6 ᠰᠠᠷ᠎ᠠ ᠶᠢᠨ 8 ᠤ ᠡᠳᠤᠷ ᠠᠴᠠ 9 ᠤ ᠡᠳᠦᠷ ᠪᠣᠯᠲᠠᠯ᠎ᠠ᠂ ᠦᠪᠡᠷᠳᠡᠬᠡᠨ ᠵᠠᠰᠠᠬᠤ ᠤᠷᠤᠨ ᠤ | ᠤᠯᠤᠰ ᠲᠦᠷᠤ ᠶᠢᠨ ᠵᠦᠪᠯᠡᠯᠬᠡᠨ ᠤ ᠲᠡᠷᠢᠭᠦᠯᠡᠭᠴᠢ ᠷᠧᠨ ᠶᠠ ᠫᠢᠩ᠂ ᠦᠪᠡᠷᠳᠡᠬᠡᠨ ᠵᠠᠰᠠᠬᠤ ᠤᠷᠤᠨ ᠤ ᠤᠯᠤᠰ | ᠲᠦᠷᠤ ᠶᠢᠨ ᠵᠦᠪᠯᠡᠯᠬᠡᠨ ᠤ ᠳᠡᠳ᠋ ᠲᠡᠷᠢᠭᠦᠯᠡᠭᠴᠢ ᠴᠧᠨ ᠢᠤᠢ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ | ᠶᠢᠨ ᠵᠦᠪᠯᠡᠯᠬᠡᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠸᠧᠢ ᠵᠢᠶᠦ᠋ᠨ ᠵᠢᠴᠢ ᠬᠡᠰᠡᠭ | ᠲᠤᠰᠬᠠᠢ ᠬᠤᠷᠢᠶᠠᠨ ᠤ ᠬᠠᠷᠢᠭᠤᠴᠠᠯᠭᠠᠳᠠᠨ ᠤᠯᠠᠭᠠᠨᠴᠠᠪ ᠬᠤᠳᠠ ᠳᠤ ᠭᠤᠣᠯᠳᠠᠯᠭ᠎ᠠ ᠲᠠᠢ ᠠᠵᠢᠯ ᠪᠤᠯᠤᠨ | ᠭᠤᠣᠯᠳᠠᠯᠭ᠎ᠠ ᠲᠠᠢ ᠲᠦᠷᠤᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠠ᠃ | ᠷᠧᠨ ᠶᠠ ᠫᠢᠩ᠂ ︽ᠠᠷᠪᠠ ᠶᠢ ᠪᠦᠷᠬᠦᠬᠦᠯᠬᠦ︾ ᠪᠤᠯ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠡ᠂ ᠵᠠᠰᠠᠬ ᠤᠨ ᠤᠷᠳᠤᠨ ᠤ ᠭᠠᠷᠭᠠᠬᠰᠠᠨ ᠰᠢᠨᠵᠢᠯᠡᠬᠦ ᠤᠬᠠᠭᠠᠨᠴᠢ ᠰᠢᠢᠳᠪᠤᠷᠢᠳᠤ ᠪᠣᠳᠣᠯᠭ᠎ᠠ᠂ ᠮᠠᠯᠵᠢᠬᠤ | ᠲᠠᠷᠢᠶᠠᠯᠠᠬᠤ ᠤᠷᠤᠨ ᠤ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠮᠠᠯᠵᠢᠬᠤ ᠲᠠᠷᠢᠶᠠᠯᠠᠬᠤ ᠤᠷᠤᠨ | ᠪᠤᠯᠤᠨ ᠮᠠᠯᠴᠢᠨ ᠲᠠᠷᠢᠶᠠᠴᠢᠨ ᠤ ᠤᠳᠤᠬᠢᠴᠢᠯᠠᠯᠳᠠ ᠶᠢ ᠵᠡᠷᠬᠡᠪᠡᠷ ᠪᠡᠶᠡᠯᠡᠬᠦᠯᠬᠦ ᠳᠤ ᠬᠦᠨᠵᠡᠬᠡᠢ ᠠᠴᠢ | ᠬᠤᠯᠪᠤᠬᠳᠠᠯ ᠲᠠᠢ ᠶᠤᠮ᠃ ᠤᠨᠴᠠᠭᠠᠢᠢᠯᠠᠨ ᠤᠯᠠᠭᠠᠨᠴᠠᠪ ᠬᠤᠳᠠ ᠶᠢᠨ ᠮᠠᠯᠵᠢᠬᠤ ᠲᠠᠷᠢᠶᠠᠯᠠᠬᠤ ᠤᠷᠤᠨ᠂ ᠮᠠᠯ | ᠲᠠᠷᠢᠶᠠᠯᠠᠩ᠂ ᠮᠠᠯᠴᠢᠨ ᠲᠠᠷᠢᠶᠠᠴᠢᠨ ᠤ ᠠᠵᠢᠯ ᠤᠨ ᠡᠬᠦᠷᠬᠡ ᠨᠡᠯᠢᠶᠡᠳ ᠬᠦᠨᠳᠤ ᠪᠤᠯᠬᠤᠷ ︽ᠠᠷᠪᠠ ᠶᠢ ᠪᠦᠷᠬᠦᠬᠦᠯᠬᠦ︾ | ᠠᠵᠢᠯ ᠢ ᠨᠡᠩ ᠲᠡᠭᠡᠳᠤ ᠬᠡᠮᠵᠢᠶ᠎ᠡ ᠪᠠᠷ ᠴᠢᠬᠤᠯᠠᠴᠢᠯᠠᠪᠠᠯ ᠵᠣᠬᠢᠨ᠎ᠠ᠃ ᠡᠳᠡᠬᠡᠷ ᠲᠥᠷᠥᠯ ᠵᠦᠢᠯ ᠤᠨ ᠠᠴᠢ | ᠬᠤᠯᠪᠤᠬᠳᠠᠯ ᠶᠡᠭᠡ ᠪᠣᠯᠬᠤᠷ ᠡᠷᠬᠡᠪᠰᠢ ᠭᠤᠣᠯᠳᠠᠯᠭ᠎ᠠ ᠲᠠᠢ ᠲᠥᠷᠥᠯ ᠵᠦᠢᠯ ᠪᠤᠯᠤᠨ ᠭᠤᠣᠯᠳᠠᠯᠭ᠎ᠠ ᠲᠠᠢ ᠠᠵᠢᠯ ᠲᠠᠢ | ᠬᠠᠮᠳᠤᠪᠡᠷ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ᠂ ᠨᠠᠷᠢᠨ ᠨᠢᠬᠳᠠ ᠠᠬᠢᠭᠤᠯᠵᠤ᠂ ᠪᠦᠬᠦᠨ ᠢ ᠰᠢᠯᠢᠳᠡᠭ | ᠲᠦᠷᠤᠯ ᠵᠦᠢᠯ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠷᠧᠨ ᠶᠠ ᠫᠢᠩ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠤᠪᠵᠢᠬᠦᠯᠬᠡ ᠶᠢ ᠶᠠᠭ | ᠡᠬᠢᠯᠡᠭᠦᠯᠬᠦ ᠪᠠᠷ ᠪᠤᠢ᠂ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠢᠯᠠᠯᠳᠠ ᠲᠠᠢ | ᠤᠭᠲᠤᠬᠤ ᠪᠠ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠠᠷ ᠪᠡᠶᠡᠯᠡᠬᠦᠯᠬᠦ ᠬᠤᠭᠤᠴᠠᠭ᠎ᠠ ᠤᠢᠢᠷᠠᠳᠴᠤ ᠢᠷᠡᠬᠦ | ᠲᠠᠰᠢᠷᠠᠮ ᠳᠤ᠂ ᠤᠯᠠᠭᠠᠨᠴᠠᠪ ᠬᠤᠲᠠ ᠨᠢ ᠬᠤᠷᠳᠤᠴᠠ ᠪᠠᠨ ᠨᠡᠮᠡᠭᠳᠡᠭᠦᠯᠵᠦ᠂ ᠡᠷᠬᠡᠪᠰᠢ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠡ᠂ ᠵᠠᠰᠠᠭ ᠤᠨ ᠣᠷᠳᠣᠨ ᠤ ᠱᠠᠭᠠᠷᠳᠠᠯᠭ᠎ᠠ ᠪᠠᠷ᠂ ᠡᠯ᠎ᠡ ᠵᠦᠢᠯ ᠤᠨ ᠠᠵᠢᠯ ᠪᠤᠯᠤᠨ | ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠤ ᠪᠠᠷ ᠢᠶᠠᠨ ᠰᠠᠶᠢᠳᠤᠷ ᠠᠳᠬᠤᠵᠤ᠂ ᠪᠤᠳᠠᠳᠠᠢ ᠠᠵᠢᠯ ᠢ | ᠡᠷᠢᠨ ᠰᠤᠪᠢᠵᠤ᠂ ᠪᠤᠳᠠᠳᠠᠢ ᠠᠵᠢᠯ ᠬᠢᠵᠤ᠂ ᠤᠢᠢᠯᠡᠰ ᠪᠤᠰᠬᠠᠵᠤ᠂ ᠰᠢᠨ᠎ᠡ ᠬᠡᠪ ᠪᠠᠶᠢᠳᠠᠯ ᠳᠤ ᠰᠢᠨ᠎ᠡ ᠠᠷᠭ᠎ᠠ ᠬᠢᠳᠡᠯ | ᠢᠯᠡᠷᠡᠬᠦᠯᠵᠤ᠂ ᠤᠯᠠᠭᠠᠨᠴᠠᠪ ᠤᠨ ᠰᠠᠶᠢᠨ ᠰᠠᠶᠢᠬᠠᠨ ᠮᠠᠷᠭᠠᠰᠢ ᠶᠢ ᠬᠠᠮᠲᠤᠪᠡᠷ ᠢᠶᠠᠨ ᠴᠤᠭᠴᠠᠯᠠᠨ ᠪᠠᠶᠢᠭᠤᠯᠰᠤᠭᠠᠢ | ᠭᠡᠵᠦ ᠴᠢᠬᠤᠯᠠᠴᠢᠯᠠᠪᠠ᠃ |