6 ᠳ᠋ᠤᠭᠠᠷ ᠰᠠᠷ᠎ᠠ ᠶᠢᠨ 9 ᠤ ᠡᠳᠤᠷ᠂ ᠦᠪᠡᠷᠳᠡᠭᠡᠨ ᠵᠠᠰᠠᠬᠤ ᠤᠷᠤᠨ ᠤ 2014 ᠣᠨ ᠤ | ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠵᠡᠬᠦᠨ ᠬᠡᠰᠡᠭ ᠤᠨ ᠬᠠᠷᠢᠭᠤ ᠮᠡᠳᠡᠬᠦᠯᠥᠯᠳᠡ ᠶᠢᠨ ᠬᠤᠷᠠᠯ ᠬᠢᠩᠭᠠᠨ | ᠠᠶᠢᠮᠠᠭ ᠲᠤ ᠶᠠᠪᠤᠭᠳᠠᠪᠠ᠃ ᠬᠤᠷᠠᠯ ᠲᠡᠭᠡᠷ᠎ᠡ ᠵᠡᠬᠦᠨ ᠬᠡᠰᠡᠭ ᠤᠨ 3 ᠠᠶᠢᠮᠠᠭ ᠬᠤᠳᠠ᠂ 5 ᠬᠤᠰᠢᠭᠤ ᠰᠢᠶᠠᠨ | ᠬᠤᠳᠠ᠂ 2 ᠶᠡᠭᠡ ᠲᠡᠭᠡᠳᠤ ᠰᠤᠷᠭᠠᠭᠤᠯᠢ᠂ 1 ᠤᠯᠤᠰ ᠤᠨ ᠦᠮᠴᠢᠯᠡᠯ ᠤᠨ ᠠᠵᠥ ᠠᠬᠤᠢᠢᠯᠠᠯ ᠪᠤᠯᠤᠨ 1 ᠠᠵᠥ | ᠠᠬᠤᠢ ᠶᠢᠨ ᠨᠡᠬᠡᠬᠡᠯᠳᠡ ᠶᠢᠨ ᠤᠷᠤᠨ ᠤ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠤᠨ ᠬᠠᠷᠢᠭᠤ | ᠮᠡᠳᠡᠬᠦᠯᠥᠯᠳᠡ ᠶᠢ ᠰᠤᠨᠤᠰᠤᠭᠰᠠᠠ ᠪᠦᠭᠡᠳ ᠠᠵᠢᠯ ᠤᠨ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠱᠦᠵᠢ ᠵᠠᠩ ᠯᠢ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃ | ᠵᠠᠩ ᠯᠢ᠂ ᠡᠯ᠎ᠡ ᠲᠤᠭᠤᠷᠢᠨ ᠪᠠᠶᠢᠴᠠᠭᠠᠭᠰᠠᠠ ᠭᠠᠵᠠᠷ ᠤᠷᠤᠨ᠂ ᠨᠢᠬᠡᠴᠡ ᠶᠢᠨ ᠨᠠᠮ ᠤᠨ ᠬᠤᠷᠢᠶ᠎ᠠ | ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠥ᠂ | ᠴᠡᠭᠴᠡᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠯᠭ᠎ᠠ ᠶᠢ ᠴᠢᠩᠭᠠᠷᠠᠭᠤᠯᠬᠤ᠂ ᠰᠤᠷᠳᠠᠯ ᠢ ᠰᠠᠶᠢᠵᠢᠷᠠᠭᠤᠯᠬᠤ᠂ | ᠠᠰᠠᠭᠤᠳᠠᠯ ᠢ ᠰᠢᠢᠳᠪᠤᠷᠢᠯᠡᠬᠦ ᠴᠢᠬᠤᠯᠠ ᠲᠤᠬᠢᠶᠠᠯ ᠪᠤᠯᠭᠠᠵᠥ᠂ ᠪᠦᠳᠦᠮᠵᠢᠳᠡᠢ ᠠᠷᠭ᠎ᠠ ᠬᠡᠮᠵᠢᠶ᠎ᠡ ᠠᠪᠴᠦ ᠪᠠᠶᠢᠭᠠᠳ | ᠯᠠᠪᠳᠠᠭᠤᠨ ᠪᠠᠳᠤᠳᠠᠢ ᠠᠬᠢᠭᠤᠯᠵᠥ᠂ ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠱᠠᠳᠤᠴᠢ | ᠴᠢᠨᠠᠷᠳᠠᠢ ᠦᠷ᠎ᠡ ᠪᠦᠳᠦᠮᠵᠢ ᠤᠯᠤᠭᠰᠠᠠ ᠪᠠᠶᠢᠨ᠎ᠠ᠃ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠬᠡᠷ ᠤᠨ ᠬᠢᠨ | ᠲᠤᠭᠤᠷᠢᠨ ᠪᠠᠶᠢᠴᠠᠭᠠᠵᠥ ᠬᠠᠷᠢᠭᠤ ᠲᠤᠰᠬᠠᠭᠰᠠᠠ ᠠᠰᠠᠭᠤᠳᠠᠯ ᠢ ᠮᠦᠷᠳᠡᠨ ᠪᠠᠶᠢᠴᠠᠭᠠᠬᠤ ᠪᠠ ᠰᠢᠢᠳᠪᠤᠷᠢᠯᠡᠬᠦ ᠠᠵᠢᠯ | ᠢ ᠴᠢᠩᠭᠠᠳᠬᠠᠵᠥ᠂ ᠵᠤᠬᠢᠰᠳᠠᠢ ᠦᠶ᠎ᠡ ᠳᠤ ᠲᠤᠰᠬᠠᠢ ᠲᠤᠭᠤᠷᠢᠨ ᠪᠠᠶᠢᠴᠠᠭᠠᠬᠤ ᠲᠤᠭᠤᠢᠢᠯᠠᠩ ᠲᠤᠮᠢᠯᠠᠵᠥ᠂ | ᠲᠤᠭᠤᠷᠢᠨ ᠪᠠᠶᠢᠴᠠᠭᠠᠭᠰᠠᠠ ᠭᠠᠵᠠᠷ ᠤᠷᠤᠨ ᠪᠤᠯᠤᠨ ᠨᠢᠬᠡᠴᠡ ᠳᠤ ︽ᠲᠠᠬᠢᠨ ᠪᠠᠶᠢᠴᠠᠭᠠᠬᠤ︾ ᠠᠵᠢᠯ ᠦᠷᠨᠢᠬᠦᠯᠬᠦ | ᠬᠡᠷᠡᠭᠳᠡᠢ᠃ ᠡᠯ᠎ᠡ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠪᠠᠶᠢᠭᠤᠯᠭ᠎ᠠ | ᠲᠤᠭᠤᠷᠢᠨ ᠪᠠᠶᠢᠴᠠᠭᠠᠵᠥ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠬᠢᠯᠭ᠎ᠠ ᠪᠠᠳᠤ ᠶᠢ ᠬᠡᠷᠡᠭᠵᠢᠬᠦᠯᠬᠦ᠂ ᠬᠢᠨᠠᠯᠳᠠ | ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠥ᠂ ᠲᠤᠭᠤᠷᠢᠨ ᠪᠠᠶᠢᠴᠠᠭᠠᠬᠤ ᠲᠤᠭᠤᠢᠢᠯᠠᠩ | ᠤᠨ ᠬᠠᠷᠢᠭᠤ ᠲᠤᠰᠬᠠᠭᠰᠠᠠ ᠰᠠᠨᠠᠯ᠂ ᠲᠤᠷᠠᠳᠤᠭᠰᠠᠠ ᠱᠠᠭᠠᠷᠳᠠᠯᠭ᠎ᠠ᠂ ᠵᠦᠪᠯᠡᠨ ᠲᠤᠭᠳᠠᠭᠰᠠᠠ ᠵᠦᠢᠯ᠂ | ᠲᠤᠳᠤᠷᠬᠠᠢᠢᠯᠠᠬᠰᠠᠠ ᠬᠠᠷᠢᠭᠤᠴᠠᠯᠭ᠎ᠠ ᠶᠢ ᠲᠡᠷᠡ ᠶᠤᠰᠤᠭᠠᠷ ᠨᠢ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠡᠢ ᠬᠡᠵᠥ | ᠵᠢᠭᠠᠵᠥ ᠭᠠᠷᠭᠠᠪᠠ᠃ | | | |