ᠡᠨᠡ ᠵᠢᠯ ᠥᠪᠥᠷ ᠮᠣᠩᠭᠤᠯ 250 ᠨᠡᠷ᠎ᠡ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢ ᠶᠢ ᠦᠷᠭᠦᠯᠵᠢᠯᠡᠨ ᠡᠯᠰᠡᠨ᠎ᠡ
ᠨᠡᠶᠢᠲᠡᠯᠡᠭᠰᠡᠨ ᠴᠠᠭ᠄
2015/6/12
     ᠣᠶᠢᠷ᠎ᠠ ᠳᠤ᠂ ᠤᠯᠤᠰ ᠤᠨ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠵᠦᠪᠯᠡᠯ ᠰᠤᠷᠤᠭᠴᠢ ᠡᠯᠰᠡᠬᠦ ᠲᠥᠯᠥᠪᠯᠡᠭᠡ ᠶᠢ ᠪᠠᠭᠤᠯᠭᠠᠪᠠ᠂ ᠥᠪᠥᠷ ᠮᠣᠩᠭᠤᠯ ᠡᠨᠡ ᠵᠢᠯ 5 ᠵᠢᠯ ᠤᠨ ᠳᠦᠷᠢᠮᠲᠦ ᠵᠢᠩᠭᠢᠨᠢ ᠠᠩᠭᠢ ᠶᠢᠨ ᠬᠥᠳᠡᠭᠡ ᠲᠣᠰᠬᠤᠨ ᠤ ᠵᠠᠬᠢᠶᠠᠯᠠᠭ᠎ᠠ ᠲᠠᠢ ᠬᠠᠨᠳᠤᠯᠭ᠎ᠠ ᠲᠠᠢ ᠰᠦᠢᠳᠬᠡᠯ ᠥᠯᠥ ᠬᠤᠷᠢᠶᠠᠬᠤ 250 ᠨᠡᠷ᠎ᠡ ᠡᠮᠴᠢᠯᠡᠭᠡᠨ ᠤ ᠰᠤᠷᠤᠭᠴᠢ ᠶᠢ ᠥᠷᠭᠦᠯᠵᠢᠯᠡᠨ ᠡᠯᠰᠡᠨ ᠠᠪᠴᠤ ᠬᠥᠮᠦᠵᠢᠭᠦᠯᠦᠨ᠂ ᠲᠡᠭᠦᠰᠦᠭᠰᠡᠨ ᠤ ᠬᠢᠨᠢ ᠳᠠᠷᠠᠭ᠎ᠠ᠂ ᠰᠤᠮᠤ ᠰᠢᠶᠠᠩ ᠪᠠᠯᠭᠠᠰᠤᠨ ᠳᠤ ᠣᠴᠢᠭᠤᠯᠵᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢ ᠪᠦᠷᠢᠨᠰᠢᠭᠦᠯᠦᠨ᠎ᠡ᠃ 2010 ᠣᠨ ᠤ 6 ᠳ᠋ᠤᠭᠠᠷ ᠰᠠᠷ᠎ᠠ ᠳᠤ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠬᠤ ᠶᠢᠨ ᠲᠥᠯᠥᠭᠡ᠂ ᠤᠯᠤᠰ ᠤᠨ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠦᠪᠯᠡᠯ ᠵᠡᠷᠭᠡ ᠲᠠᠪᠤᠨ ᠶᠠᠮᠤᠨ ᠵᠦᠪᠯᠡᠯ ︽ᠬᠥᠳᠡᠭᠡ ᠲᠣᠰᠬᠤᠨ ᠤ ᠵᠠᠬᠢᠶᠠᠯᠠᠭ᠎ᠠ ᠲᠠᠢ ᠬᠠᠨᠳᠤᠯᠭ᠎ᠠ ᠲᠠᠢ ᠡᠮᠴᠢᠯᠡᠭᠡᠨ ᠎ ᠤ ᠰᠤᠷᠤᠭᠴᠢᠳ ᠢ ᠰᠦᠢᠳᠬᠡᠯ ᠬᠤᠷᠢᠶᠠᠬᠤ ᠦᠭᠡᠶ ᠪᠠᠷ ᠬᠥᠮᠦᠵᠢᠭᠦᠯᠬᠦ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠨᠡᠶᠢᠭᠡᠮ  ﹇2010﹈ 1198 ᠳ᠋ᠤᠭᠠᠷ ᠲᠣᠭᠠᠲᠤ ︶᠎ ᠢ ᠳᠠᠷᠤᠮᠠᠯᠯᠠᠨ ᠲᠠᠷᠬᠠᠭᠠᠵᠤ᠂ ᠬᠥᠳᠡᠭᠡ ᠲᠣᠰᠬᠤᠨ ᠤ ᠵᠠᠬᠢᠶᠠᠯᠠᠭ᠎ᠠ ᠲᠠᠢ ᠬᠠᠨᠳᠤᠯᠭ᠎ᠠ ᠲᠠᠢ ᠡᠮᠴᠢᠯᠡᠭᠡᠨ ᠤ ᠰᠤᠷᠤᠭᠴᠢᠳ ᠢ ᠰᠦᠢᠳᠬᠡᠯ ᠬᠤᠷᠢᠶᠠᠬᠤ ᠦᠭᠡᠶ ᠪᠠᠷ ᠬᠥᠮᠦᠵᠢᠭᠦᠯᠬᠦ ᠲᠥᠷᠥᠯ ᠵᠦᠢᠯ ᠤᠨ ᠠᠵᠢᠯ ᠢ ᠵᠢᠩᠬᠢᠨᠢ ᠪᠠᠷ ᠡᠬᠢᠯᠡᠭᠦᠯᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠲᠡᠭᠦᠨ ᠠᠴᠠ ᠳᠣᠷᠣᠭᠰᠢᠬᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠠᠶᠢᠨ ᠰᠠᠶᠢᠬᠠᠨ ᠡᠷᠬᠢᠯᠡᠭᠰᠡᠨ ᠠᠵᠢᠯ ᠤᠨ ᠶᠣᠰᠣ ᠮᠣᠷᠠᠯ ᠪᠠ ᠦᠨᠳᠦᠰᠦᠨ ᠱᠠᠲᠤᠨ ᠤ ᠣᠯᠠᠨ ᠲᠦᠮᠡᠨ ᠤ ᠡᠷᠡᠭᠦᠯ ᠮᠡᠨᠳᠦ ᠳᠤ ᠦᠢᠯᠡᠴᠢᠯᠡᠬᠦ ᠮᠠᠰᠢ ᠴᠢᠩᠭ᠎ᠠ ᠦᠵᠡᠯ ᠤᠬᠠᠮᠰᠠᠷ ᠎ ᠲᠠᠢ᠂ ᠠᠨᠠᠭᠠᠬᠤ ᠤᠬᠠᠭᠠᠨ ᠤ ᠦᠨᠳᠦᠰᠦᠨ ᠣᠨᠣᠯ᠂ ᠦᠨᠳᠦᠰᠦᠨ ᠮᠡᠳᠡᠯᠭᠡ ᠪᠠ ᠦᠨᠳᠦᠰᠦᠨ ᠤᠷ᠎ᠠ ᠴᠢᠳᠠᠪᠤᠷᠢ ᠶᠢ ᠯᠠᠪᠳᠠᠭᠤᠨ ᠪᠠᠲᠤᠲᠠᠶ ᠡᠵᠡᠮᠰᠢᠭᠰᠡᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠶᠡᠷᠦᠩᠬᠡᠢ ᠰᠠᠯᠠᠭᠠᠨ ᠤ ᠡᠮᠴᠢᠯᠡᠭᠡ ᠬᠢᠵᠦ ᠴᠢᠳᠠᠬᠤ ᠳᠡᠭᠡᠳᠦ ᠬᠡᠪ ᠪᠣᠯᠪᠠᠰᠤᠷᠠᠯ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠬᠥᠮᠦᠵᠢᠭᠦᠯᠵᠦ ᠥᠭᠬᠦ ᠪᠠᠷ ᠭᠤᠣᠯᠳᠠᠯᠭ᠎ᠠ ᠪᠠᠨ ᠪᠣᠯᠭᠠᠵᠠᠢ᠃ ᠲᠥᠪ ᠤᠨ ᠡᠳ᠋ ᠤᠨ ᠵᠠᠰᠠᠭ ᠠᠴᠠ ᠰᠤᠷᠤᠭᠴᠢ ᠪᠣᠯᠭᠠᠨ ᠳᠤ ᠵᠢᠯ ᠪᠦᠷᠢ 6000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠥᠭᠴᠦ᠂ ᠳᠤᠮᠳᠠ ᠪᠠᠷᠠᠭᠤᠨ ᠬᠡᠰᠡᠭ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠦᠷᠢ ᠳᠤ 1 ᠨᠡᠷ᠎ᠡ ᠶᠡᠷᠦᠩᠬᠡᠢ ᠰᠠᠯᠠᠭᠠᠨ ᠤ ᠡᠮᠴᠢᠯᠡᠭᠡ ᠬᠢᠵᠦ ᠴᠢᠳᠠᠬᠤ 5 ᠵᠢᠯ ᠤᠨ ᠳᠦᠷᠢᠮᠲᠦ ᠡᠮᠴᠢᠯᠡᠭᠡᠨ ᠤ ᠠᠨᠠᠭᠠᠬᠤ ᠤᠬᠠᠭᠠᠨ ᠤ ᠵᠢᠩᠬᠢᠨᠢ ᠠᠩᠭᠢ ᠶᠢᠨ ᠰᠤᠷᠤᠭᠴᠢ ᠬᠥᠮᠦᠵᠢᠭᠦᠯᠵᠦ ᠥᠭᠪᠡ᠃ ᠮᠠᠨ ᠤ ᠣᠷᠣᠨ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ 2010 ᠣᠨ ᠠᠴᠠ ᠨᠠᠰᠢ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠳᠤ ᠴᠢᠭᠯᠡᠭᠦᠯᠵᠦ᠂ ᠥᠪᠡᠷᠲᠡᠭᠡᠨ ᠵᠠᠰᠠᠬᠤ ᠣᠷᠣᠨ ᠤ  ᠡᠳ᠋  ᠤᠨ  ᠵᠠᠰᠠᠭ  ᠠᠴᠠ  ᠪᠠᠰᠠ ᠰᠤᠷᠤᠭᠴᠢ ᠪᠣᠯᠭᠠᠨ ᠳᠤ ᠵᠢᠯ ᠪᠦᠷᠢ 5000 ᠲᠥᠭᠦᠷᠢᠭ ᠤᠨ  ᠲᠥᠬᠦᠷ  ᠪᠡᠯᠡ  ᠮᠥᠩᠭᠦᠨ ᠤ ᠨᠥᠬᠦᠪᠥᠷᠢ ᠣᠯᠭᠤᠪᠠ᠃      ᠣᠳᠣ᠂ ᠪᠦᠬᠦ ᠣᠷᠣᠨ ᠳᠤ ᠬᠥᠮᠦᠵᠢᠭᠦᠯᠵᠦ ᠪᠠᠶᠢᠭ᠎ᠠ ᠵᠠᠬᠢᠶᠠᠯᠠᠭ᠎ᠠ ᠲᠠᠢ ᠬᠠᠨᠳᠤᠯᠭ᠎ᠠ ᠲᠠᠢ 5 ᠵᠢᠯ ᠤᠨ ᠳᠦᠷᠢᠮᠲᠦ ᠵᠢᠩᠭᠢᠨᠢ ᠠᠩᠭᠢ ᠶᠢᠨ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢ 1361 ᠪᠠᠶᠢᠵᠤ᠂ ᠡᠭᠦᠨ ᠤ ᠳᠣᠲᠣᠷ᠎ᠠ 2010 ᠣᠨ ᠳᠤ ᠡᠯᠰᠡᠭᠰᠡᠨ 240 ᠨᠡᠷ᠎ᠡ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢ ᠣᠶᠢᠷ᠎ᠠ ᠳᠤ ᠲᠡᠭᠦᠰᠬᠦ ᠪᠠᠷ ᠪᠠᠶᠢᠨ᠎ᠠ᠃ ᠰᠦᠢᠳᠬᠡᠯ ᠥᠯᠥ ᠬᠤᠷᠢᠶᠠᠬᠤ ᠠᠨᠠᠭᠠᠬᠤ ᠤᠬᠠᠭᠠᠨ ᠤ ᠬᠠᠨᠳᠤᠯᠭ᠎ᠠ ᠲᠠᠢ ᠠᠵᠢᠯ ᠣᠯᠭᠤᠬᠤ ᠰᠤᠷᠤᠭᠴᠢ ᠡᠯᠰᠡᠬᠦ ᠲᠥᠯᠥᠪᠯᠡᠭᠡ ᠳᠤ ᠨᠡᠷ᠎ᠡ ᠮᠡᠳᠡᠭᠦᠯᠦᠭᠰᠡᠨ ᠴᠦᠮ ᠰᠤᠷᠤᠭᠴᠢᠳ ᠡᠷᠬᠡᠪᠰᠢ ᠲᠤᠬᠠᠶ ᠶᠢᠨ ᠵᠢᠯ ᠤᠨ ᠪᠦᠬᠦ ᠤᠯᠤᠰ ᠤᠨ ᠳᠡᠭᠡᠳᠦ ᠰᠤᠷᠭᠠᠭᠤᠯᠢ ᠳᠤ ᠡᠯᠰᠡᠬᠦ ᠨᠢᠬᠡᠲᠦᠯᠲᠡᠢ ᠰᠢᠯᠭᠠᠯᠲᠠ ᠳᠤ ᠣᠷᠣᠯᠴᠠᠵᠤ᠂ ᠡᠷᠡᠮᠡᠯᠵᠡᠯ ᠢ ᠨᠢ ᠠᠰ ᠲᠤᠨᠢ ᠵᠢᠭᠰᠠᠭᠠᠵᠤ᠂ ᠠᠰ ᠲᠤᠨᠢ ᠪᠦᠯᠦᠭ ᠤᠳᠠᠭ᠎ᠠ ᠲᠣᠬᠢᠷᠠᠭᠤᠯᠬᠤ᠂ ᠠᠰ ᠢᠶᠠᠷ ᠨᠢ ᠱᠤᠭᠤᠮ ᠲᠣᠭᠲᠠᠭᠠᠬᠤ᠂ ᠤᠷᠢᠳᠴᠢᠯᠠᠨ ᠪᠦᠯᠦᠭ ᠤᠳᠠᠭ᠎ᠠ ᠬᠤᠪᠢᠶᠠᠨ ᠡᠯᠰᠡᠨ᠎ᠡ᠃ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢ ᠶᠢ ᠣᠷᠣᠨ ᠤ ᠳᠣᠲᠣᠷ᠎ᠠ ᠠᠴᠠ ᠡᠯᠰᠡᠬᠦ ᠳᠤ᠂ ᠵᠠᠷᠴᠢᠮ ᠳᠡᠭᠡᠷ᠎ᠡ ᠪᠠᠨ ᠬᠥᠳᠡᠭᠡ ᠲᠣᠰᠬᠤᠨ ᠤ ᠰᠤᠷᠤᠭᠴᠢ ᠶᠢᠨ ᠢᠷᠡᠯᠲᠡ ᠶᠢ ᠡᠯᠰᠡᠵᠦ᠂ ᠳᠠᠩᠰᠠ ᠡᠪᠬᠡᠮᠡᠯ ᠭᠠᠷᠭᠠᠬᠤ ᠱᠠᠭᠠᠷᠳᠠᠯᠭ᠎ᠠ ᠳᠤ ᠨᠡᠶᠢᠴᠡᠭᠰᠡᠨ ᠰᠢᠯᠭᠠᠭᠤᠯᠤᠭᠴᠢ ᠶᠢᠨ ᠬᠡᠪᠴᠢᠶᠡᠨ ᠳᠣᠲᠣᠷ᠎ᠠ᠂ ᠠᠵᠢᠯ ᠤᠨ ᠪᠠᠶᠢᠷᠢ ᠲᠣᠭᠲᠠᠭᠠᠭᠰᠠᠨ ᠨᠢᠭᠡᠴᠡ ᠶᠢᠨ ᠪᠠᠶᠢᠭ᠎ᠠ ᠰᠢᠶᠠᠨ ᠤ ᠰᠤᠷᠤᠭᠴᠢ ᠶᠢᠨ ᠢᠷᠡᠯᠲᠡ ᠶᠢ ᠤᠷᠢᠳᠠᠪᠠᠷ ᠡᠯᠰᠡᠨ᠎ᠡ᠃ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢ ᠰᠤᠷᠭᠠᠭᠤᠯᠢ ᠳᠤ ᠰᠤᠷᠤᠯᠴᠠᠬᠤ ᠬᠤᠭᠤᠴᠠᠭᠠᠨ ᠳᠠᠭᠠᠨ ᠰᠤᠷᠤᠯᠭ᠎ᠠ ᠶᠢᠨ ᠰᠦᠢᠳᠬᠡᠯ ᠢ ᠬᠠᠰᠤᠨ ᠬᠡᠯᠲᠦᠷᠢᠭᠦᠯᠬᠦ᠂ ᠪᠠᠶᠢᠷᠢ ᠶᠢᠨ ᠰᠦᠢᠳᠬᠡᠯ ᠢ ᠬᠡᠯᠲᠦᠷᠢᠭᠦᠯᠬᠦ ᠪᠠ ᠠᠮᠢᠳᠤᠷᠠᠯ ᠤᠨ ᠵᠠᠷᠤᠳᠠᠯ ᠢ ᠨᠥᠬᠦᠪᠦᠷᠢᠯᠡᠬᠦ ︽ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠲᠡᠨ᠎ᠡ᠃ ᠲᠡᠭᠦᠰᠦᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠠᠴᠠ ᠡᠮᠦᠨ᠎ᠡ ᠲᠣᠭᠲᠠᠭᠰᠠᠨ ᠠᠵᠢᠯ ᠣᠯᠭᠤᠬᠤ ᠬᠡᠯᠡᠯᠴᠡᠭᠡᠷ ᠢᠶᠠᠨ ᠦᠨᠳᠦᠰᠦᠯᠡᠨ ᠬᠠᠨᠳᠤᠯᠭ᠎ᠠ ᠲᠠᠢ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠴᠢᠵᠤ ᠨᠡᠷ᠎ᠡ ᠮᠡᠳᠡᠭᠦᠯᠦᠨ᠎ᠡ ᠂ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠰᠢᠶᠠᠨ ᠤ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢᠳ ᠤᠨ ᠠᠵᠢᠯ ᠤᠨ ᠪᠠᠶᠢᠷᠢ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠷᠣᠨ ᠲᠤᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠬᠠᠨᠳᠤᠯᠭ᠎ᠠ ᠲᠠᠢ ᠰᠤᠷᠤᠭᠴᠢ ᠡᠯᠰᠡᠬᠦ ᠲᠥᠯᠥᠪᠯᠡᠭᠡ ᠶᠣᠰᠣᠭᠠᠷ ᠰᠤᠷᠭᠠᠭᠤᠯᠢ ᠠᠴᠠ ᠲᠡᠭᠦᠰᠦᠭᠰᠡᠨ ᠬᠠᠨᠳᠤᠯᠭ᠎ᠠ ᠲᠠᠢ ᠰᠤᠷᠤᠭᠴᠢ ᠶᠢ ᠬᠦᠯᠢᠶᠡᠨ ᠠᠪᠬᠤ ᠣᠷᠣᠨ ᠲᠤᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠡᠭᠦᠨ ᠢ ᠣᠷᠣᠨ ᠲᠤᠭ᠎ᠠ ᠶᠢᠨ ᠳᠣᠲᠣᠷ᠎ᠠ ᠣᠷᠤᠭᠤᠯᠵᠤ ᠬᠠᠮᠢᠶᠠᠷᠤᠨ᠎ᠠ᠃ ᠰᠦᠢᠳᠬᠡᠯ ᠥᠯᠥ ᠬᠤᠷᠢᠶᠠᠬᠤ ᠡᠮᠴᠢᠯᠡᠭᠡᠨ ᠤ ᠰᠤᠷᠤᠭᠴᠢᠳ ᠠᠵᠢᠯ ᠣᠯᠭᠤᠬᠤ ᠬᠡᠯᠡᠯᠴᠡᠭᠡᠷ ᠶᠣᠰᠣᠭᠠᠷ ᠬᠠᠨᠳᠤᠯᠭ᠎ᠠ ᠲᠠᠢ ᠬᠥᠳᠡᠭᠡ ᠲᠣᠰᠬᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠨᠡᠷ᠎ᠡ ᠮᠡᠳᠡᠭᠦᠯᠦᠭᠰᠡᠨ ᠤ ᠪᠠᠨ ᠳᠠᠷᠠᠭ᠎ᠠ᠂ ᠨᠢᠭᠡᠴᠡ ᠠᠴᠠ ᠲᠣᠮᠢᠯᠠᠭᠰᠠᠨ ᠪᠣᠯᠪᠠᠰᠤᠷᠠᠯ ᠬᠦᠷᠲᠡᠭᠴᠢᠳ ᠤᠨ ᠬᠤᠪᠢ ᠪᠠᠷ ᠡᠮᠨᠡᠯᠭᠡ ᠶᠢᠨ ᠡᠮᠴᠢ ᠶᠢᠨ ᠵᠢᠷᠤᠮᠵᠢᠭᠤᠯᠤᠯᠲᠠ ᠶᠢᠨ ᠪᠣᠯᠪᠠᠰᠤᠷᠠᠯ ᠳᠤ ᠣᠷᠣᠯᠴᠠᠵᠤ᠂ ᠵᠢᠷᠤᠮᠵᠢᠭᠤᠯᠤᠯᠲᠠ ᠶᠢᠨ ᠪᠣᠯᠪᠠᠰᠤᠷᠠᠯ ᠤᠨ ᠬᠤᠭᠤᠴᠠᠭ᠎ᠠ ᠶᠢ 6 ᠵᠢᠯ ᠤᠨ ᠦᠢᠯᠡᠴᠢᠯᠡᠭᠡᠨ ᠤ ᠬᠤᠭᠤᠴᠠᠭᠠᠨ ᠳᠣᠲᠣᠷ᠎ᠠ ᠪᠤᠳᠤᠵᠤ ᠣᠷᠤᠭᠤᠯᠤᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号