2015 ᠣᠨ ᠤ ᠥᠪᠥᠷ ᠮᠣᠩᠭᠤᠯ ᠪᠣᠯᠣᠨ ᠮᠣᠩᠭᠤᠯ ᠤᠯᠤᠰ ᠤᠨ ᠪᠡᠯᠡ ᠣᠷᠤᠭᠤᠯᠬᠤ | ᠠᠷᠠᠯᠵᠢᠶᠠᠨ ᠤ ᠵᠦᠪᠳᠡᠨ ᠬᠡᠯᠡᠯᠴᠡᠬᠦ ᠬᠤᠷᠠᠯ 9 ᠤ ᠡᠳᠦᠷ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠳᠤᠷ ᠲᠤ | ᠲᠡᠭᠦᠰᠪᠡ᠂ ᠳᠤᠮᠳᠠᠲᠤ ᠮᠣᠩᠭᠤᠯ ᠬᠤᠶᠠᠷ ᠤᠯᠤᠰ ᠤᠨ ᠠᠵᠤ ᠠᠬᠤᠶᠢᠯᠠᠯ ᠤᠳ ᠠᠷᠠᠯᠵᠢᠶᠠᠨ ᠤ ᠪᠡᠯᠡ ᠣᠷᠣᠭᠤᠯᠵᠤ | ᠬᠠᠮᠲᠤᠷᠠᠨ ᠠᠵᠢᠯᠯᠠᠬᠤ ᠵᠦᠪᠯᠡᠯᠴᠡᠭᠡᠷ 19 ᠵᠦᠢᠯ ᠲᠣᠭᠲᠠᠵᠤ᠂ ᠵᠦᠪᠯᠡᠯᠴᠡᠭᠡᠷ ᠤᠨ ᠵᠣᠭᠤᠰ ᠤᠨ ᠲᠤᠭ᠎ᠠ 4.17 | ᠳ᠋ᠦᠩᠰᠢᠭᠤᠷ ᠳ᠋ᠣᠯᠯᠠᠷ ᠲᠤ ᠬᠥᠷᠪᠡ᠃ ᠡᠨᠡᠬᠦ ᠬᠤᠶᠠᠷ ᠡᠳᠦᠷ ᠤᠨ ᠬᠤᠭᠤᠴᠠᠭ᠎ᠠ ᠲᠠᠢ ᠵᠥᠪᠳᠡᠨ ᠬᠡᠯᠡᠯᠴᠡᠬᠦ ᠬᠤᠷᠠᠯ | ᠳᠡᠭᠡᠷ᠎ᠡ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ 143 | ᠠᠵᠤ ᠠᠬᠤᠶᠢᠯᠠᠯ ᠮᠣᠩᠭᠤᠯ ᠤᠯᠤᠰ ᠤᠨ ᠬᠠᠮᠢᠶ᠎ᠡ ᠪᠦᠬᠦᠢ ᠲᠠᠯ᠎ᠠ ᠯᠤᠭ᠎ᠠ ᠠᠵᠤ ᠠᠬᠤᠶ ᠠᠷᠠᠯᠵᠢᠶ᠎ᠠ᠂ ᠡᠨᠧᠷᠭᠢ | ᠠᠭᠤᠷᠬᠠᠶ ᠶᠢᠨ ᠭᠠᠷᠤᠯᠲᠠ᠂ ᠲᠠᠷᠢᠶᠠᠯᠠᠩ᠂ ᠰᠢᠨᠵᠢᠯᠡᠬᠦ ᠤᠬᠠᠭᠠᠨ ᠮᠡᠷᠭᠡᠵᠢᠯ᠂ ᠮᠥᠩᠭᠦᠨ ᠭᠦᠢᠯᠭᠡᠭᠡ ᠵᠡᠷᠭᠡ ᠬᠦᠷᠢᠶ᠎ᠡ | ᠬᠡᠪᠴᠢᠶ᠎ᠡ ᠳᠤ ᠵᠣᠯᠭᠠᠭᠤᠯᠤᠨ ᠵᠦᠪᠳᠡᠨ ᠬᠡᠯᠡᠯᠴᠡᠵᠦ᠂ ᠭᠠᠷ ᠤᠨ ᠦᠰᠦᠭ ᠵᠢᠷᠤᠭᠰᠠᠨ ᠵᠦᠪᠯᠡᠯᠴᠡᠭᠡᠷ ᠨᠢ ᠠᠭᠠᠷ ᠤᠨ | ᠲᠡᠭᠡᠭᠡᠪᠦᠷᠢ᠂ ᠠᠭᠤᠷᠬᠠᠶ ᠶᠢᠨ ᠦᠢᠯᠡᠰ ᠤᠨ ᠪᠡᠯᠡ ᠣᠷᠣᠭᠤᠯᠤᠯᠲᠠ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ | ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠮᠠᠯ ᠠᠵᠤ ᠠᠬᠤᠶ ᠶᠢᠨ ᠲᠡᠵᠢᠭᠡᠵᠦ ᠦᠷᠡᠵᠢᠭᠦᠯᠬᠦ ᠪᠠ | ᠲᠠᠷᠢᠶᠠᠯᠠᠩ ᠤᠨ ᠲᠠᠷᠢᠵᠤ ᠤᠷᠭᠤᠭᠤᠯᠬᠤ ᠵᠡᠷᠭᠡ ᠳᠤ ᠬᠤᠯᠪᠤᠭᠳᠠᠵᠤ᠂ ᠵᠦᠪᠯᠡᠯᠴᠡᠭᠡᠷ ᠲᠣᠭᠲᠠᠭᠰᠠᠨ ᠲᠤᠭ᠎ᠠ ᠬᠡᠮᠵᠢᠶ᠎ᠡ | ᠪᠣᠯᠤᠨ ᠵᠣᠭᠤᠰ ᠤᠨ ᠲᠤᠭ᠎ᠠ ᠨᠢ ᠨᠢᠳᠤᠨᠤᠨ ᠤ ᠬᠢ ᠠᠴᠠ ᠬᠤᠯᠠ ᠳᠠᠪᠠᠪᠠ᠃ | ᠣᠶᠢᠷ᠎ᠠ ᠶᠢᠨ ᠵᠢᠯ ᠳᠤ᠂ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠬᠢᠭᠡᠳ ᠮᠣᠩᠭᠤᠯ ᠤᠯᠤᠰ ᠤᠨ ᠠᠵᠤ ᠠᠬᠤᠶ ᠠᠷᠠᠯᠵᠢᠶᠠᠨ ᠤ ᠬᠠᠷᠢᠴᠠᠭ᠎ᠠ ᠦᠳᠲᠡᠷ ᠲᠦᠷᠭᠡᠨ ᠬᠥᠭᠵᠢᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠭ᠎ᠠ | ᠪᠠᠷᠢᠮᠲᠠ ᠠᠴᠠ ᠦᠵᠡᠪᠡᠯ᠂ 2014 ᠣᠨ ᠳᠤ᠂ ᠥᠪᠥᠷ ᠮᠣᠩᠭᠤᠯ ᠬᠢᠭᠡᠳ ᠮᠣᠩᠭᠤᠯ ᠤᠯᠤᠰ ᠤᠨ ᠠᠷᠠᠯᠵᠢᠶᠠᠨ ᠤ | ᠨᠤᠷᠮ᠎ᠠ 40.97 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.8 % ᠪᠠᠷ | ᠨᠡᠮᠡᠭᠳᠡᠪᠡ᠃ ᠮᠣᠩᠭᠤᠯ ᠤᠯᠤᠰ 3 ᠵᠢᠯ ᠳᠠᠷᠠᠭᠠᠯᠠᠨ ᠥᠪᠥᠷ ᠮᠣᠩᠭᠤᠯ ᠤᠨ ᠨᠢᠭᠡᠳᠦᠭᠡᠷ ᠲᠣᠮᠣ ᠠᠷᠠᠯᠵᠢᠶᠠᠨ ᠤ | ᠬᠠᠨᠢᠲᠠᠨ ᠪᠣᠯᠣᠭᠰᠠᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ ᠤᠨ ᠳᠠᠷᠤᠭ᠎ᠠ ᠰᠦᠨ ᠸᠧᠢ ᠳ᠋ᠦᠩ ᠬᠡᠯᠡᠬᠦ ᠳᠡᠭᠡᠨ᠂ ᠥᠪᠥᠷ ᠮᠣᠩᠭᠤᠯ ︽ᠨᠢᠭᠡ ᠪᠦᠰᠡ ᠨᠢᠭᠡ | ᠵᠠᠮ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤᠮᠳᠠ ᠥᠪᠡᠷᠮᠢᠴᠡ ᠣᠨᠴᠠᠯᠢᠭ ᠪᠥᠬᠦᠢ ᠣᠷᠣᠨ | ᠪᠠᠶᠢᠷᠢ ᠶᠢᠨ ᠳᠠᠪᠠᠭᠤᠯᠢᠭ ᠲᠠᠢ ᠪᠠᠶᠢᠵᠤ᠂ ᠮᠣᠩᠭᠤᠯ ᠤᠯᠤᠰ ᠯᠤᠭ᠎ᠠ ᠶᠢᠨ ᠬᠠᠷᠢᠯᠴᠠᠨ ᠠᠰᠢᠭᠲᠠᠶ ᠪᠠᠷ ᠬᠠᠮᠲᠤᠷᠠᠨ | ᠠᠵᠢᠯᠯᠠᠬᠤ ᠶᠢ ᠦᠷᠭᠦᠯᠵᠢᠯᠡᠨ ᠴᠢᠩᠭᠠᠳᠬᠠᠵᠤ᠂ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ | ᠡᠷᠢᠶᠡᠨ ᠬᠤᠲᠠ ᠪᠠ ᠵᠠᠮ ᠤᠨ ᠡᠭᠦᠳᠡ ᠳᠤ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠠᠵᠤ ᠠᠬᠤᠶ ᠶᠢᠨ | ᠬᠠᠮᠲᠤᠷᠠᠨ ᠠᠵᠢᠯᠯᠠᠬᠤ ᠣᠷᠣᠨ ᠪᠠᠶᠢᠭᠤᠯᠬᠤ ᠶᠢ ᠳᠥᠯᠭᠢᠨ ᠠᠬᠢᠭᠤᠯᠤᠨ᠎ᠠ ᠭᠡᠵᠡᠢ᠃ ᠮᠣᠩᠭᠤᠯ ᠤᠯᠤᠰ ᠤᠨ ᠠᠵᠤ | ᠦᠢᠯᠡᠳᠪᠦᠷᠢ ᠬᠤᠳᠠᠯᠳᠤᠭᠠᠨ ᠤ ᠨᠡᠶᠢᠭᠡᠮᠯᠢᠭ ᠤᠨ ᠳᠠᠷᠤᠭ᠎ᠠ ᠮ᠊᠂ ᠣᠶᠤᠨᠴᠢᠮᠡᠭ ᠬᠡᠯᠡᠭᠰᠡᠨ ᠨᠢ᠂ ᠮᠣᠩᠭᠤᠯ | ᠤᠯᠤᠰ ᠤᠨ ᠵᠠᠰᠠᠭ ᠤᠨ ᠣᠷᠳᠣᠨ ᠭᠠᠳᠠᠭᠠᠳᠤ ᠶᠢᠨ ᠪᠡᠯᠡ ᠣᠷᠣᠭᠤᠯᠤᠯᠲᠠ ᠶᠢ ᠲᠠᠲᠠᠨ ᠠᠪᠴᠢᠷᠠᠬᠤ ᠲᠣᠭᠲᠠᠭᠠᠯ ᠢ | ᠨᠢᠭᠡᠨᠳᠡ ᠭᠠᠷᠭᠠᠭᠰᠠᠨ ᠪᠥᠭᠡᠳ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠤᠯᠢ ᠴᠠᠭᠠᠵᠠ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ ᠪᠣᠯᠣᠨ᠎ᠠ ᠭᠡᠵᠡᠢ᠃ ᠳᠤᠮᠳᠠᠳᠤ ᠤᠯᠤᠰ ᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠬᠢᠭᠡᠳ ᠮᠣᠩᠭᠤᠯ ᠤᠯᠤᠰ ᠤᠨ ᠬᠢᠯᠢ ᠶᠢᠨ ᠱᠤᠭᠤᠮ ᠤᠨ ᠣᠷᠳᠣ ᠨᠢ 3000 ᠢᠯᠡᠭᠦᠦ ᠺᠢᠯᠣᠮᠧᠲᠷ | ᠲᠤ ᠬᠦᠷᠴᠦ᠂ 9 ᠬᠢᠯᠢ ᠶᠢᠨ ᠪᠣᠭᠤᠮᠲᠠ ᠮᠣᠩᠭᠤᠯ ᠤᠯᠤᠰ ᠯᠤᠭ᠎ᠠ ᠬᠠᠷᠢᠯᠴᠠᠨ ᠬᠤᠯᠪᠤᠭᠠᠯᠠᠨ ᠨᠡᠪᠲᠡᠷᠡᠯᠴᠡᠵᠦ᠂ | ᠳᠤᠮᠳᠠᠳᠤ ᠮᠣᠩᠭᠤᠯ ᠤᠨ ᠬᠤᠭᠤᠷᠣᠨᠳᠣᠬᠢ 95% ᠶᠢᠨ ᠠᠴᠢᠶ᠎ᠡ ᠲᠡᠭᠡᠭᠡᠪᠦᠷᠢ ᠶᠢᠨ ᠬᠡᠮᠵᠢᠶ᠎ᠡ ᠶᠢ ᠡᠭᠦᠷᠭᠡᠯᠡᠵᠦ | ᠪᠠᠶᠢᠭ᠎ᠠ ᠶᠤᠮ᠃ |