ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠠᠴᠠ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠦᠭᠡᠷᠡᠴᠢᠯᠡᠬᠦ | ᠬᠤᠶᠠᠷᠳᠠᠭᠢ ᠪᠦᠯᠦᠭ ᠤᠨ ᠲᠤᠰᠬᠠᠶ ᠵᠦᠢᠯ ᠤᠨ ᠪᠡᠯᠡ ᠮᠥᠩᠭᠦ 1960 ᠲᠦᠮᠡᠨ ᠲᠥᠭᠦᠷᠢᠭ ᠪᠠᠭᠤᠯᠭᠠᠵᠤ᠂ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳᠦᠷ | ᠲᠤᠲᠤᠮ ᠤᠨ ᠰᠡᠯᠪᠢᠨ ᠵᠠᠰᠠᠵᠤ ᠦᠭᠡᠷᠡᠴᠢᠯᠡᠬᠦ ᠪᠠ ᠭᠠᠵᠠᠷ ᠬᠥᠳᠡᠯᠦᠯᠲᠡ ᠶᠢ ᠰᠡᠷᠭᠡᠶᠢᠯᠡᠨ ᠪᠠᠬᠢᠯᠡᠬᠦ ᠳᠤ ᠲᠤᠰᠬᠠᠢ | ᠬᠡᠷᠡᠭᠯᠡᠭᠦᠯᠬᠦ ᠪᠠᠷ ᠪᠣᠯᠪᠠ᠃ 2015 ᠣᠨ ᠳᠤ᠂ ᠲᠥᠪ ᠤᠨ ᠡᠳ᠋ ᠤᠨ ᠵᠠᠰᠠᠭ ᠠᠴᠠ ᠮᠠᠨ ᠤ ᠣᠷᠣᠨ ᠤ | ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠣ ᠥᠭᠡᠷᠡᠴᠢᠯᠡᠬᠦ ᠨᠢᠭᠡᠴᠢ ᠲᠠᠯᠠᠪᠠᠶ ᠶᠢᠨ ᠨᠥᠬᠦᠪᠥᠷᠢ ᠶᠢᠨ ᠪᠠᠷᠢᠮᠵᠢᠶ᠎ᠠ ᠶᠢ | ᠵᠣᠬᠢᠰᠲᠠᠢ ᠳᠡᠭᠡᠭᠰᠢᠯᠡᠭᠦᠯᠵᠦ ᠥᠭᠪᠡ᠂ ᠲᠣᠬᠠᠶᠢᠯᠠᠪᠠᠯ ᠲᠡᠭᠰᠢ ᠳᠥᠷᠪᠡᠯᠵᠢᠨ ᠮᠧᠲᠷ ᠪᠦᠷᠢ 700 ᠲᠥᠭᠦᠷᠢᠭ | ᠪᠠᠶᠢᠭᠰᠠᠨ ᠠᠴᠠ ᠨᠢ 900 ᠲᠥᠭᠦᠷᠢᠭ ᠲᠤ ᠬᠦᠷᠦᠭᠦᠯᠦᠭᠰᠡᠨ ᠤ ᠬᠠᠮᠲᠤ ᠬᠠᠬᠢᠷ ᠬᠦᠢᠲᠡᠨ ᠭᠠᠵᠠᠷ ᠣᠷᠣᠨ ᠳᠠᠬᠢ | ᠨᠥᠬᠦᠪᠥᠷᠢ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠨ ᠤ ᠣᠷᠣᠨ ᠤ ᠬᠢ ᠲᠡᠭᠰᠢ | ᠳᠥᠷᠪᠡᠯᠵᠢᠨ ᠮᠧᠲᠷ ᠪᠦᠷᠢ 1000 ᠲᠦᠬᠦᠷᠢᠭ ᠲᠤ ᠬᠦᠷᠴᠦ᠂ ᠡᠭᠦᠨ ᠤ ᠬᠠᠮᠲᠤ᠂ ᠣᠷᠣᠨ ᠨᠣᠲᠤᠭ ᠤᠨ | ᠳᠡᠰ ᠤᠨ ᠬᠤᠲᠠ ᠪᠣᠯᠣᠨ ᠬᠥᠳᠡᠭᠡ ᠶᠢᠨ ᠠᠭᠤᠯᠵᠠᠷ ᠬᠡᠰᠡᠭ ᠲᠠᠬᠢ ᠰᠤᠷᠭᠠᠭᠤᠯᠢ ᠪᠣᠯᠣᠨ ᠵᠠᠯᠭᠠᠯᠳᠤᠭᠰᠠᠨ ᠣᠨᠴᠠ | ᠬᠦᠴᠢᠷᠳᠡᠯᠲᠡᠶ ᠭᠠᠵᠠᠷ ᠣᠷᠣᠨ ᠠᠴᠠ ᠠᠰᠳᠠᠭᠠᠨ ᠭᠠᠵᠠᠷ ᠣᠷᠣᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠨᠥᠬᠦᠴᠡᠯ ᠢ ᠰᠠᠶᠢᠵᠢᠷᠠᠭᠤᠯᠬᠤ ᠳᠤ ᠦᠷᠭᠦᠯᠵᠢᠯᠡᠨ ᠪᠡᠯᠡ ᠲᠣᠬᠢᠷᠠᠭᠤᠯᠤᠨ ᠳᠡᠮᠵᠢᠪᠡ᠃ ᠪᠢᠴᠢᠭ ᠮᠠᠲ᠋ᠧᠷᠢᠶᠠᠯ ᠳᠤ | ᠱᠠᠭᠠᠷᠳᠠᠭᠰᠠᠨ ᠢᠶᠠᠷ ᠪᠣᠯ ︽ᠨᠥᠬᠦᠴᠡᠯ ᠪᠠᠷᠤᠭᠲᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ | ᠲᠥᠷᠥᠯ ᠵᠦᠢᠯ ᠳᠤ ᠣᠷᠣᠭᠤᠯᠤᠭᠰᠠᠨ ᠬᠤᠰᠢᠭᠤ ᠰᠢᠶᠠᠨ ᠨᠤᠭᠤᠳ ᠲᠤᠰ ᠵᠦᠢᠯ ᠤᠨ ᠪᠡᠯᠡ ᠮᠥᠩᠭᠦ ᠶᠢ ︽ | ᠨᠥᠬᠦᠴᠡᠯ ᠪᠠᠷᠤᠭᠲᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠶᠢᠨ ᠶᠡᠷᠦᠩᠭᠡᠢ ᠲᠥᠯᠥᠪᠵᠢᠭᠦᠯᠭᠡ ᠳᠤ | ᠣᠷᠣᠭᠤᠯᠤᠨ᠂ ᠰᠡᠯᠪᠢᠨ ᠵᠠᠰᠠᠵᠤ ᠦᠭᠡᠷᠡᠴᠢᠯᠡᠬᠦ᠂ ᠭᠠᠵᠠᠷ ᠬᠥᠳᠡᠯᠦᠯᠲᠡ ᠶᠢ ᠰᠡᠷᠭᠡᠶᠢᠯᠡᠨ ᠪᠠᠬᠢᠯᠡᠬᠦ ᠵᠡᠷᠭᠡ ᠣᠯᠠᠨ | ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠠᠳ᠂ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠲᠤ ᠤᠯᠤᠰ ᠠᠴᠠ ᠲᠣᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠭᠤᠣᠯᠳᠠᠯᠭ᠎ᠠ ᠲᠠᠢ | ᠰᠡᠷᠭᠡᠶᠢᠯᠡᠯᠲᠡ ᠬᠢᠬᠦ ᠭᠠᠵᠠᠷ ᠬᠥᠳᠡᠯᠦᠯᠲᠡ ᠶᠢᠨ ᠰᠡᠷᠭᠡᠶᠢᠯᠡᠯᠲᠡ ᠶᠢᠨ ᠪᠠᠷᠢᠮᠵᠢᠶ᠎ᠠ ᠪᠣᠯᠣᠨ ᠤᠯᠤᠰ ᠤᠨ | ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠬᠦ ᠱᠠᠭᠠᠷᠳᠠᠯᠭ᠎ᠠ ᠶᠢ ᠬᠠᠩᠭᠠᠨ ᠥᠭᠬᠦ ᠬᠡᠷᠡᠭᠲᠡᠢ᠃ | |