ᠮᠣᠩᠭᠤᠯ ᠦᠨᠳᠦᠰᠦᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠬᠥᠭᠵᠢᠮ ᠪᠡᠭᠡᠵᠢᠩ ᠤᠨ ᠬᠠᠭᠠᠨ ᠤ ᠣᠷᠳᠣᠨ ᠳᠤ ᠳᠠᠭᠤᠷᠢᠰᠪᠠ
ᠨᠡᠶᠢᠲᠡᠯᠡᠭᠰᠡᠨ ᠴᠠᠭ᠄
2015/6/15
    6 ᠳ᠋ᠤᠭᠠᠷ ᠰᠠᠷ᠎ᠠ ᠶᠢᠨ 13᠎ ᠤ ᠡᠳᠦᠷ᠂ ᠪᠡᠭᠡᠵᠢᠩ ᠤᠨ ᠬᠠᠭᠠᠨ ᠤ ᠣᠷᠳᠣᠨ ᠤ ᠮᠦᠽᠧᠶ ᠳᠤ᠂ ᠲᠣᠭᠯᠠᠭᠴᠢ ᠮᠣᠩᠭᠤᠯ ᠦᠨᠳᠦᠰᠦᠲᠡᠨ ᠤ ᠠᠷᠠᠳ ᠤᠨ ᠤᠷᠲᠤ ᠶᠢᠨ ᠳᠠᠭᠤᠤ ︽ᠴᠣᠮᠪᠣᠨ ᠲᠤᠭᠤᠷᠠᠶ ᠲᠠᠢ ᠬᠥᠷᠡᠩ︾᠎ ᠢ ᠳᠠᠭᠤᠯᠠᠵᠤ ᠪᠠᠶᠢᠭ᠎ᠠ ᠨᠢ᠃      ᠲᠤᠰ ᠡᠳᠦᠷ ᠪᠣᠯ ᠮᠠᠨ ᠤ ᠤᠯᠤᠰ ᠤᠨ ᠠᠷᠪᠠᠳᠠᠬᠢ ᠰᠣᠶᠣᠯ ᠤᠨ ᠥᠪ ᠤᠨ ᠡᠳᠦᠷ ᠶᠤᠮ᠂ ︽ᠪᠢ ᠲᠠᠯ᠎ᠠ ᠨᠤᠲᠤᠭ ᠠᠴᠠ ᠢᠷᠡᠪᠡ︾᠎ ᠪᠠᠷ ᠭᠤᠣᠯ ᠰᠡᠳᠦᠪ ᠪᠣᠯᠭᠠᠭᠰᠠᠨ ᠰᠣᠶᠣᠯ ᠤᠨ ᠥᠪ ᠤᠨ ᠡᠳᠦᠷ ᠤᠨ ᠨᠡᠶᠢᠲᠡ ᠶᠢᠨ ᠠᠰᠠᠷᠠᠮᠵᠢ ᠶᠢᠨ ᠲᠣᠭᠯᠠᠯᠲᠠ ᠪᠡᠭᠡᠵᠢᠩ ᠤᠨ ᠬᠠᠭᠠᠨ ᠤ ᠣᠷᠳᠣᠨ ᠤ ᠮᠦᠽᠧᠶ ᠳᠤ ᠶᠠᠪᠤᠭᠳᠠᠵᠤ᠂ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠤᠷᠠᠯᠢᠭᠴᠢᠳ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠮᠣᠷᠢᠨ ᠬᠤᠭᠤᠷ᠂ ᠬᠥᠭᠡᠮᠡᠢ᠂ ᠤᠷᠲᠤ ᠶᠢᠨ ᠳᠠᠭᠤᠤ ᠶᠢᠨ ᠥᠪᠡᠷᠮᠢᠴᠡ ᠰᠠᠶᠢᠬᠠᠨ ᠢ ᠦᠵᠡᠭᠴᠢᠳ ᠲᠤ ᠰᠣᠨᠣᠷᠳᠠᠭᠤᠯᠤᠭᠰᠠᠨ ᠢᠶᠠᠷ ᠪᠠᠷᠠᠬᠤ ᠦᠭᠡᠢ ᠪᠠᠰᠠ ᠪᠡᠭᠡᠵᠢᠩ ᠬᠤᠭᠤᠷ ᠪᠠ ᠮᠣᠷᠢᠨ ᠬᠤᠭᠤᠷ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠪᠥᠵᠢᠭ ᠪᠣᠯᠣᠨ ᠮᠣᠩᠭᠤᠯ ᠦᠨᠳᠦᠰᠦᠲᠡᠨ ᠤ ᠡᠷᠲᠡᠨ ᠤ ᠬᠥᠭᠵᠢᠮ ᠠᠮᠠ ᠴᠢᠪᠬᠠᠳᠠᠰᠤᠲᠤ ᠶᠠᠲᠤᠭ᠎ᠠ᠂ ᠴᠤᠭᠤᠷ᠂ ᠲᠣᠪᠰᠢᠭᠤᠷ ᠵᠡᠷᠭᠡ ᠶᠢᠨ ᠥᠩᠭᠡ ᠠᠶᠠᠯᠭᠤ ᠨᠡᠶᠢᠯᠡᠭᠰᠡᠨ ᠲᠣᠭᠯᠠᠯᠲᠠ ᠭᠠᠷᠭᠠᠵᠤ᠂ ᠲᠤᠬᠠᠶ ᠶᠢᠨ ᠲᠠᠯᠠᠪᠠᠢ ᠶᠢᠨ 500 ᠭᠠᠷᠤᠢ ᠦᠵᠡᠭᠴᠢᠳ ᠲᠤ ᠥᠨᠢᠷ ᠲᠠᠩᠰᠤᠭ ᠲᠠᠯ᠎ᠠ ᠨᠤᠲᠤᠭ ᠤᠨ ᠵᠠᠩ ᠠᠭᠠᠯᠢ ᠶᠢ ᠣᠶᠢᠯᠠᠭᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号