ᠣᠷᠣᠨ ᠤ ᠳᠣᠲᠣᠷ᠎ᠠ ᠭᠠᠳᠠᠨᠠᠬᠢ ᠡᠩ ᠤᠨ ᠳᠡᠭᠡᠳᠦ ᠰᠤᠷᠭᠠᠭᠤᠯᠢ ᠨᠤᠭᠤᠳ ᠥᠪᠥᠷ ᠮᠣᠩᠭᠤᠯ ᠠᠴᠠ 160642 ᠰᠤᠷᠤᠭᠴᠢ ᠡᠯᠰᠡᠬᠦ ᠪᠠᠷ ᠲᠥᠯᠥᠪᠯᠡᠵᠦ ᠪᠤᠢ
ᠨᠡᠶᠢᠲᠡᠯᠡᠭᠰᠡᠨ ᠴᠠᠭ᠄
2015/6/15
     6 ᠳ᠋ᠤᠭᠠᠷ ᠰᠠᠷ᠎ᠠ ᠶᠢᠨ 13᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠠᠴᠠ ᠣᠯᠵᠤ ᠮᠡᠳᠡᠭᠰᠡᠨ ᠢᠶᠠᠷ᠂ 2015 ᠣᠨ ᠳᠤ ᠣᠷᠣᠨ ᠤ ᠲᠣᠲᠣᠷ᠎ᠠ ᠭᠠᠳᠠᠨᠠᠬᠢ ᠨᠡᠶᠢᠲᠡ 1557 ᠡᠩ ᠤᠨ ᠳᠡᠭᠡᠳᠦ ᠵᠡᠷᠭᠡ ᠰᠤᠷᠭᠠᠭᠤᠯᠢ ᠮᠠᠨ ᠤ ᠣᠷᠣᠨ ᠠᠴᠠ ᠰᠤᠷᠤᠭᠴᠢ ᠡᠯᠰᠡᠬᠦ ᠪᠠᠷ ᠪᠠᠶᠢᠵᠤ᠂ 160642 ᠬᠥᠮᠦᠨ ᠡᠯᠰᠡᠬᠦ ᠪᠠᠷ ᠲᠥᠯᠥᠪᠯᠡᠵᠦ ᠪᠠᠶᠢᠨ᠎ᠠ᠃ ᠡᠭᠦᠨ ᠳᠤ᠂ ᠣᠷᠣᠨ ᠤ ᠭᠠᠳᠠᠨᠠᠬᠢ ᠳᠡᠭᠡᠳᠦ ᠰᠤᠷᠭᠠᠭᠤᠯᠢ ᠮᠠᠨ ᠤ ᠣᠷᠣᠨ ᠠᠴᠠ 69023 ᠰᠤᠷᠤᠭᠴᠢ ᠡᠯᠰᠡᠬᠦ ᠪᠠᠷ ᠪᠠᠶᠢᠵᠤ᠂ ᠣᠷᠣᠨ ᠤ ᠳᠣᠲᠣᠷᠠᠬᠢ ᠳᠡᠭᠡᠳᠦ ᠰᠤᠷᠭᠠᠭᠤᠯᠢ 91619 ᠰᠤᠷᠤᠭᠴᠢ ᠡᠯᠰᠡᠬᠦ ᠪᠠᠷ ᠪᠠᠶᠢᠨ᠎ᠠ︔ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ 85130 ᠰᠤᠷᠤᠭᠴᠢ ᠡᠯᠰᠡᠬᠦ ᠪᠠᠷ ᠪᠠᠶᠢᠵᠤ᠂ ᠠᠵᠢᠯ ︵ᠲᠤᠰᠬᠠᠶ︶ ᠮᠡᠷᠭᠡᠵᠢᠯ ᠤᠨ ᠳᠡᠭᠡᠳᠦ ᠰᠤᠷᠭᠠᠭᠤᠯᠢ 75512 ᠰᠤᠷᠤᠭᠴᠢ ᠡᠯᠰᠡᠬᠦ ᠪᠠᠷ ᠪᠠᠶᠢᠨ᠎ᠠ᠃      ᠲᠥᠯᠥᠪᠯᠡᠭᠡ ᠶᠢᠨ ᠰᠢᠨᠵᠢ ᠴᠢᠨᠠᠷ ᠢᠶᠠᠷ ᠨᠢ ᠬᠤᠪᠢᠶᠠᠪᠠᠯ᠂ ᠡᠭᠦᠨ ᠳᠤ ᠬᠠᠨᠳᠤᠯᠭ᠎ᠠ ᠲᠠᠢ 31 ᠬᠥᠮᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠭᠴᠢ 193 ᠬᠥᠮᠦᠨ᠂ ᠴᠥᠭᠡᠨ ᠲᠤᠭᠠᠳᠤ ᠦᠨᠳᠦᠰᠦᠲᠡᠨ ᠤ ᠪᠡᠯᠡᠳᠬᠡᠯ ᠠᠩᠭᠢ ᠶᠢᠨ 4285 ᠬᠥᠮᠦᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠤᠨ ᠦᠷ᠎ᠡ ᠬᠡᠦᠬᠡᠳ ᠤᠨ ᠪᠡᠯᠡᠳᠬᠡᠯ ᠠᠩᠭᠢ ᠶᠢᠨ 7 ᠬᠥᠮᠦᠨ᠂ ᠦᠨᠳᠦᠰᠦᠲᠡᠨ ᠤ ᠠᠩᠭᠢ ᠶᠢᠨ 459 ᠬᠥᠮᠦᠨ᠂ ᠲᠥᠪᠡᠳ ᠤᠨ ᠪᠤᠰᠤ ᠰᠤᠷᠤᠭᠴᠢ ᠲᠥᠪᠡᠳ ᠲᠤ ᠰᠠᠭᠤᠷᠢᠰᠢᠨ ᠠᠵᠢᠯ ᠣᠯᠬᠤ 5 ᠬᠥᠮᠦᠨ᠂ ᠰᠦᠢᠳᠬᠡᠯ ᠬᠤᠷᠢᠶᠠᠬᠤ ᠦᠭᠡᠶ ᠠᠨᠠᠭᠠᠬᠤ ᠤᠬᠠᠭᠠᠨ ᠤ ᠬᠠᠨᠳᠤᠯᠭ᠎ᠠ ᠲᠠᠢ ᠰᠤᠷᠤᠭᠴᠢ 250 ᠬᠥᠮᠦᠨ᠂ ᠰᠦᠢᠳᠬᠡᠯ ᠬᠤᠷᠢᠶᠠᠬᠤ ᠦᠭᠡᠶ ᠪᠠᠭᠰᠢ ᠶᠢᠨ ᠰᠤᠷᠭᠠᠭᠤᠯᠢ ᠶᠢᠨ ᠰᠤᠷᠤᠭᠴᠢ 234 ᠬᠥᠮᠦᠨ᠂ ᠤᠯᠤᠰ ᠤᠨ ᠲᠤᠰᠬᠠᠶ ᠵᠦᠢᠯ ᠤᠨ ᠲᠥᠯᠥᠪᠯᠡᠭᠡ ᠶᠢᠨ 1469 ᠬᠥᠮᠦᠨ᠂ ᠣᠷᠣᠨ ᠨᠤᠲᠤᠭ ᠤᠨ ᠲᠤᠰᠬᠠᠶ ᠵᠦᠢᠯ ᠤᠨ ᠲᠥᠯᠥᠪᠯᠡᠭᠡ ᠶᠢᠨ 393 ᠬᠥᠮᠦᠨ ᠪᠤᠢ᠃      ᠮᠡᠳᠡᠭᠦᠯᠦᠨ ᠰᠢᠯᠭᠠᠭᠤᠯᠤᠭᠰᠠᠨ ᠲᠥᠷᠥᠯ ᠢᠶᠠᠷ ᠬᠤᠪᠢᠶᠠᠪᠠᠯ᠂ ᠡᠩ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠡᠩ ᠤᠨ ᠨᠡᠶᠢᠭᠡᠮ ᠤᠨ ᠰᠢᠨᠵᠢᠯᠡᠬᠦ ᠤᠬᠠᠭᠠᠨ ᠤ 50724 ᠬᠥᠮᠦᠨ᠂ ᠡᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ 78711 ᠬᠥᠮᠦᠨ᠂ ᠮᠣᠩᠭᠤᠯ ᠢᠶᠠᠷ ᠬᠢᠴᠢᠶᠡᠯᠯᠡᠬᠦ ᠨᠡᠶᠢᠭᠡᠮ ᠤᠨ ᠰᠢᠨᠵᠢᠯᠡᠬᠦ ᠤᠬᠠᠭᠠᠨ ᠤ 4018 ᠬᠥᠮᠦᠨ᠂ ᠮᠣᠩᠭᠤᠯ ᠢᠶᠠᠷ ᠬᠢᠴᠢᠶᠡᠯᠯᠡᠬᠦ ᠪᠠᠶᠢᠭᠠᠯᠢ ᠶᠢᠨ ᠰᠢᠨᠵᠢᠯᠡᠬᠦ ᠤᠬᠠᠭᠠᠨ ᠤ 4393 ᠬᠥᠮᠦᠨ᠂ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ᠤᠨ 6884 ᠬᠥᠮᠦᠨ᠂ ᠮᠣᠩᠭᠤᠯ ᠢᠶᠠᠷ ᠬᠢᠴᠢᠶᠡᠯᠯᠡᠬᠦ ᠤᠷᠠᠨ ᠵᠢᠷᠤᠭ ᠤᠨ 334 ᠬᠥᠮᠦᠨ᠂ ᠬᠢᠲᠠᠳ ᠢᠶᠠᠷ ᠬᠢᠴᠢᠶᠡᠯᠯᠡᠬᠦ ᠳᠠᠭᠤᠤ ᠬᠥᠭᠵᠢᠮ ᠤᠨ 1704 ᠬᠥᠮᠦᠨ᠂ ᠮᠣᠩᠭᠤᠯ ᠢᠶᠠᠷ ᠬᠢᠴᠢᠶᠡᠯᠯᠡᠬᠦ ᠳᠠᠭᠤᠤ ᠬᠥᠭᠵᠢᠮ ᠤᠨ 221 ᠬᠥᠮᠦᠨ᠂ ᠬᠢᠲᠠᠳ ᠢᠶᠠᠷ ᠬᠢᠴᠢᠶᠡᠯᠯᠡᠬᠦ ᠨᠠᠶᠢᠷᠠᠭᠤᠯᠤᠨ ᠤᠳᠤᠷᠢᠳᠤᠭᠠᠴᠢ ᠶᠢᠨ 473 ᠬᠥᠮᠦᠨ᠂ ᠪᠤᠰᠤᠳ ᠤᠷᠠᠯᠢᠭ ᠤᠨ 1768 ᠬᠥᠮᠦᠨ᠂ ᠮᠣᠩᠭᠤᠯ ᠢᠶᠠᠷ ᠬᠢᠴᠢᠶᠡᠯᠯᠡᠬᠦ ᠪᠤᠰᠤᠳ ᠤᠷᠠᠯᠢᠭ ᠤᠨ 126 ᠬᠥᠮᠦᠨ᠂ ᠬᠢᠲᠠᠳ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ 1356 ᠬᠥᠮᠦᠨ᠂ ᠮᠣᠩᠭᠤᠯ ᠢᠶᠠᠷ ᠬᠢᠴᠢᠶᠡᠯᠯᠡᠬᠦ ᠪᠡᠶ᠎ᠡ ᠶᠢᠨ ᠲᠠᠮᠢᠷ ᠤᠨ 146 ᠬᠥᠮᠦᠨ ᠪᠤᠢ᠃      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠲᠥᠷᠥᠯ ᠰᠢᠰᠲ᠋ᠧᠮ ᠢᠶᠠᠷ ᠡᠯᠰᠡᠬᠦ ᠰᠤᠷᠤᠭᠴᠢ ᠶᠢᠨ ᠺᠣᠮᠫᠢᠦ᠋ᠲ᠋ᠧᠷ ᠤᠨ ᠲᠥᠷᠥᠯ ᠳᠤ 1239 ᠬᠥᠮᠥᠨ᠂ ᠲᠠᠷᠢᠶᠠᠯᠠᠩ ᠤᠨ ᠤᠬᠠᠭᠠᠨ ᠤ ᠲᠥᠷᠥᠯ ᠳᠤ 579 ᠬᠥᠮᠦᠨ᠂ ᠮᠠᠯ ᠡᠮᠨᠡᠯᠭᠡ ᠶᠢᠨ ᠲᠥᠷᠥᠯ ᠳᠤ 133 ᠬᠥᠮᠦᠨ᠂ ᠲᠣᠭᠤᠭᠠᠯᠠᠬᠤ ᠲᠥᠷᠥᠯ ᠳᠤ 56 ᠬᠥᠮᠦᠨ᠂ ᠡᠳ᠋ ᠤᠨ ᠶᠠᠪᠤᠳᠠᠯ ᠨᠢᠭᠲᠠᠯᠠᠨ ᠪᠣᠳᠣᠬᠤ ᠲᠥᠷᠥᠯ ᠳᠤ 1210 ᠬᠥᠮᠦᠨ᠂ ᠤᠷᠠᠯᠢᠭᠴᠢᠨ ᠵᠢᠷᠤᠭ ᠲᠥᠯᠥᠪᠯᠡᠭᠡ ᠶᠢᠨ ᠲᠥᠷᠥᠯ ᠳᠤ 351 ᠬᠥᠮᠦᠨ᠂ ᠵᠢᠭᠤᠯᠴᠢᠯᠠᠯ ᠤᠨ ᠲᠥᠷᠥᠯ ᠳᠤ 493 ᠬᠥᠮᠦᠨ᠂ ᠮᠠᠰᠢᠨ ᠲᠡᠷᠭᠡ ᠵᠢᠯᠣᠭᠤᠳᠬᠤ ᠲᠥᠷᠥᠯ ᠳᠤ 375 ᠬᠥᠮᠦᠨ᠂ ᠪᠠᠷᠢᠯᠭ᠎ᠠ ᠶᠢᠨ ᠲᠥᠷᠥᠯ 536 ᠬᠥᠮᠦᠨ᠂ ᠮᠠᠰᠢᠨ ᠴᠠᠬᠢᠯᠭᠠᠨ ᠤ ᠲᠥᠷᠥᠯ ᠳᠤ 723 ᠬᠥᠮᠦᠨ᠂ ᠮᠣᠩᠭᠤᠯ ᠮᠠᠯ ᠤᠨ ᠡᠮ ᠡᠮᠨᠡᠯᠭᠡ ᠶᠢᠨ ᠲᠥᠷᠥᠯ ᠳᠤ 38 ᠬᠥᠮᠦᠨ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠳᠤ 159 ᠬᠥᠮᠦᠨ᠂ ᠬᠡᠦᠬᠡᠳ ᠤᠨ ᠪᠠᠭᠰᠢ ᠶᠢᠨ ᠲᠥᠷᠥᠯ ᠳᠤ 1981 ᠬᠥᠮᠦᠨ᠂ ᠠᠨᠠᠭᠠᠬᠤ ᠤᠬᠠᠭᠠᠨ ᠤ ᠲᠥᠷᠥᠯ ᠳᠤ1547 ᠬᠥᠮᠦᠨ᠂ ᠪᠡᠶ᠎ᠡ ᠶᠢᠨ ᠲᠠᠮᠢᠷ ᠤᠨ ᠲᠥᠷᠥᠯ ᠳᠤ 74 ᠬᠥᠮᠦᠨ᠂ ᠠᠭᠤᠷᠬᠠᠶ ᠮᠠᠯᠲᠠᠬᠤ ᠲᠥᠷᠥᠯ ᠳᠤ 290 ᠬᠥᠮᠦᠨ ᠪᠤᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号