ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 6 ᠳ᠋ᠤᠭᠠᠷ ᠰᠠᠷ᠎ᠠ ᠶᠢᠨ 2 ᠤᠨ | ᠡᠳᠦᠷ ︽ᠢᠨᠲ᠋ᠧᠷ ᠰᠦᠯᠵᠢᠶ᠎ᠡ + ᠠᠵᠢᠯ ᠢ ᠲᠥᠷᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ | ᠪᠢᠳᠡᠨ ᠳᠤ ︽ᠢᠨᠲ᠋ᠧᠷ ᠰᠦᠯᠵᠢᠶ᠎ᠡ ᠶᠢᠨ +︾ ᠠᠷᠠᠳ ᠢᠷᠭᠡᠳ ᠤᠨ ᠠᠮᠢᠳᠤᠷᠠᠯ ᠳᠤ ᠨᠥᠯᠥᠭᠡ ᠦᠵᠡᠭᠦᠯᠬᠦ ᠪᠣᠷᠣ | ᠲᠥᠯᠥᠪ ᠢ ᠵᠢᠷᠤᠭᠯᠠᠵᠤ ᠥᠭᠪᠡ᠃ | ᠰᠠᠨᠠᠯ ᠳᠤ ᠶᠡᠷᠦᠩᠬᠡᠶ ᠬᠠᠷᠠᠯᠲᠠ ᠶᠢ ᠲᠣᠲᠤᠷᠬᠠᠶᠢᠯᠠᠪᠠ᠂ ᠲᠣᠬᠠᠶᠢᠯᠠᠪᠠᠯ 2020 ᠣᠨ ᠪᠣᠯᠬᠤ ᠳᠤ ︽ | ᠢᠨᠲ᠋ᠧᠷ ᠰᠦᠯᠵᠢᠶ᠎ᠡ +︾ ᠶᠢ ᠲᠦᠷᠭᠡᠳᠬᠡᠨ ᠠᠬᠢᠭᠤᠯᠤᠨ᠂ ᠡᠭᠦᠯᠡᠨ ᠪᠣᠳᠣᠯᠲᠠ᠂ ᠶᠡᠭᠡ ᠲᠤᠭ᠎ᠠ ᠪᠠᠷᠢᠮᠲᠠ᠂ | ᠪᠤᠳᠠᠰᠲᠤ ᠢᠨᠲ᠋ᠧᠷᠨᠧᠲ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠪᠠᠷ ᠲᠥᠯᠥᠭᠡᠯᠡᠭᠦᠯᠦᠭᠰᠡᠨ ᠰᠢᠨ᠎ᠡ ᠨᠢᠭᠡᠨ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠠᠵᠤ ᠠᠬᠤᠶ ᠨᠡᠶᠢᠭᠡᠮ ᠤᠨ ᠡᠯ᠎ᠡ ᠠᠵᠢᠯ ᠲᠥᠷᠥᠯ ᠡᠯ᠎ᠡ ᠬᠦᠷᠢᠶᠡᠨ | ᠳᠤ ᠥᠷᠭᠡᠨ ᠢᠶᠠᠷ ᠬᠡᠷᠡᠭᠯᠡᠵᠦ᠂ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠳᠤᠮᠳᠠ ᠢᠨᠲ᠋ᠧᠷ ᠰᠦᠯᠵᠢᠶ᠎ᠡ ᠶᠢᠨ ᠪᠠᠳᠠᠷᠠᠭᠤᠯᠬᠤ ᠦᠢᠯᠡᠳᠦᠯ ᠢ | ᠢᠯᠡᠷᠬᠡᠶ ᠪᠣᠯᠭᠠᠵᠤ᠂ ᠮᠡᠳᠡᠭᠡ ᠵᠠᠩᠭᠢ ᠶᠢᠨ ᠬᠡᠷᠡᠭᠯᠡᠭᠡ ᠶᠢ ᠦᠳᠲᠡᠷ ᠲᠦᠷᠭᠡᠨ ᠨᠡᠮᠡᠭᠳᠡᠭᠦᠯᠵᠦ᠂ ᠢᠨᠲ᠋ᠧᠷ | ᠰᠦᠯᠵᠢᠶᠡᠨ ᠤ ᠠᠵᠤ ᠠᠬᠤᠶ ᠶᠢᠨ ᠬᠥᠭᠵᠢᠯᠲᠡ ᠶᠢᠨ ᠲᠥᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠳᠡᠰ ᠤᠨ ᠢᠨᠲ᠋ᠧᠷ ᠰᠦᠯᠵᠢᠶᠡᠨ ᠤ ᠠᠵᠤ ᠠᠬᠤᠶ ᠴᠤᠭᠯᠠᠷᠠᠭᠰᠠᠨ ᠲᠣᠭᠤᠷᠢᠭ 5᠂ | ᠡᠯᠧᠺᠲᠷᠣᠨ ᠬᠤᠳᠠᠯᠳᠤᠭᠠᠨ ᠤ ᠶᠠᠪᠣᠳᠠᠯ ᠲᠥᠪᠯᠡᠷᠡᠭᠰᠡᠨ ᠲᠣᠭᠤᠷᠢᠭ10᠂ ᠪᠡᠯᠡᠨ ᠲᠠᠸᠠᠷ ᠤᠨ ᠡᠯᠧᠺᠲᠷᠣᠨ | ᠠᠷᠠᠯᠵᠢᠶᠠᠨ ᠤ ᠵᠠᠬ᠎ᠠ ᠳᠡᠯᠭᠡᠭᠦᠷ10 ᠶᠢ ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢ | 5800 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠢᠨᠲ᠋ᠧᠷ ᠰᠦᠯᠵᠢᠶᠡᠨ ᠤ ᠦᠢᠯᠡᠴᠢᠯᠡᠭᠡᠨ ᠤ | ᠣᠷᠣᠯᠭ᠎ᠠ ᠶᠢ 500 ᠳ᠋ᠦᠩᠰᠢᠭᠤᠷ ᠲᠥᠬᠦᠷᠢᠭ ᠲᠤ ᠬᠦᠷᠦᠭᠦᠯᠦᠨ᠎ᠡ᠃ | ︽ᠢᠨᠲ᠋ᠧᠷ ᠰᠦᠯᠵᠢᠶ᠎ᠡ +︾ ᠨᠢ ᠣᠯᠠᠨ ᠠᠵᠢᠯ ᠲᠦᠷᠦᠯ ᠢ ᠨᠥᠯᠥᠭᠡᠯᠡᠨ᠎ᠡ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠨᠡᠬᠦ ᠰᠠᠨᠠᠯ ᠳᠠᠭᠠᠨ ᠲᠥᠪᠯᠡᠷᠡᠩᠭᠦᠢ | ᠬᠥᠭᠵᠢᠭᠦᠯᠬᠦ ᠣᠯᠠᠨ ᠭᠤᠣᠯᠳᠠᠯᠭ᠎ᠠ ᠶᠢᠨ ᠴᠢᠭ᠋ ᠢ ᠳᠤᠷᠠᠳᠪᠠ ᠃ | ︽ᠢᠨᠲ᠋ᠧᠷ ᠰᠦᠯᠵᠢᠶ᠎ᠡ +︾ ᠶᠢᠨ ᠠᠵᠤ ᠦᠢᠯᠡᠳᠪᠦᠷᠢ ᠶᠢᠨ ᠲᠠᠯ᠎ᠠ ᠪᠠᠷ ᠲᠣᠲᠣᠷᠬᠠᠶᠢᠯᠠᠭᠰᠠᠨ ᠨᠢ᠄ | ᠨᠡᠭᠦᠷᠡᠰᠦ᠂ ᠴᠠᠬᠢᠯᠭᠠᠨ ᠬᠦᠴᠦ᠂ ᠲᠡᠮᠦᠷᠯᠢᠭ ᠬᠠᠶᠢᠯᠤᠭᠤᠯᠬᠤ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ | ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠡᠳ᠋ᠰᠢᠭᠦᠯᠭᠡ᠂ ᠲᠣᠨᠤᠭ ᠲᠥᠬᠦᠭᠡᠷᠦᠮᠵᠢ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ᠂ ︽ᠢᠨᠲ᠋ᠧᠷ | ᠰᠦᠯᠵᠢᠶ᠎ᠡ +︾ ᠶᠢ ᠳᠥᠯᠭᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠣᠶᠣᠨᠴᠢᠯᠠᠨ ᠦᠢᠯᠡᠳᠬᠦ ᠪᠠ | ᠮᠡᠳᠡᠭᠡ ᠵᠠᠩᠭᠢᠵᠢᠯᠲᠠ ᠪᠣᠯᠣᠨ ᠠᠵᠤ ᠦᠢᠯᠡᠳᠪᠦᠷᠢᠵᠢᠭᠦᠯᠦᠯᠲᠡ ᠶᠢ ᠭᠦᠨᠵᠡᠭᠡᠶ ᠤᠶᠠᠯᠳᠤᠭᠤᠯᠬᠤ | ᠬᠠᠮᠢᠶᠠᠷᠤᠯᠲᠠ ᠶᠢᠨ ᠰᠢᠰᠲ᠋ᠧᠮ ᠤᠨ ᠪᠠᠷᠢᠮᠵᠢᠶ᠎ᠠ ᠶᠢ ᠲᠣᠣᠱᠯᠠᠭᠤᠯᠬᠤ ᠪᠠᠷᠢᠮᠵᠢᠶ᠎ᠠ ᠶᠢ ᠬᠠᠷᠢᠴᠠᠭᠤᠯᠬᠤ ᠠᠵᠢᠯ ᠢ | ᠦᠷᠨᠢᠭᠦᠯᠦᠨ᠎ᠡ᠃ ᠢᠨᠲ᠋ᠧᠷ ᠰᠦᠯᠵᠢᠶ᠎ᠡ ᠪᠠᠷ ᠰᠠᠭᠤᠷᠢᠯᠠᠭᠰᠠᠨ ᠥᠪᠡᠷᠮᠢᠴᠡ ᠣᠨᠴᠠᠯᠢᠭᠵᠢᠭᠤᠯᠤᠨ ᠦᠢᠯᠡᠳᠬᠦ᠂ ᠪᠥᠭᠡᠮ | ᠪᠣᠭᠤᠳᠠᠯ ᠤᠨ ᠵᠢᠷᠤᠭ ᠲᠥᠯᠥᠪᠯᠡᠭᠡ᠂ ᠡᠭᠦᠯᠡᠨ ᠢᠶᠠᠷ ᠦᠢᠯᠡᠳᠬᠦ ᠵᠡᠷᠭᠡ ᠰᠢᠨ᠎ᠡ ᠮᠠᠶ᠋ᠢᠭ ᠤᠨ ᠦᠢᠯᠡᠳᠬᠦ ᠬᠡᠪ | ᠵᠠᠭᠪᠤᠷ ᠢ ᠬᠥᠭᠵᠢᠭᠦᠯᠵᠦ᠂ ᠬᠡᠷᠡᠭᠯᠡᠭᠡᠨ ᠤ ᠬᠠᠩᠭᠠᠯᠭ᠎ᠠ ᠬᠡᠷᠡᠭᠴᠡᠭᠡ ᠶᠢᠨ ᠬᠦᠳᠡᠯᠦᠯ ᠪᠠᠶᠢᠳᠠᠯ ᠢ ᠰᠡᠷᠡᠵᠦ ᠮᠡᠳᠡᠬᠦ ᠪᠠᠷ | ᠰᠠᠭᠤᠷᠢᠯᠠᠭᠰᠠᠨ ᠰᠤᠳᠤᠯᠤᠨ ᠨᠡᠭᠡᠭᠡᠬᠦ᠂ ᠦᠢᠯᠡᠳᠬᠦ ᠪᠠ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ | ᠬᠡᠯᠪᠡᠷᠢ ᠶᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠤᠶᠤᠨᠳᠤ ᠦᠢᠯᠡᠳᠪᠦᠷᠢ᠂ ᠣᠶᠣᠨᠲᠦ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠰᠦᠪᠡᠭᠴᠢᠯᠡᠬᠦ ᠶᠢᠨ ᠬᠠᠮᠲᠤ ᠠᠵᠤ ᠦᠢᠯᠡᠳᠪᠦᠷᠢ ᠶᠢᠨ | ᠠᠵᠢᠯᠯᠠᠭᠠᠨ ᠤ ᠰᠦᠯᠵᠢᠶᠡᠨ ᠳᠡᠭᠡᠷ᠎ᠡ ᠬᠢᠨᠠᠵᠤ ᠬᠡᠮᠵᠢᠬᠦ ᠲᠠᠪᠴᠠᠩ ᠪᠠᠶᠢᠭᠤᠯᠵᠤ᠂ ᠠᠵᠤ ᠦᠢᠯᠡᠳᠪᠦᠷᠢ ᠶᠢᠨ | ᠠᠵᠢᠯᠯᠠᠭᠠᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠬᠤ ᠶᠢ ᠲᠦᠯᠬᠢᠨ ᠠᠬᠢᠭᠤᠯᠤᠨ᠎ᠠ᠃ | ︽ᠢᠨᠲ᠋ᠧᠷ ᠰᠦᠯᠵᠢᠶ᠎ᠡ +︾ ᠶᠢᠨ ᠲᠠᠷᠢᠶᠠᠯᠠᠩ ᠮᠠᠯ ᠠᠵᠤ ᠠᠬᠤᠶ ᠶᠢᠨ ᠲᠠᠯ᠎ᠠ ᠪᠠᠷ | ᠲᠣᠲᠤᠷᠬᠠᠶᠢᠯᠠᠭᠰᠠᠨ ᠨᠢ᠄ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠪᠦᠷᠢᠨ | ᠪᠦᠷᠬᠦᠬᠦᠯᠬᠦ ᠢᠨᠵᠧᠨᠧᠷᠢᠩ ᠢ ᠬᠡᠷᠡᠭᠵᠢᠭᠦᠯᠵᠦ᠂ ᠥᠷᠭᠡᠨ ᠪᠦᠰᠡ ᠶᠢ ᠲᠣᠰᠬᠤᠨ ᠳᠤ ᠣᠷᠣᠭᠤᠯᠬᠤ᠂ ᠮᠡᠳᠡᠭᠡ ᠵᠠᠩᠭᠢ | ᠶᠢ ᠡᠷᠦᠬᠡ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠮᠡᠳᠡᠭᠡ ᠵᠠᠩᠭᠢᠵᠢᠯᠳᠡ ᠪᠠ ᠲᠠᠷᠢᠶᠠᠯᠠᠩ ᠤᠨ | ᠣᠳᠣᠬᠢᠴᠢᠯᠠᠯᠲᠠ ᠶᠢ ᠵᠡᠷᠭᠡ ᠳᠤᠨᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠪᠦᠬᠦ ᠠᠵᠤ | ᠦᠢᠯᠡᠰ ᠤᠨ ᠬᠡᠯᠬᠢᠶ᠎ᠡ ᠶᠢᠨ ᠣᠶᠣᠨᠲᠦ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ᠂ | ᠲᠠᠷᠢᠶᠠᠯᠠᠩ ᠮᠠᠯ ᠠᠵᠤ ᠠᠬᠤᠶ ᠶᠢᠨ ᠪᠤᠳᠠᠰᠳᠤ ᠢᠨᠲ᠋ᠧᠷᠨᠧᠲ ᠤᠨ ᠲᠤᠷᠰᠢᠯᠲᠠ ᠶᠢᠨ ᠴᠢᠭ᠋ ᠢ ᠦᠷᠨᠢᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠰᠦᠯᠵᠢᠶ᠎ᠡ᠂ 12316 ᠦᠢᠯᠡᠴᠢᠯᠡᠭᠡᠨ ᠤ ᠲᠠᠪᠴᠠᠩ᠂ ᠲᠠᠷᠢᠶᠠᠯᠠᠩ ᠮᠠᠯ ᠠᠵᠤ | ᠠᠬᠤᠶ ᠶᠢᠨ ᠸᠢᠴᠡᠲ ᠤᠨ ᠣᠯᠠᠨ ᠨᠡᠶᠢᠲᠡ ᠶᠢᠨ ᠨᠣᠮᠧᠷ ᠪᠠ ᠰᠢᠯᠵᠢᠮᠡᠯ ᠬᠡᠷᠡᠭᠯᠡᠭᠴᠢ ᠶᠢᠨ ᠴᠣᠩᠬᠤ ᠵᠡᠷᠭᠡ | ᠲᠠᠪᠴᠠᠩ ᠢᠶᠠᠷ ᠰᠠᠭᠤᠷᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ | ᠦᠢᠯᠡᠴᠢᠯᠡᠭᠡ ᠶᠢ ᠦᠷᠨᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢᠵᠢᠯᠳᠡ ᠶᠢᠨ ᠲᠥᠪᠰᠢᠨ ᠢ | ᠳᠡᠭᠡᠭᠰᠢᠯᠡᠭᠦᠯᠦᠨ᠎ᠡ᠃ ᠪᠣᠬᠢᠷᠳᠤᠯ ᠦᠭᠡᠢ᠂ ᠣᠷᠭᠠᠨᠢᠭ᠂ ᠭᠠᠵᠠᠷ ᠵᠦᠶ ᠶᠢᠨ ᠲᠡᠮᠲᠡᠭᠲᠦ ᠵᠡᠷᠭᠡ ᠦᠢᠯᠡᠳᠬᠡᠬᠦᠨ ᠤ | ᠭᠡᠷᠡᠴᠢᠯᠡᠭᠡ ᠶᠢ ᠲᠦᠯᠬᠢᠨ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠲᠠᠷᠢᠶᠠᠯᠠᠬᠤ ᠮᠠᠯᠵᠢᠬᠤ | ᠣᠷᠣᠨ ᠳᠤ ᠣᠷᠣᠭᠤᠯᠬᠤ ᠶᠢ ᠳᠡᠮᠵᠢᠵᠦ᠂ ᠲᠠᠷᠢᠶᠠᠯᠠᠬᠤ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠲᠤᠯᠭᠠᠭᠤᠷᠢ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ ᠪᠦᠷᠢᠨᠰᠢᠭᠦᠯᠦᠨ᠎ᠡ᠃ | ︽ᠢᠨᠲ᠋ᠧᠷ ᠰᠦᠯᠵᠢᠶ᠎ᠡ +︾ ᠶᠢᠨ ᠠᠷᠠᠯᠵᠢᠶ᠎ᠠ ᠬᠤᠳᠠᠯᠳᠤᠭᠠᠨ ᠤ ᠲᠠᠯ᠎ᠠ ᠪᠠᠷ ᠲᠣᠲᠤᠷᠬᠠᠶᠢᠯᠠᠭᠰᠠᠨ ᠨᠢ | ᠄ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠠᠷᠢᠨ ᠬᠤᠪᠢᠶᠠᠷᠢ ᠬᠡᠪᠴᠢᠶᠡᠨ ᠳᠠᠬᠢ ᠬᠥᠭᠵᠢᠯᠲᠡ ᠶᠢ ᠲᠦᠯᠬᠢᠨ | ᠠᠬᠢᠭᠤᠯᠵᠤ᠂ ᠡᠭᠴᠡ ᠲᠥᠷᠥᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠢ ᠵᠣᠷᠢᠭᠵᠢᠭᠤᠯᠤᠨ ᠬᠥᠭᠵᠢᠭᠦᠯᠵᠦ᠂ | ᠨᠡᠭᠦᠷᠡᠰᠦ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠣᠨᠴᠠᠯᠢᠭᠲᠤ ᠲᠠᠷᠢᠶᠠᠯᠠᠩ ᠮᠠᠯ ᠠᠵᠤ | ᠠᠬᠤᠶ ᠶᠢᠨ ᠪᠦᠲᠦᠭᠡᠭᠳᠡᠬᠦᠨ᠂ ᠬᠤᠪᠣᠷ ᠰᠢᠷᠣᠶ ᠵᠡᠷᠭᠡ ᠪᠡᠯᠡᠨ ᠲᠠᠸᠠᠷ ᠤᠨ ᠡᠯᠧᠺᠲᠷᠣᠨ ᠬᠤᠳᠠᠯᠳᠤᠭ᠎ᠠ ᠶᠢᠨ | ᠠᠷᠠᠯᠵᠢᠶᠠᠨ ᠤ ᠲᠠᠪᠴᠠᠩ ᠢ ᠢᠳᠡᠪᠬᠢᠲᠠᠢ ᠪᠣᠶᠢᠵᠢᠭᠤᠯᠤᠨ᠂ ᠰᠦᠯᠵᠢᠶᠡᠨ ᠳᠡᠭᠡᠷ᠎ᠡ ᠰᠦᠯᠵᠢᠶᠡᠨ ᠤ ᠭᠠᠳᠠᠨ᠎ᠠ | ᠬᠠᠷᠢᠯᠴᠠᠨ ᠤᠶᠠᠯᠳᠤᠭᠤᠯᠤᠨ ᠬᠦᠭᠵᠢᠭᠦᠯᠬᠦ ᠶᠢ ᠬᠥᠲᠥᠯᠥᠨ ᠵᠢᠯᠣᠭᠤᠳᠣᠨ᠎ᠠ᠃ ᠭᠠᠵᠠᠷ ᠣᠷᠣᠨ ᠠᠯᠤᠰᠯᠠᠭᠰᠠᠨ ᠠᠵᠢᠯ | ᠲᠥᠷᠥᠯ ᠠᠯᠤᠰᠯᠠᠭᠰᠠᠨ ᠣᠶᠣᠨᠲᠦ ᠡᠳ᠋ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠳᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ | ᠬᠦᠷᠭᠡᠬᠦ ᠦᠢᠯᠡᠴᠢᠯᠡᠭᠡᠨ ᠤ ᠰᠢᠰᠲ᠋ᠧᠮ ᠢ ᠬᠦᠭᠵᠢᠭᠦᠯᠦᠨ᠎ᠡ᠃ | ︽ᠢᠨᠲ᠋ᠧᠷ ᠰᠦᠯᠵᠢᠶ᠎ᠡ +︾ ᠶᠢᠨ ᠮᠥᠩᠭᠦᠨ ᠭᠦᠢᠯᠭᠡᠭᠡᠨ ᠤ ᠲᠠᠯ᠎ᠠ ᠪᠠᠷ ᠲᠣᠲᠤᠷᠬᠠᠶᠢᠯᠠᠭᠰᠠᠨ ᠨᠢ᠄ | ᠫᠠᠶᠢᠰᠠ ᠲᠡᠮᠳᠡᠭ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠡᠮᠵᠢᠨ ᠰᠦᠯᠵᠢᠶᠡᠨ ᠳᠡᠭᠡᠷ᠎ᠡ ᠶᠡᠷᠦᠩᠬᠡᠶᠢᠯᠡᠭᠰᠡᠨ | ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠭᠵᠢᠭᠦᠯᠵᠦ᠂ ᠨᠥᠬᠦᠴᠡᠯ ᠲᠠᠢ ᠠᠵᠤ ᠠᠬᠤᠶᠢᠯᠠᠯ ᠤᠨ | ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠬᠦ ᠶᠢ ᠨᠢ | ᠵᠣᠷᠢᠭᠵᠢᠭᠤᠯᠤᠨ᠎ᠠ᠃ | ︽ᠢᠨᠲ᠋ᠧᠷ ᠰᠦᠯᠵᠢᠶ᠎ᠡ +︾ ᠶᠢᠨ ᠵᠠᠰᠠᠭ ᠤᠨ ᠶᠠᠪᠤᠳᠠᠯ ᠤᠨ ᠲᠠᠯ᠎ᠠ ᠪᠠᠷ ᠲᠤᠲᠤᠷᠬᠠᠶᠢᠯᠠᠭᠰᠠᠨ ᠨᠢ᠄ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠣᠯᠠᠨ ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠵᠡᠷᠭᠡ ᠴᠢᠳᠠᠪᠬᠢ ᠶᠢ ᠨᠢᠭᠡ ᠴᠣᠭᠴᠠᠵᠢᠭᠤᠯᠤᠭᠰᠠᠨ ᠥᠪᠡᠷᠲᠡᠭᠡᠨ ᠵᠠᠰᠠᠬᠤ ᠣᠷᠣᠨ᠂ | ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠲᠣᠮᠣ ᠲᠢᠩᠬᠢᠮ ᠪᠠᠶᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠤᠳᠠᠳᠤ | ᠴᠣᠭᠴᠠ ᠶᠢᠨ ᠲᠣᠮᠣ ᠲᠢᠩᠬᠢᠮ ᠲᠠᠢ ᠤᠶᠠᠯᠳᠤᠭᠤᠯᠬᠤ ᠶᠢ ᠪᠡᠶᠡᠯᠡᠭᠦᠯᠬᠦ ᠶᠢᠨ ᠬᠠᠮᠲᠤ ᠣᠶᠣᠨᠲᠦ ᠬᠤᠲᠠ ᠶᠢ | ᠪᠦᠲᠦᠭᠡᠨ ᠪᠠᠶᠢᠭᠤᠯᠵᠤ᠂ ᠰᠠᠭᠤᠷᠢ ᠲᠥᠬᠦᠭᠡᠷᠦᠮᠵᠢ ᠶᠢᠨ ᠣᠶᠣᠨᠴᠢᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ | ᠳᠦᠭᠦᠮᠴᠢᠯᠡᠯᠲᠡ᠂ ᠬᠤᠲᠠ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠤᠯᠲᠠ᠂ ᠠᠮᠢᠳᠤᠷᠠᠯ ᠤᠨ ᠣᠷᠴᠢᠨ | ᠲᠣᠭᠤᠷᠢᠨ ᠤ ᠳᠣᠬᠢᠷᠠᠮᠵᠢᠯᠠᠯᠲᠠ᠂ ᠲᠣᠣᠷ ᠰᠦᠯᠵᠢᠶᠡᠨ ᠤ ᠠᠮᠤᠷ ᠲᠦᠪᠰᠢᠨ ᠤ ᠦᠷᠭᠦᠯᠵᠢᠯᠡᠯᠲᠡ ᠶᠢ ᠢᠳᠡᠭ | ᠢᠳᠡᠭ ᠢᠶᠠᠷ ᠪᠡᠶᠡᠯᠡᠭᠦᠯᠦᠨ᠎ᠡ᠃ | ︽ᠢᠨᠲ᠋ᠧᠷ ᠰᠦᠯᠵᠢᠶ᠎ᠡ +︾ ᠶᠢᠨ ᠰᠣᠶᠣᠯ ᠤᠨ ᠲᠠᠯ᠎ᠠ ᠪᠠᠷ ᠲᠤᠲᠤᠷᠬᠠᠶᠢᠯᠠᠭᠰᠠᠨ ᠨᠢ᠄ | ᠤᠯᠠᠮᠵᠢᠯᠠᠯᠲᠤ ᠵᠠᠭᠤᠴᠢ ᠪᠠ ᠰᠢᠨ᠎ᠡ ᠪᠠᠷ ᠬᠥᠭᠵᠢᠭᠰᠡᠨ ᠵᠠᠭᠤᠴᠢ ᠶᠢ ᠤᠶᠠᠯᠳᠤᠭᠤᠯᠤᠨ ᠬᠦᠭᠵᠢᠬᠦᠯᠬᠦ ᠶᠢ ᠳᠥᠯᠭᠢᠨ | ᠠᠬᠢᠭᠤᠯᠵᠤ᠂ ᠠᠭᠤᠯᠭ᠎ᠠ ᠶᠢ ᠬᠤᠷᠠᠮᠳᠤᠭᠤᠯᠬᠤ ᠪᠠ ᠲᠤᠭ᠎ᠠ | ᠳᠠᠮᠵᠢᠭᠤᠯᠬᠤ ᠶᠡᠷᠦᠩᠬᠡᠶᠢᠯᠡᠭᠰᠡᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ | ᠤᠶᠤᠨᠲᠤ ᠵᠢᠭᠤᠯᠴᠢᠯᠠᠯ ᠢ ᠬᠦᠭᠵᠢᠭᠦᠯᠵᠤ᠂ ᠰᠣᠶᠣᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ | ᠢᠨᠵᠧᠨᠧᠷᠢᠩ ᠢ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ ᠪᠣᠯᠤᠨ ᠢᠨᠲ᠋ᠧᠷ | ᠰᠦᠯᠵᠢᠶ᠎ᠡ ᠶᠢ ᠤᠶᠠᠯᠳᠤᠭᠤᠯᠤᠨ ᠬᠦᠭᠵᠢᠬᠦᠯᠬᠦ ᠶᠢ ᠠᠬᠢᠭᠤᠯᠵᠤ᠂ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ | ᠳᠡᠯᠭᠡᠷᠡᠬᠦᠯᠵᠤ᠂ ᠵᠢᠭᠤᠯᠴᠢᠯᠠᠯ ᠤᠨ ᠦᠵᠡᠮᠵᠢ᠂ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ | ᠺᠢᠨᠣ᠋ ᠲᠧᠯᠸᠢᠰ ᠤᠷᠠᠨ ᠵᠢᠷᠤᠭ ᠤᠷᠠᠨ ᠪᠢᠴᠢᠯᠭᠡ᠂ ᠨᠣᠮ ᠪᠢᠴᠢᠭ ᠰᠣᠨᠢᠨ ᠰᠡᠳᠬᠦᠯ᠂ ᠺᠠᠷᠲ᠋ᠣᠨ ᠵᠢᠷᠤᠭ ᠤᠨ | ᠲᠣᠭᠯᠠᠭᠠᠮ᠂ ᠪᠠᠷᠢᠯᠭ᠎ᠠ ᠶᠢᠨ ᠵᠢᠷᠤᠭ ᠲᠥᠯᠥᠪᠯᠡᠭᠡ ᠵᠡᠷᠭᠡ ᠰᠣᠶᠣᠯ ᠤᠨ ᠪᠦᠲᠦᠭᠡᠯ ᠪᠠ ᠦᠢᠯᠡᠴᠢᠯᠡᠭᠡᠨ ᠤ | ᠲᠤᠭᠠᠵᠢᠭᠤᠯᠤᠯᠲᠠ᠂ ᠰᠦᠯᠵᠢᠶᠡᠵᠢᠭᠦᠯᠦᠯᠲᠡ ᠶᠢᠨ ᠠᠬᠢᠴᠠ ᠶᠢ ᠳᠥᠯᠭᠢᠨ ᠠᠬᠢᠭᠤᠯᠤᠨ᠎ᠠ᠃ ᠭᠤᠷᠪᠠᠨ ᠲᠣᠣᠷ ᠤᠨ | ᠨᠡᠶᠢᠯᠡᠯ ᠢ ᠪᠦᠬᠦ ᠲᠠᠯ᠎ᠠ ᠪᠠᠷ ᠳᠥᠯᠭᠢᠨ ᠠᠬᠢᠭᠤᠯᠵᠤ᠂ ᠬᠠᠷᠢᠯᠴᠠᠬᠤ ᠮᠠᠶ᠋ᠢᠭ ᠤᠨ ᠰᠦᠯᠵᠢᠶᠡᠨ ᠤ ᠲᠧᠯᠸᠢᠰ ︵IPTV | ︶ ᠂ ᠢᠨᠲ᠋ᠧᠷ ᠰᠦᠯᠵᠢᠶᠡᠨ ᠤ ᠲᠧᠯᠸᠢᠰ ︵OTT TV︶᠂ ᠭᠠᠷ ᠤᠲᠠᠰᠤᠨ ᠤ ᠲᠧᠯᠸᠢᠰ᠂ ᠰᠢᠯᠵᠢᠮᠡᠯ | ᠲᠧᠯᠸᠢᠰ ᠵᠡᠷᠭᠡ ᠰᠢᠨ᠎ᠡ ᠮᠠᠶ᠋ᠢᠭ ᠤᠨ ᠮᠡᠳᠡᠭᠡ ᠵᠠᠩᠭᠢ ᠶᠢᠨ ᠬᠡᠷᠡᠭᠯᠡᠭᠡ ᠶᠢ ᠬᠦᠭᠵᠢᠬᠦᠯᠵᠤ᠂ ᠰᠦᠯᠵᠢᠶᠡᠨ ᠤ ᠬᠠᠷᠠᠭ᠎ᠠ | ᠰᠤᠨᠤᠷ ᠤᠨ ᠪᠦᠬᠦ ᠠᠵᠤ ᠦᠢᠯᠡᠰ ᠤᠨ ᠬᠡᠯᠬᠢᠶᠡᠨ ᠤ ᠬᠦᠭᠵᠢᠯᠲᠡ ᠶᠢ ᠠᠬᠢᠭᠤᠯᠤᠨ᠎ᠠ᠃ | ︽ᠢᠨᠲ᠋ᠧᠷ ᠰᠦᠯᠵᠢᠶ᠎ᠡ +︾ ᠶᠢᠨ ᠠᠷᠠᠳ ᠤᠨ ᠠᠮᠢᠳᠤᠷᠠᠯ ᠤᠨ ᠲᠠᠯ᠎ᠠ ᠪᠠᠷ ᠲᠤᠲᠤᠷᠬᠠᠶᠢᠯᠠᠭᠰᠠᠨ ᠨᠢ | ᠄ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠬᠦᠯᠵᠤ᠂ ᠢᠨᠲ᠋ᠧᠷ ᠰᠦᠯᠵᠢᠶ᠎ᠡ ᠪᠠᠷ | ᠰᠠᠭᠤᠷᠢᠯᠠᠭᠰᠠᠨ ᠤᠶᠤᠨᠲᠤ ᠨᠡᠶᠢᠭᠡᠮ ᠲᠣᠭᠤᠷᠢᠭ᠂ ᠤᠶᠤᠨᠲᠤ ᠡᠷᠡᠭᠦᠯ ᠮᠡᠨᠳᠦ᠂ ᠤᠶᠤᠨᠲᠤ ᠨᠠᠰᠤᠲᠠᠨ ᠤ ᠠᠰᠠᠷᠠᠯ᠂ | ᠤᠶᠤᠨᠲᠤ ᠣᠷᠴᠢᠨ ᠠᠬᠤᠶ ᠶᠢᠨ ᠬᠠᠮᠠᠭᠠᠯᠠᠯᠲᠠ᠂ ᠤᠶᠤᠨᠲᠤ ᠵᠠᠮ ᠬᠠᠷᠢᠯᠴᠠᠭ᠎ᠠ᠂ ᠤᠶᠤᠨᠲᠤ ᠬᠠᠤᠯᠢ ᠵᠠᠰᠠᠯᠲᠠ᠂ | ᠤᠶᠤᠨᠲᠤ ᠰᠠᠭᠤᠷᠢᠰᠢᠯ ᠵᠡᠷᠭᠡ ᠶᠢ ᠨᠢᠭᠡᠳᠦᠯᠲᠡᠶ ᠲᠥᠯᠥᠪᠯᠡᠨ ᠳᠥᠯᠭᠢᠨ ᠠᠬᠢᠭᠤᠯᠵᠤ ᠂ ᠲᠤᠭᠠᠵᠢᠭᠤᠯᠤᠭᠰᠠᠨ | ᠨᠤᠮ ᠤᠨ ᠰᠠᠩ ᠪᠠ ᠤᠶᠤᠨᠲᠤ ᠮᠦᠽᠧᠶ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠦᠬᠦᠨ ᠳᠤ ᠳᠣᠭᠢᠷᠠᠬᠤ | ᠺᠠᠷᠲ ᠶᠢᠨ ᠬᠡᠷᠡᠭᠯᠡᠯᠲᠡ ᠵᠡᠷᠭᠡ ᠶᠢ ᠪᠠᠶᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ | ᠵᠢᠭᠤᠯᠴᠢᠯᠠᠯ ᠵᠡᠷᠭᠡ ᠣᠯᠠᠨ ᠨᠡᠶᠢᠲᠡ ᠶᠢᠨ ᠬᠦᠷᠢᠶᠡᠨ ᠤ ᠲᠤᠭᠠᠵᠢᠭᠤᠯᠤᠯᠲᠠ᠂ ᠰᠦᠯᠵᠢᠶᠡᠵᠢᠭᠦᠯᠦᠯᠲᠡ᠂ | ᠤᠶᠤᠨᠴᠢᠯᠠᠯᠲᠠ ᠶᠢ ᠲᠦᠯᠬᠢᠨ ᠠᠬᠢᠭᠤᠯᠵᠤ᠂ ᠣᠷᠣᠨ ᠪᠦᠰᠡᠵᠢᠭᠦᠯᠦᠭᠰᠡᠨ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠤᠶᠠᠯᠳᠤᠭᠤᠯᠤᠭᠰᠠᠨ ︵020︶ ᠲᠠᠪᠴᠠᠩ ᠤᠨ ᠦᠢᠯᠡᠴᠢᠯᠡᠭᠡ ᠶᠢ ᠬᠦᠭᠵᠢᠬᠦᠯᠵᠤ᠂ ᠡᠯ᠎ᠡ ᠵᠦᠢᠯ ᠤᠨ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠷᠲᠡᠭ ᠢ ᠨᠡᠮᠡᠭᠳᠡᠭᠦᠯᠬᠦ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠶ ᠨᠡᠭᠡᠭᠡᠨ ᠬᠥᠭᠵᠢᠭᠦᠯᠬᠦ ᠪᠠ ᠰᠢᠨ᠎ᠡ ᠶᠢ ᠡᠭᠦᠳᠦᠨ ᠬᠡᠷᠡᠭᠯᠡᠬᠦ ᠳᠤ ᠬᠠᠮᠲᠤ ᠪᠠᠷ ᠣᠷᠣᠯᠴᠠᠬᠤ ᠶᠢ ᠨᠢ | ᠵᠣᠷᠢᠭᠵᠢᠭᠤᠯᠵᠤ᠂ ᠠᠷᠠᠳ ᠲᠦᠮᠡᠨ ᠳᠤ ᠳᠥᠭᠦᠮ ᠳᠥᠲᠡ ᠠᠰᠢᠭ ᠲᠤᠰᠠ ᠲᠠᠢ ᠰᠢᠯᠢᠳᠡᠭ ᠦᠢᠯᠡᠴᠢᠯᠡᠭᠡ | ᠬᠠᠨᠭ᠍ᠭᠠᠨ᠎ᠠ᠃ | ︽ᠢᠨᠲ᠋ᠧᠷ ᠰᠦᠯᠵᠢᠶ᠎ᠡ +︾ ᠶᠢᠨ ᠠᠮᠢ ᠠᠬᠤᠶ ᠶᠢᠨ ᠲᠠᠯ᠎ᠠ ᠪᠠᠷ ᠲᠤᠲᠤᠷᠬᠠᠶᠢᠯᠠᠭᠰᠠᠨ ᠨᠢ᠄ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠶᠢᠨ ᠰᠤᠷᠪᠤᠯᠵᠢ ᠪᠠ | ᠣᠷᠴᠢᠨ ᠠᠬᠤᠶ ᠶᠢᠨ ᠶᠠᠰᠤ ᠴᠢᠨᠠᠷ ᠬᠢᠭᠡᠳ ᠭᠤᠣᠯ ᠪᠣᠯᠬᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠶᠢ ᠠᠯᠤᠰ | ᠰᠦᠯᠵᠢᠶ᠎ᠡ ᠪᠠᠷ ᠬᠢᠨᠠᠨ ᠬᠡᠮᠵᠢᠬᠦ ᠮᠡᠳᠡᠭᠡ ᠵᠠᠩᠭᠢ ᠶᠢᠨ ᠡᠭᠦᠯᠡᠨ ᠲᠠᠪᠴᠠᠩ ᠢ ᠪᠠᠶᠢᠭᠤᠯᠤᠨ ᠲᠡᠭᠦᠯᠳᠡᠷᠵᠢᠬᠦᠯᠬᠦ ᠶᠢᠨ | ᠳᠠᠭᠠᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠤᠭ᠎ᠠ ᠪᠠᠷᠢᠮᠲᠠ ᠶᠢᠨ ᠲᠦᠪ᠂ ᠤᠰᠤᠨ | ᠠᠰᠢᠭᠯᠠᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ᠂ ᠤᠰᠤᠨ ᠤ ᠡᠬᠢ ᠰᠤᠷᠪᠤᠯᠵᠢ ᠶᠢᠨ | ᠬᠠᠮᠢᠶᠠᠷᠤᠯᠲᠠ ᠶᠢᠨ ᠰᠢᠰᠲ᠋ᠧᠮ ᠪᠠ ᠦᠶᠡᠷ ᠢ ᠰᠡᠷᠭᠡᠶᠢᠯᠡᠬᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ | ᠰᠢᠰᠲ᠋ᠧᠮ ᠤᠨ ᠰᠢᠰᠲ᠋ᠧᠮᠵᠢ ᠶᠢ ᠲᠦᠷᠭᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠪᠠᠰᠠ ᠴᠠᠬᠢᠯᠭᠠᠨ ᠬᠦᠴᠦᠨ ᠤ | ᠬᠠᠨᠭ᠍ᠭᠠᠯᠭ᠎ᠠ ᠬᠡᠷᠡᠭᠴᠡᠭᠡᠨ ᠤ ᠬᠠᠵᠠᠭᠤ ᠶᠢᠨ ᠬᠠᠮᠢᠶᠠᠷᠤᠯᠲᠠ ᠪᠤᠯᠤᠨ ᠠᠵᠤ ᠦᠢᠯᠡᠳᠪᠦᠷᠢ ᠶᠢᠨ ᠡᠨᠧᠷᠭᠢ ᠶᠢᠨ | ᠬᠠᠮᠢᠶᠠᠷᠤᠯᠲᠠ ᠶᠢᠨ ᠡᠭᠦᠯᠡᠨ ᠲᠠᠪᠴᠠᠩ ᠢ ᠪᠠᠶᠢᠭᠤᠯᠬᠤ ᠪᠠ ᠨᠤᠲᠤᠭ ᠪᠡᠯᠴᠢᠭᠡᠷ ᠪᠤᠯᠤᠨ ᠣᠶ ᠰᠢᠭᠤᠶ ᠶᠢᠨ ᠭᠠᠯ | ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠵᠢᠯᠣᠭᠤᠳᠬᠤ ᠰᠢᠰᠲ᠋ᠧᠮ᠂ | ᠭᠠᠯ ᠲᠦᠢᠮᠡᠷ ᠢ ᠤᠷᠢᠳᠴᠢᠯᠠᠨ ᠰᠡᠷᠡᠮᠵᠢᠯᠡᠭᠦᠯᠬᠦ ᠬᠢᠨᠠᠨ ᠬᠡᠮᠵᠢᠬᠦ ᠰᠢᠰᠲ᠋ᠧᠮ ᠬᠢᠭᠡᠳ ᠭᠠᠯ ᠰᠡᠷᠭᠡᠶᠢᠯᠡᠯᠲᠡ ᠶᠢᠨ ᠠᠯᠤᠰ | ᠬᠠᠷᠠᠭᠠᠨ ᠳᠠᠪᠲᠠᠮᠵᠢ ᠶᠢᠨ ᠬᠢᠨᠠᠨ ᠡᠵᠡᠮᠰᠢᠯ ᠤᠨ ᠰᠢᠰᠲ᠋ᠧᠮ ᠢ ᠪᠠᠶᠢᠭᠤᠯᠤᠨ᠎ᠠ᠃ ᠪᠦᠬᠦ ᠣᠷᠣᠨ ᠢ ᠪᠦᠷᠭᠦᠭᠰᠡᠨ ︽ | ᠤᠯᠤᠰ ᠤᠨ ᠨᠤᠲᠤᠭ ᠳᠡᠪᠢᠰᠬᠡᠷ ᠤᠨ ᠡᠭᠦᠯᠡ︾ ᠪᠠ ︽ᠠᠮᠢ ᠠᠬᠤᠶ ᠶᠢᠨ ᠬᠠᠮᠠᠭᠠᠯᠠᠯᠲᠠ ᠶᠢᠨ ᠡᠭᠦᠯᠡ︾ ᠶᠢ | ᠪᠦᠷᠢᠯᠳᠦᠭᠦᠯᠵᠤ᠂ ᠭᠠᠵᠠᠷ ᠵᠦᠶ ᠶᠢᠨ ᠣᠷᠣᠨ ᠵᠠᠶ ᠶᠢᠨ ᠰᠠᠭᠤᠷᠢ ᠴᠤᠭᠴᠠ ᠪᠠ ᠬᠠᠮᠲᠤ ᠪᠠᠷ ᠬᠦᠷᠲᠡᠬᠦ ᠲᠠᠪᠴᠠᠩ ᠢ | ᠪᠠᠶᠢᠭᠤᠯᠤᠨ ᠲᠡᠭᠦᠯᠳᠡᠷᠵᠢᠬᠦᠯᠦᠨ᠎ᠡ᠃ | ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠲᠠᠯ᠎ᠠ ᠪᠠᠷ | ᠲᠤᠲᠤᠷᠬᠠᠶᠢᠯᠠᠭᠰᠠᠨ ᠨᠢ᠄ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠰᠢᠯᠵᠢᠮᠡᠯ ᠢᠶᠠᠷ ᠮᠦᠡᠭᠭᠦ ᠲᠦᠯᠦᠬᠦ᠂ | ᠡᠯᠧᠺᠲᠷᠣᠨ ᠵᠠᠰᠠᠭ ᠤᠨ ᠶᠠᠪᠤᠳᠠᠯ ᠬᠢᠭᠡᠳ ᠰᠢᠯᠵᠢᠮᠡᠯ ᠢᠶᠠᠷ ᠠᠵᠢᠯᠯᠠᠬᠤ᠂ ᠣᠯᠠᠨ ᠨᠡᠶᠢᠲᠡ ᠶᠢᠨ ᠦᠢᠯᠡᠴᠢᠯᠡᠭᠡ | ᠬᠢᠭᠡᠳ ᠰᠢᠯᠵᠢᠮᠡᠯ ᠢᠨᠲ᠋ᠧᠷ᠂ ᠲᠦᠷᠭᠡᠨ ᠮᠡᠳᠡᠭᠡᠯᠡᠯ ᠬᠢᠭᠡᠳ ᠨᠡᠶᠢᠭᠡᠮ ᠤᠨ ᠬᠠᠷᠢᠯᠴᠠᠭ᠎ᠠ᠂ ᠡᠷᠢᠬᠦ ᠬᠥᠳᠡᠯᠭᠡᠭᠦᠷ | ᠬᠢᠭᠡᠳ ᠪᠠᠶᠢᠷᠢ ᠲᠤᠭᠲᠠᠭᠠᠯ ᠤᠨ ᠦᠢᠯᠡᠴᠢᠯᠡᠭᠡ᠂ ᠰᠦᠯᠵᠢᠶ᠎ᠡ ᠪᠠ ᠭᠠᠷ ᠤᠲᠠᠰᠤᠨ ᠤ ᠲᠣᠭᠯᠠᠭᠠᠮ ᠵᠡᠷᠭᠡ | ᠬᠦᠷᠢᠶᠡᠨ ᠳᠤ ᠣᠨᠴᠠᠯᠢᠭ ᠪᠦᠬᠦᠢ ᠢᠨᠲ᠋ᠧᠷ ᠰᠦᠯᠵᠢᠶᠡᠨ ᠤ ᠪᠦᠲᠦᠭᠡᠯ ᠪᠤᠯᠤᠨ ᠦᠢᠯᠡᠴᠢᠯᠡᠭᠡ ᠨᠦᠭᠦᠳ ᠢ | ᠪᠤᠶᠢᠵᠢᠭᠤᠯᠤᠨ᠎ᠠ᠃ ᠡᠭᠦᠯᠡᠨ ᠪᠣᠳᠣᠯᠲᠠ ᠶᠢᠨ ᠦᠢᠯᠡᠴᠢᠯᠡᠭᠡ ᠶᠢ ᠤᠶᠤᠨᠲᠤ ᠬᠤᠲᠠ᠂ ᠡᠯᠧᠺᠲᠷᠤᠨ ᠵᠠᠰᠠᠭ ᠤᠨ | ᠶᠠᠪᠤᠳᠠᠯ᠂ ᠠᠵᠤ ᠦᠢᠯᠡᠳᠪᠦᠷᠢ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ᠂ | ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠬᠦᠷᠢᠶᠡᠨ ᠳᠤ ᠲᠠᠸᠠᠷᠴᠢᠯᠠᠨ ᠬᠡᠷᠡᠭᠯᠡᠬᠦ ᠶᠢ ᠳᠥᠯᠭᠢᠨ ᠠᠬᠢᠭᠤᠯᠵᠤ᠂ | ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ | ᠡᠭᠦᠳᠬᠦ ᠳᠤ ᠳᠡᠮᠵᠢᠯᠭᠡ ᠦᠵᠡᠭᠦᠯᠦᠨ᠎ᠡ᠃ | ᠲᠥᠷᠥ ᠶᠢᠨ ᠪᠣᠳᠣᠯᠭ᠎ᠠ ᠪᠠ ᠣᠷᠴᠢᠨ ᠲᠣᠭᠤᠷᠢᠨ ᠳ᠋ᠥ ︽ᠢᠨᠲ᠋ᠧᠷ ᠰᠦᠯᠵᠢᠶ᠎ᠡ +︾ ᠶᠢ | ᠪᠠᠲᠤᠯᠠᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠡᠶᠢᠲᠡᠯᠡᠵᠤ᠂ ︽ᠢᠨᠲ᠋ᠧᠷ ᠰᠦᠯᠵᠢᠶ᠎ᠡ +︾ ᠠᠵᠢᠯ ᠤᠨ ᠶᠠᠪᠤᠭᠳᠠᠬᠤ ᠶᠢ ᠲᠦᠯᠬᠢᠨ | ᠠᠬᠢᠭᠤᠯᠤᠨ᠎ᠠ ᠂ ᠰᠠᠨᠠᠯ ᠳᠤ ᠲᠤᠲᠤᠷᠬᠠᠶᠢᠯᠠᠭᠰᠠᠨ ᠨᠢ ᠨᠥᠬᠦᠴᠡᠯ ᠲᠠᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠣᠳᠣ ᠪᠠᠶᠢᠭ᠎ᠠ ᠦᠢᠯᠡᠳᠪᠦᠷᠢ ᠶᠢᠨ ᠬᠡᠷ ᠪᠠᠶᠢᠰᠢᠩ ᠢᠶᠠᠨ ᠦᠭᠡᠷᠡᠴᠢᠯᠡᠨ ᠢᠨᠲ᠋ᠧᠷ ᠰᠦᠯᠵᠢᠶᠡᠨ ᠤ | ᠠᠵᠤ ᠠᠬᠤᠢ ᠶᠢᠨ ᠨᠡᠪᠴᠢᠯᠡᠬᠦᠷ᠂ ᠲᠥᠪᠯᠡᠷᠡᠭᠰᠡᠨ ᠲᠤᠭᠤᠷᠢᠭ ᠪᠤᠶᠤ ᠡᠯᠧᠺᠲᠷᠤᠨ | ᠬᠤᠳᠠᠯᠳᠤᠭᠠᠨ ᠤ ᠲᠣᠭᠤᠷᠢᠭ ᠡᠷᠬᠢᠯᠡᠬᠦ ᠶᠢ ᠨᠢ ᠵᠣᠷᠢᠭᠵᠢᠭᠤᠯᠵᠤ᠂ ᠭᠠᠵᠠᠷ ᠰᠢᠷᠣᠶ ᠶᠢᠨ ᠬᠡᠷᠡᠭᠯᠡᠯᠲᠡ ᠶᠢ | ᠬᠤᠪᠢᠷᠠᠭᠤᠯᠬᠤ ᠭᠠᠷ ᠭᠦᠢᠴᠡᠳᠬᠡᠯ ᠬᠢᠬᠦ ᠬᠡᠷᠡᠭ ᠦᠭᠡᠶ᠂ ᠭᠠᠵᠠᠷ ᠰᠢᠷᠣᠶ ᠶᠢ ᠰᠢᠯᠵᠢᠭᠦᠯᠦᠨ ᠦᠭᠭᠦᠭᠰᠡᠨ ᠮᠥᠩᠭᠦ ᠶᠢ | ᠨᠡᠮᠡᠵᠤ ᠬᠤᠷᠢᠶᠠᠬᠤ ᠦᠭᠡᠢ ᠪᠤᠯᠭᠠᠨ᠎ᠠ᠃ ᠡᠯ᠎ᠡ ᠭᠠᠵᠠᠷ ᠤᠨ ᠵᠠᠰᠠᠭ ᠤᠨ ᠣᠷᠳᠣᠨ ᠢᠨᠲ᠋ᠧᠷ ᠰᠦᠯᠵᠢᠶᠡᠨ ᠤ ᠠᠵᠤ | ᠠᠬᠤᠶᠢᠯᠠᠯ ᠤᠨ ᠬᠡᠷᠡᠭᠴᠡᠭᠡ ᠪᠦᠬᠦᠢ ᠠᠵᠢᠯᠯᠠᠬᠤ ᠭᠠᠵᠠᠷ᠂ ᠴᠢᠳᠠᠪᠤᠷᠢᠲᠠᠨ ᠤ ᠨᠡᠶᠢᠲᠡ ᠶᠢᠨ ᠤᠷᠤᠨ ᠰᠠᠭᠤᠴᠠ ᠵᠢᠴᠢ | ᠡᠭᠦᠯᠡᠨ ᠪᠣᠳᠣᠯᠲᠠ᠂ ᠲᠤᠭ᠎ᠠ ᠪᠠᠷᠢᠮᠲᠠ ᠶᠢᠨ ᠲᠥᠪ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠵᠤᠷᠢᠭᠵᠢᠭᠤᠯᠤᠨ᠎ᠠ᠃ ᠪᠦᠬᠦ ᠤᠯᠤᠰ ᠤᠨ ᠢᠨᠲ᠋ᠧᠷ | ᠰᠦᠯᠵᠢᠶᠡᠨ ᠤ ᠵᠠᠭᠤᠨ ᠬᠦᠴᠦᠷᠬᠡᠭ ᠠᠵᠤ ᠠᠬᠤᠶᠢᠯᠠᠯ ᠪᠤᠶᠤ ᠪᠦᠬᠦ ᠤᠯᠤᠰ ᠤᠨ ᠵᠥᠭᠡᠯᠡᠨ ᠲᠤᠨᠤᠭᠯᠠᠯ ᠤᠨ ᠵᠠᠭᠤᠨ | ᠬᠦᠴᠦᠷᠬᠡᠭ ᠦᠢᠯᠡᠴᠢᠯᠡᠭᠡᠨ ᠤ ᠬᠡᠯᠪᠡᠷᠢ ᠶᠢᠨ ᠠᠵᠤ ᠠᠬᠤᠶᠢᠯᠠᠯ ︵ᠳᠠᠪᠬᠤᠷᠳᠠᠭᠤᠯᠤᠨ ᠪᠤᠳᠤᠬᠤ ᠦᠭᠡᠶ︶ ᠳᠤ | ᠠᠩᠬ᠎ᠠ ᠤᠷᠤᠭᠰᠠᠨ ᠠᠵᠤ ᠠᠬᠤᠶᠢᠯᠠᠯ ᠳᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠤᠰᠬᠠᠶ | ᠲᠦᠷᠦᠯ ᠤᠨ ᠪᠡᠯᠡ ᠮᠥᠩᠭᠦ ᠠᠴᠠ ᠨᠢᠭᠡ ᠯᠡ ᠤᠳᠠᠭ᠎ᠠ 200 ᠲᠦᠮᠡᠨ | ᠲᠥᠭᠦᠷᠢᠭ ᠤᠨ ᠱᠠᠩᠨᠠᠯ ᠤᠯᠭᠤᠨ᠎ᠠ᠃ | ᠰᠠᠨᠠᠯ ᠳᠤ ᠲᠣᠳᠣᠷᠬᠠᠶᠢᠯᠠᠭᠰᠠᠨ ᠨᠢ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠵᠣᠭᠤᠰᠣᠨ ᠤ ᠪᠤᠰᠤ | ᠡᠳ᠋ ᠬᠥᠷᠥᠩᠭᠡ ᠶᠢᠨ ᠪᠡᠯᠡ ᠣᠷᠤᠭᠤᠯᠤᠯᠲᠠ ᠶᠢᠨ ᠬᠡᠯᠪᠡᠷᠢ ᠪᠠᠷ ᠢᠨᠲ᠋ᠧᠷ ᠰᠦᠯᠵᠢᠶᠡᠨ ᠤ ᠠᠵᠤ ᠠᠬᠤᠶᠢᠯᠠᠯ | ᠪᠠᠶᠢᠭᠤᠯᠬᠤ ᠶᠢ ᠳᠡᠮᠵᠢᠨ᠎ᠡ᠃ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠣᠷᠣᠨ ᠰᠠᠭᠤᠴᠠ ᠲᠡᠮᠳᠡᠭᠯᠡᠭᠦᠯᠬᠦ | ᠭᠠᠷ ᠭᠦᠢᠴᠡᠳᠬᠡᠯ ᠢ ᠳᠥᠭᠦᠮᠴᠢᠯᠡᠵᠦ᠂ ᠬᠤᠪᠢᠨ ᠤ ᠪᠣᠶᠤ ᠲᠦᠷᠢᠶᠡᠰᠦᠯᠡᠵᠦ ᠪᠠᠶᠢᠭ᠎ᠠ ᠣᠷᠣᠨ ᠰᠠᠭᠤᠴᠠ ᠡᠰᠡᠭᠦᠯ᠎ᠠ | ᠲᠥᠪᠯᠡᠷᠡᠭᠦᠯᠦᠨ ᠠᠵᠢᠯᠯᠠᠬᠤ ᠣᠷᠣᠨ ᠢ ᠣᠷᠣᠨ ᠰᠠᠭᠤᠴᠠ ︵ᠡᠵᠡᠩᠨᠡᠯᠲᠡ ᠶᠢᠨ ᠲᠠᠯᠠᠪᠤᠷ︶ ᠪᠣᠯᠭᠠᠨ ᠳᠠᠩᠰᠠᠯᠠᠨ | ᠲᠡᠮᠳᠡᠭᠯᠡᠭᠦᠯᠬᠦ ᠶᠢ ᠵᠦᠪᠰᠢᠶᠡᠷᠡᠵᠦ᠂ ︽ᠨᠢᠭᠡ ᠬᠠᠶ᠋ᠢᠭ ᠢᠶᠠᠷ ᠣᠯᠠᠨ ᠡᠵᠡᠩᠨᠡᠯᠲᠡ ᠶᠢᠨ ᠦᠨᠡᠮᠯᠡᠯ ᠠᠪᠬᠤ︾ ᠶᠢ | ᠬᠡᠷᠡᠭᠵᠢᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠡᠭᠦᠷ᠂ ᠳᠡᠭᠡᠳᠦ ᠰᠤᠷᠭᠠᠭᠤᠯᠢ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠷᠢᠭᠵᠢᠭᠤᠯᠤᠨ ᠢᠨᠲ᠋ᠧᠷ ᠰᠦᠯᠵᠢᠶᠡᠨ ᠤ ᠬᠠᠮᠲᠤᠪᠡᠷ ᠴᠣᠭᠴᠠᠯᠠᠬᠤ | ᠬᠦᠷᠢᠶᠡᠯᠡᠩ ᠢ ᠡᠭᠦᠳᠦᠨ ᠪᠠᠶᠢᠭᠤᠯᠵᠤ᠂ ︽ᠠᠳᠠᠯ ᠦᠢᠯᠡᠰ ᠴᠤᠭᠴᠠᠯᠠᠭᠴᠢ ᠶᠢᠨ ᠣᠷᠣᠨ ᠵᠠᠢ︾᠂ ︽ᠠᠳᠠᠯ | ᠦᠢᠯᠡᠰ ᠴᠣᠭᠴᠠᠯᠠᠬᠤ ᠳᠤ ᠵᠣᠷᠢᠭᠤᠯᠤᠭᠰᠠᠨ ᠺᠣᠹᠸᠢ ᠶᠢᠨ ᠮᠤᠬᠤᠯᠠᠭ︾᠂ ︽ᠰᠢᠨ᠎ᠡ ᠶᠢ ᠡᠭᠦᠳᠬᠦ ᠦᠢᠯᠡᠳᠬᠡᠯ ᠤᠨ | ᠭᠠᠵᠠᠷ︾ ᠵᠡᠷᠭᠡ ᠡᠯ᠎ᠡ ᠵᠦᠢᠯ ᠤᠨ ᠬᠡᠯᠪᠡᠷᠢ ᠶᠢᠨ ᠬᠠᠮᠲᠤᠪᠡᠷ ᠴᠤᠭᠴᠠᠯᠠᠬᠤ ᠣᠷᠣᠨ ᠵᠠᠶ ᠵᠡᠷᠭᠡ ᠠᠳᠠᠯ ᠦᠢᠯᠡᠰ | ᠴᠣᠭᠴᠠᠯᠠᠬᠤ ᠦᠢᠯᠡᠴᠢᠯᠡᠭᠡᠨ ᠤ ᠲᠠᠪᠴᠠᠩ ᠤᠨ ᠬᠥᠭᠵᠢᠯᠲᠡ ᠶᠢ ᠳᠡᠮᠵᠢᠵᠦ᠂ ᠦᠢ ᠲᠦᠮᠡᠨ ᠤ ᠠᠳᠠᠯ ᠦᠢᠯᠡᠰ | ᠴᠣᠭᠴᠠᠯᠠᠬᠤ᠂ ᠲᠦᠭ ᠲᠦᠮᠡᠨ ᠰᠢᠨ᠎ᠡ ᠶᠢ ᠡᠭᠦᠳᠬᠦ ᠰᠢᠨ᠎ᠡ ᠪᠠᠶᠢᠳᠠᠯ ᠢ ᠪᠤᠶ ᠪᠤᠯᠭᠠᠨ᠎ᠠ᠃ | ᠭᠤᠣᠯᠳᠠᠯᠭ᠎ᠠ ᠲᠠᠢ ᠳᠡᠮᠵᠢᠵᠦ ᠪᠠᠶᠢᠭ᠎ᠠ ᠢᠨᠲ᠋ᠧᠷ ᠰᠦᠯᠵᠢᠶᠡᠨ ᠤ ᠠᠵᠤ ᠠᠬᠤᠶᠢᠯᠠᠯ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠡᠭᠦᠯᠡᠨ ᠪᠣᠳᠣᠯᠲᠠ ᠶᠢᠨ ᠲᠤᠭ᠎ᠠ ᠪᠠᠷᠢᠮᠲᠠ ᠶᠢᠨ ᠲᠥᠪ ᠤᠨ | ᠦᠢᠯᠡᠴᠢᠯᠡᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠵᠣ᠂ ᠡᠯ᠎ᠡ ᠱᠠᠲᠤᠨ ᠤ ᠵᠠᠰᠠᠭ ᠤᠨ ᠣᠷᠳᠣᠨ ᠡᠯ᠎ᠡ | ᠵᠦᠢᠯ ᠤᠨ ᠠᠷᠭ᠎ᠠ ᠵᠠᠮ ᠢᠶᠠᠷ ᠳᠡᠮᠵᠢᠯᠭᠡ ᠦᠵᠡᠭᠦᠯᠵᠦ ᠪᠣᠯᠤᠨ᠎ᠠ᠃ ᠲᠡᠷᠡᠴᠢᠯᠡᠨ ᠲᠣᠳᠣᠷᠬᠠᠶᠢᠯᠠᠭᠰᠠᠨ ᠨᠢ ᠤᠯᠤᠰ ᠤᠨ | ᠳᠣᠲᠣᠭᠠᠳᠤ ᠭᠠᠳᠠᠭᠠᠳᠤ ᠳᠤ ᠨᠡᠷᠡᠲᠡᠢ ᠢᠨᠲ᠋ᠧᠷ ᠰᠦᠯᠵᠢᠶᠡᠨ ᠤ ᠠᠵᠤ ᠠᠬᠤᠶᠢᠯᠠᠯ ᠪᠤᠶᠤ ᠪᠠᠶᠢᠭᠤᠯᠤᠮᠵᠢ ᠳᠤ 3 | ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠮᠥᠷᠲᠡᠭᠡᠨ ᠳᠤᠮᠳᠠ ᠵᠡᠷᠭᠡ ᠶᠢᠨ ᠪᠠ ᠳᠡᠭᠡᠳᠦ ᠵᠡᠷᠭᠡ ᠶᠢᠨ | ᠲᠤᠰᠢᠶᠠᠯ ᠢ ᠬᠠᠷᠢᠭᠤᠴᠠᠵᠤ᠂ ᠮᠠᠨ ᠤ ᠣᠷᠣᠨ ᠳᠤ ᠲᠥᠷᠥᠯ ᠵᠦᠢᠯ ᠠᠪᠴᠢᠷᠠᠵᠤ ᠠᠳᠠᠯ ᠦᠢᠯᠡᠰ ᠴᠣᠭᠴᠠᠯᠠᠬᠤ | ᠬᠠᠮᠢᠶᠠᠷᠤᠯᠲᠠ ᠶᠢᠨ ᠠᠵᠢᠯᠲᠠᠳ ᠪᠤᠶᠤ ᠭᠤᠣᠯ ᠮᠡᠷᠭᠡᠵᠢᠯ ᠤᠨ ᠠᠵᠢᠯᠲᠠᠨ ︵ᠪᠦᠯᠬᠦᠮ︶ ᠳᠤ᠂ ᠠᠵᠤ ᠠᠬᠤᠶᠢᠯᠠᠯ ᠤᠨ | ᠬᠥᠭᠵᠢᠯᠲᠡ ᠶᠢᠨ ᠬᠡᠪᠴᠢᠶ᠎ᠡ ᠪᠠ ᠰᠢᠨ᠎ᠡ ᠶᠢ ᠡᠭᠦᠳᠬᠦ ᠬᠢᠷᠢ ᠬᠡᠮᠵᠢᠶ᠎ᠡ ᠪᠠᠷ ᠲᠤᠬᠠᠶ ᠶᠢᠨ ᠭᠠᠵᠠᠷ ᠤᠨ ᠵᠠᠰᠠᠭ ᠤᠨ | ᠣᠷᠳᠣᠨ ᠠᠴᠠ 30 ᠲᠦᠮᠡᠨ ᠲᠥᠭᠦᠷᠢᠭ ᠠᠴᠠ ᠳᠣᠣᠷ᠎ᠠ ᠦᠭᠡᠢ ᠪᠡᠯᠡ ᠮᠥᠩᠭᠦᠨ ᠤ ᠳᠡᠮᠵᠢᠯᠭᠡ ᠣᠯᠭᠤᠨ᠎ᠠ᠃ | ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠵᠤ᠂ ︽ᠲᠠᠯ᠎ᠠ ᠨᠤᠲᠤᠭ ᠤᠨ ᠡᠷᠳᠡᠮᠲᠡᠨ | ︾ ᠤ ᠲᠥᠯᠥᠪᠯᠡᠭᠡ ᠲᠠᠢ ᠤᠶᠠᠯᠳᠤᠭᠤᠯᠤᠨ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠳᠡᠰ ᠤᠨ | ᠴᠢᠳᠠᠪᠤᠷᠢᠲᠠᠨ ᠵᠢᠴᠢ ᠲᠡᠭᠦᠨ ᠤ ᠪᠦᠯᠬᠦᠮ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠢᠭᠡ ᠯᠠ | ᠤᠳᠠᠭ᠎ᠠ 50 ᠲᠦᠮᠡᠨ ᠲᠥᠭᠦᠷᠢᠭ ᠠᠴᠠ ᠳᠣᠣᠷ᠎ᠠ ᠦᠭᠡᠶ ᠵᠠᠷᠤᠳᠠᠯ ᠢᠶᠠᠷ ᠲᠤᠰᠠᠯᠠᠵᠤ᠂ ᠪᠦᠯᠬᠦᠮ | ᠨᠡᠶᠢᠲᠡ ᠶᠢᠨ ᠰᠤᠳᠤᠯᠤᠨ ᠬᠥᠭᠵᠢᠭᠦᠯᠬᠦ ᠪᠠ ᠠᠵᠤ ᠤᠢᠢᠯᠡᠰᠵᠢᠯᠳᠠ ᠶᠢᠨ ᠲᠥᠷᠥᠯ ᠵᠦᠢᠯ ᠳᠤ ᠤᠷᠢᠳᠠᠪᠠᠷ ᠰᠡᠳᠦᠪ | ᠲᠣᠭᠲᠠᠭᠠᠬᠤ ᠳᠡᠮᠵᠢᠯᠭᠡ ᠣᠯᠭᠤᠵᠤ᠂ ᠪᠦᠯᠬᠦᠮ ᠨᠢᠭᠡᠴᠡ ᠶᠢᠨ ᠭᠤᠣᠯ ᠪᠦᠷᠢᠯᠳᠦᠬᠦᠨ ᠤ ᠮᠡᠷᠭᠡᠵᠢᠯ ᠤᠨ ᠴᠤᠯᠡ ᠶᠢ | ᠬᠢᠨᠠᠨ ᠲᠣᠭᠲᠠᠭᠠᠬᠤ᠂ ᠭᠡᠷ ᠪᠦᠯᠢ ᠶᠢᠨ ᠬᠢᠨ ᠳᠤᠨᠢ ᠠᠵᠢᠯ ᠣᠯᠭᠤᠬᠤ᠂ ᠦᠷ᠎ᠡ ᠬᠡᠦᠬᠡᠳ ᠤᠨ ᠬᠢᠨᠢ | ᠰᠤᠷᠭᠠᠭᠤᠯᠢ ᠳᠤ ᠣᠷᠣᠬᠤ᠂ ᠡᠷᠦᠬᠡ ᠠᠮᠠ ᠣᠷᠣᠬᠤ ᠵᠡᠷᠭᠡ ᠲᠠᠯ᠎ᠠ ᠪᠠᠷ ᠳᠥᠭᠦᠮ ᠲᠦᠳᠠ ᠵᠠᠮ ᠲᠠᠯᠪᠢᠵᠤ ᠥᠭᠭᠦᠨ᠎ᠡ | ᠃ ᠢᠨᠲ᠋ᠧᠷ ᠰᠦᠯᠵᠢᠶᠡᠨ ᠤ ᠠᠵᠤ ᠠᠬᠤᠶᠢᠯᠠᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠠᠵᠤ ᠠᠬᠤᠶᠢᠯᠠᠯ ᠵᠡᠷᠭᠡ ᠪᠠᠷ ᠦᠨᠡᠮᠰᠢᠭᠦᠯᠬᠦ ᠭᠤᠶᠤᠴᠢᠯᠠᠯ ᠢ ᠨᠢ | ᠳᠡᠮᠵᠢᠵᠦ᠂ ᠦᠨᠡᠮᠰᠢᠭᠦᠯᠦᠭᠰᠡᠨ ᠠᠵᠤ ᠠᠬᠤᠶᠢᠯᠠᠯ ᠳᠤ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠮᠢᠶ᠎ᠠ | ᠪᠦᠬᠦᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︽ᠢᠨᠲ᠋ᠧᠷ ᠰᠦᠯᠵᠢᠶ᠎ᠡ +︾ ᠶᠢᠨ ᠠᠵᠢᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠲᠣᠳᠣᠷᠬᠠᠶᠢᠯᠠᠭᠰᠠᠨ ᠨᠢ ᠵᠠᠰᠠᠭ ᠤᠨ ᠣᠷᠳᠣᠨ ᠨᠥᠬᠦᠪᠥᠷᠢ ᠣᠯᠭᠤᠬᠤ ᠪᠤᠶᠤ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠣᠯᠠᠨ ᠨᠡᠶᠢᠲᠡ ᠶᠢᠨ ᠲᠠᠯᠠᠪᠤᠷ ᠢ ᠳᠡᠮᠵᠢᠨ ᠰᠦᠢᠳᠬᠡᠯ ᠥᠯᠥ | ᠬᠤᠷᠢᠶᠠᠬᠤ ᠤᠲᠠᠰᠤᠲᠤ ᠪᠣᠰᠤ ᠥᠷᠭᠡᠨ ᠪᠦᠰᠡ ᠶᠢᠨ ᠦᠢᠯᠡᠴᠢᠯᠡᠭᠡ ᠬᠠᠩᠭᠠᠨ᠎ᠠ᠃ ᠵᠠᠬ᠎ᠠ ᠳᠡᠯᠭᠡᠭᠦᠷ ᠤᠨ | ᠥᠷᠢᠰᠥᠯᠳᠦᠭᠡᠨ ᠢ ᠵᠣᠷᠢᠭᠵᠢᠭᠤᠯᠵᠤ᠂ ᠮᠡᠳᠡᠭᠡ ᠵᠠᠩᠭᠢ ᠶᠢᠨ ᠰᠦᠯᠵᠢᠶᠡᠨ ᠤ ᠵᠠᠷᠤᠳᠠᠯ ᠢ ᠤᠯᠠᠮ ᠨᠢᠭᠡ ᠠᠯᠬᠤᠮ | ᠪᠠᠭᠤᠷᠠᠭᠤᠯᠤᠨ᠂ ᠥᠷᠭᠡᠨ ᠪᠦᠰᠡᠲᠦ ᠰᠦᠯᠵᠢᠶᠡᠨ ᠤ ᠬᠤᠷᠳᠤᠴᠠ ᠶᠢᠨ ᠨᠣᠷᠮ᠎ᠠ᠂ ᠮᠡᠳᠡᠭᠡ ᠵᠠᠩᠭᠢ ᠶᠢᠨ | ᠦᠢᠯᠡᠴᠢᠯᠡᠭᠡᠨ ᠤ ᠶᠠᠰᠤ ᠴᠢᠨᠠᠷ ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢᠨ ᠨᠣᠷᠮ᠎ᠠ ᠶᠢ | ᠳᠡᠭᠡᠭᠰᠢᠯᠡᠭᠦᠯᠦᠨ᠎ᠡ᠃ ᠲᠡᠷᠡᠴᠢᠯᠡᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ ᠴᠢᠩᠭ᠎ᠠ | ᠬᠡᠷᠡᠭᠵᠢᠭᠦᠯᠵᠦ᠂ ᠢᠨᠲ᠋ᠧᠷ ᠰᠦᠯᠵᠢᠶᠡᠨ ᠤ ᠬᠦᠷᠢᠶᠡᠨ ᠳᠠᠬᠢ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠲᠠᠭᠰᠠᠨ | ᠬᠠᠭᠤᠷᠮᠠᠭᠯᠠᠭᠰᠠᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠬᠦ ᠶᠢᠨ ᠳᠠᠭᠠᠣ ᠡᠷᠬᠡ ᠳᠤ ᠬᠠᠯᠳᠠᠭᠰᠠᠨ᠂ | ᠬᠠᠭᠤᠷᠮᠠᠭᠯᠠᠭᠰᠠᠨ ᠦᠢᠯᠡ ᠠᠵᠢᠯᠯᠠᠭ᠎ᠠ ᠶᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠳᠤ ᠣᠷᠤᠭᠤᠯᠤᠨ᠎ᠠ᠃ ᠡᠭᠦᠨ | ᠤ ᠬᠠᠮᠲᠤ ᠰᠦᠯᠵᠢᠶᠡᠨ ᠤ ᠠᠮᠤᠷ ᠲᠦᠪᠰᠢᠨ ᠤ ᠮᠡᠳᠡᠭᠡ ᠵᠠᠩᠭᠢ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠂ | ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠢᠨᠲ᠋ᠧᠷ ᠰᠦᠯᠵᠢᠶᠡᠨ ᠤ ᠳ᠋ᠠᠶᠢᠲ᠋ᠠ ᠶᠢᠨ ᠡᠬᠢ ᠪᠠᠶᠠᠯᠢᠭ ᠢ ᠠᠮᠤᠷ ᠲᠦᠪᠰᠢᠨ ᠬᠠᠳᠠᠭᠠᠯᠠᠬᠤ ᠪᠠ ᠭᠠᠶ ᠭᠠᠮᠰᠢᠭ ᠠᠴᠠ | ᠰᠡᠷᠭᠡᠶᠢᠯᠡᠬᠦ ᠪᠡᠯᠡᠳᠬᠡᠯ ᠬᠢᠵᠦ᠂ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠠᠭᠤᠷᠢ ᠪᠡᠯᠡᠳᠬᠡᠮᠵᠢ ᠶᠢᠨ | ᠤᠶᠦᠡᠴᠢᠯᠡᠯᠳᠠ ᠪᠠ ᠪᠦᠷᠢᠨ ᠪᠥᠷᠬᠦᠴᠡ ᠶᠢ ᠲᠥᠷᠭᠡᠳᠬᠡᠬᠦ ᠪᠥᠭᠡᠳ ᠡᠯᠧᠺᠲᠷᠣᠨ ᠵᠠᠰᠠᠭ ᠤᠨ ᠶᠠᠪᠤᠳᠠᠯ᠂ | ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠳᠤ ᠡᠯᠧᠺᠲᠷᠣᠨ | ᠭᠠᠷ ᠤᠨ ᠦᠰᠦᠭ ᠵᠢᠷᠤᠬᠤ ᠪᠠ EID ︵ᠠᠷᠠᠳ ᠢᠷᠭᠡᠨ ᠤ ᠰᠦᠯᠵᠢᠶᠡᠨ ᠳᠠᠬᠢ ᠡᠯᠧᠺᠲᠷᠣᠨ ᠪᠡᠶ᠎ᠡ ᠶᠢᠨ ᠭᠠᠷᠤᠯ ᠢ | ᠢᠯᠭᠠᠬᠤ︶ ᠶᠢ ᠳᠡᠯᠭᠡᠷᠡᠭᠦᠯᠦᠨ ᠬᠡᠷᠡᠭᠯᠡᠵᠦ᠂ ᠲᠣᠭᠠᠴᠢᠯᠠᠭᠰᠠᠨ ᠦᠨᠡᠮᠯᠡᠯ ᠢ ᠢᠨᠲ᠋ᠧᠷ ᠰᠦᠯᠵᠢᠶᠡᠨ ᠳᠡᠭᠡᠷ᠎ᠡ | ᠬᠡᠷᠡᠭᠯᠡᠬᠦ ᠶᠢ ᠵᠣᠷᠢᠭᠵᠢᠭᠤᠯᠤᠨ᠎ᠠ᠃ |