ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠳ ᠡᠨᠡ ᠵᠢᠯ ᠠᠴᠠ ᠡᠬᠢᠯᠡᠨ ᠠᠭᠠᠷ ᠤᠨ ᠴᠡᠷᠢᠭ ᠤᠨ ᠨᠢᠰᠦᠯᠲᠡ ᠶᠢᠨ ᠰᠤᠷᠤᠭᠴᠢ ᠳᠤ ᠨᠡᠷ᠎ᠡ ᠮᠡᠳᠡᠭᠦᠯᠵᠦ ᠪᠣᠯᠣᠨ᠎ᠠ
ᠨᠡᠶᠢᠲᠡᠯᠡᠭᠰᠡᠨ ᠴᠠᠭ᠄
2015/6/12
     ᠰᠤᠷᠭᠠᠨ ᠬᠥᠮᠦᠵᠢᠯ ᠤᠨ ᠶᠠᠮᠤᠨ᠂ ᠶᠡᠷᠦᠩᠬᠡᠢ ᠤᠯᠤᠰ ᠲᠥᠷᠥ ᠶᠢᠨ ᠬᠡᠯᠲᠡᠰ ︽ᠴᠡᠷᠢᠭ ᠠᠩᠭᠢ ᠤᠨ ᠳᠡᠭᠡᠳᠦ ᠰᠤᠷᠭᠠᠭᠤᠯᠢ ᠶᠢᠨ ᠵᠠᠯᠠᠭᠤ ᠰᠤᠷᠤᠭᠴᠢ ᠡᠯᠰᠡᠬᠦ ᠪᠠ ᠡᠩ ᠤᠨ ᠳᠡᠭᠡᠳᠦ ᠰᠤᠷᠭᠠᠭᠤᠯᠢ ᠠᠴᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠭᠴᠢ ᠡᠯᠰᠡᠬᠦ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠮᠡᠳᠡᠭᠳᠡᠯ︾᠎ ᠢ ᠪᠠᠭᠤᠯᠭᠠᠪᠠ᠂ ︽ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ 2015 ᠣᠨ ᠠᠴᠠ ᠡᠬᠢᠯᠡᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰ ᠬᠤᠭᠤᠴᠠᠭ᠎ᠠ᠂ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠳ ᠴᠥᠮ ᠠᠭᠠᠷ ᠤᠨ ᠴᠡᠷᠢᠭ ᠤᠨ ᠨᠢᠰᠬᠡᠭᠴᠢ ᠡᠯᠰᠡᠬᠦ ᠳᠤ ᠮᠡᠳᠡᠭᠦᠯᠦᠨ ᠰᠢᠯᠭᠠᠭᠤᠯᠵᠤ ᠪᠣᠯᠤᠨ᠎ᠠ᠃ ᠰᠢᠨ᠎ᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠳᠤ ᠬᠠᠨᠳᠤᠭᠤᠯᠤᠨ᠂ ᠠᠭᠠᠷ ᠤᠨ ᠴᠡᠷᠢᠭ 6 ᠳ᠋ᠤᠭᠠᠷ ᠰᠠᠷ᠎ᠠ ᠶᠢᠨ 10᠎ ᠤ ᠡᠳᠦᠷ ᠠᠴᠠ ᠡᠬᠢᠯᠡᠨ ᠨᠢᠰᠬᠡᠭᠴᠢ ᠡᠯᠰᠡᠬᠦ ᠬᠤᠶᠠᠳᠤᠭᠠᠷ ᠤᠳᠠᠭᠠᠨ ᠤ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠥᠷᠨᠢᠭᠦᠯᠦᠨ᠎ᠡ᠃  ᠣᠶᠢᠯᠠᠭᠠᠭᠰᠠᠨ ᠢᠶᠠᠷ᠂ ᠮᠡᠳᠡᠭᠦᠯᠦᠨ ᠰᠢᠯᠭᠠᠭᠤᠯᠤᠭᠰᠠᠳ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠥᠩᠭᠡᠷᠡᠭᠰᠡᠨ ᠬᠤᠭᠤᠴᠠᠭᠠᠨ ᠤ ᠲᠡᠭᠦᠰᠦᠭᠰᠡᠨ ᠡᠷᠡᠭᠲᠡᠶ ᠰᠤᠷᠤᠭᠴᠢ᠂ ᠡᠮᠦᠨ᠎ᠡ ᠬᠤᠭᠤᠴᠠᠭᠠᠨ ᠳᠤ ᠮᠡᠳᠡᠭᠦᠯᠦᠨ ᠰᠢᠯᠭᠠᠭᠤᠯᠤᠭᠠᠳᠤᠢ ᠲᠤᠰ ᠬᠤᠭᠤᠴᠠᠭᠠᠨ ᠤ ᠲᠡᠭᠦᠰᠦᠭᠰᠡᠨ ᠡᠷᠡᠭᠲᠡᠶ ᠰᠤᠷᠤᠭᠴᠢ ᠪᠣᠯᠣᠨ᠎ᠠ᠃ ᠨᠡᠷ᠎ᠡ ᠮᠡᠳᠡᠭᠦᠯᠬᠦ ᠨᠥᠬᠦᠴᠡᠯ᠄ 1᠂ 1995 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠬᠤᠶᠢᠰᠢ ᠲᠥᠷᠥᠭᠰᠡᠨ ᠪᠠᠶᠢᠬᠤ ᠬᠡᠷᠡᠭᠲᠡᠢ᠃ 2᠂ ᠪᠡᠶ᠎ᠡ ᠶᠢᠨ ᠥᠨᠳᠥᠷ ᠨᠢ 165-185 ᠰᠡᠨᠲ᠋ᠢᠮᠧᠲᠷ ᠤᠨ ᠬᠤᠭᠤᠷᠣᠨᠳᠣ ᠪᠠᠶᠢᠵᠤ᠂ ᠪᠡᠶ᠎ᠡ ᠶᠢᠨ ᠬᠦᠨᠳᠦ ᠨᠢ 50 ᠺᠢᠯᠦᠭᠷᠡᠮ ᠠᠴᠠ ᠳᠡᠭᠡᠭᠰᠢ ᠪᠠᠶᠢᠬᠤ ᠬᠡᠷᠡᠭᠲᠡᠢ ᠃ ᠠᠭᠠᠷ ᠤᠨ ᠴᠡᠷᠢᠭ ᠤᠨ ᠪᠠᠷᠢᠮᠵᠢᠶᠠᠲᠤ ᠨᠢᠳᠦᠨ ᠬᠠᠷᠠᠭ᠎ᠠ ᠰᠢᠯᠭᠠᠬᠤ ᠬᠦᠰᠦᠨᠦᠭᠲᠦ ᠶᠣᠰᠣᠭᠠᠷ ᠰᠢᠯ ᠦᠭᠡᠢ ᠬᠠᠷᠠᠭ᠎ᠠ ᠨᠢ 0.8᠎ ᠠᠴᠠ ᠳᠡᠭᠡᠭᠰᠢ ︵E ᠬᠡᠯᠪᠡᠷᠢ ᠶᠢᠨ ᠬᠠᠷᠠᠭ᠎ᠠ ᠰᠢᠯᠭᠠᠬᠤ ᠬᠦᠰᠦᠨᠦᠭᠲᠦ ᠳᠤ 5.0︶ ᠪᠠᠶᠢᠵᠤ᠂ ᠣᠶᠢᠷ᠎ᠠ ᠬᠠᠷᠠᠭ᠎ᠠ ᠶᠢᠨ ᠭᠡᠷᠡᠯ ᠨᠤᠭᠤᠷᠠᠯᠲᠠ ᠶᠢᠨ ᠮᠡᠰᠡ ᠵᠠᠰᠠᠯ ᠬᠢᠭᠡᠳᠦᠢ ᠪᠠᠶᠢᠬᠤ ᠬᠡᠷᠡᠭᠲᠡᠢ᠃ ᠨᠠᠮ ᠴᠢᠰᠤᠨ ᠳᠠᠷᠤᠯᠲᠠ ᠨᠢ 138/88 ᠮᠢᠯᠢᠮᠧᠲᠷ ᠮᠥᠩᠭᠦᠨ ᠤᠰᠤᠨ ᠪᠠᠭᠠᠨ᠎ᠠ ᠶᠢ ᠳᠠᠪᠠᠭ᠋ᠤ ᠦᠭᠡᠢ ᠪᠠᠶᠢᠬᠤ ᠬᠡᠷᠡᠭᠲᠡᠢ᠃ ᠥᠩᠭᠡᠨ ᠬᠠᠷᠠᠯᠭᠠᠨ᠂ ᠥᠩᠭᠡ ᠢᠯᠭᠠᠬᠤ ᠳᠠᠭᠠᠨ ᠮᠠᠭᠤ ᠦᠭᠡᠢ᠂ ᠰᠢᠪᠡᠭᠡᠰᠦ ᠦᠭᠡᠶ᠂ ᠦᠰᠦᠭ ᠰᠢᠪᠡᠭᠰᠡᠨ ᠦᠭᠡᠢ ᠪᠠᠶᠢᠬᠤ ᠬᠡᠷᠡᠭᠲᠡᠶ᠃ 3᠂ ᠨᠢᠰᠦᠯᠲᠡ ᠳᠤ ᠨᠡᠯᠢᠶᠡᠳ ᠶᠡᠭᠡ ᠳᠤᠷ᠎ᠠ ᠰᠣᠨᠢᠷᠬᠠᠯ ᠪᠠ ᠬᠦᠰᠡᠯ ᠡᠷᠡᠮᠡᠯᠵᠡᠯ ᠲᠠᠢ ᠪᠠᠶᠢᠵᠤ᠂ ᠰᠡᠳᠬᠢᠬᠦᠶ ᠬᠤᠷᠴᠠ᠂  ᠠᠮᠢᠳᠤᠯᠢᠭ᠂ ᠬᠥᠳᠡᠯᠭᠡᠭᠡᠨ ᠨᠢ ᠵᠣᠬᠢᠴᠠᠩᠭᠤᠶ᠂ ᠰᠤᠷᠤᠯᠴᠠᠬᠤ ᠴᠢᠳᠠᠪᠤᠷᠢ ᠪᠠᠷ ᠴᠢᠩᠭ᠎ᠠ᠂ ᠵᠣᠬᠢᠬᠤ ᠤᠳᠤᠷᠢᠳᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠪᠠ ᠪᠦᠯᠬᠦᠮ ᠨᠡᠶᠢᠲᠡ ᠶᠢᠨ ᠬᠠᠮᠵᠢᠯᠴᠠᠬᠤ ᠦᠵᠡᠯ ᠤᠬᠠᠮᠰᠠᠷ ᠲᠠᠢ ᠪᠠᠶᠢᠵᠤ᠂ ᠵᠠᠩ ᠠᠭᠠᠰᠢ ᠪᠠᠶᠠᠰᠤᠩᠭᠤᠢ᠂ ᠰᠠᠨᠠᠭ᠎ᠠ ᠰᠡᠳᠬᠢᠯ ᠲᠣᠭᠲᠠᠭᠤᠨ᠂ ᠵᠣᠷᠢᠭᠲᠠᠶ ᠬᠢᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠃ 4᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠡᠬᠡ ᠣᠷᠣᠨ ᠳᠠᠭᠠᠨ ᠦᠨᠡᠨᠴᠢ ᠰᠢᠳᠤᠷᠭᠤ᠂ ᠴᠡᠷᠢᠭ ᠠᠩᠭᠢ ᠳᠤ ᠬᠠᠶᠢᠷᠠᠲᠠᠢ᠂ ᠴᠡᠷᠢᠭ ᠤᠨ ᠶᠠᠪᠤᠳᠠᠯ ᠤᠨ ᠨᠢᠰᠦᠯᠲᠡ ᠶᠢᠨ ᠠᠵᠢᠯ ᠢ ᠡᠷᠬᠢᠯᠡᠵᠦ ᠬᠢᠬᠦ ᠰᠠᠶᠢᠨ ᠳᠤᠷ᠎ᠠ ᠲᠠᠢ ᠪᠠᠶᠢᠬᠤ ᠬᠡᠷᠡᠭᠲᠡᠢ︔ ᠲᠡᠦᠬᠡ ᠨᠢ ᠴᠡᠪᠡᠷ᠂ ᠦᠵᠡᠯ ᠰᠠᠨᠠᠭ᠎ᠠ ᠳᠠᠪᠰᠢᠩᠭᠤᠶ᠂ ᠶᠣᠰᠣ ᠰᠤᠷᠲᠠᠬᠤᠨ ᠰᠢᠯᠢᠳᠡᠭ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠴᠡᠷᠢᠭ ᠠᠩᠭᠢ ᠶᠢᠨ ᠨᠢᠰᠦᠯᠲᠡ ᠶᠢᠨ ᠰᠤᠷᠤᠭᠴᠢ ᠡᠯᠰᠡᠬᠦ ᠤᠯᠤᠰ ᠲᠥᠷᠥ ᠶᠢᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠲᠤᠰ ᠬᠥᠮᠦᠨ ᠨᠢ ᠰᠠᠶᠢᠨ ᠳᠤᠷ᠎ᠠ ᠠᠴᠠ ᠪᠠᠨ ᠪᠠᠶᠢᠵᠤ᠂ ᠭᠡᠷ ᠤᠨ ᠠᠬᠠᠮᠠᠳ ︵ᠬᠢᠨᠠᠨ ᠬᠠᠮᠠᠭᠠᠯᠠᠭᠴᠢ︶᠎ ᠨᠢ ᠳᠡᠮᠵᠢᠭᠰᠡᠨ ᠪᠠᠶᠢᠬᠤ ᠬᠡᠷᠡᠭᠲᠡᠶ᠃ 5᠂ ᠰᠤᠷᠤᠭᠴᠢᠳ ᠡᠷᠬᠡᠪᠰᠢ ᠪᠠᠶᠢᠭ᠎ᠠ ᠰᠤᠷᠭᠠᠭᠤᠯᠢ ᠶᠢᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠪᠠᠶᠢᠵᠤ᠂ ᠪᠦᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠲᠡᠶ ᠰᠢᠯᠭᠠᠯᠲᠠ ︵ᠭᠠᠳᠠᠭᠠᠳᠤ ᠬᠡᠯᠡ ᠪᠣᠯ ᠠᠩᠭ᠍ᠯᠢ ᠬᠡᠯᠡ᠂ ᠣᠷᠣᠰ ᠬᠡᠯᠡ ᠰᠢᠯᠭᠠᠬᠤ ᠪᠠᠷ ᠬᠢᠵᠠᠭᠠᠷᠯᠠᠨ᠎ᠠ︶᠎ ᠳᠤ ᠣᠷᠣᠯᠴᠠᠭᠰᠠᠨ ᠪᠠᠶᠢᠵᠤ᠂ ᠵᠢᠱᠢᠭᠰᠡᠨ ᠬᠢᠷᠢ ᠪᠦᠲᠦᠮᠵᠢ ᠎ ᠨᠢ ᠲᠤᠰ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠎ ᠶᠢᠨ ᠵᠢᠩᠬᠢᠨᠢ ᠠᠩᠭᠢ ᠶᠢᠨ ᠨᠢᠭᠡᠳᠦᠭᠡᠷ ᠪᠦᠯᠦᠭ ᠤᠨ ᠡᠯᠰᠡᠬᠦ ᠬᠢᠵᠠᠭᠠᠷᠯᠠᠬᠤ ᠱᠤᠭᠤᠮ ᠳᠤ ᠬᠦᠷᠬᠦ ᠪᠣᠯᠣᠮᠵᠢᠲᠠᠢ ᠪᠠᠶᠢᠬᠤ ᠬᠡᠷᠡᠭᠲᠡᠢ᠃      ᠨᠡᠷ᠎ᠡ ᠮᠡᠳᠡᠭᠦᠯᠬᠦ ᠰᠢᠯᠭᠠᠭᠤᠯᠤᠭᠴᠢ ᠠᠭᠠᠷ ᠤᠨ ᠴᠡᠷᠢᠭ ᠤᠨ ᠨᠢᠰᠬᠡᠭᠴᠢ ᠡᠯᠰᠡᠬᠦ ᠰᠦᠯᠵᠢᠶ᠎ᠡ ︵http://zhaofei.cgw.cn︶᠎ ᠳᠤ ᠭᠠᠷᠴᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠣᠨ᠎ᠠ᠂ ᠨᠡᠷ᠎ᠡ ᠮᠡᠳᠡᠭᠦᠯᠬᠦ ᠶᠢ ᠵᠣᠭᠰᠣᠭᠠᠬᠤ ᠡᠳᠦᠷ ᠬᠤᠭᠤᠴᠠᠭ᠎ᠠ ᠨᠢ 6 ᠳ᠋ᠤᠭᠠᠷ ᠰᠠᠷ᠎ᠠ ᠶᠢᠨ 15᠎ ᠤ ᠡᠳᠦᠷ ᠬᠦᠷᠦᠨ᠎ᠡ᠃ ᠰᠦᠯᠵᠢᠶᠡᠨ ᠳᠤ ᠭᠠᠷᠬᠤ ᠨᠥᠬᠦᠴᠡᠯ ᠦᠨᠡᠨᠬᠦ ᠦᠭᠡᠶ ᠰᠢᠯᠭᠠᠭᠤᠯᠤᠭᠴᠢ ᠪᠣᠯ ᠣᠬᠤᠷ ᠮᠡᠳᠡᠭᠡ ᠪᠠᠷ ᠨᠡᠷ᠎ᠡ ᠮᠡᠳᠡᠭᠦᠯᠦᠭᠰᠡᠨ ᠴᠦ ᠪᠣᠯᠤᠨ᠎ᠠ᠂ ᠬᠤᠪᠢ ᠬᠥᠮᠦᠨ ᠤ ᠣᠪᠣᠭ ᠨᠡᠷ᠎ᠡ᠂ ᠰᠤᠷᠭᠠᠭᠤᠯᠢ᠂ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠬᠤᠷ ᠮᠡᠳᠡᠭᠡ ᠨᠠᠶᠢᠷᠠᠭᠤᠯᠤᠨ 15101159341 ᠭᠠᠷ ᠤᠲᠠᠰᠤᠨ ᠳᠤ ᠢᠯᠡᠭᠡᠨ᠎ᠡ᠃ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ᠂ ᠬᠡᠷᠪᠡ ᠨᠢᠭᠡᠳᠦᠭᠡᠷ ᠪᠦᠯᠦᠭ ᠤᠨ ᠵᠢᠩᠬᠢᠨᠢ ᠠᠩᠭᠢ ᠶᠢᠨ ᠰᠤᠷᠤᠭᠴᠢ ᠡᠯᠰᠡᠬᠦ ᠬᠢᠵᠠᠭᠠᠷᠯᠠᠬᠤ ᠱᠤᠭᠤᠮ ᠳᠤ ᠬᠦᠷᠦᠭᠰᠡᠨ ᠪᠣᠯ ᠰᠤᠷᠤᠭᠴᠢ ᠲᠤᠰ ᠬᠥᠮᠥᠨ ᠨᠢ ᠣᠪᠣᠭ ᠨᠡᠷ᠎ᠡ᠂ ᠰᠤᠷᠭᠠᠭᠤᠯᠢ᠂ ᠪᠡᠶ᠎ᠡ ᠶᠢᠨ ᠦᠨᠡᠮᠯᠡᠯ ᠤᠨ ᠨᠣᠮᠧᠷ᠂ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠬᠢᠷᠢ ᠪᠦᠲᠦᠮᠵᠢ᠂ ᠨᠡᠶᠢᠭᠡᠮ ᠪᠤᠶᠤ ᠪᠠᠶᠢᠭᠠᠯᠢ ᠶᠢᠨ ᠰᠢᠨᠵᠢᠯᠡᠭᠡᠨ ᠢ ᠣᠬᠤᠷ ᠮᠡᠳᠡᠭᠡ ᠨᠠᠶᠢᠷᠠᠭᠤᠯᠵᠤ ᠳᠡᠭᠡᠷᠡᠬᠢ ᠭᠠᠷ ᠤᠲᠠᠰᠤᠨ ᠤ ᠨᠣᠮᠧᠷ ᠲᠤ ᠢᠯᠡᠭᠡᠬᠦ ᠬᠡᠷᠡᠭᠲᠡᠢ᠃ ᠠᠭᠠᠷ ᠤᠨ ᠴᠡᠷᠢᠭ ᠤᠨ ᠨᠢᠰᠬᠡᠭᠴᠢ ᠡᠯᠰᠡᠬᠦ ᠲᠣᠪᠴᠢᠶ᠎ᠠ ᠶᠢᠨ ᠪᠡᠭᠡᠵᠢᠩ ᠤᠨ ᠰᠢᠯᠢᠨ ᠰᠣᠩᠭᠤᠬᠤ ᠲᠥᠪ ᠤᠨ ᠬᠢᠨᠠᠨ ᠪᠠᠶᠢᠴᠠᠭᠠᠬᠤ ᠶᠢ ᠥᠩᠭᠡᠷᠡᠭᠡᠭᠰᠡᠨ ᠤ ᠳᠠᠷᠠᠭ᠎ᠠ᠂ ᠣᠬᠤᠷ ᠮᠡᠳᠡᠭᠡ ᠪᠤᠶᠤ ᠳ᠋ᠢᠶᠠᠩᠬᠤᠸᠠ ᠶᠢᠨ ᠠᠷᠭ᠎ᠠ ᠮᠠᠶ᠋ᠢᠭ ᠪᠠᠷ ᠨᠢᠰᠬᠡᠭᠴᠢ ᠡᠯᠰᠡᠬᠦ ᠪᠠᠶᠢᠴᠠᠭᠠᠨ ᠰᠢᠯᠭᠠᠬᠤ ᠳᠤ ᠣᠷᠣᠯᠴᠠᠬᠤ ᠴᠠᠭ ᠬᠤᠭᠤᠴᠠᠭ᠎ᠠ ᠪᠠ ᠭᠠᠵᠠᠷ ᠢ ᠮᠡᠳᠡᠭᠳᠡᠨ᠎ᠡ᠃ ᠪᠠᠶᠢᠴᠠᠭᠠᠨ ᠰᠢᠯᠭᠠᠬᠤ ᠴᠠᠭ ᠢ 6 ᠳ᠋ᠤᠭᠠᠷ ᠰᠠᠷ᠎ᠠ ᠶᠢᠨ 26᠎ ᠤ ᠡᠳᠦᠷ ᠠᠴᠠ 27᠎ ᠤ ᠡᠳᠦᠷ ᠢᠶᠠᠷ ᠲᠥᠰᠥᠪᠯᠡᠪᠡ᠃ ᠪᠠᠶᠢᠴᠠᠭᠠᠨ ᠰᠢᠯᠭᠠᠬᠤ ᠳᠤ ᠣᠷᠣᠯᠴᠠᠬᠤ ᠳᠤ ᠠᠪᠬᠤ ᠬᠡᠷᠡᠭᠲᠡᠢ ᠡᠳ᠋ ᠪᠣᠳᠠᠰ ᠪᠠ ᠠᠩᠬᠠᠷᠬᠤ ᠴᠢᠬᠤᠯᠠ ᠲᠠᠢ ᠵᠦᠢᠯᠡᠰ ᠢ ᠠᠭᠠᠷ ᠤᠨ ᠴᠡᠷᠢᠭ ᠤᠨ ᠨᠢᠰᠬᠡᠭᠴᠢ ᠡᠯᠰᠡᠬᠦ ᠲᠣᠪᠴᠢᠶ᠎ᠠ ᠶᠢᠨ ᠪᠡᠭᠡᠵᠢᠩ ᠤᠨ ᠰᠢᠯᠢᠨ ᠰᠣᠩᠭᠤᠬᠤ ᠲᠥᠪ ᠤᠨ ᠰᠦᠯᠵᠢᠶ᠎ᠡ bj.kjzfw.org᠎ ᠠᠴᠠ ᠪᠠᠶᠢᠴᠠᠭᠠᠨ ᠠᠰᠠᠭᠤᠵᠤ ᠪᠣᠯᠣᠨ᠎ᠠ᠂ ᠯᠠᠪᠯᠠᠯᠭ᠎ᠠ ᠠᠪᠬᠤ ᠳ᠋ᠢᠶᠠᠩᠬᠤᠸᠠ᠄ 010-51381710᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号