ᠤᠯᠠᠭᠠᠨ ᠹᠦ᠋ ᠲᠠᠢ ᠽᠸᠡᠭ ᠦᠪᠤᠷ ᠮᠤᠩᠭᠤᠯ ᠤᠨ ᠤᠷᠡᠨ ᠵᠢᠷᠤᠭ ᠤᠨ ᠤᠷᠳᠤᠨ ᠪᠠᠶᠢᠭᠤᠯᠬᠤ ᠠᠵᠢᠯ ᠤᠨ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠵᠡᠢ
ᠨᠡᠶᠢᠲᠡᠯᠡᠭᠰᠡᠨ ᠴᠠᠭ᠄
2015/6/1
     5 ᠳ᠋ᠤᠭᠠᠷ ᠰᠠᠷ᠎ᠠ ᠶᠢᠨ 31᠎ ᠤ ᠡᠳᠤᠷ᠂ ᠦᠪᠤᠷ ᠮᠤᠩᠭᠤᠯ ᠤᠨ ᠤᠷᠡᠨ ᠵᠢᠷᠤᠭ ᠤᠨ ᠤᠷᠳᠤᠨ ᠪᠠᠶᠢᠭᠤᠯᠬᠤ ᠠᠵᠢᠯ ᠤᠨ ᠪᠠᠷᠢᠯᠭ᠎ᠠ ᠡᠬᠢᠯᠡᠬᠦ ᠶᠤᠰᠤᠯᠠᠯ ᠬᠦᠬᠡᠬᠤᠳᠠ ᠳᠤ ᠶᠠᠪᠤᠬᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠹᠦ᠋ ᠲᠠᠢ ᠽᠸᠡᠭ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠬᠰᠡᠨ ᠪᠠᠶᠢᠨ᠎ᠠ᠃ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠡᠨ ᠵᠢᠷᠤᠭ ᠤᠨ ᠤᠷᠳᠤᠨ ᠪᠤᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠬᠳᠠᠭᠠᠬᠰᠡᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 70 ᠵᠢᠯ ᠤᠨ ᠤᠢ ᠶᠢᠨ ᠪᠡᠶᠡᠷ ᠲᠤ ᠪᠡᠯᠡᠭ ᠪᠤᠯᠭᠠᠨ ᠡᠷᠬᠦᠨ ᠪᠠᠷᠢᠬᠤ ᠢᠨᠵᠧᠨᠧᠷᠢᠩ ᠤᠨ ᠨᠢᠭᠡ ᠨᠢ ᠪᠤᠯᠤᠨ᠎ᠠ᠃ ᠮᠦᠨᠴᠦ᠂ ᠰᠤᠶᠤᠯ ᠠᠷᠡᠳ ᠤᠨ ᠠᠮᠢᠳᠤᠷᠠᠯ ᠤᠨ ᠪᠠᠳᠤᠯᠠᠭ᠎ᠠ ᠶᠢᠨ ᠴᠢᠬᠤᠯᠠ ᠢᠨᠵᠧᠨᠧᠷᠢᠩ ᠪᠤᠯᠬᠤ ᠶᠤᠮ᠃ ᠲᠤᠰ ᠢᠨᠵᠧᠨᠧᠷᠢᠩ ᠨᠢ ᠬᠦᠬᠡᠬᠤᠳᠠ ᠶᠢᠨ ᠵᠡᠬᠦᠨ ᠬᠤᠶᠠᠳᠤᠭᠠᠷ ᠳᠤᠭᠤᠷᠢᠯ ᠵᠠᠮ ᠤᠨ ᠵᠡᠬᠦᠨ ᠲᠠᠯ᠎ᠠ ᠂ ᠰᠢᠨᠬᠤᠸᠡ ᠵᠡᠬᠦᠨ ᠵᠡᠬᠡᠯᠢ ᠶᠢᠨ ᠡᠮᠦᠨ᠎ᠠ ᠬᠡᠰᠡᠭ ᠲᠤ ᠪᠠᠶᠢᠷᠢᠯᠡᠵᠦ᠂ ᠡᠵᠯᠡᠡᠬᠦ ᠶᠡᠷᠦᠩᠬᠡᠢ ᠲᠡᠯᠠᠪᠠᠢ ᠨᠢ 65.19 ᠮᠦ ᠂ ᠪᠠᠷᠢᠯᠭ᠎ᠠ ᠶᠢᠨ ᠡᠵᠡᠯᠡᠬᠦ ᠲᠠᠯᠠᠪᠠᠢ 35893 ᠲᠡᠭᠰᠢ ᠲᠦᠷᠪᠡᠯᠵᠢᠨ ᠮᠧᠲᠷ ᠪᠠᠶᠢᠵᠦ᠂ ᠢᠨᠵᠧᠨᠧᠷᠢᠩ ᠳᠤ 4.1945 ᠳ᠋ᠦᠩᠰᠢᠭᠤᠷ ᠲᠦᠭᠦᠷᠢᠭ ᠤᠨ ᠪᠠᠯᠠ ᠤᠷᠤᠭᠤᠯᠵᠦ᠂ 2016 ᠣᠨ ᠤ ᠵᠢᠯ ᠤᠨ ᠰᠡᠬᠦᠯᠴᠢ ᠳᠤ ᠪᠠᠷᠢᠯᠭ᠎ᠠ ᠲᠠᠭᠤᠰᠬᠠᠬᠤ ᠪᠠᠷ ᠪᠤᠢ᠃ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠡᠨ ᠵᠢᠷᠤᠭ ᠤᠨ ᠤᠷᠳᠤᠨ ᠨᠢ ᠤᠷᠡᠨ ᠵᠢᠷᠤᠭ ᠬᠠᠳᠠᠭᠠᠯᠠᠬᠤ ᠲᠤᠭᠤᠷᠢᠭ᠂ ᠤᠯᠠᠨ ᠨᠠᠶᠢᠳᠠ ᠶᠢᠨ ᠦᠵᠡᠵᠦ ᠰᠤᠨᠢᠷᠬᠠᠬᠤ ᠲᠤᠭᠤᠷᠢᠭ᠂ ᠲᠤᠳᠤᠭᠠᠳᠦ ᠎ ᠳᠠᠬᠢ ᠠᠯᠪᠠᠨ ᠬᠡᠷ ᠤᠨ ᠲᠤᠭᠤᠷᠢᠭ᠂ ᠤᠯᠠᠨ ᠨᠠᠶᠢᠳᠠ ᠶᠢᠨ ᠰᠡᠯᠡᠬᠦᠴᠡᠯ ᠠᠵᠢᠯᠯᠠᠭ᠎ᠠ ᠶᠢᠨ ᠲᠤᠭᠤᠷᠢᠭ᠂ ᠭᠠᠵᠡᠷ ᠲᠤᠤᠷᠡᠬᠢ ᠲᠡᠷᠡᠭᠡᠨ ᠵᠤᠬᠰᠤᠭᠠᠯ ᠵᠢᠴᠢ ᠢᠵᠢ ᠲᠦᠬᠦᠷᠵᠢᠬᠦᠯᠬᠦ ᠬᠡᠷ ᠪᠠᠶᠢᠰᠢᠩ ᠵᠡᠷᠭᠡ ᠪᠦᠳᠦᠴᠠ ᠲᠠᠢ ᠪᠦᠭᠡᠳ ᠪᠠᠷᠢᠯᠭ᠎ᠠ ᠶᠢᠨ ᠵᠢᠷᠤᠭ ᠲᠦᠯᠦᠪᠯᠡᠭᠡᠨ ᠳᠡᠭᠡᠨ ᠤᠯᠠᠨ ᠶᠠᠩᠵᠤᠳᠦ ᠰᠢᠨᠵᠢ᠂ ᠨᠠᠶᠢᠳᠠ ᠶᠢᠨ ᠠᠰᠠᠷᠠᠮᠵᠢ ᠶᠢᠨ ᠰᠢᠨᠵᠢ᠂ ᠨᠡᠭᠡᠭᠡᠯᠳᠡᠳᠦ ᠰᠢᠨᠵᠢ ᠪᠠ ᠤᠶᠡᠨ ᠬᠠᠳᠠᠨ ᠰᠢᠨᠵᠢ ᠲᠠᠢ ᠪᠠᠶᠢᠭᠤᠯᠬᠤ ᠤᠨᠴᠠᠯᠢᠭ ᠢ ᠲᠤᠪᠤᠶᠢᠯᠭᠠᠵᠠᠢ᠃ ᠤᠢᠢᠯᠠᠭᠠᠬᠰᠡᠨ ᠢᠶᠠᠷ᠂ ᠮᠠᠨ ᠤ ᠤᠷᠤᠨ ᠤ ᠠᠵᠦ ᠠᠬᠤᠢ ᠨᠠᠶᠢᠭᠡᠮ ᠤᠨ ᠲᠦᠷᠭᠡᠨ ᠬᠦᠭᠵᠢᠯᠳᠠ ᠪᠤᠯᠤᠨ ᠠᠷᠡᠳ ᠤᠯᠠᠨ ᠤ ᠠᠮᠢᠳᠤᠷᠠᠯ ᠤᠨ ᠬᠢᠷᠢ ᠲᠦᠪᠰᠢᠨ ᠤ ᠲᠡᠰᠤᠷᠠᠯᠳᠠ ᠦᠭᠡᠢ ᠲᠡᠭᠡᠭᠰᠢᠯᠡᠬᠦ ᠶᠢ ᠲᠠᠭᠠᠯᠳᠤᠨ ᠡᠯ᠎ᠠ ᠦᠨᠳᠤᠰᠤᠳᠡᠨ ᠤ ᠤᠯᠠᠨ ᠲᠦᠮᠠᠨ ᠤ ᠤᠶᠤᠨ ᠰᠠᠨᠠᠭ᠎ᠠ ᠰᠤᠶᠤᠯ ᠤᠨ ᠬᠡᠷᠡᠭᠴᠡᠭᠡ ᠴᠤ ᠨᠠᠶᠢᠳᠡᠮ ᠨᠡᠮᠡᠭᠳᠡᠵᠦ ᠡᠬᠢᠯᠡᠯ᠎ᠠ᠃ ᠦᠪᠡᠷᠳᠡᠭᠡᠨ ᠵᠠᠰᠠᠬᠤ ᠤᠷᠤᠨ ᠤ ᠤᠳᠤᠬᠠᠨ ᠤ ᠪᠠᠶᠢᠭ᠎ᠠ ᠤᠷᠡᠨ ᠵᠢᠷᠤᠭ ᠤᠨ ᠤᠷᠳᠤᠨ ᠨᠢ ᠡᠵᠡᠯᠡᠬᠦ ᠲᠡᠯᠠᠪᠠᠢ ᠪᠠᠭ᠎ᠠ᠂ ᠲᠤᠨᠤᠭ ᠲᠦᠬᠦᠬᠡᠷᠤᠮᠵᠢ ᠬᠠᠭᠤᠴᠢᠷᠡᠨ ᠬᠤᠴᠤᠷᠡᠵᠦ᠂ ᠬᠡᠷᠡᠭᠯᠡᠭᠡᠨ ᠤ ᠴᠢᠳᠠᠮᠵᠢ ᠪᠤᠯᠤᠨ ᠲᠤᠬᠢᠷᠠᠭᠤᠯᠤᠯᠳᠠ ᠵᠤᠬᠢᠴᠠᠩᠭᠤᠢ ᠪᠤᠰᠦ ᠪᠤᠯᠵᠦ᠂ ᠦᠪᠡᠷᠳᠡᠭᠡᠨ ᠵᠠᠰᠠᠬᠤ ᠤᠷᠤᠨ ᠤ ᠤᠷᠡᠨ ᠵᠢᠷᠤᠭ ᠤᠨ ᠤᠢᠢᠯᠡᠰ ᠤᠨ ᠬᠦᠭᠵᠢᠯᠳᠠ ᠪᠤᠯᠤᠨ ᠭᠠᠳᠠᠭᠠᠳᠦ ᠲᠠᠬᠢ ᠰᠤᠶᠤᠯ ᠤᠨ ᠰᠤᠯᠢᠯᠴᠠᠭ᠎ᠠ ᠵᠢᠴᠢ ᠨᠡᠶᠢᠭᠡᠮ ᠤᠨ ᠪᠤᠳᠠᠳᠠᠢ ᠱᠠᠭᠠᠷᠳᠠᠯᠭ᠎ᠠ ᠲᠠᠢ ᠲᠣᠬᠢᠷᠠᠯᠴᠠᠬᠤ ᠦᠭᠡᠢ ᠪᠤᠯᠤᠬᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号