ᠮᠠᠨ ᠤ ᠣᠷᠣᠨ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2015/6/1
     2015 ᠣᠨ ᠤ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ 6 ᠳ᠋ᠤᠭᠠᠷ ᠰᠠᠷ᠎ᠠ ᠶᠢᠨ 7᠎ ᠤ ᠡᠳᠦᠷ ᠠᠴᠠ 9᠎ ᠤ ᠡᠳᠦᠷ ᠶᠠᠪᠤᠭᠳᠠᠨ᠎ᠠ᠂ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠢ ᠦᠨᠡᠨ ᠬᠦ ᠰᠠᠶᠢᠲᠤᠷ ᠬᠢᠵᠤ᠂ ᠥᠷᠭᠡᠨ ᠣᠯᠠᠨ ᠰᠢᠯᠭᠠᠭᠤᠯᠤᠭᠴᠢᠳ ᠲᠤ ᠠᠮᠤᠷ ᠲᠦᠪᠰᠢᠨ᠂ ᠡᠮᠬᠢ ᠵᠢᠷᠤᠮ ᠲᠠᠢ᠂ ᠰᠠᠭᠠᠳ ᠬᠠᠷᠰᠢ ᠦᠭᠡᠶ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠤᠢ ᠪᠤᠯᠭᠠᠵᠤ ᠦᠭᠭᠦ ᠶᠢᠨ ᠲᠤᠰᠠᠳᠠ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠪᠠᠶᠢᠷᠢᠯᠠᠭᠤᠯᠤᠯᠲᠠ ᠬᠢᠪᠡ᠃      ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠱᠠᠭᠠᠷᠳᠠᠬᠤ ᠳᠠᠭᠠᠨ᠂ ᠳᠡᠭᠡᠳᠦ ᠰᠤᠷᠭᠠᠭᠤᠯᠢ ᠶᠢᠨ ᠡᠯᠰᠡᠬᠦ ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠤᠳ ᠬᠠᠷᠰᠢ ᠰᠠᠭᠠᠳ ᠦᠭᠡᠢ ᠪᠠᠶᠢᠯᠭᠠᠬᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠰᠢᠯᠭᠠᠯᠲᠠ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠤᠷᠢᠳᠴᠢᠯᠠᠨ ᠬᠠᠶᠢᠨ ᠪᠠᠶᠢᠴᠠᠭᠠᠵᠤ᠂ ᠰᠢᠯᠭᠠᠯᠲᠠ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠤᠨ ᠲᠡᠷᠭᠡ ᠵᠣᠭᠰᠣᠬᠤ ᠪᠠ ᠵᠠᠮ ᠬᠠᠷᠢᠯᠴᠠᠭᠠᠨ ᠤ ᠠᠵᠢᠯᠯᠠᠭᠠᠨ ᠤ ᠪᠠᠶᠢᠳᠠᠯ ᠢ ᠲᠣᠳᠣᠷᠬᠠᠶ ᠣᠶᠢᠯᠠᠭᠠᠵᠤ᠂ ᠰᠢᠯᠭᠠᠯᠲᠠ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠢᠯᠠᠩᠭᠤᠶ᠎ᠠ ᠠᠮᠠᠷᠬᠠᠨ ᠲᠦᠭᠵᠢᠷᠡᠭᠦ ᠵᠠᠮ ᠤᠨ ᠬᠡᠰᠡᠭ᠂ ᠵᠠᠮ ᠤᠨ ᠠᠭᠤᠯᠵᠠᠷ ᠲᠤ ᠠᠷᠠᠳ ᠤᠨ ᠴᠠᠭᠳᠠᠭ᠎ᠠ ᠨᠡᠮᠡᠨ ᠲᠤᠬᠢᠷᠠᠭᠤᠯᠵᠤ᠂ ᠵᠢᠯᠤᠭᠤᠳᠤᠨ ᠳᠠᠭᠠᠭᠤᠯᠬᠤ ᠶᠢ ᠴᠢᠩᠭᠠᠳᠬᠠᠵᠤ᠂ ᠴᠢᠬᠤᠯᠠ ᠲᠠᠢ ᠦᠶ᠎ᠡ ᠳᠤ᠂ ᠦᠭᠡᠳᠡ ᠤᠷᠤᠭᠤ ᠶᠠᠪᠤᠬᠤ ᠶᠢ ᠬᠢᠵᠠᠭᠠᠷᠯᠠᠬᠤ᠂ ᠳᠠᠩ ᠴᠢᠭᠯᠡᠯ ᠢᠶᠠᠷ ᠨᠡᠪᠲᠡᠷᠡᠭᠦᠯᠬᠦ ᠵᠡᠷᠭᠡ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠠᠢ᠃ ᠰᠢᠯᠭᠠᠯᠲᠠ ᠶᠢᠨ ᠴᠢᠭ᠋ ᠵᠢᠴᠢ ᠭᠤᠣᠯ ᠪᠤᠯᠬᠤ ᠰᠠᠯᠠᠭ᠎ᠠ ᠵᠠᠮ ᠤᠨ ᠠᠭᠤᠯᠵᠠᠷ ᠲᠤ ᠠᠶᠠᠯᠠᠬᠤ ᠶᠢ ᠴᠠᠭᠠᠵᠠᠯᠠᠬᠤ᠂  ᠵᠢᠭᠠᠨ ᠵᠢᠯᠤᠭᠤᠳᠬᠤ ᠲᠡᠮᠳᠡᠭ ᠪᠠᠶᠢᠷᠢᠯᠠᠭᠤᠯᠵᠤ᠂ ᠪᠦᠷᠢᠶ᠎ᠡ ᠯᠠᠪᠠ ᠳᠤᠤᠭᠠᠷᠭᠠᠬᠤ ᠶᠢ ᠴᠠᠭᠠᠵᠠᠯᠠᠬᠤ ᠣᠷᠣᠨ ᠪᠠ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ ᠣᠷᠣᠨ ᠭᠠᠷᠭᠠᠵᠤ᠂ ᠬᠡᠳᠦ ᠲᠦᠷᠭᠡᠨ ᠶᠠᠪᠤᠭᠤᠯᠬᠤ᠂ ᠳᠤᠷ᠎ᠠ ᠪᠠᠷ ᠢᠶᠠᠨ ᠵᠣᠭᠰᠣᠬᠤ᠂ ᠳᠤᠷ᠎ᠠ ᠪᠠᠷ ᠢᠶᠠᠨ ᠪᠦᠷᠢᠶ᠎ᠡ ᠯᠠᠪᠠ ᠳᠤᠤᠭᠠᠷᠭᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠠᠢ᠃ ᠡᠯ᠎ᠡ ᠭᠠᠵᠠᠷ ᠤᠳ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠵᠠᠮ ᠬᠠᠷᠢᠯᠴᠠᠭᠠᠨ ᠤ ᠬᠦᠲᠦᠯᠦᠮᠵᠢ ᠶᠢᠨ ᠳᠡᠯᠭᠡᠴᠡ᠂ ᠪᠢᠴᠢᠯ ᠪᠯᠤᠭ ᠪᠠ ᠭᠠᠷ ᠤᠲᠠᠰᠤ ᠶᠢᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠪᠠᠷ ᠳᠠᠮᠵᠢᠭᠤᠯᠤᠨ᠂ ᠰᠢᠯᠭᠠᠯᠲᠠ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠤᠷᠢᠳᠴᠢᠯᠠᠨ ᠤᠬᠠᠭᠤᠯᠵᠤ᠂ ᠭᠤᠣᠯ ᠵᠠᠮ  ᠂ ᠰᠢᠯᠭᠠᠯᠲᠠ ᠶᠢᠨ ᠲᠠᠯᠠᠪᠠᠶ ᠶᠢᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠨᠡᠪᠲᠡᠷᠡᠵᠤ ᠪᠠᠶᠢᠭ᠎ᠠ ᠪᠠᠶᠢᠳᠠᠯ ᠢ ᠴᠠᠭ ᠢᠮᠠᠭᠲᠠ ᠨᠡᠶᠢᠲᠡᠯᠡᠵᠤ᠂ ᠰᠢᠯᠭᠠᠭᠤᠯᠤᠭᠰᠠᠳ ᠢ ᠲᠤᠰᠬᠤ ᠬᠦᠷᠭᠡᠬᠦ ᠲᠡᠷᠭᠡ᠂ ᠨᠡᠶᠢᠭᠡᠮ ᠤᠨ ᠲᠡᠷᠭᠡ ᠶᠢ ᠬᠥᠲᠥᠯᠥᠨ ᠵᠢᠯᠣᠭᠤᠳᠴᠤ᠂ ᠲᠣᠬᠢᠷᠠᠮᠵᠢᠲᠠᠶ ᠵᠠᠮ ᠱᠤᠭᠤᠮ ᠢ ᠰᠤᠩᠭᠤᠨ ᠨᠡᠪᠲᠡᠷᠡᠭᠦᠯᠬᠦ ᠬᠡᠷᠡᠭᠲᠠᠢ᠃ ᠰᠢᠯᠭᠠᠯᠲᠠ ᠶᠢᠨ ᠴᠢᠭ᠋ ᠵᠢᠴᠢ ᠬᠠᠷᠢᠶ᠎ᠠ ᠲᠣᠭᠤᠷᠢᠭ ᠤᠨ ᠭᠤᠤᠯ ᠣᠷᠣᠵᠤ ᠭᠠᠷᠬᠤ ᠭᠠᠵᠠᠷ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠤᠬᠠᠶ ᠤᠬᠠᠭᠤᠯᠭ᠎ᠠ ᠶᠢᠨ ᠬᠥᠨᠳᠡᠯᠡᠨ ᠫᠠᠶᠢᠰᠠ ᠪᠠ ᠤᠬᠠᠭᠤᠯᠭ᠎ᠠ ᠶᠢᠨ ᠤᠷᠢᠶ᠎ᠠ  ᠡᠯᠭᠦᠵᠦ᠂ ᠠᠮᠤᠷ ᠲᠦᠪᠰᠢᠨ ᠢ ᠬᠠᠮᠠᠭᠠᠯᠠᠨ ᠰᠢᠯᠭᠠᠭᠤᠯᠬᠤ᠂ ᠰᠢᠯᠭᠠᠯᠲᠠ ᠳᠤ ᠬᠠᠶᠢᠷ᠎ᠠ ᠬᠠᠯᠠᠮᠵᠢ ᠬᠦᠷᠭᠡᠬᠦ ᠭᠦᠨ ᠵᠤᠵᠠᠭᠠᠨ ᠠᠭᠤᠷ ᠠᠮᠢᠰᠬᠤᠯ ᠢ ᠪᠤᠶ ᠪᠣᠯᠭᠠᠬᠤ ᠬᠡᠷᠡᠭᠲᠡᠶ᠃ ᠡᠯ᠎ᠡ ᠭᠠᠵᠠᠷ ᠤᠳ ᠰᠢᠯᠭᠠᠯᠲᠠ ᠶᠢᠨ ᠴᠢᠭ᠋ ᠤᠨ ᠭᠠᠳᠠᠭᠤᠷᠬᠢ ᠵᠠᠮ ᠳᠤ ᠴᠠᠭᠳᠠᠭ᠎ᠠ ᠠᠴᠠ ᠲᠤᠰᠠᠯᠠᠮᠵᠢ ᠭᠤᠶᠤᠬᠤ ᠦᠢᠯᠡᠴᠢᠯᠡᠬᠡᠨ ᠤ ᠴᠢᠭ᠋ ᠢ ᠵᠦᠶ ᠵᠣᠬᠢᠰᠲᠠᠶ ᠲᠤᠬᠢᠷᠠᠭᠤᠯᠤᠨ᠂ ᠵᠠᠮ ᠵᠢᠭᠠᠬᠤ ᠦᠢᠯᠡᠴᠢᠯᠡᠭᠡ ᠬᠠᠨᠭ᠍ᠭᠠᠵᠤ᠂ ᠰᠢᠯᠭᠠᠭᠤᠯᠤᠭᠴᠢᠳ ᠪᠠ ᠭᠡᠷ ᠤᠨ ᠠᠬᠠᠮᠠᠳ ᠤᠨ ᠲᠤᠰᠠᠯᠠᠮᠵᠢ ᠭᠤᠶᠤᠬᠤ ᠶᠢ ᠬᠦᠯᠢᠶᠡᠨ ᠠᠪᠬᠤ ᠬᠡᠷᠡᠭᠲᠠᠢ᠃ ᠪᠣᠯᠪᠠᠰᠤᠨ ᠵᠢᠷᠤᠮᠵᠢᠯ ᠲᠠᠢ ᠪᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠵᠤ᠂ ᠰᠢᠯᠭᠠᠭᠤᠯᠤᠭᠴᠢᠳ ᠢ ᠲᠤᠰᠴᠦ ᠬᠦᠷᠭᠡᠬᠦ ᠲᠡᠷᠭᠡ ᠶᠢᠨ ᠭᠠᠷᠭᠠᠭᠰᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠡᠭᠭᠡᠨ ᠠᠵᠢᠯᠯᠠᠭ᠎ᠠ ᠶᠢ᠂ ᠰᠤᠷᠭᠠᠨ ᠬᠡᠯᠡᠭᠰᠡᠨ ᠤ ᠳᠠᠷᠠᠭ᠎ᠠ ᠳᠠᠷᠤᠶᠢᠬᠠᠨ ᠲᠠᠯᠪᠢᠵᠤ ᠶᠠᠪᠤᠭᠤᠯᠬᠤ ᠬᠡᠷᠡᠭᠲᠠᠢ︔ ᠵᠠᠮ ᠬᠠᠷᠢᠯᠴᠠᠭᠠᠨ ᠤ ᠠᠳᠡᠯ ᠭᠠᠷᠤᠭᠰᠠᠨ ᠪᠤᠯ᠂ ᠲᠦᠷᠭᠡᠨ ᠴᠠᠭᠳᠠᠭ᠎ᠠ ᠤᠴᠢᠭᠤᠯᠵᠤ᠂ ᠲᠦᠷᠭᠡᠨ ᠰᠢᠢᠳᠪᠦᠷᠢᠯᠡᠬᠦ ᠬᠡᠷᠡᠭᠲᠡᠶ ᠂ ᠴᠢᠬᠤᠯᠠ ᠲᠠᠢ ᠦᠶ᠎ᠡ ᠳᠤ ᠮᠠᠰᠢᠨ ᠲᠡᠷᠭᠡ ᠬᠠᠷᠢᠴᠠᠵᠤ ᠰᠢᠯᠭᠠᠭᠤᠯᠤᠭᠴᠢᠳ ᠢ ᠲᠤᠰᠬᠠᠶᠢᠯᠠᠨ ᠬᠦᠷᠭᠡᠵᠤ ᠦᠭᠭᠦ ᠬᠡᠷᠡᠭᠲᠠᠢ ᠬᠡᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号