠᠶᠠᠯᠢᠭ ᠤᠨ ᠱᠠᠩᠨᠠᠯ ᠤᠨ ᠨᠦᠬᠦᠪᠦᠷᠢ ᠶᠢᠨ ᠲᠦᠷᠦᠯ ᠵᠦᠢᠯ ᠢ ᠦᠷᠭᠡᠳᠭᠡᠨ ᠬᠡᠷᠡᠭᠵᠢᠬᠦᠯᠵᠤ | ᠂ ᠬᠦᠳᠡᠭᠡ ᠲᠤᠰᠬᠤᠨ ᠤ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠢ ᠲᠦᠯᠬᠢᠨ ᠠᠬᠢᠭᠤᠯᠬᠤ | ᠢᠨᠵᠧᠨᠧᠷᠢᠩ ᠢ ᠦᠷᠭᠦᠯᠵᠢᠯᠡᠨ ᠬᠡᠷᠡᠭᠵᠢᠬᠦᠯᠵᠤ᠂ ᠬᠦᠳᠡᠭᠡ ᠲᠤᠰᠬᠤᠨ ᠳᠤ ᠰᠤᠯᠠ ᠪᠠᠶᠢᠭ᠎ᠠ ᠰᠤᠷᠭᠠᠭᠤᠯᠢ ᠶᠢᠨ | ᠪᠠᠶᠢᠷᠢ ᠶᠢ ᠴᠡᠴᠡᠷᠯᠢᠭ ᠪᠤᠯᠭᠠᠨ ᠦᠭᠡᠷᠡᠴᠢᠯᠡᠨ ᠪᠠᠶᠢᠭᠤᠯᠵᠤ᠂ ᠬᠦᠳᠡᠭᠡ ᠲᠤᠰᠬᠤᠨ ᠤ ᠪᠠᠭ᠎ᠠ ᠰᠤᠷᠭᠠᠭᠤᠯᠢ ᠳᠤ | ᠬᠠᠷᠢᠶᠠᠲᠤ ᠬᠡᠤᠭᠡᠳ ᠤᠨ ᠴᠡᠴᠡᠷᠯᠢᠭ ᠤᠨ ᠲᠦᠷᠦᠯ ᠵᠦᠢᠯ ᠢ ᠨᠡᠮᠡᠵᠤ ᠪᠠᠶᠢᠭᠤᠯᠤᠨ᠂ ᠭᠤᠤᠯᠳᠠᠭᠤ ᠮᠠᠯᠵᠢᠬᠤ | ᠲᠠᠷᠢᠶᠠᠯᠠᠬᠤ ᠤᠷᠤᠨ ᠪᠠ ᠬᠤᠲᠠ ᠬᠦᠳᠡᠭᠡ ᠶᠢᠨ ᠠᠭᠤᠯᠵᠠᠷ ᠤᠨ ᠬᠡᠰᠡᠭ ᠲᠤ ᠴᠡᠴᠡᠷᠯᠢᠭ ᠨᠡᠮᠡᠵᠤ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠰᠤᠷᠭᠠᠭᠤᠯᠢ ᠠᠴᠠ ᠡᠮᠦᠨᠡᠬᠢ ᠰᠤᠷᠭᠠᠨ | ᠬᠦᠮᠦᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ︽ᠲᠤᠮᠤ ᠲᠤᠰᠬᠤᠨ | ᠭᠠᠭᠴᠠᠭᠠᠷ ᠡᠷᠬᠢᠯᠡᠵᠤ᠂ ᠪᠠᠭ᠎ᠠ ᠲᠤᠰᠬᠤᠨ ᠬᠤᠯᠪᠤᠭᠠᠯᠠᠨ ᠡᠷᠬᠢᠯᠡᠬᠦ︾᠂ ︽ᠰᠤᠮᠤ ᠰᠢᠶᠠᠩ ᠪᠠᠯᠭᠠᠰᠤ ᠶᠢᠨ ᠲᠦᠪ | ᠴᠡᠴᠡᠷᠯᠢᠭ ᠠᠴᠠ ᠭᠠᠴᠠᠭ᠎ᠠ ᠲᠤᠰᠬᠤᠨ᠂ ᠪᠠᠶᠢᠭᠠᠯᠢᠭ ᠲᠤᠰᠬᠤᠨ ᠳᠤ ᠦᠢᠯᠡᠳᠦᠯ ᠦᠵᠡᠭᠦᠯᠬᠦ︾ ᠵᠡᠷᠭᠡ | ᠴᠡᠴᠡᠷᠯᠢᠭ ᠪᠠᠶᠢᠭᠤᠯᠬᠤ ᠠᠮᠵᠢᠯᠲᠠ ᠲᠠᠢ ᠲᠤᠷᠰᠢᠯᠠᠭ᠎ᠠ ᠶᠢ ᠢᠳᠡᠪᠬᠢᠲᠠᠢ ᠳᠡᠯᠭᠡᠷᠡᠬᠦᠯᠦᠨ᠎ᠡ᠃ | ᠨᠡᠶᠢᠭᠡᠮ ᠤᠨ ᠬᠦᠴᠦᠨ ᠬᠡᠤᠭᠡᠳ ᠤᠨ ᠴᠡᠴᠡᠷᠯᠢᠭ ᠪᠠᠶᠢᠭᠤᠯᠬᠤ ᠶᠢ ᠵᠤᠷᠢᠭᠵᠢᠭᠤᠯᠵᠤ᠂ ᠨᠡᠶᠢᠲᠡ ᠠᠴᠠ | ᠪᠠᠶᠢᠭᠤᠯᠵᠤ ᠠᠷᠠᠳ ᠡᠵᠡᠩᠨᠡᠬᠦ᠂ ᠠᠯᠪᠠᠨ ᠠᠴᠠ ᠡᠷᠬᠢᠯᠡᠨ ᠠᠷᠠᠳ ᠲᠤᠰᠠᠯᠠᠬᠤ᠂ ᠵᠠᠰᠠᠭ ᠤᠨ ᠤᠷᠳᠤᠨ ᠬᠤᠳᠠᠯᠳᠤᠨ | ᠠᠪᠴᠤ ᠦᠢᠯᠡᠴᠢᠯᠡᠬᠦ ᠵᠡᠷᠭᠡ ᠬᠡᠯᠪᠡᠷᠢ ᠶᠢ ᠠᠪᠴᠤ᠂ ᠨᠡᠶᠢᠭᠡᠮ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠬᠦᠯᠦᠨ᠎ᠡ᠃ ᠡᠬᠦᠨ ᠤ ᠬᠠᠮᠲᠤ ᠨᠡᠶᠢᠳᠡᠮ ᠬᠠᠷᠠᠭᠠᠯᠵᠠᠯ ᠦᠵᠡᠬᠦᠯᠬᠦ ᠴᠢᠨᠠᠷᠲᠠᠢ ᠠᠷᠠᠳ ᠠᠴᠠ ᠡᠷᠬᠢᠯᠡᠭᠰᠡᠨ | ᠬᠡᠤᠭᠡᠳ ᠤᠨ ᠴᠡᠴᠡᠷᠯᠢᠭ ᠤᠨ ᠬᠦᠭᠵᠢᠯᠲᠡ ᠶᠢ ᠲᠡᠳᠭᠦᠬᠦ ᠲᠤᠰᠬᠠᠢ ᠵᠦᠢᠯ ᠤᠨ ᠪᠡᠯᠡ ᠮᠦᠡᠭᠭᠦ ᠶᠢ ᠪᠠᠶᠢᠭᠤᠯᠵᠤ᠂ | ᠨᠡᠶᠢᠳᠡᠮ ᠬᠠᠷᠠᠭᠠᠯᠵᠠᠯ ᠦᠵᠡᠬᠦᠯᠬᠦ ᠴᠢᠨᠠᠷᠲᠠᠢ ᠠᠷᠠᠳ ᠠᠴᠠ ᠡᠷᠬᠢᠯᠡᠭᠰᠡᠨ ᠵᠢᠱᠢᠶ᠎ᠡ ᠦᠵᠡᠭᠦᠯᠬᠦ ᠬᠡᠤᠭᠡᠳ ᠤᠨ | ᠴᠡᠴᠡᠷᠯᠢᠭ ᠢ ᠭᠤᠤᠯᠳᠠᠯᠭ᠎ᠠ ᠲᠠᠢ ᠳᠡᠮᠵᠢᠵᠤ᠂ ᠭᠤᠤᠯᠳᠠᠭᠤ ᠴᠡᠴᠡᠷᠯᠢᠭ ᠪᠠᠶᠢᠷᠢ ᠶᠢᠨ ᠳᠦᠷᠢᠶᠡᠰᠦᠨ ᠮᠦᠡᠭᠭᠦ | ᠲᠤᠰᠢᠶᠠᠬᠤ᠂ ᠨᠠᠭᠠᠳᠤᠮ ᠲᠤᠭᠯᠠᠭᠠᠮ ᠤᠨ ᠵᠢᠭᠠᠬᠤ ᠪᠠᠭᠠᠵᠢ ᠶᠢ ᠨᠦᠬᠦᠪᠦᠷᠢᠯᠡᠬᠦ᠂ ᠠᠰᠠᠷᠠᠨ ᠬᠦᠮᠦᠵᠢᠬᠦᠯᠬᠦ | ᠪᠡᠯᠡᠳᠭᠡᠮᠵᠢ ᠲᠦᠬᠦᠭᠡᠷᠦᠮᠵᠢ ᠪᠠ ᠪᠠᠭᠰᠢ ᠶᠢᠨ ᠴᠠᠯᠢᠩ ᠤᠨ ᠨᠦᠬᠦᠪᠦᠷᠢ ᠵᠡᠷᠭᠡ ᠳᠤ ᠵᠠᠷᠤᠨ᠎ᠠ᠃ ᠤᠷᠤᠨ ᠨᠤᠲᠤᠭ ᠤᠨ | ᠠᠷᠠᠳ ᠤᠨ ᠵᠠᠰᠠᠭ ᠤᠨ ᠤᠷᠳᠤᠨ ᠨᠤᠭᠤᠳ ᠠᠷᠠᠳ ᠠᠴᠠ ᠡᠷᠬᠢᠯᠡᠭᠰᠡᠨ ᠴᠡᠴᠡᠷᠯᠢᠭ ᠲᠠᠢ ᠬᠠᠮᠢᠶᠠᠷᠤᠯᠲᠠ | ᠲᠡᠳᠭᠦᠮᠵᠢ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ᠂ | ᠴᠡᠴᠡᠷᠯᠢᠭ ᠣᠨᠰᠢᠯᠢᠳᠡᠭ ᠳᠠᠷᠤᠭ᠎ᠠ ᠶᠢ ᠰᠤᠩᠭᠤᠨ ᠲᠤᠮᠢᠯᠠᠬᠤ᠂ ᠠᠷᠠᠳ ᠠᠴᠠ ᠡᠷᠬᠢᠯᠡᠭᠰᠡᠨ ᠴᠡᠴᠡᠷᠯᠢᠭ ᠤᠨ | ᠬᠠᠮᠢᠶᠠᠷᠤᠯᠲᠠ ᠳᠤ ᠪᠠᠭᠰᠢᠨᠠᠷ ᠤᠷᠤᠯᠴᠠᠨ ᠳᠡᠮᠵᠢᠬᠦ ᠵᠡᠷᠭᠡ ᠠᠷᠭ᠎ᠠ ᠬᠡᠮᠵᠢᠶ᠎ᠡ ᠠᠪᠴᠤ᠂ ᠠᠷᠠᠳ ᠠᠴᠠ ᠡᠷᠬᠢᠯᠡᠭᠰᠡᠨ | ᠴᠡᠴᠡᠷᠯᠢᠭ ᠤᠨ ᠴᠡᠴᠡᠷᠯᠢᠭ ᠡᠷᠬᠢᠯᠡᠬᠦ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠦᠨ᠎ᠡ᠃ ᠡᠭᠦᠨ ᠤ ᠬᠠᠮᠲᠤ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠲᠤᠭᠤᠷᠢᠭ ᠲᠤ ᠢᠵᠢ ᠪᠦᠷᠢᠳᠦᠭᠰᠡᠨ ᠴᠡᠴᠡᠷᠯᠢᠭ ᠢ ᠪᠦᠲᠦᠭᠡᠨ ᠪᠠᠶᠢᠭᠤᠯᠬᠤ | ᠪᠠ ᠬᠠᠮᠢᠶᠠᠷᠬᠤ ᠬᠡᠷᠡᠭᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠬᠠᠮᠲᠤ ᠳᠤᠨᠢ | ᠲᠦᠯᠦᠪᠵᠢᠬᠦᠯᠵᠤ᠂ ᠬᠠᠮᠲᠤ ᠳᠤᠨᠢ ᠪᠦᠲᠦᠭᠡᠨ ᠪᠠᠶᠢᠭᠤᠯᠵᠤ᠂ ᠬᠠᠮᠲᠤ ᠳᠤᠨᠢ ᠰᠢᠯᠭᠠᠨ ᠬᠤᠷᠢᠶᠠᠵᠤ᠂ ᠬᠠᠮᠲᠤ ᠳᠤᠨᠢ | ᠲᠤᠰᠢᠶᠠᠨ ᠬᠡᠷᠡᠭᠯᠡᠬᠦᠯᠬᠦ︾ ᠶᠢ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠰᠢᠨ᠎ᠡ ᠲᠤᠭᠤᠷᠢᠭ ᠲᠤ ᠪᠦᠲᠦᠭᠡᠨ | ᠪᠠᠶᠢᠭᠤᠯᠬᠤ ᠪᠠ ᠬᠠᠭᠤᠴᠢᠨ ᠲᠤᠭᠤᠷᠢᠭ ᠲᠤ ᠦᠭᠡᠷᠡᠴᠢᠯᠡᠬᠦ ᠴᠡᠴᠡᠷᠯᠢᠭ ᠢ ᠨᠡᠶᠢᠭᠡᠮ ᠨᠡᠶᠢᠲᠡ ᠶᠢᠨ ᠡᠬᠢ ᠪᠠᠶᠠᠯᠢᠭ | ᠪᠤᠯᠭᠠᠵᠤ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠨᠢᠭᠡᠳᠦᠯᠲᠠᠢ ᠲᠦᠯᠦᠪᠯᠡᠨ ᠲᠤᠭᠢᠷᠠᠭᠤᠯᠵᠤ᠂ | ᠪᠠᠶᠢᠭᠤᠯᠤᠭᠰᠠᠨ ᠤ ᠳᠠᠷᠠᠭ᠎ᠠ ᠬᠤᠰᠢᠭᠤ ᠰᠢᠶᠠᠨ ︵ᠬᠤᠲᠠ᠂ ᠲᠤᠭᠤᠷᠢᠭ︶ ᠤ ᠰᠤᠷᠭᠠᠨ ᠬᠦᠮᠦᠵᠢᠯ ᠤᠨ ᠰᠠᠯᠠᠭ᠎ᠠ | ᠮᠦᠴᠢᠷ ᠨᠢᠭᠡᠳᠦᠯᠲᠠᠢ ᠬᠠᠮᠢᠶᠠᠷᠴᠤ᠂ ᠠᠯᠪᠠᠨ ᠠᠴᠠ ᠡᠷᠬᠢᠯᠡᠭᠰᠡᠨ ᠪᠤᠶᠤ ᠨᠡᠶᠢᠳᠡᠮ ᠬᠠᠷᠠᠭᠠᠯᠵᠠᠯ ᠬᠦᠷᠲᠡᠭᠡᠬᠦ ᠴᠢᠨᠠᠷᠲᠠᠢ | ᠴᠡᠴᠡᠷᠯᠢᠭ ᠪᠤᠯᠭᠠᠬᠤ ᠬᠡᠷᠡᠭᠲᠠᠢ᠃ ᠲᠠᠷᠠᠴᠢᠯᠠᠨ ᠵᠤᠬᠢᠬᠤ ᠨᠠᠰᠤᠨ ᠤ ᠬᠡᠤᠭᠡᠳ ᠤᠨ ᠴᠡᠴᠡᠷᠯᠢᠭ ᠲᠤ ᠤᠷᠤᠬᠤ | ᠨᠠᠰᠤᠨ ᠤ ᠲᠤᠭᠲᠠᠭᠠᠯ ᠢ ᠴᠢᠩᠭ᠎ᠠ ᠬᠡᠷᠡᠭᠵᠢᠬᠦᠯᠵᠤ᠂ ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ | ᠲᠦᠭᠡᠮᠡᠯᠵᠢᠯ ᠤᠨ ᠨᠤᠷᠮ᠎ᠠ ᠨᠡᠯᠢᠶᠡᠳ ᠳᠤᠤᠷ᠎ᠠ ᠪᠠᠶᠢᠭ᠎ᠠ᠂ ᠭᠠᠵᠠᠷ ᠤᠷᠤᠨ ᠤ ᠬᠡᠤᠭᠡᠳ ᠤᠨ ᠴᠡᠴᠡᠷᠯᠢᠭ ᠲᠤ | ᠰᠤᠷᠭᠠᠭᠤᠯᠢ ᠠᠴᠠ ᠡᠮᠦᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠵᠡᠯᠡᠵᠤ ᠨᠠᠰᠤ ᠠᠴᠠ ᠬᠡᠲᠦᠷᠡᠭᠰᠡᠨ | ᠬᠡᠤᠭᠡᠳ ᠢ ᠡᠯᠰᠡᠵᠤ ᠪᠤᠯᠬᠤ ᠦᠭᠡᠢ᠃ ᠬᠡᠤᠭᠡᠳ ᠤᠨ ᠴᠡᠴᠡᠷᠯᠢᠭ ᠤᠨ ᠰᠤᠷᠭᠠᠨ ᠬᠦᠮᠦᠵᠢᠯ ᠤᠨ ︽ᠪᠠᠭ᠎ᠠ | ᠰᠤᠷᠭᠠᠭᠤᠯᠢᠴᠢᠯᠠᠬᠤ︾ ᠬᠠᠨᠳᠤᠰᠢ ᠶᠢ ᠡᠷᠡᠰ ᠵᠤᠭᠰᠤᠭᠠᠬᠤ ᠪᠠ ᠵᠠᠯᠠᠷᠠᠭᠤᠯᠵᠤ᠂ ᠬᠡᠤᠭᠡᠳ ᠤᠨ ᠡᠷᠡᠭᠦᠯ ᠴᠢᠬᠢᠷᠠᠭ | ᠪᠠᠶᠠᠷ ᠬᠦᠷ ᠲᠠᠢ ᠦᠰᠦᠨ ᠪᠤᠶᠢᠵᠢᠬᠤ ᠶᠢ ᠪᠠᠲᠤᠯᠠᠨ᠎ᠠ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠲᠡᠵᠤ ᠪᠠᠶᠢᠭ᠎ᠠ ᠬᠦᠴᠢᠷᠳᠡᠯᠲᠠᠢ ᠬᠡᠤᠭᠡᠳ | ᠤᠳ ᠲᠤ ᠲᠤᠰᠠᠯᠠᠮᠵᠢ ᠦᠵᠡᠭᠦᠯᠦᠨ᠎ᠡ | ᠠᠵᠢᠯᠯᠠᠭᠠᠨ ᠤ ᠲᠦᠯᠦᠪᠯᠡᠭᠡ ᠳᠤ ᠬᠠᠮᠲᠤ ᠳᠤᠨᠢ ᠲᠤᠲᠤᠷᠬᠠᠶᠢᠯᠠᠭᠰᠠᠨ ᠢᠶᠠᠷ ᠪᠤᠯ᠂ ᠦᠪᠡᠷᠲᠡᠭᠡᠨ | ᠵᠠᠰᠠᠬᠤ ᠤᠷᠤᠨ ᠠᠴᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠤᠭᠤᠷᠢᠭ︶ ᠬᠦᠷᠲᠡᠯ᠎ᠡ ᠬᠡᠤᠭᠡᠳ ᠤᠨ | ᠲᠤᠰᠠᠯᠠᠮᠵᠢ ᠶᠢᠨ ᠲᠤᠰᠬᠠᠢ ᠲᠦᠷᠦᠯ ᠤᠨ ᠪᠡᠯᠡ ᠮᠦᠡᠭᠭᠦ ᠶᠢ ᠪᠠᠶᠢᠭᠤᠯᠤᠨ᠎ᠠ᠃ ᠨᠡᠶᠢᠳᠡᠮ ᠬᠠᠷᠠᠭᠠᠯᠵᠠᠯ ᠬᠦᠷᠲᠡᠭᠡᠬᠦ | ᠴᠢᠨᠠᠷᠲᠠᠢ ᠬᠡᠤᠭᠡᠳ ᠤᠨ ᠴᠡᠴᠡᠷᠯᠢᠭ ᠤᠨ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ | ᠬᠦᠷᠲᠡᠵᠤ ᠪᠠᠶᠢᠭ᠎ᠠ ᠬᠡᠷ ᠪᠦᠯᠢ ᠶᠢᠨ ᠬᠦᠴᠢᠷᠳᠡᠯᠲᠠᠢ ᠬᠡᠤᠭᠡᠳ᠂ ᠦᠨᠦᠴᠢᠨ ᠬᠡᠤᠭᠡᠳ᠂ ᠵᠡᠮᠳᠡᠭ ᠬᠡᠤᠭᠡᠳ ᠲᠤ ᠪᠡᠯᠡ | ᠮᠦᠡᠭᠭᠦᠨ ᠤ ᠲᠤᠰᠠᠯᠠᠮᠵᠢ ᠦᠵᠡᠭᠦᠯᠵᠣ᠂ ᠮᠠᠯᠵᠢᠬᠤ ᠤᠷᠤᠨ ᠤ ᠮᠤᠩᠭᠤᠯ ᠢᠶᠠᠷ ᠬᠢᠴᠢᠶᠡᠯᠡᠯᠵᠤ ᠪᠠᠶᠢᠭ᠎ᠠ | ᠴᠡᠴᠡᠷᠯᠢᠭ ᠠᠴᠠ ᠠᠰᠠᠷᠠᠨ ᠬᠦᠮᠦᠵᠢᠬᠦᠯᠬᠦ ᠰᠦᠢᠳᠭᠡᠯ ᠬᠤᠷᠢᠶᠠᠬᠤ ᠦᠭᠡᠢ᠃ ᠪᠠᠭᠰᠢ ᠶᠢᠨ ᠴᠠᠯᠢᠩ᠂ ᠠᠰᠠᠷᠠᠮᠵᠢ ᠪᠠ | ᠨᠡᠶᠢᠬᠡᠮ ᠤᠨ ᠪᠠᠲᠤᠯᠠᠭ᠎ᠠ ᠶᠢᠨ ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ | ᠲᠦᠷᠦ ᠶᠢᠨ ᠪᠤᠳᠤᠯᠭ᠎ᠠ ᠶᠢ ᠴᠢᠩᠭ᠎ᠠ ᠨᠡᠶᠢᠳᠠᠪᠤᠷᠢᠵᠢᠭᠤᠯᠤᠨ᠎ᠠ᠃ ᠬᠡᠤᠭᠡᠳ ᠤᠨ ᠴᠡᠴᠡᠷᠯᠢᠭ ᠤᠨ ᠡᠯᠰᠡᠨ ᠬᠡᠷᠡᠭᠯᠡᠵᠤ | ᠪᠠᠶᠢᠭ᠎ᠠ ᠪᠠᠭᠰᠢ ᠶᠢᠨ ᠬᠠᠮᠢᠶᠠᠷᠤᠯᠲᠠ ᠶᠢ ᠴᠢᠩᠭᠠᠳᠬᠵᠤ᠂ ᠡᠯᠰᠡᠨ ᠬᠡᠷᠡᠭᠯᠡᠬᠦ ᠪᠠᠷᠢᠮᠵᠢᠶ᠎ᠠ ᠪᠠ ᠳᠡᠰ ᠳᠠᠷᠠᠭᠠᠯᠠᠯ ᠢ | ᠵᠢᠷᠤᠮᠵᠢᠭᠤᠯᠵᠤ᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠤᠷᠤᠨ ᠲᠤᠭᠠᠨ ᠤ ᠳᠤᠲᠤᠷ᠎ᠠ ᠭᠠᠳᠠᠨᠠᠬᠢ ᠪᠠᠭᠰᠢ | ᠨᠠᠷ ᠲᠤ᠂ ᠠᠳᠠᠯᠢ ᠠᠵᠢᠯᠯᠠᠵᠤ ᠠᠳᠠᠯᠢ ᠬᠠᠷᠠᠮᠵᠢ ᠦᠭᠭᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃ | ᠦᠪᠡᠷᠲᠡᠭᠡᠨ ᠵᠠᠰᠠᠬᠤ ᠤᠷᠤᠨ ᠤ ᠬᠤᠰᠢᠭᠤ ᠰᠢᠶᠠᠨ ︵ᠬᠤᠲᠠ᠂ ᠲᠤᠭᠤᠷᠢᠭ︶ ᠤᠳ ᠰᠤᠷᠭᠠᠨ ᠬᠦᠮᠦᠵᠢᠯ᠂ | ᠳᠤᠲᠤᠭᠠᠲᠤ ᠶᠢ ᠬᠠᠮᠠᠭᠠᠯᠠᠬᠤ᠂ ᠠᠵᠤ ᠦᠢᠯᠡᠳᠪᠦᠷᠢ ᠬᠤᠳᠠᠯᠳᠤᠭ᠎ᠠ᠂ ᠠᠷᠠᠳ ᠤᠨ ᠶᠠᠪᠤᠳᠠᠯ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ | ᠮᠦᠴᠢᠷ ᠢ ᠵᠤᠬᠢᠶᠠᠨ ᠪᠠᠶᠢᠭᠤᠯᠤᠨ ᠬᠠᠤᠯᠢ ᠬᠡᠷᠡᠭᠵᠢᠬᠦᠯᠬᠦ ᠶᠢ ᠦᠷᠨᠢᠭᠦᠯᠵᠤ᠂ ᠦᠨᠡᠮᠯᠡᠯ ᠦᠭᠡᠢ ᠪᠠᠷ ᠴᠡᠴᠡᠷᠯᠢᠭ | ᠡᠷᠬᠢᠯᠡᠬᠦ ᠠᠵᠢᠯᠯᠠᠭ᠎ᠠ ᠵᠢᠲ᠋ᠦ᠋ᠷᠦᠯ ᠬᠤᠪᠢᠶᠠᠨ ᠵᠠᠰᠠᠬᠤ ᠬᠡᠷᠡᠭᠲᠠᠢ᠃ ᠴᠡᠴᠡᠷᠯᠢᠭ ᠡᠷᠬᠢᠯᠡᠬᠦ ᠨᠦᠬᠦᠴᠡᠯ ᠳᠤ ᠨᠡᠶᠢᠴᠡᠬᠦ | ᠴᠡᠴᠡᠷᠯᠢᠭ ᠲᠤ ᠴᠡᠴᠡᠷᠯᠢᠭ ᠡᠷᠬᠢᠯᠡᠬᠦ ᠵᠦᠪᠰᠢᠶᠡᠷᠡᠯ ᠤᠨ ᠦᠨᠡᠮᠯᠡᠯ ᠤᠯᠭᠤᠵᠤ᠂ ᠴᠡᠴᠡᠷᠯᠢᠭ ᠡᠷᠬᠢᠯᠡᠬᠦ ᠪᠠᠷᠢᠮᠵᠢᠶ᠎ᠠ ᠳᠤ | ᠦᠯᠦ ᠬᠦᠷᠬᠦ ᠴᠡᠴᠡᠷᠯᠢᠭ ᠲᠤ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠨᠢ ᠬᠡᠤᠭᠡᠳ ᠤᠨ | ᠴᠡᠴᠡᠷᠯᠢᠭ ᠲᠤ ᠤᠷᠤᠬᠤ ᠶᠢ ᠲᠤᠬᠢᠲᠠᠢ ᠲᠤᠬᠢᠷᠠᠭᠤᠯᠤᠭᠰᠠᠨ ᠤᠷᠢᠳᠠᠯ ᠳᠤᠤᠷ᠎ᠠ ᠬᠠᠤᠯᠢ ᠶᠤᠰᠤᠭᠠᠷ ᠬᠠᠰᠤᠬᠤ | ᠬᠡᠷᠡᠭᠲᠠᠢ᠃ |