ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠯᠪᠠᠲᠠᠨ ᠤ ᠰᠢᠯᠢᠨ ᠰᠣᠩᠭᠤᠬᠤ ᠬᠡᠰᠡᠭ ᠲᠤᠰᠢᠶᠠᠯ ᠤᠨ ᠬᠢᠷᠢ ᠬᠡᠮ ᠤᠨ ᠨᠥᠬᠦᠴᠡᠯ ᠢ ᠠᠭᠤᠵᠢᠭᠤ ᠲᠠᠯᠪᠢᠪᠠ
ᠨᠡᠶᠢᠲᠡᠯᠡᠭᠰᠡᠨ ᠴᠠᠭ᠄
2015/6/16
     ᠨᠡᠩ ᠦᠷᠭᠡᠨ ᠬᠡᠪᠴᠢᠶᠡᠨ᠎ᠡ ᠰᠢᠯᠢᠳᠡᠭ ᠠᠯᠪᠠᠲᠠᠨ ᠢ ᠰᠢᠯᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠯᠪᠠᠲᠠᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢᠶᠠᠷ ᠰᠤᠳᠤᠯᠤᠭᠤᠯᠤᠭᠠᠳ᠂ ᠬᠡᠰᠡᠭ ᠲᠤᠰᠢᠶᠠᠯ ᠤᠨ ᠬᠢᠷᠢ ᠬᠡᠮ ᠤᠨ ᠨᠥᠬᠦᠴᠡᠯ ᠢ ᠠᠭᠤᠵᠢᠭᠤ ᠲᠠᠯᠪᠢᠬᠤ ᠪᠠᠷ ᠲᠤᠭᠲᠠᠭᠠᠪᠠ ᠃ ᠬᠢᠷᠢ ᠬᠡᠮ ᠤᠨ ᠨᠥᠬᠦᠴᠡᠯ ᠢ ᠠᠭᠤᠵᠢᠭᠤ ᠲᠠᠯᠪᠢᠭᠤᠯᠤᠭᠰᠠᠨ ᠲᠤᠰᠢᠶᠠᠯ ᠤᠨ ᠪᠠᠶᠢᠷᠢ ᠨᠢ ᠪᠤᠳᠠᠲᠠᠢ᠄ ᠠᠯᠪᠠᠨ ᠭᠡᠷ ᠤᠨ ᠡᠷᠬᠢᠯᠡᠬᠦ ᠭᠡᠰᠢᠭᠦᠴᠢ ᠵᠢᠴᠢ ᠲᠡᠭᠦᠨ ᠠᠴᠠ ᠳᠤᠷᠤᠭᠰᠢ ᠪᠤᠯ ᠰᠤᠷᠤᠯᠭ᠎ᠠ ᠶᠢᠨ ᠨᠠᠮᠲᠠᠷ ᠢ ︽ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠠ ᠲᠡᠭᠦᠨ ᠠᠴᠠ ᠳᠡᠭᠡᠭᠰᠢ︾ ᠭᠡᠰᠡᠨ ᠢ ︽ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠲᠦ ᠰᠤᠷᠭᠠᠭᠤᠯᠢ ᠶᠢᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢ︾ ᠭᠡᠵᠤ ᠬᠤᠪᠢᠷᠠᠭᠤᠯᠪᠠ︔ ᠲᠥᠯᠥᠪᠵᠢᠭᠦᠯᠭᠡ ᠶᠢᠨ ᠭᠠᠵᠠᠷ᠂ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ ᠤᠨ ᠡᠷᠬᠢᠯᠡᠬᠦ ᠭᠡᠰᠢᠭᠦᠴᠢ ᠵᠢᠴᠢ ᠲᠡᠭᠦᠨ ᠠᠴᠠ ᠳᠤᠷᠤᠭᠰᠢ ᠪᠤᠯ ᠰᠤᠷᠤᠯᠭ᠎ᠠ ᠶᠢᠨ ᠨᠠᠮᠲᠠᠷ ᠢ ︽ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠠ ᠲᠡᠭᠦᠨ ᠠᠴᠠ ᠳᠡᠭᠡᠭᠰᠢ︾ ᠭᠡᠰᠡᠨ ᠢ ︽ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠵᠢᠩᠬᠢᠨᠢ ᠠᠩᠬᠢ ᠵᠢᠴᠢ ᠲᠡᠭᠦᠨ ᠠᠴᠠ ᠳᠡᠭᠡᠭᠰᠢ︾ ᠭᠡᠵᠤ ᠬᠤᠪᠢᠷᠠᠭᠤᠯᠪᠠ᠃ ᠪᠤᠰᠤᠳ ᠬᠢᠷᠢ ᠬᠡᠮ ᠤᠨ ᠨᠥᠬᠦᠴᠡᠯ ᠢ ᠬᠤᠪᠢᠷᠠᠭᠤᠯᠬᠤ ᠦᠭᠡᠶ᠃ ᠤᠨᠴᠠᠭᠠᠶᠢᠯᠠᠨ ᠠᠩᠬᠠᠷᠠᠭᠤᠯᠬᠤ ᠨᠢ᠄ ᠵᠥᠪᠬᠡᠨ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠨ᠎ᠡ᠂ ᠱᠠᠭᠠᠷᠳᠠᠯᠭ᠎ᠠ ᠶᠣᠰᠣᠭᠠᠷ ︽ᠰᠢᠯᠢᠨ ᠰᠣᠩᠭᠤᠬᠤ ᠬᠢᠨᠠᠨ ᠵᠥᠪᠰᠢᠶᠡᠷᠡᠬᠦ ᠬᠦᠰᠦᠨᠦᠭᠲᠦ︾᠎ ᠶᠢ ᠹᠠᠺᠰ ᠢᠶᠠᠷ ᠶᠠᠪᠤᠭᠤᠯᠤᠭᠰᠠᠨ ᠦᠭᠡᠶ᠂ ᠵᠢᠴᠢ ᠱᠠᠭᠠᠷᠳᠠᠭᠰᠠᠨ ᠵᠢᠷᠤᠮᠵᠢᠯ ᠶᠣᠰᠣᠭᠠᠷ ᠲᠠᠭᠯᠠᠭᠰᠠᠨ ᠦᠭᠡᠶ ᠪᠤᠯ ᠬᠢᠷᠢ ᠬᠡᠮ ᠤᠨ ᠬᠢᠨᠠᠨ ᠪᠠᠶᠢᠴᠠᠭᠠᠯᠲᠠ ᠬᠢᠵᠤ ᠦᠭᠭᠦ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号