ᠥᠪᠥᠷ ᠮᠣᠩᠭᠤᠯ ᠤᠨ ᠠᠩᠬᠠᠳᠠᠭᠴᠢ ᠮᠣᠩᠭᠤᠯ ᠬᠡᠯᠡᠨ ᠤ ᠳᠠᠭᠤᠲᠤ ᠨᠣᠮ ᠪᠢᠴᠢᠭ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2015/6/1
     5 ᠳ᠋ᠤᠭᠠᠷ ᠰᠠᠷ᠎ᠠ ᠶᠢᠨ 29᠎ ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠰᠣᠶᠣᠯ ᠤᠨ ᠳᠠᠭᠤ ᠬᠦᠭᠵᠢᠮ ᠳᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶᠠᠨ ᠠᠴᠠ ᠬᠡᠪᠯᠡᠭᠦᠯᠦᠭᠰᠡᠨ ᠥᠪᠥᠷ ᠮᠣᠩᠭᠤᠯ ᠤᠨ ᠠᠩᠬᠠᠳᠠᠭᠴᠢ ᠮᠣᠩᠭᠤᠯ ᠬᠡᠯᠡᠨ ᠤ ᠳᠠᠭᠤ ᠲᠠᠢ ᠤᠩᠰᠢᠬᠤ ᠪᠢᠴᠢᠭ  ︽ᠳᠤᠮᠳᠠᠳᠤ ᠤᠯᠤᠰ ᠤᠨ ᠬᠡᠦᠬᠡᠳ ᠤᠨ ᠦᠯᠢᠭᠡᠷ ᠤᠨ ᠰᠤᠳᠤᠨ ᠰᠤᠩᠭᠤᠮᠠᠯ︾ ︵ᠬᠡᠷᠡᠯ ᠳ᠋ᠢᠰᠺ  ᠳᠠᠭᠠᠯᠳᠠᠭᠤᠯᠤᠭᠰᠠᠨ ᠪᠢᠴᠢᠭ︶᠎ ᠤᠨ ᠠᠩᠬ᠎ᠠ ᠲᠠᠷᠬᠠᠭᠠᠬᠤ ᠶᠣᠰᠣᠯᠠᠯ ᠵᠢᠴᠢ ᠬᠠᠶᠢᠷ᠎ᠠ ᠬᠠᠯᠠᠮᠵᠢ ᠪᠡᠯᠡᠭᠯᠡᠨ ᠦᠵᠡᠭᠦᠯᠬᠦ ᠠᠵᠢᠯᠯᠠᠭ᠎ᠠ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠶᠠᠪᠤᠭᠳᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠤᠷᠭᠠᠨ ᠬᠥᠮᠦᠵᠢᠯ ᠤᠨ ᠲᠢᠩᠬᠢᠮ᠂ ᠰᠣᠶᠣᠯ ᠤᠨ ᠲᠢᠩᠬᠢᠮ᠂ ᠰᠣᠨᠢᠨ ᠮᠡᠳᠡᠭᠡ ᠷᠠᠳᠢᠣ᠋ ᠺᠢᠨᠣ᠋ ᠲᠧᠯᠸᠢᠰ ᠬᠡᠪᠯᠡᠯ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠪᠠ᠃      ᠲᠠᠨᠢᠯᠴᠠᠭᠤᠯᠤᠭᠰᠠᠨ ᠢᠶᠠᠷ᠂ ︽ᠳᠤᠮᠳᠠᠳᠤ ᠤᠯᠤᠰ ᠤᠨ ᠬᠡᠦᠬᠡᠳ ᠤᠨ ᠦᠯᠢᠭᠡᠷ ᠤᠨ ᠰᠤᠳᠤᠨ ᠰᠤᠩᠭᠤᠮᠠᠯ︾ ᠳᠠᠭᠤᠲᠤ ᠨᠣᠮ ᠪᠢᠴᠢᠭ ᠪᠣᠯ ᠥᠪᠥᠷ ᠮᠣᠩᠭᠤᠯ ᠤᠨ ᠰᠣᠶᠣᠯ ᠤᠨ ᠳᠠᠭᠤ ᠬᠦᠭᠵᠢᠮ ᠳᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶ᠎ᠠ ᠠᠴᠠ ᠡᠭᠦᠷᠭᠡᠯᠡᠭᠰᠡᠨ ᠤᠯᠤᠰ ᠤᠨ ᠦᠨᠳᠦᠰᠦᠲᠡᠨ ᠤ ᠦᠰᠦᠭ ᠪᠢᠴᠢᠭ ᠤᠨ ᠬᠡᠪᠯᠡᠯ ᠤᠨ ᠲᠤᠰᠬᠠᠶ ᠪᠡᠯᠡ ᠮᠥᠩᠭᠦ ᠶᠢᠨ ᠲᠤᠰᠠᠯᠠᠮᠵᠢ ᠶᠢᠨ ᠲᠥᠷᠥᠯ ᠵᠦᠢᠯ ᠮᠦᠨ᠂ ᠮᠥᠨ ᠴᠦ ᠥᠪᠥᠷ ᠮᠣᠩᠭᠤᠯ ᠤᠨ ᠬᠡᠦᠬᠡᠳ ᠤᠨ ᠤᠳᠬ᠎ᠠ ᠵᠣᠬᠢᠶᠠᠯ ᠤᠨ ᠳᠠᠭᠤ ᠬᠦᠭᠵᠢᠮ ᠳᠦᠷᠰᠦ ᠰᠢᠩᠭᠡᠭᠡᠯᠲᠡ ᠶᠢᠨ ᠬᠡᠪᠯᠡᠯ ᠤᠨ ᠠᠩᠬ᠎ᠠ ᠡᠭᠦᠳᠦᠨ ᠪᠦᠲᠦᠭᠡᠯ ᠪᠣᠯᠬᠤ ᠶᠤᠮ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠬᠡᠦᠬᠡᠳ ᠤᠨ ᠤᠡᠭᠰᠢᠬᠤ ᠨᠣᠮ ᠪᠢᠴᠢᠭ ᠤᠨ ᠬᠡᠪᠯᠡᠯ ᠤᠷᠢᠳᠤ ᠡᠮᠦᠨ᠎ᠡ ᠭᠠᠷᠤᠭ᠎ᠠ ᠦᠭᠡᠶ ᠬᠦᠭᠵᠢᠪᠡ᠂ ᠭᠡᠪᠡᠴᠦ ᠴᠥᠭᠡᠨ ᠲᠤᠭᠠᠳᠤ ᠦᠨᠳᠦᠰᠦᠲᠡᠨ ᠤ ᠭᠠᠵᠠᠷ ᠣᠷᠣᠨ ᠳᠤ ᠴᠢᠭᠯᠡᠭᠦᠯᠦᠭᠰᠡᠨ᠂ ᠢᠯᠠᠩᠭᠤᠶ᠎ᠠ ᠣᠨᠴᠠᠭᠠᠶ ᠴᠥᠭᠡᠨ ᠲᠤᠭᠠᠳᠤ ᠦᠨᠳᠦᠰᠦᠲᠡᠨ ᠤ ᠦᠭᠡ ᠬᠡᠯᠡᠨ ᠤ ᠬᠡᠦᠬᠡᠳ ᠤᠨ ᠦᠯᠢᠭᠡᠷ ᠤᠨ ᠵᠢᠩᠬᠢᠨᠢ ᠬᠡᠪᠯᠡᠭᠳᠡᠬᠦᠨ ᠨᠢ ᠬᠠᠷᠢᠨ ᠲᠣᠩ ᠴᠥᠭᠡᠨ ᠪᠠᠶᠢᠪᠠ᠃ ᠮᠣᠩᠭᠤᠯ ᠦᠨᠳᠦᠰᠦᠲᠡᠨ ᠤ ᠬᠡᠦᠬᠡᠳ ᠲᠤ ᠬᠠᠮᠤᠭ ᠤᠨ ᠦᠨ᠎ᠡ ᠴᠡᠨ᠎ᠡ ᠲᠠᠢ ᠤᠡᠭᠰᠢᠬᠤ ᠨᠣᠮ ᠳᠡᠪᠲᠡᠷ ᠬᠠᠨᠭ᠍ᠭᠠᠬᠤ ᠶᠢᠨ ᠲᠥᠯᠥᠭᠡ᠂ ᠥᠪᠥᠷ ᠮᠣᠩᠭᠤᠯ ᠤᠨ ᠰᠣᠶᠣᠯ ᠤᠨ ᠳᠠᠭᠤ ᠬᠦᠭᠵᠢᠮ ᠳᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶ᠎ᠠ ᠨᠢ ᠳᠤᠮᠳᠠᠳᠤ ᠤᠯᠤᠰ ᠤᠨ ᠬᠢᠲᠠᠳ ᠬᠡᠯᠡᠨ ᠤ ᠬᠡᠦᠬᠡᠳ ᠤᠨ ᠦᠯᠢᠭᠡᠷ ᠡᠷᠳᠡᠨᠢᠰ ᠤᠨ ᠰᠠᠩ ᠳᠣᠲᠣᠷ᠎ᠠ ᠠᠴᠠ 99 ᠰᠢᠯᠢᠳᠡᠭ ᠪᠦᠲᠦᠭᠡᠯ ᠢ ᠰᠤᠩᠭᠤᠨ ᠤᠷᠴᠢᠭᠤᠯᠤᠨ ᠳᠠᠭᠤᠲᠤ ᠭᠡᠷᠡᠯ ᠳ᠋ᠢᠰᠺ ᠪᠣᠯᠭᠠᠨ ᠰᠢᠩᠭᠡᠭᠡᠭᠰᠡᠨ ᠤ ᠳᠠᠭᠠᠤ᠂ ᠮᠣᠩᠭᠤᠯ ᠬᠢᠲᠠᠳ ᠢ ᠬᠠᠷᠢᠴᠠᠭᠤᠯᠤᠭᠰᠠᠨ ᠳᠡᠭᠡᠲᠦ᠂ ᠳᠤᠤᠷᠠᠲᠤ  ᠬᠤᠶᠠᠷ ᠵᠢᠷᠤᠭᠲᠤ ᠳᠡᠪᠲᠡᠷ ᠪᠤᠯᠭᠠᠨ ᠳᠠᠭᠠᠯᠳᠤᠭᠤᠯᠪᠠ᠃      ᠠᠩᠬ᠎ᠠ ᠲᠠᠷᠬᠠᠭᠠᠬᠤ ᠶᠣᠰᠣᠯᠠᠯ ᠤᠨ ᠲᠤᠬᠠᠶ ᠶᠢᠨ ᠲᠠᠯᠠᠪᠤᠷ ᠲᠤ᠂ ᠥᠪᠥᠷ ᠮᠣᠩᠭᠤᠯ ᠤᠨ ᠰᠣᠶᠣᠯ ᠤᠨ ᠳᠠᠭᠤ ᠬᠦᠭᠵᠢᠮ ᠳᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶ᠎ᠠ 36000 ᠲᠦᠭᠦᠷᠢᠭ ᠤᠨ ᠦᠷᠲᠡᠭ ᠪᠦᠬᠦᠢ ︽ᠳᠤᠮᠳᠠᠳᠤ ᠤᠯᠤᠰ ᠤᠨ ᠬᠡᠦᠬᠡᠳ ᠤᠨ ᠦᠯᠢᠭᠡᠷ ᠤᠨ ᠰᠤᠳᠤᠨ ᠰᠤᠩᠭᠤᠮᠠᠯ︾ ᠬᠡᠷᠡᠯ ᠳ᠋ᠢᠰᠺ ᠳᠠᠭᠠᠯᠳᠠᠭᠤᠯᠤᠭᠰᠠᠨ ᠨᠤᠮ ᠢ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠪᠠ ᠬᠥᠬᠡᠬᠤᠲᠠ ᠶᠢᠨ ᠦᠨᠳᠦᠰᠦᠲᠡᠨ ᠤ ᠲᠤᠷᠰᠢᠯᠲᠠ ᠶᠢᠨ ᠰᠤᠷᠭᠠᠭᠤᠯᠢ ᠳᠤ ᠪᠡᠯᠡᠭᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号