ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠲᠥᠪ ᠮᠡᠳᠡᠭᠡ ᠨᠡᠶᠢᠲᠡᠯᠡᠵᠦ᠂ ᠡᠨᠡ ᠵᠢᠯ᠂ ᠥᠪᠥᠷ ᠮᠣᠩᠭᠤᠯ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ᠂ | ᠠᠵᠢᠯ ᠤᠨ ᠡᠷᠴᠢᠮ ᠢᠶᠠᠨ ᠨᠡᠮᠡᠭᠳᠡᠭᠦᠯᠦᠨ᠂ ︽ᠲᠡᠭᠡᠳᠤ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠨ︾ ᠢ | ᠥᠴᠦᠬᠡᠨ ᠴᠦ ᠭᠤᠶᠢᠪᠢᠰᠢ ᠦᠭᠡᠶ ᠪᠠᠷ ᠵᠠᠰᠠᠬᠤ ᠪᠣᠯᠣᠨ᠎ᠠ᠃ ᠡᠭᠦᠨ ᠳᠤ᠂ ᠠᠯᠪᠠᠨ ᠲᠤᠰᠢᠶᠠᠯᠲᠠᠨ ᠪᠡᠶ᠎ᠡ ᠶᠢᠨ ᠬᠢᠷᠢ | ᠬᠡᠮ ᠢᠶᠠᠨ ᠬᠠᠭᠤᠷᠮᠠᠭᠯᠠᠨ ᠵᠣᠬᠢᠶᠠᠭᠰᠠᠨ ᠳᠤ ᠬᠤᠯᠪᠤᠭᠳᠠᠭᠰᠠᠨ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠᠷ ᠪᠠᠶᠢᠨ᠎ᠠ᠃ | | ᠣᠶᠢᠯᠠᠭᠠᠭᠰᠠᠨ ᠢᠶᠠᠷ᠂ 2014 ᠣᠨ ᠠᠴᠠ ᠨᠠᠰᠢ᠂ ᠥᠪᠥᠷ ᠮᠣᠩᠭᠤᠯ 1465 ᠨᠡᠷ᠎ᠡ ︽ᠲᠡᠭᠡᠳᠤ | ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠨ︾ ᠢ ᠠᠮᠵᠢᠯᠲᠠ ᠲᠠᠢ ᠪᠠᠷ ᠢᠯᠭᠠᠷᠠᠭᠤᠯᠤᠨ ᠪᠤᠴᠠᠭᠠᠵᠤ᠂ ᠡᠭᠦᠨ ᠳᠤ | ᠳᠡᠭᠡᠳᠦ ᠰᠤᠷᠭᠠᠭᠤᠯᠢ ᠳᠤ ᠰᠢᠯᠭᠠᠭᠤᠯᠬᠤ ᠳᠤ ᠤᠷᠢᠳᠴᠢᠯᠠᠨ ᠨᠡᠷ᠎ᠡ ᠮᠡᠳᠡᠭᠦᠯᠬᠦ ᠳᠤ ᠣᠷᠣᠯᠴᠠᠭᠠᠳ ᠵᠢᠩᠬᠢᠨᠢ ᠪᠠᠷ | ᠨᠡᠷ᠎ᠡ ᠮᠡᠳᠡᠭᠦᠯᠦᠭᠰᠡᠨ ᠦᠭᠡᠢ 828 ᠬᠥᠮᠦᠨ︔ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠡᠭᠡᠳᠦ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠬᠤᠪᠢᠷᠠᠭᠤᠯᠤᠨ ᠮᠡᠳᠡᠭᠦᠯᠦᠭᠰᠡᠨ 477 ᠬᠥᠮᠦᠨ︔ ᠨᠡᠷ᠎ᠡ | ᠮᠡᠳᠡᠭᠦᠯᠦᠨ ᠰᠢᠯᠭᠠᠭᠤᠯᠬᠤ ᠬᠢᠷᠢ ᠬᠡᠮ ᠢᠶᠠᠨ ᠬᠦᠴᠦᠨ ᠦᠭᠡᠶ ᠪᠣᠯᠭᠠᠭᠳᠠᠭᠰᠠᠨ 75 ᠬᠥᠮᠦᠨ︔ ᠡᠷᠦᠬᠡ ᠠᠮᠠ ᠶᠢᠨ | ᠬᠠᠷᠢᠶ᠎ᠡ ᠪᠠᠨ ᠬᠠᠭᠤᠷᠮᠠᠭᠯᠠᠨ ᠵᠣᠬᠢᠶᠠᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠶᠢᠴᠠᠭᠠᠨ ᠲᠣᠳᠣᠯᠠᠵᠤ | ᠢᠯᠭᠠᠷᠠᠭᠤᠯᠤᠨ ᠪᠤᠴᠠᠭᠠᠭᠰᠠᠨ 85 ᠬᠥᠮᠦᠨ ᠪᠠᠭᠲᠠᠵᠤ ᠪᠣᠢ᠃ ᠡᠭᠦᠨ ᠠᠴᠠ ᠭᠠᠳᠠᠨ᠎ᠠ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠬᠢᠴᠢᠶᠡᠯ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ | ᠲᠤᠭ᠎ᠠ ᠪᠠᠷᠢᠮᠲᠠ ᠶᠢᠨ ᠬᠥᠮᠥᠷᠭᠡ ᠳᠣᠲᠣᠷ᠎ᠠ᠂ ᠪᠠᠰᠠ ᠣᠷᠣᠨ ᠤ ᠭᠠᠳᠠᠨᠠᠬᠢ ᠪᠡᠶ᠎ᠡ ᠶᠢᠨ ᠦᠨᠡᠮᠯᠡᠯ ᠤᠨ ᠨᠣᠮᠧᠷ ᠲᠠᠢ | ᠰᠢᠯᠭᠠᠭᠤᠯᠥᠬᠴᠢ ᠠᠴᠠ 10932 ᠬᠥᠮᠦᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠶᠢᠨ ᠨᠡᠷ᠎ᠡ ᠮᠡᠳᠡᠭᠦᠯᠦᠯᠲᠡ | ᠳᠤ ᠣᠷᠣᠯᠴᠠᠭᠰᠠᠨ ᠦᠭᠡᠶ᠃ | ᠣᠶᠢᠷ᠎ᠠ ᠶᠢᠨ ᠵᠢᠯ ᠳᠤ᠂ ᠮᠠᠰᠢ ᠣᠯᠠᠨ ᠮᠤᠵᠢ ᠶᠢᠨ ᠬᠥᠮᠦᠰ ᠣᠯᠠᠨ ᠵᠦᠢᠯ ᠤᠨ ᠠᠷᠭ᠎ᠠ ᠵᠠᠮ ᠢᠶᠠᠷ | ᠪᠦᠬᠦ ᠭᠡᠷ ᠤᠨ ᠡᠷᠦᠬᠡ ᠠᠮᠠ ᠪᠠᠨ ᠥᠪᠥᠷ ᠮᠣᠩᠭᠤᠯ ᠳᠤ ᠨᠡᠭᠦᠯᠭᠡᠵᠦ᠂ ᠦᠷ᠎ᠡ ᠬᠡᠦᠬᠡᠳ ᠨᠢ ᠥᠪᠥᠷ ᠮᠣᠩᠭᠤᠯ ᠤᠨ | ᠰᠤᠷᠭᠠᠭᠤᠯᠢ ᠶᠢᠨ ᠬᠠᠷᠢᠶᠠᠯᠠᠯ ᠢᠶᠠᠷ ᠬᠤᠭᠤᠰᠣᠨ ᠲᠡᠮᠳᠡᠭᠯᠡᠭᠦᠯᠵᠦ᠂ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠳᠤ ᠢᠷᠡᠵᠦ ᠰᠢᠯᠭᠠᠯᠲᠠ ᠳᠤ ᠣᠷᠣᠯᠴᠠᠭᠠᠳ᠂ ᠰᠢᠯᠭᠠᠵᠤ | ᠪᠠᠷᠠᠭᠠᠳ ᠮᠥᠨᠬᠦ ᠤᠭ ᠨᠤᠲᠤᠭ ᠲᠠᠭᠠᠨ ᠬᠠᠷᠢᠭᠠᠳ ᠰᠤᠷᠭᠠᠭᠤᠯᠢ ᠳᠤ ᠰᠠᠭᠤᠳᠠᠭ ᠪᠠᠶᠢᠨ᠎ᠠ᠃ ︽ᠲᠡᠭᠡᠳᠤ | ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠨ︾ ᠳᠤ ᠬᠠᠷᠢᠶᠠᠯᠠᠭᠳᠠᠬᠤ ᠰᠤᠷᠤᠭᠴᠢᠳ ᠨᠢᠭᠡ ᠲᠠᠯ᠎ᠠ ᠪᠠᠷ ᠤᠭ | ᠨᠤᠲᠤᠭ ᠲᠠᠭᠠᠨ ᠴᠢᠨᠠᠷ ᠰᠠᠶᠢᠲᠠᠶ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ | ᠬᠦᠷᠲᠡᠵᠦ᠂ ᠨᠥᠭᠦᠭᠡ ᠲᠠᠯ᠎ᠠ ᠪᠠᠷ ᠰᠤᠷᠤᠭᠴᠢ ᠡᠯᠰᠡᠬᠦ ᠲᠥᠯᠥᠪᠯᠡᠭᠡ ᠶᠢᠨ ᠥᠷᠢᠰᠥᠯᠳᠦᠭᠡᠨ ᠳᠤ ᠢᠷᠡᠵᠦ | ᠣᠷᠣᠯᠴᠠᠭᠠᠳ᠂ ᠤᠯᠤᠰ ᠠᠴᠠ ᠥᠪᠥᠷ ᠮᠣᠩᠭᠤᠯ ᠳᠤ ᠬᠤᠪᠢᠶᠠᠷᠢᠯᠠᠨ ᠥᠭᠭᠦᠭᠰᠡᠨ ᠴᠢᠨᠠᠷ ᠰᠠᠶᠢᠲᠠᠶ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠬᠠᠨ ᠡᠵᠡᠯᠡᠵᠦ ᠪᠠᠶᠢᠨ᠎ᠠ᠃ | ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠲᠢᠩᠬᠢᠮ ᠤᠨ ᠨᠢᠭᠡ ᠬᠥᠮᠦᠨ ᠤ ᠬᠡᠯᠡᠬᠦ ᠪᠠᠷ᠂ | ᠡᠶᠢᠮᠦᠷᠬᠦ ᠦᠵᠡᠭᠳᠡᠯ ᠢ ᠠᠶ᠎ᠠ ᠪᠠᠷ ᠨᠢ ᠲᠠᠯᠪᠢᠪᠠᠯ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠲᠥᠪ | ᠭᠤᠣᠯᠴᠢ ᠴᠢᠨᠠᠷ ᠢ ᠬᠦᠨᠳᠦ ᠨᠣᠴᠢᠲᠠᠶ ᠬᠤᠬᠢᠷᠠᠭᠤᠯᠬᠤ ᠪᠣᠯᠣᠨ᠎ᠠ ᠭᠡᠵᠡᠢ᠃ | ᠤᠯᠠᠮ ᠠᠴᠠ ᠤᠯᠠᠮ ᠰᠢᠷᠤᠭᠦᠰᠴᠦ ᠪᠠᠶᠢᠭ᠎ᠠ ︽ᠶᠡᠭᠡ ᠰᠤᠷᠭᠠᠭᠤᠯᠢ ᠳᠤ ᠰᠢᠯᠭᠠᠭᠤᠯᠬᠤ ᠨᠡᠭᠦᠳᠡᠯᠴᠢᠨ︾ | ᠤ ᠵᠠᠪᠰᠢᠨ ᠳᠠᠯᠢᠮᠳᠠᠭᠤᠯᠬᠤ ᠠᠵᠢᠯᠯᠠᠭ᠎ᠠ ᠳᠤ ᠬᠠᠨᠳᠤᠭᠤᠯᠤᠨ᠂ 2013 ᠣᠨ ᠠᠴᠠ ᠨᠠᠰᠢ᠂ ᠥᠪᠡᠷᠲᠡᠭᠡᠨ ᠵᠠᠰᠠᠬᠤ | ᠣᠷᠣᠨ ᠳᠤ ᠬᠠᠦᠯᠢ ᠶᠣᠰᠤᠭᠠᠷ ᠨᠡᠭᠦᠵᠦ ᠢᠷᠡᠭᠰᠡᠨ ᠭᠠᠳᠠᠷ ᠮᠤᠵᠢ ᠬᠤᠲᠠ ᠶᠢᠨ ᠰᠤᠷᠤᠭᠴᠢ ᠪᠣᠯᠤᠨ ᠥᠪᠡᠷᠲᠡᠭᠡᠨ | ᠵᠠᠰᠠᠬᠤ ᠣᠷᠣᠨ ᠤ ᠤᠤᠯ ᠤᠨ ᠰᠢᠯᠭᠠᠭᠤᠯᠤᠭᠰᠠᠳ ᠤᠨ ᠭᠤᠣᠯᠴᠢ ᠪᠠᠷ ᠥᠷᠢᠰᠦᠯᠳᠦᠬᠦ ᠶᠢ ᠪᠠᠲᠤᠯᠠᠬᠤ ᠶᠢᠨ ᠳᠤᠰᠠᠳᠠ | ᠠᠯᠢ ᠣᠯᠠᠨ ᠲᠥᠷᠥ ᠶᠢᠨ ᠪᠣᠳᠣᠯᠭ᠎ᠠ ᠶᠢ ᠵᠠᠯᠭᠠᠪᠡᠷ ᠲᠣᠭᠲᠠᠭᠠᠪᠠ᠂ ᠵᠠᠩᠭᠢᠯᠠᠭ᠎ᠠ ᠨᠢ ︽ᠵᠠᠯᠭᠠᠪᠡᠷ ᠰᠤᠷᠤᠯᠴᠠᠭᠰᠠᠨ︾ | ᠭᠡᠰᠡᠨ ᠶᠠᠪᠤᠳᠠᠯ ᠪᠣᠯᠬᠤ ᠪᠥᠭᠡᠳ ᠲᠤᠬᠠᠶᠢᠯᠠᠪᠠᠯ 2015 ᠣᠨ ᠪᠣᠯᠲᠠᠯ᠎ᠠ᠂ ᠭᠠᠳᠠᠷ ᠮᠤᠵᠢ ᠠᠴᠠ ᠥᠪᠥᠷ ᠮᠣᠩᠭᠤᠯ | ᠳᠤ ᠨᠡᠭᠦᠵᠦ ᠢᠷᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠥᠪᠥᠷ ᠮᠣᠩᠭᠤᠯ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠵᠠᠯᠭᠠᠪᠡᠷ ᠰᠤᠷᠤᠯᠴᠠᠭᠠᠳ ᠪᠦᠬᠦᠯᠢ ᠬᠤᠶᠠᠷ ᠵᠢᠯ ᠪᠣᠯᠣᠭᠰᠠᠨ | ᠪᠠᠶᠢᠬᠤ ᠬᠡᠷᠡᠭᠲᠡᠢ᠃ ᠭᠡᠲᠡᠯ᠎ᠡ᠂ 2014 ᠣᠨ ᠤ ᠵᠢᠯ ᠤᠨ ᠡᠴᠦᠰ ᠲᠤ ᠣᠷᠣᠨ ᠤ ᠲᠣᠲᠣᠷᠠᠬᠢ ᠣᠯᠠᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠢᠯᠠᠩᠭᠤᠶ᠎ᠡ ᠠᠷᠠᠳ ᠠᠴᠠ ᠡᠷᠬᠢᠯᠡᠭᠰᠡᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠨᠤᠭᠤᠳ ᠠᠩᠭᠢ ᠳᠤᠨᠢ ᠣᠷᠣᠵᠣ ᠨᠡᠷ᠎ᠡ ᠳᠠᠭᠤᠳᠠᠬᠤ ᠦᠶᠡᠰ᠂ ᠭᠠᠳᠠᠷ ᠮᠤᠵᠢ ᠠᠴᠠ ᠨᠡᠭᠦᠵᠦ | ᠢᠷᠡᠭᠰᠡᠨ ᠶᠡᠭᠡ ᠬᠡᠮᠵᠢᠶᠡᠨ ᠤ ᠰᠤᠷᠤᠭᠴᠢ ᠰᠤᠷᠭᠠᠭᠤᠯᠢ ᠳᠤ ᠪᠣᠲᠠᠲᠠᠢ ᠰᠤᠷᠤᠯᠴᠠᠵᠤ ᠦᠭᠡᠶ ᠭᠡᠳᠡᠭ ᠢ ᠣᠯᠵᠤ | ᠮᠡᠳᠡᠭᠰᠡᠨ ᠪᠠᠶᠢᠨ᠎ᠠ᠃ ᠥᠪᠥᠷ ᠮᠣᠩᠭᠤᠯ ᠡᠨᠡᠬᠦ ᠪᠦᠯᠦᠭ ᠰᠣᠷᠣᠭᠴᠢᠳ ᠤᠨ ᠳᠡᠭᠡᠳᠦ ᠰᠤᠷᠭᠠᠭᠤᠯᠢ ᠳᠤ | ᠰᠢᠯᠭᠠᠭᠤᠯᠬᠤ ᠪᠠᠷ ᠨᠡᠷ᠎ᠡ ᠮᠡᠳᠡᠭᠦᠯᠬᠦ ᠶᠢ ᠡᠷᠡᠰ ᠵᠥᠪᠰᠢᠶᠡᠷᠡᠬᠦ ᠦᠭᠡᠶ᠃ ᠬᠠᠮᠢᠶ᠎ᠡ ᠪᠦᠬᠦᠢ ᠰᠠᠯᠠᠭ᠎ᠠ ᠮᠥᠴᠢᠷ ᠬᠢᠨᠠᠨ | ᠪᠠᠶᠢᠴᠠᠭᠠᠭᠠᠳ᠂ ᠨᠡᠯᠢᠶᠡᠳ ᠣᠯᠠᠨ ᠨᠡᠭᠦᠳᠡᠯᠴᠢᠨ ᠤ ᠭᠡᠷ ᠤᠨ ᠠᠬᠠᠮᠠᠳ ᠨᠢ ᠡᠾᠧᠪᠸᠢ ᠮᠤᠵᠢ ᠶᠢᠨ ᠠᠯᠪᠠᠨ | ᠲᠤᠰᠢᠶᠠᠯᠲᠠᠨ ᠪᠠᠶᠢᠵᠤ᠂ ᠮᠠᠰᠢ ᠠᠷᠪᠢᠨ ᠨᠢ ᠤᠳᠤᠷᠢᠳᠬᠤ ᠺᠠᠳ᠋ᠷ ᠪᠣᠯᠬᠤ ᠪᠥᠭᠡᠳ ᠲᠡᠳᠡ ᠬᠡᠪ ᠤᠨ ᠪᠤᠰᠤ ᠠᠷᠭ᠎ᠠ | ᠪᠠᠷᠢᠯ ᠢᠶᠠᠷ ᠡᠷᠦᠬᠡ ᠠᠮᠠ ᠪᠠᠨ ᠨᠡᠭᠦᠯᠭᠡᠭᠡᠳ᠂ ᠵᠦᠶ ᠪᠤᠰᠤ ᠠᠷᠭ᠎ᠠ ᠪᠠᠷᠢᠯ ᠢᠶᠠᠷ ᠳᠠᠮᠵᠢᠭᠤᠯᠤᠨ ᠦᠷ᠎ᠡ ᠬᠡᠦᠬᠡᠳ ᠢᠶᠠᠨ | ᠥᠪᠥᠷ ᠮᠣᠩᠭᠤᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠠᠷᠢᠶᠠᠯᠠᠯ ᠢᠶᠠᠷ ᠬᠤᠭᠤᠰᠣᠨ | ᠲᠡᠮᠳᠡᠭᠯᠡᠭᠦᠯᠦᠭᠰᠡᠨ ᠪᠠᠶᠢᠨ᠎ᠠ᠂ ᠡᠭᠦᠨ ᠢ᠂ ᠥᠪᠥᠷ ᠮᠣᠩᠭᠤᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠨᠲᠡ | ᠬᠠᠮᠢᠶ᠎ᠠ ᠪᠦᠬᠦᠢ ᠮᠤᠵᠢ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠯᠤᠭ᠎ᠠ ᠬᠠᠷᠢᠯᠴᠠᠵᠤ᠂ ᠪᠠᠶᠢᠴᠠᠭᠠᠨ | ᠰᠢᠢᠳᠪᠦᠷᠢᠯᠡᠪᠡ᠃ | | |