︽ᠬᠠᠤᠯᠢ ᠴᠠᠭᠠᠵᠠ ᠶᠢᠨ ᠰᠢᠯᠭᠠᠯᠲᠠ︾᠎ ᠳᠤ ᠥᠪᠥᠷ ᠮᠣᠩᠭᠤᠯ ᠤᠨ ᠬᠠᠷᠢᠶ᠎ᠠ ᠡᠷᠦᠬᠡ ᠠᠮᠠ ᠲᠠᠢ ᠰᠢᠯᠭᠠᠭᠤᠯᠤᠭᠰᠠᠳ ᠤᠨ ᠰᠤᠷᠤᠯᠭ᠎ᠠ ᠶᠢᠨ ᠨᠠᠮᠲᠠᠷ ᠢ ᠬᠠᠤᠯᠢ ᠴᠠᠭᠠᠵᠠ ᠶᠢᠨ ᠮᠡᠷᠭᠡᠵᠢᠯ ᠤᠨ ᠲᠤᠰᠬᠠᠢ ᠮᠡᠷᠭᠡᠵᠢᠯ ᠪᠣᠯᠭᠠᠨ ᠥᠷᠭᠡᠳᠬᠡᠪᠡ
ᠨᠡᠶᠢᠲᠡᠯᠡᠭᠰᠡᠨ ᠴᠠᠭ᠄
2015/6/10
     2015 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ 6 ᠳ᠋ᠤᠭᠠᠷ ᠰᠠᠷ᠎ᠠ ᠶᠢᠨ 16᠎ ᠤ ᠡᠳᠦᠷ ᠠᠴᠠ ᠡᠬᠢᠯᠡᠨ ᠨᠡᠷ᠎ᠡ ᠮᠡᠳᠡᠭᠦᠯᠵᠦ᠂ ᠬᠠᠤᠯᠢ ᠴᠠᠭᠠᠵᠠ ᠶᠢᠨ ᠶᠠᠮᠣᠨ ᠤ ᠪᠦᠬᠦ ᠤᠯᠤᠰ ᠤᠨ ᠬᠡᠰᠡᠭ ᠭᠠᠵᠠᠷ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠤᠷᠤᠯᠭ᠎ᠠ ᠶᠢᠨ ᠨᠠᠮᠲᠡᠷ ᠢ ᠠᠭᠤᠵᠢᠭᠤ ᠲᠠᠯᠪᠢᠬᠤ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠬᠠᠷᠢᠶ᠎ᠠ ︵ᠨᠡᠷ᠎ᠡ ᠮᠡᠳᠡᠭᠦᠯᠦᠭᠰᠡᠳ ᠤᠨ ᠨᠡᠷ᠎ᠡ ᠮᠡᠳᠡᠭᠦᠯᠬᠦ ᠦᠶ᠎ᠡ ᠶᠢᠨ ᠬᠠᠷᠢᠶ᠎ᠠ ᠪᠠᠷ ᠪᠠᠷᠢᠮᠵᠢᠶ᠎ᠠ ᠪᠣᠯᠭᠠᠨ᠎ᠠ︶᠎ ᠲᠠᠢ ᠨᠡᠷ᠎ᠡ ᠮᠡᠳᠡᠭᠦᠯᠦᠭᠰᠡᠳ ᠤᠨ ᠰᠤᠷᠤᠯᠭ᠎ᠠ ᠶᠢᠨ ᠨᠠᠮᠲᠠᠷ ᠤᠨ ᠨᠥᠬᠦᠴᠡᠯ ᠢ ᠳᠡᠭᠡᠳᠦ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠪᠣᠯᠭᠠᠨ ᠥᠷᠭᠡᠳᠬᠡᠪᠡ᠃      ᠲᠠᠨᠢᠯᠴᠠᠭᠤᠯᠤᠭᠰᠠᠨ ᠢᠶᠠᠷ᠂ 2015 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠣᠷᠣᠯᠴᠠᠬᠤ ᠨᠡᠷ᠎ᠡ ᠮᠡᠳᠡᠭᠦᠯᠵᠦ ᠪᠣᠯᠬᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠳᠤ ᠪᠠᠭᠲᠠᠬᠤ ᠨᠢ᠄ 1. ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠡᠷᠬᠢᠯᠡᠬᠦ ᠬᠢᠷᠢ ᠬᠡᠮ ᠲᠠᠢ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠳᠦ  ᠰᠤᠷᠭᠠᠭᠤᠯᠢ᠂ ᠡᠩ ᠤᠨ ᠳᠡᠭᠡᠳᠦ ᠰᠤᠷᠭᠠᠭᠤᠯᠢ ︵ᠰᠤᠳᠤᠯᠬᠤ ᠰᠤᠷᠤᠭᠴᠢ ᠬᠥᠮᠦᠵᠢᠭᠦᠯᠬᠦ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠡ ᠪᠠᠭᠲᠠᠨ᠎ᠠ︶᠎ ᠶᠢᠨ ᠣᠯᠭᠤᠭᠰᠠᠨ ᠰᠤᠷᠭᠠᠭᠤᠯᠢ ᠲᠡᠭᠦᠰᠦᠭᠰᠡᠨ ᠦᠨᠡᠮᠯᠡᠯ︔ 2. ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢᠶᠠᠨ ᠰᠤᠷᠤᠭᠰᠠᠳ ᠤᠨ ᠰᠢᠯᠭᠠᠯᠲᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠰᠢᠯᠭᠠᠯᠲᠠ ᠪᠠᠷ ᠳᠠᠮᠵᠢᠭᠠᠳ᠂ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢᠶᠠᠨ ᠰᠣᠷᠣᠭᠰᠠᠳ ᠤᠨ ᠰᠢᠯᠭᠠᠯᠲᠠ ᠶᠢᠨ ᠺᠣᠮᠢᠰ ᠠᠴᠠ ᠡᠷᠬᠡ ᠣᠯᠭᠤᠭᠰᠠᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢᠶᠠᠨ ᠰᠤᠷᠤᠭᠰᠠᠳ ᠤᠨ ᠰᠢᠯᠭᠠᠯᠲᠠ ᠶᠢᠨ ᠺᠣᠮᠢᠰ ᠤᠨ ᠣᠯᠭᠤᠭᠰᠠᠨ ᠰᠤᠷᠭᠠᠭᠤᠯᠢ ᠲᠡᠭᠦᠰᠦᠭᠰᠡᠨ ᠦᠨᠡᠮᠯᠡᠯ︔ 3. ᠲᠥᠷᠥ ᠶᠢᠨ ᠶᠠᠪᠤᠳᠠᠯ ᠤᠨ  ᠬᠤᠷᠢᠶ᠎ᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠤᠯᠤᠰ ᠤᠨ ᠰᠤᠷᠤᠭᠴᠢ ᠡᠯᠰᠡᠬᠦ ᠲᠥᠯᠥᠪᠯᠡᠭᠡ ᠳᠤ ᠤᠷᠤᠭᠰᠠᠨ ᠪᠦᠭᠡᠳ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠣᠷᠣᠯᠴᠠᠭᠠᠳ  ᠡᠯᠰᠡᠭᠳᠡᠵᠦ᠂ ᠨᠠᠮ ᠤᠨ ᠰᠤᠷᠭᠠᠭᠤᠯᠢ᠂ ᠴᠡᠷᠢᠭ ᠤᠨ ᠶᠠᠪᠤᠳᠠᠯ ᠤᠨ ᠳᠡᠭᠡᠳᠦ ᠰᠤᠷᠭᠠᠭᠤᠯᠢ ᠳᠤ ᠰᠤᠷᠤᠯᠴᠠᠭᠰᠠᠨ  ᠰᠤᠷᠤᠭᠴᠢᠳ ᠤᠨ ᠰᠤᠷᠭᠠᠭᠤᠯᠢ ᠲᠡᠭᠦᠰᠦᠭᠰᠡᠨ ᠦᠨᠡᠮᠯᠡᠯ︔ 4. ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠲᠣᠣᠷ ᠰᠦᠯᠵᠢᠶᠡᠨ ᠤ ᠰᠤᠷᠭᠠᠨ ᠬᠥᠮᠥᠵᠢᠯ ᠤᠨ ᠲᠤᠷᠰᠢᠯᠲᠠ ᠶᠢ ᠬᠡᠷᠡᠭᠵᠢᠭᠦᠯᠵᠦ ᠪᠠᠶᠢᠭ᠎ᠠ ᠡᠩ ᠤᠨ ᠳᠡᠭᠡᠳᠦ ᠰᠤᠷᠭᠠᠭᠤᠯᠢ ᠶᠢᠨ ᠣᠯᠭᠤᠭᠰᠠᠨ ᠠᠯᠤᠰ ᠵᠠᠢ ︵ᠲᠣᠣᠷ ᠰᠦᠯᠵᠢᠶ᠎ᠡ︶᠎ ᠶᠢᠨ ᠰᠤᠷᠭᠠᠨ ᠬᠥᠮᠦᠵᠢᠯ ᠤᠨ ᠰᠤᠷᠭᠠᠭᠤᠯᠢ ᠲᠡᠭᠦᠰᠦᠭᠰᠡᠨ ᠦᠨᠡᠮᠯᠡᠯ︔ 5. ᠰᠤᠷᠭᠠᠨ ᠬᠥᠮᠦᠵᠢᠯ ᠤᠨ ᠶᠠᠮᠤᠨ᠂ ᠴᠢᠯᠥᠭᠡᠯᠡᠬᠦ ᠴᠡᠷᠢᠭ ᠤᠨ ᠶᠡᠷᠦᠩᠬᠡᠶ ᠱᠲ᠋ᠠᠪ ᠤᠨ ᠬᠡᠯᠲᠡᠰ᠂ ᠴᠢᠯᠥᠭᠡᠯᠡᠬᠦ ᠴᠡᠷᠢᠭ ᠤᠨ ᠶᠡᠷᠦᠩᠬᠡᠶ ᠤᠯᠤᠰ ᠲᠥᠷᠥ ᠶᠢᠨ ᠬᠡᠯᠲᠡᠰ ᠤᠨ ︽ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠬᠠᠮᠢᠶᠠᠷᠤᠯᠲᠠ ᠶᠢᠨ ᠲᠣᠬᠠᠢ ᠲᠦᠷ ᠬᠡᠷᠡᠭᠵᠢᠭᠦᠯᠬᠦ ᠲᠣᠭᠲᠠᠭᠠᠯ︾᠎ ᠳᠤ ᠨᠡᠶᠢᠴᠡᠵᠦ ᠣᠯᠭᠤᠭᠰᠠᠨ ᠰᠤᠷᠭᠠᠭᠤᠯᠢ ᠲᠡᠭᠦᠰᠦᠭᠰᠡᠨ ᠦᠨᠡᠮᠯᠡᠯ᠃ ᠡᠩ ᠤᠨ ᠳᠡᠭᠡᠳᠦ ᠰᠤᠷᠭᠠᠭᠤᠯᠢ ᠶᠢᠨ 2016 ᠣᠨ ᠤ ᠲᠤᠰ ᠬᠤᠭᠤᠴᠠᠭᠠᠨ ᠤ ᠵᠢᠩᠬᠢᠨᠢ ᠠᠩᠭᠢ ᠠᠴᠠ ᠲᠡᠭᠦᠰᠬᠦ ᠰᠤᠷᠣᠭᠴᠢᠳ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ ᠨᠡᠷ᠎ᠡ ᠮᠡᠳᠡᠭᠦᠯᠬᠦ ᠳᠡᠭᠡᠨ   ᠰᠤᠷᠭᠠᠭᠤᠯᠢ ᠠᠴᠠ ᠨᠢ ᠬᠢᠵᠦ ᠥᠭᠭᠦᠭᠰᠡᠨ ᠬᠡᠯᠪᠡᠷᠢᠵᠢᠭᠦᠯᠦᠭᠰᠡᠨ ᠭᠡᠷᠡᠴᠢ ︵ᠬᠠᠤᠯᠢ ᠴᠠᠭᠠᠵᠠ ᠶᠢᠨ ᠶᠠᠮᠤᠨ ᠤ ᠰᠦᠯᠵᠢᠶ᠎ᠡ ᠠᠴᠠ  ᠪᠠᠭᠤᠯᠭᠠᠵᠤ ᠪᠣᠯᠤᠨ᠎ᠠ︶ ᠪᠠ ᠥᠪᠡᠷ ᠤᠨ ᠰᠤᠷᠤᠭᠴᠢ ᠶᠢᠨ ᠦᠨᠡᠮᠯᠡᠯ ᠎ ᠲᠠᠢ ᠪᠠᠶᠢᠬᠤ ᠬᠡᠷᠡᠭᠲᠡᠢ᠃ ᠡᠩ ᠤᠨ ᠳᠡᠭᠡᠳᠦ ᠰᠤᠷᠭᠠᠭᠤᠯᠢ ᠶᠢᠨ 2016 ᠣᠨ ᠤ ᠲᠤᠰ ᠬᠤᠭᠤᠴᠠᠭᠠᠨ ᠤ ᠵᠢᠩᠬᠢᠨᠢ ᠠᠩᠭᠢ  ᠠᠴᠠ ᠲᠡᠭᠦᠰᠬᠦ ᠰᠤᠷᠤᠭᠴᠢᠳ ᠢ ᠭᠠᠷᠭᠠᠪᠠᠯ᠂ ᠨᠡᠷ᠎ᠡ ᠮᠡᠳᠡᠭᠦᠯᠦᠭᠰᠡᠳ ᠨᠡᠷ᠎ᠡ ᠮᠡᠳᠡᠭᠦᠯᠬᠦ ᠳᠡᠭᠡᠨ ᠵᠣᠬᠢᠴᠠᠩᠭᠤᠶ ᠰᠤᠷᠭᠠᠭᠤᠯᠢ ᠲᠡᠭᠦᠰᠦᠭᠰᠡᠨ ᠦᠨᠡᠮᠯᠡᠯ ᠢᠶᠠᠷ ᠪᠠᠷᠢᠮᠵᠢᠶ᠎ᠠ ᠪᠣᠯᠭᠠᠵᠤ᠂ ᠰᠤᠷᠭᠠᠭᠤᠯᠢ ᠲᠡᠭᠦᠰᠦᠭᠰᠡᠨ ᠦᠨᠡᠮᠯᠡᠯ ᠨᠢ ᠪᠦᠬᠦ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠰᠤᠷᠤᠭᠴᠢᠳ ᠤᠨ ᠮᠡᠳᠡᠭᠡ ᠵᠠᠩᠭᠢ ᠶᠢᠨ  ᠯᠠᠪᠯᠠᠯᠭ᠎ᠠ ᠬᠢᠭᠡᠳ ᠠᠵᠢᠯ ᠣᠯᠭᠤᠬᠤ ᠵᠢᠯᠣᠭᠤᠳᠣᠯᠭ᠎ᠠ ᠶᠢᠨ ᠲᠥᠪ ᠤᠨ ᠰᠦᠯᠵᠢᠶ᠎ᠡ ᠠᠴᠠ ᠠᠰᠠᠭᠤᠨ ᠯᠠᠪᠯᠠᠬᠤ ᠪᠣᠶᠤ ᠭᠡᠷᠡᠴᠢᠯᠡᠭᠡ ᠬᠢᠵᠦ ᠳᠡᠶᠢᠯᠬᠦ ᠪᠠᠶᠢᠬᠤ ᠬᠡᠷᠡᠭᠲᠡᠢ᠃       2015 ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶ᠋ᠢᠭ᠃ ᠨᠡᠷ᠎ᠡ ᠮᠡᠳᠡᠭᠦᠯᠦᠭᠰᠡᠳ ᠡᠷᠬᠡᠪᠰᠢ ᠰᠦᠯᠵᠢᠶᠡᠨ ᠳᠡᠭᠡᠷ᠎ᠡ ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠨ᠂ ᠭᠡᠷᠡᠯ ᠵᠢᠷᠤᠭ ᠢᠶᠠᠨ ᠭᠠᠷᠭᠠᠵᠤ᠂ ᠰᠢᠯᠭᠠᠯᠲᠠ ᠶᠢᠨ ᠰᠦᠢᠳᠬᠡᠯ  ᠲᠤᠰᠢᠶᠠᠵᠤ᠂ ᠰᠢᠯᠭᠠᠭᠤᠯᠬᠤ ᠦᠨᠡᠮᠯᠡᠯ ᠢᠶᠠᠨ ᠪᠠᠭᠤᠯᠭᠠᠨ ᠳᠠᠷᠤᠮᠠᠯᠯᠠᠬᠤ ᠬᠡᠷᠡᠭᠲᠡᠢ᠃ ᠨᠡᠷ᠎ᠡ ᠮᠡᠳᠡᠭᠦᠯᠬᠦ ᠴᠠᠭ ᠨᠢ 6 ᠳ᠋ᠤᠭᠠᠷ ᠰᠠᠷ᠎ᠠ ᠶᠢᠨ 16᠎ ᠤ ᠡᠳᠦᠷ ᠠᠴᠠ 7 ᠳ᠋ᠤᠭᠠᠷ ᠰᠠᠷ᠎ᠠ ᠶᠢᠨ 5᠎ ᠤ ᠡᠳᠦᠷ ᠬᠦᠷᠲᠡᠯ᠎ᠡ ᠪᠣᠯᠣᠨ᠎ᠠ᠃ ᠨᠡᠷ᠎ᠡ ᠮᠡᠳᠡᠭᠦᠯᠦᠭᠰᠡᠳ ᠲᠣᠭᠲᠠᠭᠠᠭᠰᠠᠨ ᠬᠤᠭᠤᠴᠠᠭᠠᠨ ᠳᠤᠨᠢ ᠬᠠᠤᠯᠢ ᠴᠠᠭᠠᠵᠠ ᠶᠢᠨ ᠶᠠᠮᠤᠨ ᠤ ᠰᠦᠯᠵᠢᠶᠡᠨ ᠳᠡᠭᠡᠷ᠎ᠡ ᠭᠠᠷᠴᠣ ᠨᠡᠷ᠎ᠡ ᠮᠡᠳᠡᠭᠦᠯᠬᠦ ᠱᠠᠭᠠᠷᠳᠠᠯᠭ᠎ᠠ᠂ ᠴᠤᠪᠤᠷᠠᠯ ᠪᠠ ᠠᠯᠬᠤᠮ ᠳᠠᠷᠠᠭ᠎ᠠ ᠶᠣᠰᠣᠭᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠬᠡᠷᠡᠭᠲᠡᠢ᠃ ᠬᠤᠭᠤᠴᠠᠭ᠎ᠠ ᠠᠴᠠ ᠥᠩᠭᠡᠷᠡᠪᠡᠯ ᠨᠥᠬᠦᠵᠦ ᠮᠡᠳᠡᠭᠦᠯᠵᠦ ᠥᠭᠬᠦ ᠦᠭᠡᠢ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ᠂ ᠨᠡᠷ᠎ᠡ ᠮᠡᠳᠡᠭᠦᠯᠦᠭᠰᠡᠳ ᠤᠷᠢᠳᠠᠪᠡᠷ ᠨᠡᠷ᠎ᠡ ᠮᠡᠳᠡᠭᠦᠯᠬᠦ ᠭᠠᠵᠠᠷ ᠢᠶᠠᠨ ᠮᠠᠨ ᠤ ᠣᠷᠣᠨ ᠤ ︽× × ᠠᠶᠢᠮᠠᠭ ᠬᠤᠲᠠ︾ ᠪᠣᠯᠬᠤ ᠶᠢ ᠰᠤᠩᠭᠤᠵᠤ᠂  ᠳᠠᠷᠠᠭ᠎ᠠ ᠨᠢ ᠴᠤᠪᠤᠷᠠᠯ ᠶᠤᠰᠤᠭᠠᠷ ᠭᠦᠢᠴᠡᠳᠬᠡᠨ᠎ᠡ᠃      ᠬᠠᠤᠯᠢ ᠴᠠᠭᠠᠵᠠ ᠶᠢᠨ ᠰᠢᠯᠭᠠᠯᠲᠠ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠶᠢ ᠬᠡᠷᠡᠭᠵᠢᠭᠦᠯᠦᠨ᠎ᠡ ᠃ ︽ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠰᠢᠯᠭᠠᠭᠤᠯᠬᠤ ᠶᠠᠪᠤᠳᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠦᠷᠭᠦᠯᠵᠢᠯᠡᠭᠦᠯᠦᠨ ᠬᠡᠷᠡᠭᠵᠢᠭᠦᠯᠬᠦ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠵᠠᠬᠢᠳᠠᠯ︾᠎ ᠳᠤ ᠲᠣᠭᠲᠠᠭᠠᠭᠰᠠᠨ ᠢᠶᠠᠷ᠂ ᠰᠢᠯᠭᠠᠯᠲᠠ ᠶᠢᠨ ᠰᠦᠢᠳᠬᠡᠯ ᠨᠢ 230 ᠲᠥᠭᠦᠷᠢᠭ᠂ ᠰᠦᠢᠳᠬᠡᠯ ᠬᠤᠷᠢᠶᠠᠵᠤ ᠳᠠᠭᠤᠰᠬᠤ ᠴᠠᠭ ᠬᠤᠭᠤᠴᠠᠭ᠎ᠠ ᠨᠢ 7 ᠳ᠋ᠤᠭᠠᠷ ᠰᠠᠷ᠎ᠠ ᠶᠢᠨ 10᠎ ᠤ ᠡᠳᠦᠷ ᠬᠦᠷᠲᠡᠯ᠎ᠡ ᠪᠣᠯᠣᠨ᠎ᠠ᠃ ᠨᠡᠷ᠎ᠡ ᠮᠡᠳᠡᠭᠦᠯᠦᠭᠰᠡᠳ ᠰᠦᠯᠵᠢᠶᠡᠨ ᠳᠡᠭᠡᠷ᠎ᠡ ᠲᠤᠰᠢᠶᠠᠭᠰᠠᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠭᠠᠵᠠᠷ ᠢᠶᠠᠨ ᠬᠤᠪᠢᠷᠠᠭᠤᠯᠵᠤ ᠪᠣᠯᠬᠤ ᠦᠭᠡᠶ᠃ ᠬᠤᠪᠢ ᠬᠥᠮᠦᠨ ᠤ ᠰᠢᠯᠲᠠᠭᠠᠨ ᠠᠴᠠ ᠪᠣᠯᠵᠤ ᠨᠡᠷ᠎ᠡ ᠮᠡᠳᠡᠭᠦᠯᠦᠭᠰᠡᠨ ᠨᠢ ᠬᠦᠴᠦᠨ ᠦᠭᠡᠶ ᠪᠣᠯᠣᠭᠰᠠᠨ ᠪᠣᠯ ᠰᠢᠯᠭᠠᠯᠲᠠ ᠶᠢᠨ ᠰᠦᠢᠳᠬᠡᠯ ᠢ  ᠪᠤᠴᠠᠭᠠᠵᠤ ᠥᠭᠬᠦ ᠦᠭᠡᠢ᠃ ᠨᠡᠷ᠎ᠡ ᠮᠡᠳᠡᠭᠦᠯᠦᠭᠰᠡᠳ ᠰᠦᠯᠵᠢᠶᠡᠨ ᠳᠡᠭᠡᠷ᠎ᠡ ᠨᠡᠷ᠎ᠡ ᠪᠠᠨ ᠮᠡᠳᠡᠭᠦᠯᠦᠭᠰᠡᠨ ᠤ ᠳᠠᠷᠠᠭ᠎ᠠ᠂ 9 ᠳ᠋ᠦ᠋ᠭᠡᠷ ᠰᠠᠷ᠎ᠠ ᠶᠢᠨ4᠎ ᠤ ᠡᠳᠦᠷ ᠠᠴᠠ 9 ᠳ᠋ᠦ᠋ᠭᠡᠷ ᠰᠠᠷ᠎ᠠ ᠶᠢᠨ18᠎ ᠤ ᠡᠳᠦᠷ ᠬᠦᠷᠲᠡᠯ᠎ᠡ ᠬᠠᠤᠯᠢ ᠴᠠᠭᠠᠵᠠ ᠶᠢᠨ ᠶᠠᠮᠤᠨ ᠤ ᠰᠦᠯᠵᠢᠶᠡᠨ ᠳᠤ ᠭᠠᠷᠴᠣ ᠰᠢᠯᠭᠠᠭᠤᠯᠬᠤ ᠦᠨᠡᠮᠯᠡᠯ ᠢ ᠥᠪᠡᠷ ᠢᠶᠠᠨ ᠪᠠᠭᠤᠯᠭᠠᠨ ᠳᠠᠷᠤᠮᠠᠯᠯᠠᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号