ᠥᠪᠥᠷ ᠵᠠᠰᠠᠭ ᠲᠠᠷᠬᠠᠭᠠᠭᠰᠠᠨ ﹇2015﹈ 14 ᠳ᠋ᠦ᠋ᠭᠡᠷ | ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ | ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ︽ᠡᠷᠡᠭᠦᠯ ᠮᠡᠨᠲᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠲᠣᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠥᠷᠥ ᠲᠠᠷᠬᠠᠭᠠᠭᠰᠠᠨ ﹇2013﹈ 40 ᠳ᠋ᠤᠭᠡᠷ | ᠲᠣᠭᠠᠲᠤ︶ ᠤᠨ ᠵᠤᠷᠢᠬ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ | ᠡᠷᠡᠭᠦᠯ ᠮᠡᠨᠲᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠡᠳᠦᠭᠡ | ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠄ | ᠨᠢᠭᠡ᠂ ᠡᠷᠡᠭᠦᠯ ᠮᠡᠨᠲᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢᠨ | ᠴᠢᠬᠤᠯᠠ ᠠᠴᠢ ᠬᠤᠯᠪᠤᠭᠳᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠨᠢ ᠠᠷᠠᠳ ᠣᠯᠠᠨ ᠤ ᠪᠡᠶ᠎ᠡ ᠰᠡᠳᠬᠢᠴᠡ ᠶᠢᠨ ᠡᠷᠡᠭᠦᠯ | ᠮᠡᠨᠳᠦ ᠶᠢ ᠬᠠᠮᠠᠭᠠᠯᠠᠬᠤ ᠪᠠ ᠠᠬᠢᠭᠤᠯᠬᠤ ᠪᠠᠷ ᠬᠠᠷᠠᠯᠲᠠ ᠪᠣᠯᠭᠠᠨ᠎ᠠ᠂ ᠡᠭᠦᠨ ᠳᠤ ᠭᠤᠣᠯᠳᠠᠭᠤ ᠡᠮᠴᠢᠯᠡᠭᠡ ᠶᠢᠨ | ᠦᠢᠯᠡᠴᠢᠯᠡᠭᠡ᠂ ᠡᠷᠡᠭᠦᠯ ᠮᠡᠨᠳᠦ ᠶᠢᠨ ᠬᠠᠮᠠᠭᠠᠯᠠᠯᠲᠠ ᠬᠢᠭᠡᠳ ᠠᠬᠢᠭᠤᠯᠤᠯᠲᠠ᠂ ᠡᠷᠡᠭᠦᠯ ᠮᠡᠨᠳᠦ ᠶᠢᠨ ᠳᠠᠭᠠᠳᠬᠠᠯ | ᠵᠢᠴᠢ ᠬᠠᠮᠢᠶ᠎ᠠ ᠪᠦᠬᠦᠢ ᠦᠢᠯᠡᠴᠢᠯᠡᠭᠡ ᠪᠠᠭᠲᠠᠵᠤ᠂ ᠡᠮ ᠤᠨ ᠵᠦᠢᠯ᠂ ᠡᠮᠴᠢᠯᠡᠭᠡ ᠶᠢᠨ ᠪᠠᠭᠠᠵᠢ ᠬᠡᠷᠡᠭᠰᠡᠯ᠂ | ᠡᠷᠡᠭᠦᠯᠵᠢᠯ ᠤᠨ ᠬᠡᠷᠡᠭᠯᠡᠭᠡᠨ ᠤ ᠵᠦᠢᠯ᠂ ᠡᠷᠡᠭᠦᠯᠵᠢᠯ ᠤᠨ ᠢᠳᠡᠭᠡᠨ ᠤ ᠵᠦᠢᠯ᠂ ᠪᠡᠶ᠎ᠡ ᠪᠣᠯᠪᠠᠰᠤᠷᠠᠬᠤ ᠠᠵᠤ ᠦᠢᠯᠡᠰ | ᠵᠡᠷᠭᠡ ᠲᠤᠯᠭᠠᠭᠤᠷᠢ ᠠᠵᠤ ᠦᠢᠯᠡᠰ ᠲᠠᠢ ᠬᠤᠯᠪᠤᠭᠳᠠᠨ᠂ ᠬᠠᠮᠤᠷᠬᠤ ᠬᠡᠪᠴᠢᠶ᠎ᠡ ᠪᠠᠷ ᠥᠷᠭᠡᠨ᠂ ᠠᠵᠤ ᠦᠢᠯᠡᠰ ᠤᠨ | ᠬᠡᠯᠬᠢᠶᠡᠵᠢᠯ ᠣᠷᠲᠤ ᠪᠠᠶᠢᠳᠠᠭ᠃ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠥᠭᠵᠢᠭᠦᠯᠬᠦ ᠨᠢ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠬᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠳᠤᠲᠤᠭᠠᠲᠤ ᠬᠡᠷᠡᠭᠴᠡᠭᠡ ᠶᠢ ᠤᠯᠠᠮ ᠨᠢᠭᠡ ᠠᠯᠬᠤᠮ ᠥᠷᠭᠡᠳᠭᠡᠬᠦ᠂ | ᠠᠵᠢᠯ ᠣᠯᠭᠤᠯᠲᠠ ᠶᠢ ᠠᠬᠢᠭᠤᠯᠬᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ | ᠴᠢᠬᠤᠯᠠ ᠠᠷᠭ᠎ᠠ ᠬᠡᠮᠵᠢᠶ᠎ᠠ ᠪᠣᠯᠣᠨ᠎ᠠ᠂ ᠡᠨᠡ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠬᠠᠷᠠᠭᠠᠯᠵᠠᠯ ᠬᠦᠷᠲᠡᠭᠡᠬᠦ ᠪᠠ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠬᠤᠶᠠᠷ᠂ ᠮᠠᠨ ᠤ ᠣᠷᠣᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ | ᠠᠬᠢᠭᠤᠯᠬᠤ ᠶᠢᠨ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠳ᠋ᠧᠩ ᠰᠢᠶᠤᠤ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠵᠤ᠂ ᠦᠪᠡᠷᠲᠡᠭᠡᠨ ᠵᠠᠰᠠᠬᠤ | ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠢ ᠲᠤᠤᠱᠯᠠᠭᠤᠯᠤᠨ᠂ ᠠᠷᠠᠳ ᠤᠯᠠᠨ ᠤ | ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ | ᠪᠠᠲᠤᠯᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠵᠤ᠂ ᠲᠥᠷᠥ ᠶᠢᠨ | ᠪᠣᠳᠣᠯᠭ᠎ᠠ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠨ᠂ ᠨᠡᠶᠢᠭᠡᠮ ᠤᠨ ᠬᠦᠴᠦᠨ ᠤ ᠬᠢᠨ ᠤ ᠢᠳᠡᠪᠬᠢ ᠴᠢᠨᠠᠷ | ᠪᠣᠯᠣᠨ ᠪᠦᠲᠦᠭᠡᠯᠴᠢ ᠴᠢᠨᠠᠷ ᠢ ᠭᠦᠢᠴᠡᠳ ᠲᠠᠶᠢᠴᠢᠯᠠᠵᠦ᠂ ᠨᠡᠶᠢᠭᠡᠮ ᠤᠨ ᠬᠦᠷᠦᠩᠭᠡ ᠮᠦᠡᠭᠬᠦ ᠶᠢ ᠶᠡᠬᠡᠪᠡᠷ ᠬᠦᠲᠦᠯᠦᠨ | ᠣᠷᠣᠭᠤᠯᠵᠤ᠂ ᠬᠠᠩᠭᠠᠯᠭ᠎ᠠ ᠶᠢ ᠬᠦᠴᠦᠯᠡᠨ ᠥᠷᠭᠡᠳᠭᠡᠵᠦ᠂ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠂ | ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠤᠯᠠᠨ ᠳᠠᠪᠬᠤᠷᠭ᠎ᠠ ᠲᠡᠰ ᠲᠠᠢ᠂ ᠤᠯᠠᠨ | ᠶᠠᠩᠵᠤᠴᠢᠯᠠᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠨ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠵᠤ ᠠᠬᠤᠢ ᠨᠡᠶᠢᠭᠡᠮ ᠤᠨ | ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠳᠤ ᠰᠢᠨ᠎ᠡ ᠬᠦᠳᠡᠯᠭᠡᠭᠴᠢ ᠬᠦᠴᠦᠨ ᠢ ᠣᠷᠤᠭᠤᠯᠤᠨ᠂ ᠬᠦᠮᠦᠨ ᠤ ᠪᠦᠬᠦ | ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠪᠦᠬᠦᠢ ᠨᠦᠬᠦᠴᠡᠯ ᠢ ᠡᠭᠦᠳᠬᠦ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | 1. ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠰᠠᠭᠤᠭᠠᠯᠢ ᠠᠷᠠᠳ ᠤᠨ | ᠡᠷᠡᠭᠦᠯ ᠮᠡᠨᠳᠦ ᠶᠢᠨ ᠬᠡᠪ ᠴᠢᠨᠠᠷ ᠪᠣᠯᠣᠨ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠪᠠᠷ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠦᠨᠳᠦᠰᠦᠨ ᠡᠬᠢᠯᠡᠯᠲᠡ ᠪᠣᠯᠣᠨ ᠵᠣᠭᠰᠤᠴᠠ ᠪᠣᠯᠭᠠᠵᠤ᠂ | ᠠᠷᠠᠳ ᠲᠤ ᠳᠦᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠠ ᠶᠢ ᠴᠢᠩᠭᠠᠳᠬᠠᠵᠤ᠂ ᠦᠷᠬᠡᠨ | ᠲᠦᠮᠡᠨ ᠳᠤ ᠬᠠᠨᠳᠤᠭᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡ ᠶᠢ ᠳᠡᠮᠵᠢᠵᠦ ᠬᠥᠭᠵᠢᠭᠦᠯᠦᠨ᠂ ᠠᠷᠠᠳ | ᠤᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | 2. ᠵᠠᠰᠠᠭ ᠤᠨ ᠣᠷᠳᠤᠨ ᠠᠴᠠ ᠬᠦᠲᠦᠯᠦᠨ ᠵᠢᠯᠤᠭᠤᠳᠬᠤ ᠶᠢ ᠪᠠᠷᠢᠮᠲᠠᠯᠠᠬᠤ ᠬᠡᠷᠡᠭᠲᠡᠢ᠃ ᠳᠦᠷᠢᠮ᠂ | ᠲᠦᠯᠦᠪᠵᠢᠭᠦᠯᠭᠡ᠂ ᠪᠡᠯᠡ ᠬᠤᠷᠠᠮᠳᠤᠭᠤᠯᠬᠤ᠂ ᠦᠢᠯᠡᠴᠢᠯᠡᠭᠡ᠂ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ | ᠵᠠᠰᠠᠭ ᠤᠨ ᠣᠷᠳᠤᠨ ᠤ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠦᠨᠳᠦᠰᠦᠨ | ᠦᠢᠯᠡᠴᠢᠯᠡᠭᠡ ᠪᠣᠯᠣᠨ ᠡᠷᠡᠭᠦᠯ ᠮᠡᠨᠳᠦ ᠶᠢᠨ ᠪᠤᠰᠤ ᠦᠨᠳᠦᠰᠦᠨ ᠦᠢᠯᠡᠴᠢᠯᠡᠭᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠤᠨ᠂ ᠬᠤᠲᠠ ᠬᠦᠳᠡᠭᠡ᠂ ᠣᠷᠣᠨ ᠪᠦᠰᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢᠨ ᠲᠡᠩᠴᠡᠭᠦᠷᠢᠲᠡᠢ | ᠬᠥᠭᠵᠢᠬᠦ ᠶᠢ ᠠᠬᠢᠭᠤᠯᠬᠤ ᠬᠡᠷᠡᠭᠲᠡᠢ᠃ | 3. ᠵᠠᠬ᠎ᠠ ᠳᠡᠯᠭᠡᠭᠦᠷ ᠢᠶᠠᠷ ᠬᠦᠳᠡᠯᠭᠡᠭᠦᠷ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠡᠷᠬᠡ ᠲᠡᠭᠰᠢ ᠪᠠᠷ | ᠣᠷᠤᠯᠴᠠᠬᠤ᠂ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠢ ᠪᠣᠯᠭᠠᠵᠤ᠂ ᠵᠠᠬ᠎ᠠ | ᠳᠡᠯᠭᠡᠭᠦᠷ ᠢᠶᠠᠷ ᠡᠬᠢ ᠪᠠᠶᠠᠯᠢᠬ ᠢ ᠲᠣᠬᠢᠷᠠᠭᠤᠯᠬᠤ ᠶᠢᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠤᠨ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠤᠷᠮᠠᠰᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ | ᠲᠠᠰᠤᠷᠠᠯᠲᠠ ᠦᠭᠡᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ | ᠬᠡᠷᠡᠭᠲᠡᠢ᠃ | 4. ᠨᠡᠭᠡᠭᠡᠯᠲᠡ ᠬᠢᠵᠦ ᠬᠤᠷᠰᠢᠯᠴᠠᠬᠤ ᠶᠢ ᠪᠠᠷᠢᠮᠲᠠᠯᠠᠬᠤ ᠬᠡᠷᠡᠭᠲᠡᠢ᠃ ᠡᠷᠡᠭᠦᠯ ᠮᠡᠨᠳᠦ ᠶᠢᠨ | ᠦᠢᠯᠡᠴᠢᠯᠡᠭᠡ ᠶᠢᠨ ᠬᠦᠷᠢᠶᠡᠨ ᠤ ᠭᠠᠳᠠᠭᠠᠲᠤ ᠳᠤᠲᠤᠭᠠᠲᠤ ᠳᠠᠬᠢ ᠨᠡᠬᠡᠭᠡᠯᠲᠡ ᠬᠢᠬᠦ ᠪᠠᠨ ᠥᠷᠭᠡᠳᠭᠡᠵᠦ᠂ ᠣᠷᠣᠨ ᠤ | ᠭᠠᠳᠠᠨᠠᠬᠢ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠠᠨ ᠤ ᠣᠷᠣᠨ ᠤ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠣᠷᠣᠯᠴᠠᠬᠤ ᠶᠢ ᠵᠤᠷᠢᠬᠵᠢᠭᠤᠯᠤᠨ᠂ ᠣᠷᠣᠨ ᠤ ᠳᠤᠲᠤᠷᠠᠬᠢ | ᠳᠠᠪᠠᠭᠤᠯᠢᠭ ᠪᠦᠬᠦᠢ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠣᠷᠣᠨ ᠤ ᠭᠠᠳᠠᠨᠠᠬᠢ᠂ | ᠤᠯᠤᠰ ᠤᠨ ᠭᠠᠳᠠᠨᠠᠬᠢ ᠵᠠᠬ᠎ᠠ ᠳᠡᠯᠭᠡᠭᠦᠷ ᠢ ᠨᠡᠭᠡᠭᠡᠨ ᠥᠷᠭᠡᠳᠭᠡᠬᠦ ᠶᠢ ᠳᠡᠮᠵᠢᠬᠦ ᠬᠡᠷᠡᠭᠲᠡᠢ᠃ | 5. ᠵᠢᠷᠤᠮᠵᠢᠭᠤᠯᠤᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠠᠵᠢᠯ ᠲᠦᠷᠦᠯ ᠤᠨ | ᠦᠢᠯᠡᠴᠢᠯᠡᠭᠡᠨ ᠤ ᠵᠢᠷᠤᠮᠵᠢᠯ ᠵᠢᠴᠢ ᠪᠠᠷᠢᠮᠵᠢᠶ᠎ᠠ ᠶᠢ ᠪᠦᠷᠢᠨᠰᠢᠭᠦᠯᠵᠦ᠂ ᠠᠵᠢᠯ ᠲᠦᠷᠦᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠠᠵᠢᠯ ᠲᠦᠷᠦᠯ ᠤᠨ ᠦᠪᠡᠷ ᠢ ᠪᠠᠨ ᠱᠠᠭᠠᠷᠳᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠠᠮᠠᠯᠠᠯᠲᠠ᠂ ᠦᠢᠯᠡᠴᠢᠯᠡᠭᠡᠨ ᠤ ᠨᠡᠶᠢᠳᠡ ᠶᠢᠨ ᠭᠡᠷ᠎ᠡ ᠶᠢ ᠬᠡᠷᠡᠭᠵᠢᠭᠦᠯᠦᠨ᠂ | ᠦᠢᠯᠡᠴᠢᠯᠡᠭᠡᠨ ᠤ ᠵᠢᠷᠤᠮᠵᠢᠯ᠂ ᠲᠤᠰᠬᠠᠶᠢᠵᠢᠯ ᠤᠨ ᠬᠢᠷᠢ ᠬᠡᠮᠵᠢᠶ᠎ᠠ ᠶᠢ ᠳᠡᠭᠡᠭᠰᠢᠯᠡᠭᠦᠯᠬᠦ ᠬᠡᠷᠡᠭᠲᠡᠢ᠃ | 6. ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠨ ᠬᠦᠴᠦᠯᠡᠨ ᠴᠢᠩᠭᠠᠳᠬᠠᠵᠤ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠭᠡᠨ᠂ | ᠰᠢᠨ᠎ᠡ ᠪᠠᠷ ᠪᠤᠢ ᠪᠤᠯᠤᠭᠰᠠᠨ ᠬᠡᠯᠪᠡᠷᠢ ᠪᠠᠶᠢᠳᠠᠯ ᠢ ᠵᠤᠷᠢᠬᠵᠢᠭᠤᠯᠤᠨ ᠬᠥᠭᠵᠢᠭᠦᠯᠵᠦ᠂ ᠣᠷᠣᠨ ᠤ ᠪᠠᠶᠢᠳᠠᠯ᠂ | ᠦᠷᠭᠦᠯᠵᠢᠯᠡᠬᠦ ᠬᠥᠭᠵᠢᠯᠲᠡ ᠳᠤ ᠨᠡᠶᠢᠴᠡᠭᠰᠡᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠢ᠃ | ︵ᠭᠤᠷᠪᠠ︶ ᠬᠥᠭᠵᠢᠭᠦᠯᠬᠦ ᠬᠠᠷᠠᠯᠲᠠ᠃ | 2020 ᠣᠨ ᠪᠣᠯᠲᠠᠯ᠎ᠠ᠂ ᠪᠦᠬᠦ ᠠᠮᠢ ᠨᠠᠰᠤᠨ ᠤ ᠦᠶᠡᠯᠡᠯ ᠢ ᠬᠠᠮᠤᠷᠤᠭᠰᠠᠨ᠂ ᠠᠭᠤᠯᠠᠬᠳᠠᠬᠤᠨ ᠨᠢ | ᠡᠯᠪᠡᠭ ᠪᠠᠶᠠᠯᠢᠬ᠂ ᠪᠦᠲᠦᠴᠡ ᠨᠢ ᠵᠣᠬᠢᠰᠲᠠᠢ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠤᠨ ᠪᠦᠲᠦᠭᠡᠵᠦ᠂ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠡᠷᠡᠭᠦᠯ ᠮᠡᠨᠳᠦ ᠶᠢᠨ ᠬᠠᠮᠢᠶᠠᠷᠤᠯᠲᠠ ᠬᠢᠭᠡᠳ ᠠᠬᠢᠭᠤᠯᠤᠯ ᠢ ᠦᠷᠭᠦᠯᠵᠢᠯᠡᠨ | ᠬᠥᠭᠵᠢᠭᠦᠯᠵᠦ᠂ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠮᠵᠢᠬᠦᠨ ᠢ ᠨᠡᠩ ᠪᠠᠶᠠᠯᠢᠬᠵᠢᠭᠤᠯᠬᠤ᠂ ᠡᠷᠡᠭᠦᠯ | ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠲᠤᠯᠭᠠᠭᠤᠷᠢ ᠠᠵᠤ ᠦᠢᠯᠡᠰ ᠤᠨ ᠬᠡᠪᠴᠢᠶ᠎ᠡ ᠶᠢ | ᠲᠠᠰᠤᠷᠠᠯᠲᠠ ᠦᠭᠡᠢ ᠥᠷᠭᠡᠳᠭᠡᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ | ᠪᠣᠯᠣᠨ ᠬᠢᠷᠢ ᠲᠥᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠮᠤᠩᠭᠤᠯ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ | ᠳᠡᠯᠡᠬᠡᠢ ᠶᠢᠨ ᠲᠡᠷᠢᠭᠦᠨ ᠤ ᠬᠢᠷᠢ ᠬᠡᠮᠵᠢᠶᠠᠨ ᠳᠤ ᠬᠥᠷᠭᠡᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠢ | ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠭᠠᠨ᠎ᠠ᠃ | ᠭᠤᠷᠪᠠ᠂ ᠬᠥᠭᠵᠢᠭᠦᠯᠬᠦ ᠭᠤᠣᠯᠳᠠᠯᠭ᠎ᠠ | ︵ᠨᠢᠭᠡ︶ ᠡᠮᠴᠢᠯᠡᠭᠡ ᠶᠢᠨ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ | 1.ᠦᠨᠳᠦᠰᠦᠨ ᠡᠮᠴᠢᠯᠡᠭᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ | ᠬᠡᠷᠡᠭᠲᠡᠢ᠃ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ | ᠡᠷᠡᠭᠦᠯ ᠬᠠᠮᠠᠭᠠᠯᠠᠯ ᠤᠨ ᠲᠦᠯᠦᠪᠵᠢᠭᠦᠯᠭᠡ ᠪᠣᠯᠣᠨ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ | ᠲᠦᠯᠦᠪᠵᠢᠭᠦᠯᠭᠡ ᠪᠠᠷ ᠤᠳᠤᠷᠢᠳᠤᠮᠵᠢ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ | ᠬᠤᠲᠠ ᠬᠦᠳᠡᠭᠡ ᠶᠢᠨ ᠰᠠᠭᠤᠭᠠᠯᠢ ᠠᠷᠠᠳ ᠲᠤ ᠬᠠᠨᠳᠤᠭᠤᠯᠤᠨ ᠦᠨᠳᠦᠰᠦᠨ ᠡᠮᠴᠢᠯᠡᠭᠡ ᠶᠢᠨ ᠦᠢᠯᠡᠴᠢᠯᠡᠭᠡ | ᠬᠠᠩᠭᠠᠬᠤ ᠭᠤᠣᠯᠯᠠᠬᠤ ᠪᠠᠶᠢᠷᠢ ᠰᠠᠭᠤᠷᠢ ᠲᠠᠢ ᠪᠠᠶᠢᠯᠭᠠᠬᠤ ᠶᠢ ᠪᠠᠷᠢᠮᠲᠠᠯᠠᠨ᠂ ᠬᠤᠲᠠ ᠬᠦᠳᠡᠭᠡ ᠶᠢᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠲᠤᠤᠷ ᠰᠦᠯᠵᠢᠶᠡᠴᠢᠯᠡᠭᠰᠡᠨ ᠠᠵᠢᠯᠯᠠᠭᠠᠨ ᠤ | ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠰᠢᠶᠠᠨ ᠤ ᠱᠠᠲᠤ ᠶᠢᠨ ᠡᠮᠨᠡᠯᠭᠡ ᠶᠢᠨ ᠬᠤᠷᠢᠶ᠎ᠠ ᠪᠠᠷ ᠬᠦᠲᠦᠴᠢ ᠪᠣᠯᠭᠠᠨ᠂ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠬᠦᠢᠰᠦ ᠪᠣᠯᠭᠠᠵᠤ᠂ ᠭᠠᠴᠠᠭ᠎ᠠ ᠲᠤᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠢᠶᠠᠷ ᠲᠤᠤᠷ ᠰᠦᠯᠵᠢᠶᠡᠨ ᠤ ᠲᠡᠭᠦᠰᠬᠡᠯ ᠪᠣᠯᠭᠠᠭᠰᠠᠨ ᠭᠤᠷᠪᠠᠨ ᠱᠠᠲᠤᠨ ᠤ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠨ᠂ ︽ᠮᠠᠯᠵᠢᠬᠤ ᠲᠠᠷᠢᠶᠠᠯᠠᠬᠤ ᠣᠷᠣᠨ ᠤ ᠭᠡᠷ ᠪᠦᠯᠢ ᠶᠢᠨ ᠡᠷᠡᠭᠦᠯ ᠮᠡᠨᠳᠦ ᠶᠢᠨ ᠪᠠᠲᠤᠯᠠᠭ᠎ᠠ ᠶᠢᠨ ᠵᠢᠵᠢᠭ | ᠡᠮ ᠤᠨ ᠬᠠᠶᠢᠷᠴᠠᠭ ᠤᠨ ᠢᠨᠵᠧᠨᠧᠷᠢᠩ︾ ᠢ ᠬᠡᠷᠡᠭᠵᠢᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡᠨ ᠤ ᠳᠦᠷᠢᠮ ᠢ ᠪᠠᠶᠢᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠪᠠᠷ ᠰᠠᠭᠤᠷᠢ ᠪᠣᠯᠭᠠᠨ᠂ ᠲᠤᠮᠤ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠬᠤᠪᠢᠶᠠᠷᠢᠯᠠᠨ ᠬᠠᠮᠵᠢᠯᠴᠠᠬᠤ | ᠬᠤᠲᠠ ᠶᠢᠨ ᠰᠢᠨ᠎ᠡ ᠮᠠᠶ᠋ᠢᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ | ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠡᠷᠡᠭᠦᠯᠵᠢᠭᠦᠯᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠲᠤᠮᠤ ᠡᠮᠨᠡᠯᠭᠡ ᠶᠢᠨ | ᠬᠤᠷᠢᠶ᠎ᠠ ᠶᠢ ᠵᠤᠷᠢᠬᠵᠢᠭᠤᠯᠬᠤ ᠪᠠ ᠬᠦᠲᠦᠯᠦᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠰᠢᠨ᠎ᠡ ᠪᠠᠷ ᠪᠠᠶᠢᠭᠤᠯᠬᠤ᠂ ᠬᠤᠳᠠᠯᠳᠤᠨ ᠠᠪᠬᠤ ᠪᠣᠶᠣ | ᠨᠠᠶᠢᠳᠠᠵᠤ ᠬᠠᠮᠢᠶᠠᠷᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠡᠷᠬᠢᠯᠡᠭᠦᠯᠵᠦ᠂ ᠨᠡᠶᠢᠭᠡᠮ ᠲᠣᠭᠤᠷᠢᠭ ᠤᠨ ᠡᠮᠴᠢ ᠪᠠ | ᠰᠠᠭᠤᠭᠠᠯᠢ ᠠᠷᠠᠳ ᠤᠨ ᠪᠤᠯᠵᠤᠭ᠎ᠠ ᠪᠦᠬᠦᠢ ᠦᠢᠯᠡᠴᠢᠯᠡᠭᠡ ᠶᠢ ᠬᠡᠷᠡᠭᠵᠢᠭᠦᠯᠬᠦ ᠬᠡᠷᠡᠭᠲᠡᠢ᠃ ᠣᠯᠠᠨ ᠨᠡᠶᠢᠲᠡ ᠶᠢᠨ | ᠲᠤᠰᠬᠠᠢ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠬᠡᠤᠬᠡᠳ ᠤᠨ | ᠡᠮᠨᠡᠯᠭᠡ ᠶᠢᠨ ᠬᠤᠷᠢᠶ᠎ᠠ ᠵᠢᠴᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠬᠡᠦᠬᠡᠳ ᠤᠨ ᠡᠪᠡᠳᠴᠢᠨ ᠡᠮᠴᠢᠯᠡᠬᠦ | ᠭᠠᠵᠠᠷ᠂ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠬᠤᠲᠠ ᠶᠢᠨ ᠡᠮᠨᠡᠯᠭᠡ ᠶᠢᠨ ᠬᠤᠷᠢᠶᠠᠨ ᠤ ᠠᠵᠢᠯ ᠲᠦᠷᠦᠯ ᠢᠶᠠᠷ ᠢᠶᠠᠨ | ᠲᠤᠰᠠᠯᠠᠬᠤ ᠳᠦᠷᠢᠮ ᠢ ᠲᠡᠭᠦᠯᠳᠡᠷᠵᠢᠭᠦᠯᠵᠦ᠂ ᠰᠢᠯᠢᠳᠡᠭ ᠴᠢᠨᠠᠷᠲᠠᠢ ᠡᠬᠢ ᠪᠠᠶᠠᠯᠢᠬ ᠢᠶᠠᠨ ᠶᠠᠳᠠᠭᠤ ᠬᠦᠴᠢᠷᠳᠡᠯᠲᠡᠢ | ᠭᠠᠵᠠᠷ ᠣᠷᠣᠨ ᠪᠣᠯᠣᠨ ᠮᠠᠯᠵᠢᠬᠤ ᠲᠠᠷᠢᠶᠠᠯᠠᠬᠤ ᠣᠷᠣᠨ ᠲᠡᠰᠢ ᠥᠷᠭᠡᠳᠬᠦ ᠶᠢ ᠠᠬᠢᠭᠤᠯᠬᠤ ᠬᠡᠷᠡᠭᠲᠡᠢ᠃ ᠬᠤᠲᠠ | ᠬᠦᠳᠡᠭᠡ ᠪᠣᠯᠣᠨ ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠢ ᠲᠡᠩᠴᠡᠭᠦᠷᠢᠲᠡᠢ | ᠬᠥᠭᠵᠢᠭᠦᠯᠬᠦ ᠶᠢ ᠨᠢᠭᠡᠲᠦᠯᠲᠡᠢ ᠲᠦᠯᠦᠪᠯᠡᠵᠦ᠂ ᠬᠤᠲᠠ ᠬᠦᠳᠡᠭᠡ ᠶᠢᠨ ᠦᠨᠳᠦᠰᠦᠨ ᠡᠮᠴᠢᠯᠡᠭᠡ ᠶᠢᠨ | ᠦᠢᠯᠡᠴᠢᠯᠡᠭᠡᠨ ᠤ ᠴᠢᠳᠠᠪᠤᠷᠢ ᠪᠣᠯᠣᠨ ᠬᠢᠷᠢ ᠬᠡᠮᠵᠢᠶ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | 2. ᠡᠮᠴᠢᠯᠡᠭᠡ ᠶᠢᠨ ᠬᠥᠭᠵᠢᠯᠲᠡ ᠳᠤ ᠨᠡᠶᠢᠭᠡᠮ ᠤᠨ ᠬᠦᠷᠦᠩᠭᠡ ᠮᠦᠡᠭᠬᠦ ᠶᠢᠨ ᠣᠷᠣᠯᠴᠠᠬᠤ ᠶᠢ | ᠵᠤᠷᠢᠬᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠡᠮᠴᠢᠯᠡᠭᠡᠨ ᠤ ᠪᠠᠶᠢᠭᠤᠯᠤᠮᠵᠢ ᠡᠷᠬᠢᠯᠡᠬᠦ ᠨᠡᠶᠢᠭᠡᠮ ᠤᠨ ᠬᠦᠷᠦᠩᠭᠡ | ᠮᠦᠡᠭᠬᠦ ᠶᠢ ᠵᠤᠷᠢᠬᠵᠢᠭᠤᠯᠤᠨ ᠳᠡᠮᠵᠢᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠦᠯᠦᠪᠵᠢᠭᠦᠯᠭᠡ᠂ | ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ ᠪᠣᠯᠣᠨ ᠪᠤᠰᠤᠳ ᠡᠮᠴᠢᠯᠡᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠬ ᠤᠨ ᠪᠠᠶᠢᠷᠢᠯᠠᠭᠤᠯᠤᠯᠲᠠ ᠶᠢᠨ ᠲᠦᠯᠦᠪᠵᠢᠭᠦᠯᠭᠡ ᠶᠢ ᠲᠣᠭᠲᠠᠭᠠᠵᠤ | ᠲᠣᠬᠢᠷᠠᠭᠤᠯᠬᠤ ᠳᠠᠭᠠᠨ᠂ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠵᠣᠬᠢᠰᠲᠠᠢ ᠣᠷᠣᠨ | ᠵᠠᠢ ᠶᠢ ᠦᠯᠡᠳᠡᠭᠡᠨ ᠥᠭᠴᠦ᠂ ᠰᠢᠨ᠎ᠡ ᠪᠠᠷ ᠨᠡᠮᠡᠭᠳᠡᠭᠰᠡᠨ ᠡᠮᠴᠢᠯᠡᠭᠡᠨ ᠤ ᠡᠬᠢ ᠪᠠᠶᠠᠯᠢᠬ ᠢ ᠤᠷᠢᠳ ᠢᠶᠠᠷ ᠨᠡᠶᠢᠭᠡᠮ ᠤᠨ | ᠬᠦᠷᠦᠩᠭᠡ ᠮᠦᠡᠭᠬᠦ ᠠᠴᠠ ᠬᠠᠩᠭᠠᠨ᠎ᠠ᠃ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ | ᠭᠤᠣᠯᠳᠠᠯᠭ᠎ᠠ ᠲᠠᠢ ᠲᠤᠰᠬᠠᠢ ᠰᠠᠯᠠᠭ᠎ᠠ ᠪᠠᠶᠢᠭᠤᠯᠬᠤ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ᠂ ᠡᠷᠳᠡᠮ | ᠰᠢᠨᠵᠢᠯᠡᠭᠡᠨ ᠤ ᠪᠠᠶᠢᠷᠢ ᠰᠠᠭᠤᠷᠢ᠂ ᠵᠡᠷᠬᠡ ᠳᠡᠰ ᠢ ᠦᠨᠡᠯᠡᠨ ᠬᠢᠨᠠᠬᠤ᠂ ᠮᠡᠷᠭᠡᠵᠢᠯ ᠢ ᠵᠥᠪᠰᠢᠶᠡᠷᠡᠨ ᠣᠷᠤᠭᠤᠯᠬᠤ | ᠵᠡᠷᠭᠡ ᠲᠠᠯ᠎ᠠ ᠪᠠᠷ ᠠᠳᠠᠯᠢ ᠳᠡᠰ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠲᠦᠷᠭᠡᠳᠭᠡᠨ ᠨᠠᠶᠢᠳᠠᠪᠤᠷᠢᠵᠢᠭᠤᠯᠬᠤ | ᠬᠡᠷᠡᠭᠲᠡᠢ᠃ ᠨᠡᠶᠢᠭᠡᠮ ᠤᠨ ᠬᠦᠷᠦᠩᠭᠡ ᠮᠦᠡᠭᠬᠦ ᠶᠢ ᠬᠦᠳᠦᠯᠦᠨ ᠵᠢᠯᠤᠭᠤᠳᠴᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠪᠠᠶᠢᠭᠤᠯᠤᠯ ᠤᠨ ᠦᠭᠡᠷᠡᠴᠢᠯᠡᠯᠲᠡ ᠳᠤ ᠬᠤᠯᠪᠤᠭᠠᠯᠠᠬᠤ᠂ ᠨᠠᠶᠢᠳᠠᠵᠤ ᠬᠠᠮᠢᠶᠠᠷᠤᠭᠤᠯᠬᠤ᠂ | ᠨᠡᠶᠢᠯᠡᠭᠦᠯᠬᠦ᠂ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠣᠷᠤᠯᠴᠠᠭᠤᠯᠬᠤ ᠬᠡᠷᠡᠭᠲᠡᠢ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠡᠬᠢ ᠪᠠᠶᠠᠯᠢᠬ ᠢᠶᠠᠷ ᠡᠯᠪᠡᠭ ᠬᠤᠲᠠᠨ ᠳᠠᠬᠢ ᠤᠯᠤᠰ ᠤᠨ ᠦᠮᠴᠢᠯᠡᠯᠲᠦ | ᠠᠵᠤ ᠠᠬᠤᠶᠢᠯᠠᠯ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠣᠷᠰᠢᠯᠲᠠ ᠶᠢ | ᠲᠦᠷᠭᠡᠳᠭᠡᠨ ᠠᠬᠢᠭᠤᠯᠵᠤ᠂ ᠬᠢᠯᠢ ᠶᠢᠨ ᠭᠠᠳᠠᠨᠠᠬᠢ ᠡᠮᠴᠢᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠪᠣᠯᠣᠨ | ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠮᠠᠨ ᠤ ᠣᠷᠣᠨ ᠤ ᠡᠮᠴᠢᠯᠡᠭᠡᠨ ᠤ ᠪᠠᠶᠢᠭᠤᠯᠤᠮᠵᠢ᠂ ᠠᠵᠤ | ᠠᠬᠤᠶᠢᠯᠠᠯ ᠪᠣᠯᠣᠨ ᠪᠤᠰᠤᠳ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠯᠤᠭ᠎ᠠ ᠪᠡᠯᠡ ᠨᠡᠶᠢᠯᠡᠭᠦᠯᠬᠦ ᠪᠣᠶᠣ | ᠬᠠᠮᠳᠤᠷᠠᠨ ᠠᠵᠢᠯᠯᠠᠬᠤ ᠠᠷᠭ᠎ᠠ ᠮᠠᠶ᠋ᠢᠭ ᠢᠶᠠᠷ ᠮᠠᠨ ᠤ ᠣᠷᠣᠨ ᠳᠤ ᠡᠮᠴᠢᠯᠡᠭᠡᠨ ᠤ ᠪᠠᠶᠢᠭᠤᠯᠤᠮᠵᠢ ᠪᠠᠶᠢᠷᠢᠯᠠᠭᠤᠯᠬᠤ᠂ | ᠢᠯᠠᠩᠭᠤᠶ᠎ᠠ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠤᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ | ᠨᠦᠭᠴᠢᠬᠦ ᠦᠶ᠎ᠠ ᠶᠢᠨ ᠬᠠᠷᠠᠭᠠᠯᠵᠠᠯ ᠤᠨ ᠡᠮᠨᠡᠯᠭᠡ ᠶᠢᠨ ᠬᠤᠷᠢᠶ᠎ᠠ ᠵᠡᠷᠭᠡ ᠬᠠᠷᠢᠴᠠᠩᠭᠤᠢ ᠳᠤᠲᠠᠭᠳᠠᠵᠤ ᠪᠠᠶᠢᠭ᠎ᠠ | ᠡᠮᠴᠢᠯᠡᠭᠡᠨ ᠤ ᠪᠠᠶᠢᠭᠤᠯᠤᠮᠵᠢ ᠪᠠᠶᠢᠷᠢᠯᠠᠭᠤᠯᠬᠤ ᠶᠢ ᠵᠥᠪᠰᠢᠶᠡᠷᠡᠵᠦ᠂ ᠳᠤᠮᠳᠠᠳᠤ ᠭᠠᠳᠠᠭᠠᠲᠤ ᠶᠢᠨ ᠪᠡᠯᠡ | ᠨᠡᠶᠢᠯᠡᠭᠦᠯᠦᠭᠰᠡᠨ᠂ ᠬᠠᠮᠳᠤᠷᠠᠨ ᠠᠵᠢᠯᠯᠠᠬᠤ ᠡᠮᠴᠢᠯᠡᠭᠡᠨ ᠤ ᠪᠠᠶᠢᠭᠤᠯᠤᠮᠵᠢ ᠳᠠᠬᠢ ᠬᠢᠯᠢ ᠶᠢᠨ ᠭᠠᠳᠠᠨᠠᠬᠢ | ᠬᠦᠷᠦᠩᠭᠡ ᠶᠢᠨ ᠰᠲ᠋ᠤᠺ ᠤᠨ ᠡᠷᠬᠡ ᠶᠢᠨ ᠬᠠᠷᠢᠴᠠᠯ ᠤᠨ ᠱᠠᠭᠠᠷᠳᠠᠯᠭ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠨᠢ ᠵᠠᠰᠠᠭ ᠤᠨ ᠣᠷᠳᠤᠨ ᠤ | ᠲᠣᠭᠲᠠᠭᠠᠭᠰᠠᠨ ᠡᠮᠴᠢᠯᠡᠭᠡ ᠶᠢᠨ ᠦᠢᠯᠡᠴᠢᠯᠡᠭᠡ ᠪᠣᠯᠣᠨ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ | ᠪᠣᠳᠤᠯᠭ᠎ᠠ ᠶᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠲᠠᠢ ᠬᠠᠷᠢᠴᠠᠭᠤᠯᠵᠤ ᠬᠡᠷᠡᠭᠵᠢᠭᠦᠯᠦᠭᠰᠡᠨ | ᠂ ᠡᠮᠴᠢᠯᠡᠭᠡ ᠶᠢᠨ ᠳᠠᠭᠠᠳᠬᠠᠯ ᠤᠨ ᠲᠣᠭᠲᠠᠭᠰᠠᠨ ᠭᠠᠵᠠᠷ ᠤᠨ ᠨᠦᠬᠦᠴᠡᠯ ᠳᠤ ᠨᠡᠶᠢᠴᠡᠪᠡᠯ᠂ ᠬᠠᠮᠢᠶ᠎ᠠ ᠪᠦᠬᠦᠢ ᠰᠠᠯᠠᠭ᠎ᠠ | ᠮᠦᠴᠢᠷ ᠤᠳ ᠲᠡᠳᠡᠬᠡᠷ ᠢ ᠬᠤᠲᠠ ᠪᠠᠯᠭᠠᠰᠤ ᠶᠢᠨ ᠦᠨᠳᠦᠰᠦᠨ ᠡᠮᠴᠢᠯᠡᠬᠡᠨ ᠤ ᠳᠠᠭᠠᠳᠬᠠᠯ᠂ ᠠᠵᠢᠯ ᠠᠴᠠ | ᠪᠤᠯᠤᠭᠰᠠᠨ ᠭᠡᠮᠲᠦᠯ ᠤᠨ ᠳᠠᠭᠠᠳᠬᠠᠯ᠂ ᠬᠦᠩᠭᠡᠵᠢᠯ ᠤᠨ ᠳᠠᠭᠠᠳᠬᠠᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ | ᠮᠠᠶ᠋ᠢᠭ ᠤᠨ ᠬᠤᠷᠰᠢᠭᠰᠠᠨ ᠡᠮᠴᠢᠯᠡᠭᠡ᠂ ᠡᠮᠴᠢᠯᠡᠭᠡᠨ ᠤ ᠠᠪᠤᠷᠠᠨ ᠲᠤᠰᠠᠯᠠᠬᠤ ᠵᠢᠴᠢ ᠨᠡᠶᠢᠭᠡᠮ ᠤᠨ ᠪᠠᠲᠤᠯᠠᠭ᠎ᠠ ᠶᠢᠨ | ᠲᠣᠭᠲᠠᠭᠰᠠᠨ ᠭᠠᠵᠠᠷ ᠤᠨ ᠬᠦᠷᠢᠶᠡᠨ ᠳᠤ ᠲᠣᠭᠲᠠᠭᠠᠯ ᠶᠤᠰᠤᠭᠠᠷ ᠣᠷᠣᠭᠤᠯᠬᠤ ᠶᠢᠨ ᠬᠠᠮᠲᠤ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠠᠳᠠᠯᠢᠬᠠᠨ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠃ ᠵᠠᠰᠠᠭ ᠤᠨ ᠣᠷᠳᠤᠨ ᠠᠴᠠ ᠨᠡᠶᠢᠭᠡᠮ ᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠵᠤ᠂ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠮᠴᠢᠯᠡᠭᠡᠨ ᠤ | ᠦᠨᠳᠦᠰᠦᠨ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠤᠨ᠂ ᠲᠤᠰᠬᠠᠶᠢᠴᠢᠯᠠᠭᠰᠠᠨ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠪᠦᠯᠦᠭᠯᠡᠯ ᠢ ᠵᠤᠷᠢᠬᠵᠢᠭᠤᠯᠤᠨ ᠬᠥᠭᠵᠢᠭᠦᠯᠵᠦ᠂ ᠠᠯᠪᠠᠨ ᠤ ᠪᠤᠰᠤ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠳᠡᠭᠡᠳᠦ ᠬᠢᠷᠢ ᠲᠥᠪᠰᠢᠨ ᠲᠠᠢ᠂ | ᠬᠡᠪᠴᠢᠶᠡᠵᠢᠭᠰᠡᠨ ᠴᠢᠭᠯᠡᠯ ᠲᠡᠰᠢ ᠬᠥᠭᠵᠢᠭᠦᠯᠦᠨ᠎ᠡ᠃ ᠨᠡᠶᠢᠭᠡᠮ ᠤᠨ ᠬᠢᠨ ᠤ ᠡᠮᠨᠡᠯᠭᠡ ᠡᠷᠬᠢᠯᠡᠬᠦ ᠪᠠ ᠡᠷᠳᠡᠮ | ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢᠨ ᠣᠷᠴᠢᠨ ᠲᠣᠭᠤᠷᠢᠨ ᠢ ᠨᠢ ᠰᠢᠯᠢᠳᠡᠭᠵᠢᠭᠦᠯᠵᠦ᠂ | ᠨᠡᠶᠢᠭᠡᠮ ᠤᠨ ᠬᠢᠨ ᠤ ᠡᠮᠨᠡᠯᠭᠡ ᠡᠷᠬᠢᠯᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠠ ᠪᠠ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠂ ᠨᠡᠶᠢᠭᠡᠮ ᠤᠨ ᠬᠢᠨ ᠤ ᠡᠮᠨᠡᠯᠭᠡ ᠡᠷᠬᠢᠯᠡᠬᠦ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠢ᠃ | ︵ᠬᠤᠶᠠᠷ︶ ᠡᠷᠡᠭᠦᠯ ᠮᠡᠨᠳᠦ ᠶᠢᠨ ᠳᠠᠭᠠᠳᠬᠠᠯ ᠢ ᠲᠦᠷᠭᠡᠳᠭᠡᠨ ᠬᠥᠭᠵᠢᠭᠦᠯᠬᠦ ᠬᠡᠷᠡᠭᠲᠡᠢ᠃ | ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠦᠨᠳᠦᠰᠦᠨ | ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ | ᠬᠤᠳᠠᠯᠳᠤᠭᠠᠨ ᠤ ᠳᠠᠭᠠᠳᠬᠠᠯ ᠤᠨ ᠺᠤᠮᠫᠠᠨᠢ ᠶᠢᠨ ᠤᠯᠠᠨ ᠶᠠᠩᠵᠤᠴᠢᠯᠠᠭᠰᠠᠨ᠂ ᠣᠯᠠᠨ ᠲᠡᠰ ᠲᠠᠪᠬᠤᠷᠭᠠᠲᠤ᠂ | ᠵᠢᠷᠤᠮᠵᠢᠭᠤᠯᠤᠭᠰᠠᠨ ᠨᠡᠷᠡᠮᠵᠢᠬᠦᠨ ᠪᠤᠯᠤᠨ ᠦᠢᠯᠡᠴᠢᠯᠡᠭᠡ ᠬᠠᠩᠭᠠᠬᠤ ᠶᠢ ᠵᠤᠷᠢᠬᠵᠢᠭᠤᠯᠵᠤ᠂ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠳᠤ ᠣᠷᠤᠯᠴᠠᠬᠤ ᠬᠦᠮᠦᠨ ᠤ ᠲᠤᠭ᠎ᠠ ᠶᠢ ᠥᠷᠭᠡᠳᠭᠡᠵᠦ᠂ ᠡᠷᠡᠭᠦᠯ ᠬᠠᠮᠠᠭᠠᠯᠠᠯ ᠤᠨ | ᠶᠡᠷᠦᠩᠬᠡᠢ ᠵᠠᠷᠤᠳᠠᠯ ᠳᠠᠬᠢ ᠬᠤᠳᠠᠯᠳᠤᠭᠠᠨ ᠤ ᠳᠠᠭᠠᠳᠬᠠᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ | ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠯᠤᠭ᠎ᠠ ᠬᠠᠷᠢᠯᠴᠠᠨ ᠵᠤᠯᠭᠠᠯᠳᠤᠭᠰᠠᠨ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠢ ᠵᠤᠷᠢᠬᠵᠢᠭᠤᠯᠤᠨ ᠬᠥᠭᠵᠢᠭᠦᠯᠵᠦ᠂ ᠬᠤᠳᠠᠯᠳᠤᠭᠠᠨ ᠤ | ᠳᠠᠭᠠᠳᠬᠠᠯ ᠤᠨ ᠺᠤᠮᠫᠠᠨᠢ ᠨᠤᠭᠤᠳ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ | ᠳᠠᠭᠠᠳᠬᠠᠯ ᠢ ᠳᠠᠭᠠᠭᠠᠨ ᠠᠪᠴᠤ ᠭᠦᠢᠴᠡᠳᠭᠡᠬᠦ ᠶᠢ ᠲᠦᠯᠬᠢᠨ ᠠᠬᠢᠭᠤᠯᠵᠤ᠂ ᠬᠦᠮᠦᠰ ᠤᠨ ᠬᠠᠮᠤᠷᠬᠤ ᠬᠡᠪᠴᠢᠶ᠎ᠡ ᠶᠢ | ᠥᠷᠭᠡᠳᠭᠡᠬᠦ ᠬᠡᠷᠡᠭᠲᠡᠢ᠃ ᠤᠷᠲᠤ ᠬᠤᠭᠤᠴᠠᠭ᠎ᠠ ᠰᠤᠪᠢᠯᠠᠬᠤ ᠬᠤᠳᠠᠯᠳᠤᠭᠠᠨ ᠤ ᠳᠠᠭᠠᠳᠬᠠᠯ ᠵᠢᠴᠢ ᠡᠷᠡᠭᠦᠯ | ᠮᠡᠨᠳᠦ ᠶᠢᠨ ᠬᠠᠮᠢᠶᠠᠷᠤᠯᠲᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠴᠢᠯᠡᠭᠡ ᠯᠦᠭᠡ ᠬᠠᠮᠢᠶ᠎ᠠ ᠲᠠᠢ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠮᠵᠢᠬᠦᠨ ᠢ ᠢᠳᠡᠪᠬᠢᠲᠡᠢ ᠪᠠᠷ ᠨᠡᠬᠡᠬᠡᠨ ᠬᠥᠭᠵᠢᠭᠦᠯᠬᠦ ᠬᠡᠷᠡᠭᠲᠡᠢ᠃ | ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ᠂ ᠡᠮᠴᠢᠯᠡᠭᠡᠨ ᠤ ᠭᠡᠨᠡᠳᠲᠡ ᠶᠢᠨ ᠬᠡᠷᠡᠭ ᠤᠨ ᠳᠠᠭᠠᠳᠬᠠᠯ ᠵᠡᠷᠭᠡ | ᠣᠯᠠᠨ ᠵᠦᠢᠯ ᠤᠨ ᠬᠡᠯᠪᠡᠷᠢ ᠶᠢᠨ ᠡᠮᠴᠢᠯᠡᠭᠡᠨ ᠤ ᠠᠵᠢᠯ ᠡᠷᠬᠢᠯᠡᠬᠦ ᠳᠠᠭᠠᠳᠬᠠᠯ ᠢ ᠬᠡᠷᠡᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠳᠦᠷᠢᠮ ᠪᠠᠶᠢᠭᠤᠯᠬᠤ ᠶᠢ ᠲᠦᠯᠬᠢᠨ | ᠠᠬᠢᠭᠤᠯᠬᠤ ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠺᠤᠮᠫᠠᠨᠢ ᠪᠠ ᠡᠮᠴᠢᠯᠡᠭᠡᠨ᠂ ᠪᠡᠶ᠎ᠡ ᠶᠢᠨ ᠪᠠᠶᠢᠴᠠᠭᠠᠯᠲᠠ᠂ | ᠠᠰᠠᠷᠠᠨ ᠰᠤᠪᠢᠯᠠᠬᠤ ᠵᠡᠷᠭᠡ ᠪᠠᠶᠢᠭᠤᠯᠤᠮᠵᠢ ᠯᠤᠭ᠎ᠠ ᠶᠢᠨ ᠬᠤᠷᠰᠢᠯᠴᠠᠬᠤ ᠵᠢᠴᠢ ᠬᠡᠯᠡᠯᠴᠡᠭᠡᠷ ᠬᠢᠬᠦ ᠲᠣᠭᠲᠠᠴᠠ ᠶᠢ | ᠪᠠᠶᠢᠭᠤᠯᠵᠤ᠂ ᠡᠮᠴᠢᠯᠡᠬᠡᠨ ᠤ ᠠᠵᠢᠯᠯᠠᠭ᠎ᠠ ᠪᠤᠯᠤᠨ ᠡᠮᠴᠢᠯᠡᠬᠡᠨ ᠤ ᠵᠠᠷᠤᠳᠠᠯ ᠳᠠᠬᠢ ᠡᠮᠴᠢᠯᠡᠬᠡᠨ ᠤ ᠲᠠᠭᠠᠳᠬᠠᠯ ᠤᠨ | ᠬᠢᠨᠠᠯᠳᠠ ᠲᠠᠯᠪᠢᠬᠤ ᠪᠠ ᠡᠵᠡᠮᠳᠡᠬᠦ ᠦᠢᠯᠡᠳᠦᠯ ᠢ ᠪᠠᠳᠠᠷᠠᠭᠤᠯᠤᠨ᠂ ᠡᠮᠴᠢᠯᠡᠭᠡ ᠶᠢᠨ ᠦᠢᠯᠡᠴᠢᠯᠡᠭᠡᠨ ᠤ | ᠠᠵᠢᠯᠯᠠᠭ᠎ᠠ ᠶᠢᠨ ᠵᠢᠷᠤᠮᠵᠢᠯ ᠢ ᠠᠬᠢᠭᠤᠯᠵᠤ᠂ ᠳᠠᠭᠠᠳᠬᠠᠯ ᠳᠤ ᠣᠷᠤᠯᠴᠠᠭᠰᠠᠨ ᠬᠦᠮᠦᠨ ᠳᠤ ᠡᠷᠡᠭᠦᠯ ᠮᠡᠨᠳᠦ ᠶᠢᠨ | ᠲᠥᠭᠰᠢᠭᠦᠷᠢ ᠶᠢ ᠦᠨᠡᠯᠡᠨ ᠵᠢᠱᠢᠬᠦ᠂ ᠡᠷᠡᠭᠦᠯ ᠮᠡᠨᠳᠦ ᠶᠢᠨ ᠲᠥᠭᠰᠢᠭᠦᠷᠢ ᠶᠢ ᠬᠠᠮᠢᠶᠠᠷᠬᠤ ᠵᠡᠷᠭᠡ ᠦᠢᠯᠡᠴᠢᠯᠡᠭᠡ ᠶᠢ | ᠬᠠᠩᠭᠠᠬᠤ ᠶᠢᠨ ᠬᠠᠮᠲᠤ᠂ ᠡᠭᠦᠨ ᠤ ᠰᠠᠭᠤᠷᠢᠨ ᠳᠡᠭᠡᠷ᠎ᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠯᠲᠠ ᠵᠡᠷᠭᠡ ᠰᠢᠨ᠎ᠡ ᠮᠠᠶ᠋ᠢᠭ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢ ᠰᠦᠪᠡᠭᠴᠢᠯᠡᠬᠦ ᠬᠡᠷᠡᠭᠲᠡᠢ᠃ | ᠵᠠᠰᠠᠭ ᠤᠨ ᠣᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠬᠢᠷᠢ ᠭᠡᠮ ᠲᠠᠢ | ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠳᠤ ᠨᠠᠶᠢᠳᠠᠵᠤ᠂ ᠡᠯ᠎ᠡ ᠲᠦᠷᠦᠯ ᠤᠨ ᠡᠮᠴᠢᠯᠡᠭᠡ ᠶᠢᠨ | ᠳᠠᠭᠠᠳᠬᠠᠯ ᠤᠨ ᠭᠠᠷᠳᠠᠨ ᠭᠦᠢᠴᠡᠳᠭᠡᠬᠦ ᠦᠢᠯᠡᠴᠢᠯᠡᠭᠡ ᠦᠷᠨᠢᠭᠦᠯᠬᠦ ᠶᠢ ᠵᠤᠷᠢᠬᠵᠢᠭᠤᠯᠬᠤ ᠬᠡᠷᠡᠭᠲᠡᠢ᠃ | ︵ᠭᠤᠷᠪᠠ︶ ᠡᠷᠡᠭᠦᠯ ᠮᠡᠨᠳᠦ ᠨᠠᠰᠤᠵᠢᠯ ᠤᠨ ᠦᠢᠯᠡᠴᠢᠯᠡᠭᠡ ᠶᠢ ᠲᠦᠯᠬᠢᠨ ᠠᠬᠢᠭᠤᠯᠬᠤ ᠬᠡᠷᠡᠭᠲᠡᠢ᠃ | ᠡᠮᠴᠢᠯᠡᠭᠡ ᠪᠠ ᠨᠠᠰᠤᠵᠢᠯ ᠤᠨ ᠠᠰᠠᠷᠠᠮᠵᠢ ᠶᠢ ᠨᠡᠶᠢᠯᠡᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠯᠭᠠᠭᠤᠷᠢᠯᠠᠯ ᠢ ᠴᠢᠩᠭᠠᠳᠬᠠᠨ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠤᠳ ᠨᠦᠬᠦᠴᠡᠯ ᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮᠴᠢᠯᠡᠭᠡᠨ ᠤ ᠪᠠᠶᠢᠭᠤᠯᠤᠮᠵᠢ | ᠪᠠᠶᠢᠷᠢᠯᠠᠭᠤᠯᠬᠤ ᠶᠢ ᠳᠡᠮᠵᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠬ ᠢ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠳᠤ ᠤᠷᠤᠭᠤᠯᠬᠤ ᠪᠠᠨ ᠠᠬᠢᠭᠤᠯᠤᠨ᠂ ᠨᠦᠬᠦᠴᠡᠯ ᠲᠠᠢ ᠬᠤᠶᠠᠳᠤᠭᠠᠷ ᠳᠡᠰ ᠠᠴᠠ ᠳᠡᠭᠡᠭᠰᠢᠬᠢ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠤᠯ ᠤᠨ ᠡᠪᠡᠳᠴᠢᠨ ᠤ ᠰᠠᠯᠠᠭ᠎ᠠ ᠪᠠᠶᠢᠭᠤᠯᠬᠤ ᠶᠢ | ᠳᠡᠮᠵᠢᠵᠦ᠂ ᠨᠠᠰᠤᠲᠠᠶᠢᠴᠤᠤᠯ ᠤᠨ ᠠᠷᠬᠠᠭ ᠡᠪᠡᠳᠴᠢᠨ ᠢ ᠰᠡᠷᠭᠡᠶᠢᠯᠡᠨ ᠵᠠᠰᠬᠠᠤ ᠪᠠ ᠡᠷᠡᠭᠦᠯᠵᠢᠭᠦᠯᠵᠦ ᠰᠣᠪᠢᠯᠠᠬᠤ | ᠦᠢᠯᠡᠴᠢᠯᠡᠭᠡ ᠶᠢ ᠦᠷᠨᠢᠭᠦᠯᠦᠨ᠂ ᠢᠯᠠᠩᠭᠤᠶ᠎ᠠ ᠮᠤᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ ᠪᠠ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠷᠰᠢᠯᠴᠠᠬᠤ ᠶᠢ ᠳᠡᠮᠵᠢᠵᠦ᠂ ᠡᠬᠢ ᠪᠠᠶᠠᠯᠢᠬ ᠢ ᠬᠠᠮᠲᠤᠪᠠᠷ | ᠡᠳ᠋ᠯᠡᠵᠤ᠂ ᠡᠮᠴᠢᠯᠡᠭᠡ ᠪᠠ ᠨᠠᠰᠤᠵᠢᠯ ᠤᠨ ᠠᠰᠠᠷᠠᠮᠵᠢ ᠶᠢ ᠤᠶᠠᠯᠳᠤᠭᠤᠯᠬᠤ ᠬᠡᠷᠡᠭᠲᠡᠢ᠃ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠣᠯᠵᠣᠵᠣ ᠡᠮᠨᠡᠭᠦᠯᠬᠦ | ᠰᠠᠭᠠᠳ ᠦᠭᠡᠢ ᠵᠠᠮ ᠨᠡᠪᠲᠡᠷᠡᠭᠦᠯᠬᠦ ᠶᠢ ᠵᠤᠷᠢᠬᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠤᠯ ᠳᠤ | ᠳᠦᠭᠦᠮ ᠳᠦᠲᠡ᠂ ᠤᠷᠢᠳᠠᠪᠠᠷ ᠬᠠᠷᠠᠭᠠᠯᠵᠠᠬᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠴᠢᠳᠠᠪᠤᠷᠢ ᠶᠢ | ᠴᠢᠩᠭᠠᠷᠠᠭᠤᠯᠬᠤ ᠬᠡᠷᠡᠭᠲᠡᠢ᠃ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠬᠢᠭᠡᠳ | ᠨᠠᠰᠤᠲᠠᠶᠢᠴᠤᠤᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠤᠯ ᠢ ᠠᠰᠠᠷᠠᠨ ᠰᠤᠪᠢᠯᠠᠬᠤ ᠬᠦᠷᠢᠶᠡᠯᠡᠩ | ᠂ ᠡᠷᠡᠭᠦᠯᠵᠢᠭᠦᠯᠬᠦ ᠰᠤᠪᠢᠯᠠᠯᠳᠠ ᠶᠢᠨ ᠪᠠᠶᠢᠭᠤᠯᠤᠮᠵᠢ ᠵᠡᠷᠭᠡ ᠶᠢᠨ ᠬᠤᠭᠤᠷᠤᠨᠳᠤᠬᠢ ᠰᠢᠯᠵᠢᠬᠦᠯᠦᠡ ᠡᠮᠴᠢᠯᠡᠬᠦ ᠪᠠ | ᠬᠤᠷᠰᠢᠯᠴᠠᠬᠤ ᠶᠢ ᠲᠦᠯᠬᠢᠨ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡ ᠪᠠᠨ ᠣᠯᠠᠨ | ᠵᠦᠢᠯ ᠤᠨ ᠠᠷᠭ᠎ᠠ ᠮᠠᠶ᠋ᠢᠭ ᠠᠪᠴᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠬᠦᠷᠲᠡᠯ᠎ᠡ | ᠤᠷᠳᠤᠳᠬᠠᠬᠤ ᠶᠢ ᠵᠤᠷᠢᠬᠵᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠨᠠᠰᠤᠲᠠᠶᠢᠴᠤᠤᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠨ ᠰᠤᠪᠢᠯᠠᠬᠤ ᠬᠦᠷᠢᠶᠡᠯᠡᠩ᠂ | ᠡᠷᠡᠭᠦᠯᠵᠢᠭᠦᠯᠬᠦ ᠰᠣᠪᠢᠯᠠᠯᠲᠠ ᠶᠢᠨ ᠪᠠᠶᠢᠭᠤᠯᠤᠮᠵᠢ ᠵᠡᠷᠭᠡ ᠶᠢ ᠵᠣᠬᠢᠰᠲᠠᠢ ᠪᠠᠶᠢᠷᠢᠰᠢᠭᠤᠯᠵᠤ᠂ ᠬᠡᠪᠴᠢᠶ᠎ᠡ ᠨᠢ | ᠲᠣᠬᠢᠷᠠᠮᠵᠢᠲᠠᠢ᠂ ᠴᠢᠳᠠᠮᠵᠢ ᠪᠠᠨ ᠬᠠᠷᠢᠯᠴᠠᠨ ᠨᠦᠬᠦᠪᠦᠷᠢᠯᠡᠬᠦ᠂ ᠠᠮᠥᠷ ᠲᠥᠪᠰᠢᠨ ᠳᠦᠭᠦᠮ ᠳᠦᠳᠡ ᠡᠷᠡᠭᠦᠯ | ᠴᠢᠬᠢᠷᠠᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠣᠢ ᠪᠣᠯᠭᠠᠬᠤ ᠬᠡᠷᠡᠭᠲᠡᠢ᠃ | ᠨᠡᠶᠢᠭᠡᠮ ᠲᠣᠭᠤᠷᠢᠭ ᠤᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠵᠦ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠨᠠᠰᠤᠲᠠᠳ ᠤᠨ ᠭᠡᠷ ᠪᠦᠯᠢ ᠶᠢᠨ ᠡᠮᠴᠢᠯᠡᠭᠡ ᠶᠢᠨ | ᠬᠡᠷ᠎ᠠ ᠲᠠᠢ ᠦᠢᠯᠡᠴᠢᠯᠡᠭᠡᠨ ᠤ ᠬᠠᠷᠢᠴᠠᠭ᠎ᠠ ᠶᠢ ᠪᠠᠶᠢᠭᠤᠯᠤᠨ᠂ ᠨᠠᠰᠤᠳᠠᠶᠢᠴᠤᠤᠯ ᠲᠤ ᠡᠳᠦᠷ ᠲᠤᠳᠤᠮ ᠤᠨ ᠰᠤᠪᠢᠯᠠᠯᠲᠠ | ᠂ ᠠᠷᠬᠠᠭ ᠡᠪᠡᠳᠴᠢᠨ ᠤ ᠬᠠᠮᠢᠶᠠᠷᠤᠯᠲᠠ᠂ ᠡᠷᠡᠭᠦᠯᠵᠢᠯ᠂ ᠡᠷᠡᠭᠦᠯ ᠮᠡᠨᠳᠦ ᠶᠢᠨ ᠬᠦᠮᠦᠵᠢᠯ ᠬᠢᠭᠡᠳ ᠯᠠᠪᠯᠠᠯᠭ᠎ᠠ᠂ | ᠮᠤᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠵᠡᠷᠭᠡ ᠦᠢᠯᠡᠴᠢᠯᠡᠭᠡ ᠬᠠᠩᠭᠠᠬᠤ ᠨᠡᠶᠢᠭᠡᠮ ᠲᠣᠭᠤᠷᠢᠭ ᠤᠨ | ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠰᠠᠷᠠᠨ ᠰᠤᠪᠢᠯᠠᠬᠤ ᠦᠢᠯᠡᠴᠢᠯᠡᠭᠡ ᠪᠠᠨ | ᠰᠠᠭᠤᠭᠠᠯᠢ ᠠᠷᠠᠳ ᠤᠨ ᠭᠡᠷ ᠪᠦᠯᠢ ᠳᠤ ᠬᠦᠷᠲᠡᠯ᠎ᠡ ᠦᠷᠭᠡᠳᠭᠡᠬᠦ ᠶᠢ ᠵᠤᠷᠢᠬᠵᠢᠭᠤᠯᠤᠨ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠲᠣᠭᠲᠠᠮᠠᠯ ᠬᠤᠭᠤᠴᠠᠭ᠎ᠠ ᠲᠠᠢ ᠪᠠᠷ ᠬᠠᠷᠢᠶ᠎ᠠ | ᠲᠤᠭᠤᠷᠢᠭ ᠤᠨ ᠨᠠᠰᠤᠳᠠᠶᠢᠴᠤᠤᠯ ᠤᠨ ᠭᠡᠷ ᠲᠤᠨᠢ ᠬᠦᠷᠴᠦ ᠲᠤᠭᠤᠷᠢᠨ ᠡᠮᠨᠡᠬᠦ᠂ ᠡᠷᠡᠭᠦᠯ ᠮᠡᠨᠳᠦ ᠪᠡᠶ᠎ᠡ ᠶᠢᠨ | ᠪᠠᠶᠢᠴᠠᠭᠠᠯᠲᠠ ᠵᠢᠴᠢ ᠡᠷᠡᠭᠦᠯᠵᠢᠯ ᠤᠨ ᠯᠠᠪᠯᠠᠯᠭ᠎ᠠ ᠵᠡᠷᠭᠡ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ | ᠬᠠᠩᠭᠠᠬᠤ ᠬᠡᠷᠡᠭᠲᠡᠢ᠃ | ︵ᠳᠥᠷᠪᠡ︶ ᠮᠤᠩᠭᠤᠯ ᠬᠢᠲᠠᠳ ᠡᠮ ᠡᠮᠨᠡᠯᠭᠡ ᠶᠢᠨ ᠡᠷᠡᠭᠦᠯᠵᠢᠯ ᠵᠢᠴᠢ ᠡᠮᠴᠢᠯᠡᠭᠡ ᠡᠷᠡᠭᠦᠯ | ᠮᠡᠨᠳᠦ ᠶᠢᠨ ᠵᠢᠭᠤᠯᠴᠢᠯᠠᠯ ᠤᠨ ᠦᠢᠯᠡᠴᠢᠯᠡᠭᠡ ᠶᠢ ᠬᠦᠴᠦᠯᠡᠨ ᠬᠥᠭᠵᠢᠭᠦᠯᠬᠦ ᠬᠡᠷᠡᠭᠲᠡᠢ᠃ | ᠡᠯ᠎ᠡ ᠱᠠᠲᠤᠨ ᠤ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠭᠡᠮᠵᠢ ᠪᠣᠯᠣᠨ | ᠦᠢᠯᠡᠴᠢᠯᠡᠭᠡᠨ ᠤ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠦᠢᠯᠡᠴᠢᠯᠡᠭᠡᠨ ᠤ ᠨᠦᠬᠦᠴᠡᠯ ᠢ | ᠬᠦᠴᠦᠯᠡᠨ ᠰᠠᠶᠢᠵᠢᠷᠠᠭᠤᠯᠵᠤ᠂ ᠡᠯ᠎ᠡ ᠱᠠᠲᠤᠨ ᠤ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠰᠡᠷᠭᠡᠶᠢᠯᠡᠬᠦ | ᠵᠢᠴᠢ ᠪᠡᠶ᠎ᠡ ᠰᠣᠪᠢᠯᠠᠵᠤ ᠡᠷᠡᠭᠦᠯᠵᠢᠭᠦᠯᠬᠦ ᠦᠢᠯᠡᠴᠢᠯᠡᠭᠡᠨ ᠤ ᠮᠤᠩᠭᠤᠯ ᠬᠢᠲᠠᠳ ᠡᠮᠨᠡᠯᠭᠡ ᠶᠢᠨ ᠰᠠᠯᠠᠭ᠎ᠠ ᠲᠠᠰᠤᠭ ︵︽ | ᠡᠪᠡᠳᠴᠢᠨ ᠢ ᠰᠡᠷᠬᠡᠶᠢᠯᠡᠨ ᠵᠠᠰᠠᠬᠤ︾ ᠲᠥᠪ︶ ᠢ ᠲᠤᠰᠠᠭᠠᠷ ᠪᠠᠶᠢᠭᠤᠯᠤᠨ᠂ 2015 ᠣᠨ ᠤ ᠵᠢᠯ ᠤᠨ ᠰᠡᠭᠦᠯᠴᠢ | ᠪᠣᠯᠲᠠᠯ᠎ᠠ᠂ 90% ᠠᠴᠠ ᠳᠡᠭᠡᠭᠰᠢᠬᠢ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠨᠤᠭᠤᠳ ᠰᠡᠷᠭᠡᠶᠢᠯᠡᠬᠦ ᠪᠠ ᠪᠡᠶ᠎ᠡ | ᠰᠤᠪᠢᠯᠠᠵᠤ ᠡᠷᠡᠭᠦᠯᠵᠢᠭᠦᠯᠬᠦ ᠦᠢᠯᠡᠴᠢᠯᠡᠭᠡᠨ ᠤ ᠰᠠᠯᠠᠭ᠎ᠠ ᠲᠠᠰᠤᠭ ᠢ ᠪᠠᠶᠢᠭᠤᠯᠵᠤ᠂ 95% ᠠᠴᠠ ᠳᠡᠭᠡᠭᠰᠢᠬᠢ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ 90% ᠠᠴᠠ ᠳᠡᠭᠡᠭᠰᠢᠬᠢ ᠰᠤᠮᠤ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ 70% ᠠᠴᠠ ᠳᠡᠭᠡᠭᠰᠢᠬᠢ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ᠂ 65% ᠠᠴᠠ ᠳᠡᠭᠡᠭᠰᠢᠬᠢ ᠭᠠᠴᠠᠭ᠎ᠠ ᠲᠤᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠨᠢ ᠮᠤᠩᠭᠤᠯ ᠡᠮ ᠡᠮᠨᠡᠯᠭᠡ ᠪᠣᠶᠣ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ | ᠴᠢᠳᠠᠬᠤ ᠪᠠᠷ ᠴᠢᠷᠮᠠᠶᠢᠬᠤ ᠬᠡᠷᠡᠭᠲᠡᠢ᠃ ᠮᠣᠩᠭᠤᠯ ᠬᠢᠲᠠᠳ ᠡᠮ ᠡᠮᠨᠡᠯᠭᠡ ᠶᠢᠨ ᠪᠤᠳᠠᠰ ᠤᠨ ᠪᠤᠰᠤ ᠰᠤᠶᠤᠯ ᠤᠨ | ᠥᠪ ᠢ ᠡᠮᠬᠢᠯᠡᠨ ᠰᠣᠳᠤᠯᠬᠤ ᠪᠠ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠮᠤᠩᠭᠤᠯ ᠬᠢᠲᠠᠳ ᠡᠮ | ᠡᠮᠨᠡᠯᠭᠡ ᠶᠢᠨ ᠡᠮᠴᠢᠯᠡᠭᠡ ᠶᠢᠨ ᠡᠷᠳᠡᠮ ᠰᠢᠨᠵᠢᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠣᠨᠴᠠᠯᠢᠭ ᠪᠦᠬᠦᠢ ᠳᠠᠪᠠᠭᠤᠯᠢᠭ ᠢ ᠢᠯᠡᠷᠡᠭᠦᠯᠬᠦ ᠵᠡᠭᠦᠦ ᠲᠦᠭᠡᠨᠡᠯᠭᠡ | ᠂ ᠲᠦᠷᠬᠢᠯᠡᠭᠡ᠂ ᠶᠠᠰᠤ ᠪᠠᠷᠢᠬᠤ᠂ ᠴᠡᠭᠡ ᠵᠡᠷᠭᠡ ᠡᠮᠴᠢᠯᠡᠬᠦ ᠠᠷᠭ᠎ᠠ ᠶᠢ ᠦᠷᠨᠢᠭᠦᠯᠦᠨ ᠳᠡᠯᠭᠡᠷᠡᠭᠦᠯᠵᠦ᠂ ᠨᠡᠯᠢᠶᠡᠳ | ᠪᠠᠭ᠎ᠠ ᠥᠪᠡᠷ ᠤᠨ ᠦᠷᠲᠡᠭ ᠢᠶᠠᠷ ᠡᠷᠡᠭᠦᠯ ᠮᠡᠨᠳᠦ ᠶᠢᠨ ᠦᠢᠯᠡᠴᠢᠯᠡᠭᠡᠨ ᠤ ᠨᠡᠩ ᠶᠡᠭᠡ ᠦᠷ᠎ᠡ ᠠᠰᠢᠭ ᠢ ᠣᠯᠬᠤ | ᠬᠡᠷᠡᠭᠲᠡᠢ᠃ ᠦᠪᠦᠷ ᠮᠣᠩᠭᠤᠯ ᠤᠨ ᠣᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠵᠡᠷᠭᠡ ᠮᠣᠩᠭᠤᠯ ᠬᠢᠲᠠᠳ | ᠡᠮᠴᠢᠯᠡᠭᠡᠨ ᠤ ᠪᠠ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠯᠢ ᠶᠢᠨ ᠭᠠᠳᠠᠨ᠎ᠠ ᠭᠠᠷᠴᠤ ᠡᠮᠨᠡᠯᠭᠡ ᠶᠢᠨ ᠬᠤᠷᠢᠶ᠎ᠠ᠂ | ᠬᠡᠯᠬᠢᠶ᠎ᠡ ᠡᠮᠴᠢᠯᠡᠭᠡᠨ ᠤ ᠭᠠᠵᠠᠷ ᠵᠡᠷᠭᠡ ᠶᠢ ᠡᠷᠬᠢᠯᠡᠨ ᠨᠡᠭᠡᠬᠡᠬᠦ ᠶᠢ ᠵᠤᠷᠢᠬᠵᠢᠭᠤᠯᠤᠨ ᠳᠡᠮᠵᠢᠵᠦ᠂ ᠦᠪᠦᠷ ᠮᠣᠩᠭᠤᠯ ᠤᠨ | ᠣᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢ ᠮᠤᠩᠭᠤᠯ ᠤᠯᠤᠰ ᠵᠡᠷᠭᠡ ᠬᠠᠮᠢᠶ᠎ᠠ ᠪᠦᠬᠦᠢ ᠤᠯᠤᠰ ᠲᠤ | ᠬᠠᠨᠳᠤᠭᠤᠯᠤᠭᠰᠠᠨ ᠡᠷᠡᠭᠦᠯ ᠮᠡᠨᠳᠦ ᠡᠷᠡᠭᠦᠯᠵᠢᠯ ᠵᠢᠴᠢ ᠡᠮᠴᠢᠯᠡᠭᠡᠨ ᠤ ᠵᠢᠭᠤᠯᠴᠢᠯᠠᠯ ᠤᠨ ᠦᠢᠯᠡᠴᠢᠯᠡᠭᠡᠨ ᠤ ᠰᠠᠭᠤᠷᠢᠨ | ᠭᠠᠵᠠᠷ ᠪᠣᠯᠭᠠᠨ ᠪᠠᠶᠢᠭᠤᠯᠬᠤ ᠪᠠᠷ ᠬᠦᠴᠦᠯᠡᠨ᠂ ᠮᠠᠨᠵᠣᠣᠷ ᠬᠤᠲᠠ ᠳᠤ ᠲᠦᠰᠢᠭᠯᠡᠨ ᠤᠷᠤᠰ ᠲᠤ ᠬᠠᠨᠳᠤᠭᠤᠯᠤᠭᠰᠠᠨ | ᠣᠯᠠᠨ ᠤᠯᠤᠰ ᠤᠨ ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ | ᠡᠯ᠎ᠡ ᠠᠶᠢᠮᠠᠭ ᠬᠤᠲᠠ ᠶᠢᠨ ᠦᠪᠡᠷᠮᠢᠴᠡ ᠠᠮᠢ ᠠᠬᠤᠢ᠂ ᠭᠠᠵᠠᠷ ᠤᠨ ᠢᠯᠴᠢ ᠵᠡᠷᠭᠡ ᠡᠬᠢ ᠪᠠᠶᠠᠯᠢᠬ ᠤᠨ | ᠳᠠᠪᠠᠭᠤᠯᠢᠭ ᠢ ᠪᠠᠳᠠᠷᠠᠭᠤᠯᠵᠤ᠂ ᠷᠠᠰᠢᠶᠠᠨ ᠰᠢᠪᠠᠷ ᠤᠨ ᠭᠤᠶᠤᠯᠠᠯ ᠵᠠᠰᠠᠯ᠂ ᠪᠠᠶᠢᠭᠠᠯᠢ ᠶᠢᠨ ᠬᠦᠴᠢᠯᠳᠦᠷᠦ᠋ᠭᠴᠢᠳᠦ | ᠪᠠᠭᠠᠷ᠂ ᠬᠠᠯᠠᠭᠤᠨ ᠷᠠᠰᠢᠶᠠᠨ ᠡᠷᠡᠭᠦᠯᠵᠢᠯ᠂ ᠮᠤᠩᠭᠤᠯ ᠬᠢᠲᠠᠳ ᠡᠮ ᠤᠨ ᠡᠮᠲᠦ ᠤᠬᠢᠶᠠᠯ᠂ ᠡᠯᠡᠰᠦᠨ ᠵᠠᠰᠠᠯ ᠵᠡᠷᠭᠡ | ᠪᠡᠶ᠎ᠡ ᠰᠤᠪᠢᠯᠠᠯᠲᠠ ᠡᠷᠡᠭᠦᠯᠵᠢᠯ ᠪᠣᠯᠣᠨ ᠬᠦᠳᠡᠯᠭᠡᠭᠡᠨ ᠤ ᠰᠡᠯᠡᠭᠦᠴᠡᠯ ᠵᠡᠷᠭᠡ ᠵᠢᠭᠤᠯᠴᠢᠯᠠᠯ ᠤᠨ ᠨᠡᠷᠡᠮᠵᠢᠬᠦᠨ ᠢ | ᠢᠳᠡᠪᠬᠢᠲᠡᠢ ᠨᠡᠭᠡᠭᠡᠨ ᠬᠥᠭᠵᠢᠭᠦᠯᠵᠦ᠂ ᠭᠡᠭᠡᠨ ᠭᠤᠣᠯ ᠬᠤᠲᠠ᠂ ᠡᠷᠭᠦᠨ᠎ᠡ ᠬᠤᠲᠠ᠂ ᠷᠠᠰᠢᠶᠠᠨ ᠬᠤᠲᠠ᠂ ᠬᠡᠰᠢᠭᠲᠡᠨ | ᠬᠤᠰᠢᠭᠤ᠂ ᠠᠤᠬᠠᠨ ᠬᠤᠰᠢᠭᠤ᠂ ᠨᠢᠩᠴᠧᠩ ᠰᠢᠶᠠᠨ᠂ ᠰᠦᠨᠢᠳ ᠪᠠᠷᠠᠭᠤᠨ ᠬᠤᠰᠢᠭᠤ᠂ ᠯᠢᠶᠠᠩᠴᠧᠩ ᠰᠢᠶᠠᠨ᠂ | ᠣᠲᠤᠭ ᠬᠤᠰᠢᠭᠤ᠂ ᠳ᠋ᠦᠩᠱᠧᠩ ᠲᠣᠭᠤᠷᠢᠭ᠂ ᠤᠷᠠᠳ ᠤᠨ ᠡᠮᠦᠨᠡᠲᠦ ᠬᠤᠰᠢᠭᠤ ᠵᠡᠷᠭᠡ ᠭᠠᠵᠠᠷ ᠣᠷᠣᠨ ᠳᠤ | ᠲᠦᠰᠢᠭᠯᠡᠵᠦ ᠡᠷᠡᠭᠦᠯ ᠮᠡᠨᠳᠦ ᠡᠷᠡᠭᠦᠯᠵᠢᠯ ᠤᠨ ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ︵ | ᠲᠠᠪᠤ︶ ᠡᠷᠡᠭᠦᠯ ᠮᠡᠨᠳᠦ ᠶᠢᠨ ᠬᠠᠮᠢᠶᠠᠷᠤᠯᠲᠠ ᠬᠢᠭᠡᠳ ᠠᠬᠢᠭᠤᠯᠤᠯᠲᠠ ᠶᠢ ᠳᠡᠮᠵᠢᠵᠦ ᠬᠥᠭᠵᠢᠭᠦᠯᠬᠦ ᠬᠡᠷᠡᠭᠲᠡᠢ᠃ | ᠡᠷᠡᠭᠦᠯ ᠮᠡᠨᠳᠦ ᠪᠡᠶ᠎ᠡ ᠶᠢᠨ ᠪᠠᠶᠢᠴᠠᠭᠠᠯᠲᠠ᠂ ᠠᠰᠠᠭᠤᠨ ᠯᠠᠪᠯᠠᠵᠤ ᠦᠨᠡᠯᠡᠨ ᠵᠢᠱᠢᠬᠦ ᠵᠡᠷᠭᠡ ᠡᠷᠡᠭᠦᠯ ᠮᠡᠨᠳᠦ ᠶᠢᠨ | ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢ | ᠬᠦᠲᠦᠯᠦᠨ ᠵᠢᠯᠤᠭᠤᠳᠴᠤ ᠪᠠᠶᠢᠭᠠᠳ ᠦᠢᠯᠡᠴᠢᠯᠡᠭᠡᠨ ᠤ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠂ ᠬᠡᠯᠬᠢᠶ᠎ᠠ | ᠡᠵᠡᠩᠨᠡᠯᠲᠡ ᠶᠢ ᠦᠷᠨᠢᠭᠦᠯᠵᠦ᠂ ᠲᠤᠰᠬᠠᠶᠢᠴᠢᠯᠠᠭᠰᠠᠨ᠂ ᠵᠢᠷᠤᠮᠵᠢᠭᠤᠯᠤᠭᠰᠠᠨ ᠰᠡᠳᠬᠢᠴᠡ ᠶᠢᠨ ᠯᠠᠪᠯᠠᠯᠭ᠎ᠠ᠂ | ᠬᠠᠪᠰᠤᠷᠤᠨ ᠵᠢᠯᠤᠭᠤᠳᠬᠤ ᠪᠠᠶᠢᠭᠤᠯᠤᠮᠵᠢ ᠶᠢ ᠪᠤᠶᠢᠵᠢᠭᠤᠯᠤᠨ᠂ ᠨᠡᠶᠢᠭᠡᠮ ᠤᠨ ᠤᠯᠠᠨ ᠨᠡᠶᠢᠲᠡ ᠳᠤ ᠦᠵᠡᠯ | ᠰᠠᠨᠠᠭᠠᠨ ᠤ ᠳᠠᠷᠤᠯᠲᠠ ᠶᠢ ᠨᠢ ᠨᠡᠩ ᠶᠡᠬᠡᠪᠡᠷ ᠪᠠᠭᠤᠷᠠᠭᠤᠯᠬᠤ᠂ ᠰᠡᠳᠬᠢᠴᠡ ᠶᠢᠨ ᠢᠳᠬᠠᠨ ᠵᠢᠯᠤᠭᠤᠳᠬᠤ | ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠡᠬᠡ ᠨᠢᠯᠬᠠᠰ ᠢ ᠬᠠᠷᠠᠭᠠᠯᠵᠠᠬᠤ ᠦᠢᠯᠡᠴᠢᠯᠡᠭᠡ ᠶᠢ ᠵᠢᠷᠤᠮᠵᠢᠭᠤᠯᠤᠨ | ᠬᠥᠭᠵᠢᠭᠦᠯᠵᠦ᠂ ᠶᠡᠷᠦᠩᠬᠡᠢ ᠰᠠᠯᠠᠭᠠᠨ ᠤ ᠡᠮᠴᠢ ᠨᠠᠷ ᠤᠨ ᠦᠢᠯᠡᠴᠢᠯᠡᠬᠦ ᠵᠠᠭᠪᠤᠷ ᠪᠠ ᠤᠷᠮᠠᠰᠢᠭᠤᠯᠬᠤ ᠲᠣᠭᠲᠠᠴᠠ ᠶᠢᠨ | ᠦᠭᠡᠷᠡᠴᠢᠯᠡᠯᠲᠡ ᠶᠢᠨ ᠲᠣᠷᠰᠢᠯᠲᠠ ᠶᠢ ᠲᠦᠯᠬᠢᠨ ᠠᠬᠢᠭᠤᠯᠵᠤ᠂ ᠰᠠᠭᠤᠭᠠᠯᠢ ᠠᠷᠠᠳ ᠤᠨ ᠭᠡᠷ ᠪᠦᠯᠢ ᠳᠤ | ᠬᠠᠨᠳᠤᠭᠤᠯᠤᠭᠰᠠᠨ ᠭᠡᠷ᠎ᠡ ᠲᠣᠭᠲᠠᠭᠠᠬᠤ ᠦᠢᠯᠡᠴᠢᠯᠡᠭᠡ ᠶᠢ ᠰᠦᠪᠡᠭᠴᠢᠯᠡᠨ᠂ ᠶᠡᠷᠦᠩᠬᠡᠢ ᠰᠠᠯᠠᠭᠠᠨ ᠤ ᠡᠮᠴᠢ ᠨᠠᠷ | ᠬᠤᠲᠠ ᠬᠦᠳᠡᠭᠡ ᠶᠢᠨ ᠰᠠᠭᠤᠭᠠᠯᠢ ᠠᠷᠠᠳ ᠯᠤᠭ᠎ᠠ ᠨᠡᠯᠢᠶᠡᠳ ᠲᠣᠭᠲᠠᠭᠤᠨ ᠦᠢᠯᠡᠴᠢᠯᠡᠭᠡᠨ ᠤ ᠬᠠᠷᠢᠴᠠᠭ᠎ᠠ | ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠡᠷᠡᠭᠦᠯ ᠮᠡᠨᠳᠦ ᠶᠢᠨ ᠯᠠᠪᠯᠠᠯᠭ᠎ᠠ ᠪᠣᠯᠣᠨ ᠡᠪᠡᠳᠴᠢᠨ ᠡᠮᠬᠡᠭ ᠤᠨ | ᠰᠡᠷᠭᠡᠶᠢᠯᠡᠯ ᠢ ᠶᠡᠬᠡᠪᠡᠷ ᠦᠷᠨᠢᠭᠦᠯᠵᠦ᠂ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠶᠢ ᠡᠮᠨᠡᠨ ᠵᠠᠰᠠᠬᠤ ᠪᠠᠷ ᠭᠤᠣᠯ | ᠪᠣᠯᠭᠠᠵᠤ ᠪᠠᠶᠢᠭᠰᠠᠨ ᠠᠴᠠ ᠰᠡᠷᠭᠡᠶᠢᠯᠡᠬᠦ ᠪᠠᠷ ᠭᠤᠣᠯ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ︵ᠵᠢᠷᠭᠤᠭ᠎ᠠ︶ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠶᠢᠨ ᠦᠢᠯᠡᠴᠢᠯᠡᠭᠡ ᠶᠢ ᠶᠡᠬᠡᠪᠡᠷ | ᠬᠥᠭᠵᠢᠭᠦᠯᠬᠦ ᠬᠡᠷᠡᠭᠲᠡᠢ᠃ | ᠪᠦᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠶᠢ ᠬᠥᠭᠵᠢᠭᠦᠯᠵᠦ᠂ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠤᠯᠠᠮ ᠨᠢᠭᠡ ᠠᠯᠬᠤᠮ ᠥᠷᠨᠢᠭᠦᠯᠦᠨ᠂ ᠰᠢᠨᠵᠢᠯᠡᠬᠦ | ᠤᠬᠭᠠᠨᠴᠢ ᠪᠠᠷ ᠪᠡᠶ᠎ᠡ ᠴᠢᠬᠢᠷᠠᠭᠵᠢᠭᠤᠯᠬᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠠᠷᠠᠳ ᠣᠯᠠᠨ ᠤ | ᠪᠡᠶ᠎ᠡ ᠶᠢᠨ ᠲᠠᠮᠢᠷ ᠤᠨ ᠪᠡᠶ᠎ᠡ ᠴᠢᠬᠢᠷᠠᠭᠵᠢᠭᠤᠯᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠪᠡᠶ᠎ᠡ ᠶᠢᠨ ᠲᠠᠮᠢᠷ ᠤᠨ | ᠪᠡᠶ᠎ᠡ ᠴᠢᠬᠢᠷᠠᠭᠵᠢᠭᠤᠯᠬᠤ ᠶᠢᠨ ᠬᠡᠷᠡᠭᠯᠡᠭᠡ ᠶᠢ ᠬᠦᠲᠦᠯᠦᠨ ᠵᠢᠯᠤᠭᠤᠳᠬᠤ ᠬᠡᠷᠡᠭᠲᠡᠢ᠃ ᠦᠨᠳᠦᠰᠦᠨ ᠱᠠᠲᠤᠨ ᠤ ᠣᠯᠠᠨ | ᠲᠦᠮᠡᠨ ᠤ ᠪᠡᠶ᠎ᠡ ᠴᠢᠬᠢᠷᠠᠭᠵᠢᠭᠤᠯᠬᠤ ᠣᠯᠠᠨ ᠴᠢᠳᠠᠮᠵᠢᠲᠦ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ 2020 ᠣᠨ ᠪᠣᠯᠲᠠᠯ᠎ᠠ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ | ᠪᠡᠯᠡᠳᠭᠡᠮᠵᠢ ᠶᠢᠨ ᠪᠦᠬᠦ ᠬᠠᠮᠤᠷᠤᠯᠲᠠ ᠶᠢ ᠪᠡᠶᠡᠯᠡᠭᠦᠯᠦᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠴᠦᠮ ᠶᠡᠷᠦᠩᠬᠡᠶᠢᠯᠡᠭᠰᠡᠨ ᠬᠦᠳᠡᠯᠭᠡᠭᠡᠨ ᠤ ᠣᠷᠳᠤᠨ᠂ ᠬᠦᠯ ᠪᠦᠮᠪᠦᠭᠡ᠂ ᠰᠠᠭᠰᠤᠨ ᠪᠦᠮᠪᠦᠭᠡ᠂ ᠫᠢᠩᠫᠠᠩ ᠪᠦᠮᠪᠦᠭᠡ | ᠪᠣᠯᠣᠨ ᠦᠳᠦᠨ ᠪᠦᠮᠪᠦᠭᠡ ᠵᠡᠷᠭᠡ ᠲᠦᠷᠦᠯ ᠵᠦᠢᠯ ᠤᠨ ᠬᠦᠳᠡᠯᠭᠡᠭᠡᠨ ᠤ ᠲᠠᠯᠠᠪᠤᠷ ᠢᠶᠠᠷ ᠭᠤᠣᠯ ᠪᠣᠯᠭᠠᠭᠰᠠᠨ ᠪᠦᠬᠦ | ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠥᠪ ᠢ ᠪᠠᠶᠢᠭᠤᠯᠬᠤ ᠬᠡᠷᠡᠭᠲᠡᠢ︔ ᠡᠯ᠎ᠡ ᠰᠤᠮᠤ ᠰᠢᠶᠠᠩ | ᠪᠠᠯᠭᠠᠰᠤ ︵ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ︶ ᠪᠠ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ | ᠳᠤ ᠴᠦᠮ ᠰᠠᠭᠰᠤᠨ ᠪᠦᠮᠪᠦᠭᠡ ᠶᠢᠨ ᠲᠠᠯᠠᠪᠤᠷ᠂ ᠡᠭᠦᠳᠡᠨ ᠪᠦᠮᠪᠦᠭᠡ ᠶᠢᠨ ᠲᠠᠯᠠᠪᠤᠷ᠂ ᠪᠡᠶ᠎ᠡ ᠴᠢᠬᠢᠷᠠᠭᠵᠢᠭᠤᠯᠬᠤ ᠵᠠᠮ | ᠮᠦᠷ᠂ ᠦᠷᠦᠭᠡᠨ ᠳᠤᠲᠤᠷᠠᠬᠢ ᠫᠢᠩᠫᠠᠩ ᠪᠦᠮᠪᠦᠭᠡ ᠪᠣᠯᠣᠨ ᠪᠠᠶ᠎ᠡ ᠴᠢᠬᠢᠷᠠᠭᠵᠢᠭᠤᠯᠬᠤ ᠭᠡᠷ ᠢᠶᠠᠷ ᠭᠤᠣᠯ ᠪᠣᠯᠭᠠᠭᠰᠠᠨ | ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠥᠷᠲᠡᠭᠡ᠂ ᠬᠦᠳᠡᠯᠭᠡᠭᠡᠨ ᠤ ᠴᠢᠬ ᠢ ᠲᠤᠰ | ᠲᠤᠰ ᠲᠤᠨᠢ ᠪᠠᠶᠢᠭᠤᠯᠬᠤ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠪᠣᠯᠣᠨ ᠨᠡᠶᠢᠭᠡᠮ | ᠲᠣᠭᠤᠷᠢᠭ ᠲᠤ ᠣᠯᠠᠨ ᠲᠦᠮᠡᠨ ᠤ ᠪᠡᠶ᠎ᠡ ᠴᠢᠬᠢᠷᠠᠭᠵᠢᠭᠤᠯᠬᠤ ᠪᠡᠯᠡᠳᠭᠡᠮᠵᠢ ᠶᠢ ᠭᠡᠷ ᠲᠤᠳᠤᠷᠠᠬᠢ ᠬᠦᠮᠦᠨ ᠪᠦᠷᠢ ᠶᠢᠨ | ᠳᠤᠮᠳᠠᠴᠢ ᠪᠠᠷᠢᠯᠭ᠎ᠠ ᠶᠢᠨ ᠲᠠᠯᠠᠪᠠᠢ ᠶᠢ 0.1 ᠲᠡᠭᠰᠢ ᠲᠦᠷᠪᠡᠯᠵᠢᠨ ᠮᠧᠲᠷ ᠠᠴᠠ ᠳᠣᠣᠷ᠎ᠠ ᠪᠠᠶᠢᠯᠭᠠᠬᠤ ᠦᠭᠡᠢ ᠪᠣᠶᠣ | ᠭᠡᠷ ᠤᠨ ᠭᠠᠳᠠᠨ᠎ᠠ ᠬᠦᠮᠦᠨ ᠪᠦᠷᠢ ᠶᠢᠨ ᠳᠤᠮᠳᠠᠴᠢ ᠬᠡᠷᠡᠭᠯᠡᠬᠦ ᠭᠠᠵᠠᠷ ᠤᠨ ᠲᠠᠯᠠᠪᠠᠢ ᠶᠢ 0.3 ᠲᠡᠭᠰᠢ ᠲᠦᠷᠪᠡᠯᠵᠢᠨ | ᠮᠧᠲᠷ ᠠᠴᠠ ᠳᠣᠣᠷ᠎ᠠ ᠪᠠᠶᠢᠯᠭᠠᠬᠤ ᠦᠭᠡᠢ ᠪᠠᠷᠢᠮᠵᠢᠶ᠎ᠠ ᠶᠤᠰᠤᠭᠠᠷ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢᠨ | ᠬᠠᠮᠲᠤ ᠣᠷᠣᠨ ᠰᠠᠭᠤᠴᠠ ᠶᠢᠨ ᠲᠣᠭᠤᠷᠢᠭ ᠤᠨ ᠭᠤᠣᠯ ᠴᠤᠭᠴᠠᠲᠤ ᠢᠨᠵᠧᠨᠧᠷᠢᠩ ᠯᠦᠭᠡ ᠵᠡᠷᠭᠡ ᠪᠠᠷ ᠵᠢᠷᠤᠵᠤ | ᠲᠦᠯᠦᠪᠯᠡᠨ᠂ ᠵᠡᠷᠭᠡ ᠪᠠᠷ ᠪᠠᠷᠢᠯᠭ᠎ᠠ ᠡᠬᠢᠯᠡᠭᠦᠯᠵᠦ᠂ ᠵᠡᠷᠭᠡ ᠪᠠᠷ ᠠᠰᠢᠭᠯᠠᠯᠲᠠ ᠳᠤ ᠣᠷᠤᠭᠤᠯᠬᠤ ᠬᠡᠷᠡᠭᠲᠡᠢ᠃ | ᠬᠠᠭᠤᠴᠢᠨ ᠬᠤᠲᠠ ᠲᠤᠭᠤᠷᠢᠭ ᠵᠢᠴᠢ ᠨᠢᠭᠡᠨᠲᠡ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠣᠯᠠᠨ ᠲᠦᠮᠡᠨ ᠤ | ᠪᠠᠶ᠎ᠡ ᠴᠢᠬᠢᠷᠠᠭᠵᠢᠭᠤᠯᠬᠤ ᠪᠡᠯᠡᠳᠭᠡᠮᠵᠢ ᠪᠠᠶᠢᠬᠤ ᠦᠭᠡᠢ ᠪᠣᠶᠣ ᠤᠳᠤ ᠪᠠᠶᠢᠭ᠎ᠠ ᠪᠡᠯᠡᠳᠭᠡᠮᠵᠢ ᠨᠢ ᠲᠦᠯᠦᠪᠵᠢᠭᠦᠯᠵᠦ | ᠪᠠᠶᠢᠭᠤᠯᠬᠤ ᠭᠦᠢᠴᠡᠳᠭᠡᠯ ᠲᠣᠭᠠᠨ ᠤ ᠱᠠᠭᠠᠷᠳᠠᠯᠭ᠎ᠠ ᠳᠤ ᠬᠦᠷᠬᠦ ᠦᠭᠡᠢ ᠶᠢ ᠨᠢ ᠦᠭᠡᠷᠡᠴᠢᠯᠡᠨ ᠵᠠᠰᠠᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠵᠤ ᠲᠡᠭᠦᠯᠳᠡᠷᠵᠢᠭᠦᠯᠬᠦ ᠬᠡᠷᠡᠭᠲᠡᠢ᠃ ᠴᠡᠴᠡᠷᠯᠢᠭ᠂ ᠵᠦᠯᠭᠡ ᠭᠠᠵᠠᠷ᠂ | ᠠᠭᠤᠳᠠᠮ ᠲᠠᠯᠠᠪᠠᠢ ᠵᠡᠷᠭᠡ ᠰᠡᠯᠡᠭᠦᠴᠡᠯ ᠤᠨ ᠲᠠᠯᠠᠪᠤᠷ ᠳᠤ ᠲᠣᠬᠢᠷᠠᠭᠤᠯᠤᠭᠰᠠᠨ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠪᠡᠯᠡᠳᠭᠡᠮᠵᠢ ᠶᠢ ᠭᠦᠢᠴᠡᠳ ᠠᠰᠢᠭᠯᠠᠬᠤ ᠬᠡᠷᠡᠭᠲᠡᠢ᠃ ᠣᠯᠠᠨ ᠨᠡᠶᠢᠲᠡ ᠶᠢᠨ ᠪᠣᠰᠤ ᠪᠡᠶ᠎ᠡ ᠶᠢᠨ ᠲᠠᠮᠢᠷ ᠤᠨ | ᠲᠠᠯᠠᠪᠤᠷ ᠣᠷᠳᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠭᠡᠮᠵᠢ ᠵᠡᠷᠭᠡ ᠶᠢ ᠨᠡᠶᠢᠭᠡᠮ ᠳᠤ ᠴᠢᠯᠦᠭᠡᠲᠡᠢ | ᠬᠡᠷᠡᠭᠯᠡᠭᠦᠯᠬᠦ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ᠃ ᠨᠡᠶᠢᠭᠡᠮ ᠤᠨ ᠬᠦᠴᠦᠨ ᠢ ᠳᠡᠮᠵᠢᠬᠦ ᠪᠠ ᠬᠦᠲᠦᠯᠦᠨ | ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ ᠤᠨ ᠲᠠᠯᠠᠪᠤᠷ ᠣᠷᠳᠤᠨ ᠤ ᠪᠦᠲᠦᠭᠡᠨ ᠪᠠᠶᠢᠭᠤᠯᠤᠯᠲᠠ ᠪᠣᠯᠣᠨ | ᠡᠵᠡᠩᠨᠡᠯᠲᠡ ᠬᠠᠮᠢᠶᠠᠷᠤᠯᠲᠠ ᠳᠤ ᠤᠷᠤᠯᠴᠠᠭᠤᠯᠬᠤ ᠬᠡᠷᠡᠭᠲᠡᠢ᠃ ᠨᠡᠶᠢᠭᠡᠮ ᠤᠨ ᠡᠯ᠎ᠡ ᠡᠲᠡᠭᠡᠳ ᠤᠨ ᠬᠢᠨ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠪᠡᠶ᠎ᠡ ᠶᠢᠨ ᠲᠠᠮᠢᠷ ᠤᠨ ᠺᠯᠦ᠋ᠹ᠂ ᠪᠡᠶ᠎ᠡ ᠴᠢᠬᠢᠷᠠᠭᠵᠢᠭᠤᠯᠬᠤ ᠵᠢᠯᠤᠭᠤᠳᠤᠮᠵᠢ ᠶᠢᠨ ᠥᠷᠲᠡᠭᠡ | ᠴᠢᠬ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠤᠨ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠬᠤ ᠵᠣᠬᠢᠶᠠᠨ | ᠪᠠᠶᠢᠭᠤᠯᠤᠯᠲᠠ ᠶᠢ ᠡᠷᠬᠢᠯᠡᠨ ᠬᠥᠭᠵᠢᠭᠦᠯᠬᠦ ᠶᠢ ᠨᠢ ᠵᠤᠷᠢᠬᠵᠢᠭᠤᠯᠤᠨ ᠳᠡᠮᠵᠢᠬᠦ ᠬᠡᠷᠡᠭᠲᠡᠢ᠃ ᠪᠡᠶ᠎ᠡ ᠶᠢᠨ ᠲᠠᠮᠢᠷ ᠤᠨ | ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠰᠡᠯᠡᠭᠦᠴᠡᠯ ᠤᠨ | ᠵᠠᠬ᠎ᠠ ᠳᠡᠯᠭᠡᠭᠦᠷ ᠢ ᠭᠤᠣᠯᠳᠠᠯᠭ᠎ᠠ ᠲᠠᠢ ᠪᠤᠶᠢᠵᠢᠭᠤᠯᠤᠨ ᠬᠥᠭᠵᠢᠭᠦᠯᠵᠦ᠂ ᠦᠷᠢᠰᠦᠯᠳᠦᠬᠦ ᠬᠦᠴᠦᠨ ᠪᠦᠬᠦᠢ ᠨᠢᠭᠡ | ᠪᠦᠯᠦᠭ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠪᠠᠶᠢᠭᠤᠯᠤᠨ᠂ | ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠪᠣᠯᠣᠨ ᠬᠤᠪᠢ | ᠬᠦᠮᠦᠨ ᠠᠴᠠ ᠪᠡᠶ᠎ᠡ ᠶᠢᠨ ᠲᠠᠮᠢᠷ ᠡᠷᠡᠭᠦᠯ ᠮᠡᠨᠳᠦ ᠶᠢᠨ ᠯᠠᠪᠯᠠᠯᠭ᠎ᠠ ᠠᠪᠬᠤ᠂ ᠮᠠᠬᠠᠪᠤᠳ ᠤᠨ ᠴᠢᠨᠰᠠᠭ᠎ᠠ ᠬᠢᠨᠠᠨ | ᠰᠢᠯᠭᠠᠬᠤ᠂ ᠪᠣᠯᠪᠠᠰᠤᠷᠠᠯ ᠢ ᠵᠢᠯᠤᠭᠤᠳᠬᠤ ᠪᠠ ᠬᠦᠳᠡᠯᠭᠡᠭᠡᠨ ᠢᠶᠠᠷ ᠡᠷᠡᠭᠦᠯᠵᠢᠭᠦᠯᠬᠦ ᠵᠡᠷᠭᠡ ᠡᠵᠡᠩᠨᠡᠯᠲᠡ | ᠦᠢᠯᠡᠴᠢᠯᠡᠭᠡᠨ ᠤ ᠪᠤᠳᠠᠳᠤ ᠴᠤᠭᠴᠠ ᠶᠢ ᠡᠷᠬᠢᠯᠡᠨ ᠪᠠᠶᠢᠭᠤᠯᠬᠤ ᠶᠢ ᠨᠢ ᠶᠡᠬᠡᠪᠡᠷ ᠳᠡᠮᠵᠢᠬᠦ ᠬᠡᠷᠡᠭᠲᠡᠢ᠃ ᠵᠠᠯᠠᠭᠤᠴᠤᠳ | ᠪᠠᠭᠠᠴᠤᠳ᠂ ᠬᠡᠤᠬᠡᠳ ᠤᠨ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠶᠢ ᠶᠡᠬᠡᠪᠡᠷ ᠳᠡᠮᠵᠢᠵᠦ᠂ ᠲᠡᠳᠡᠨᠦᠰ ᠤᠨ | ᠦᠰᠦᠯᠲᠡ ᠶᠢᠨ ᠣᠨᠴᠠᠯᠢᠭ ᠲᠤ ᠲᠣᠬᠢᠷᠠᠭᠰᠠᠨ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠶᠢᠨ ᠦᠢᠯᠡᠴᠢᠯᠡᠭᠡ ᠶᠢ | ᠵᠤᠷᠢᠬᠵᠢᠭᠤᠯᠤᠨ ᠬᠥᠭᠵᠢᠭᠦᠯᠬᠦ ᠬᠡᠷᠡᠭᠲᠡᠢ᠃ | ︵ᠳᠣᠯᠤᠭ᠎ᠠ︶ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠲᠠᠢ ᠬᠤᠯᠪᠤᠭᠳᠠᠬᠤ ᠲᠤᠯᠭᠠᠭᠤᠷᠢ | ᠠᠵᠤ ᠦᠢᠯᠡᠰ ᠢ ᠢᠳᠡᠪᠬᠢᠲᠡᠢ ᠪᠠᠷ ᠪᠤᠶᠢᠵᠢᠭᠤᠯᠬᠤ ᠬᠡᠷᠡᠭᠲᠡᠢ᠃ | 1. ᠮᠤᠩᠭᠤᠯ ᠬᠢᠲᠠᠳ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ | ᠮᠣᠩᠭᠤᠯ ᠡᠮ ᠡᠮᠨᠡᠯᠭᠡ ᠶᠢᠨ ᠪᠠᠷᠢᠮᠵᠢᠶᠠᠲᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠪᠦᠬᠦᠢ ᠡᠮ ᠤᠨ ᠵᠦᠢᠯ ᠢ ᠰᠤᠳᠤᠯᠤᠨ ᠨᠡᠭᠡᠭᠡᠬᠦ᠂ ᠦᠢᠯᠡᠳᠬᠦ | ᠪᠠ ᠬᠡᠷᠡᠭᠯᠡᠬᠦ ᠶᠢ ᠳᠡᠮᠵᠢᠵᠦ᠂ ᠰᠢᠨ᠎ᠡ ᠶᠢ ᠡᠭᠦᠳᠦᠭᠰᠡᠨ ᠡᠮ ᠤᠨ ᠵᠦᠢᠯ᠂ ᠰᠢᠨ᠎ᠡ ᠬᠡᠯᠪᠡᠷᠢ ᠶᠢᠨ ᠠᠮᠢᠳᠤ ᠪᠤᠳᠠᠰ ᠤᠨ | ᠡᠮ ᠡᠮᠨᠡᠯᠭᠡ ᠶᠢᠨ ᠮᠠᠲ᠋ᠤᠷᠢᠶᠠᠯ ᠢ ᠰᠤᠳᠤᠯᠤᠨ ᠨᠡᠬᠡᠬᠡᠬᠦ ᠪᠠ ᠠᠵᠤ ᠦᠢᠯᠡᠰᠵᠢᠭᠦᠯᠬᠦ ᠶᠢ ᠳᠡᠮᠵᠢᠨ᠂ ᠬᠤᠭᠤᠴᠠᠭ᠎ᠠ ᠨᠢ | ᠲᠤᠯᠤᠭᠰᠠᠨ ᠲᠤᠰᠬᠠᠢ ᠠᠰᠢᠭᠲᠤ ᠡᠮ ᠤᠨ ᠵᠦᠢᠯ ᠢ ᠳᠠᠭᠤᠷᠢᠶᠠᠨ ᠦᠢᠯᠡᠳᠬᠦ ᠶᠢ ᠳᠡᠮᠵᠢᠵᠦ᠂ ᠮᠤᠩᠭᠤᠯ ᠡᠮ ᠤᠨ | ᠤᠯᠠᠮᠵᠢᠯᠠᠯᠲᠦ ᠨᠠᠶᠢᠷᠠᠯᠠᠭ᠎ᠠ ᠶᠢᠨ ᠬᠡᠯᠪᠡᠷᠢ ᠶᠢ ᠦᠭᠡᠷᠡᠴᠢᠯᠡᠨ ᠰᠠᠶᠢᠵᠢᠷᠠᠭᠤᠯᠵᠤ ᠳᠡᠰ ᠳᠡᠪᠰᠢᠭᠦᠯᠬᠦ ᠶᠢ ᠳᠡᠮᠵᠢᠨ᠂ | ᠡᠮᠴᠢᠯᠡᠭᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ᠃ ᠮᠤᠩᠭᠤᠯ ᠬᠢᠲᠠᠳ ᠡᠮ ᠤᠨ ᠦᠢᠯᠡᠳᠪᠦᠷᠢᠯᠡᠯ ᠢ ᠲᠡᠳᠭᠦᠬᠦ | ᠡᠷᠴᠢᠮ ᠢᠶᠠᠨ ᠴᠢᠩᠭᠠᠷᠠᠭᠤᠯᠵᠤ᠂ ᠮᠤᠩᠭᠤᠯ ᠬᠢᠲᠠᠳ ᠡᠮ ᠤᠨ ᠠᠵᠤ ᠠᠬᠤᠶᠢᠯᠠᠯ ᠤᠨ ᠳᠠᠪᠠᠭᠤᠯᠢᠭ ᠡᠬᠢ | ᠪᠠᠶᠠᠯᠢᠬ ᠢᠶᠠᠨ ᠡᠮᠬᠢᠯᠡᠨ ᠨᠡᠶᠢᠯᠡᠭᠦᠯᠬᠦ ᠶᠢ ᠵᠤᠷᠢᠬᠵᠢᠭᠤᠯᠤᠨ᠂ ᠣᠳᠣ ᠦᠶ᠎ᠡ ᠶᠢᠨ ᠮᠣᠩᠭᠤᠯ ᠬᠢᠲᠠᠳ ᠡᠮ ᠤᠨ ᠠᠵᠤ | ᠦᠢᠯᠡᠰ ᠤᠨ ᠦᠢᠯᠡᠳᠬᠦ ᠰᠠᠭᠤᠷᠢᠨ ᠭᠠᠵᠠᠷ ᠪᠣᠯᠣᠨ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠵᠤ᠂ ᠮᠤᠩᠭᠤᠯ ᠬᠢᠲᠠᠳ ᠡᠮ ᠤᠨ ᠠᠵᠢᠯ ᠲᠦᠷᠦᠯ ᠤᠨ ᠨᠡᠷ᠎ᠠ ᠠᠯᠳᠠᠷᠰᠢᠭᠰᠠᠨ ᠲᠠᠸᠠᠷ ᠤᠨ ᠲᠡᠮᠲᠡᠭ᠂ | ᠠᠯᠳᠠᠷᠲᠤ ᠲᠠᠸᠠᠷ ᠤᠨ ᠲᠡᠮᠳᠡᠭ ᠢ ᠲᠡᠳᠭᠦᠵᠦ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠡᠮᠴᠢᠯᠡᠭᠡᠨ ᠤ ᠠᠴᠢ | ᠲᠤᠰᠠ ᠪᠠᠷ ᠮᠡᠳᠡᠭᠳᠡᠮ᠎ᠡ᠂ ᠨᠡᠶᠢᠭᠡᠮ ᠳᠤ ᠵᠥᠪᠰᠢᠶᠡᠷᠡᠭᠳᠡᠭᠰᠡᠨ ᠬᠡᠰᠡᠭ ᠮᠤᠩᠭᠤᠯ ᠡᠮ ᠢ ᠤᠯᠤᠰ ᠤᠨ ᠡᠮᠴᠢᠯᠡᠭᠡ ᠶᠢᠨ | ᠳᠠᠭᠠᠳᠬᠠᠯ ᠤᠨ ᠭᠠᠷᠴᠠᠭ ᠪᠣᠯᠣᠨ ᠤᠯᠤᠰ ᠤᠨ ᠦᠨᠳᠦᠰᠦᠨ ᠡᠮ ᠤᠨ ᠵᠦᠢᠯ ᠤᠨ ᠭᠠᠷᠴᠠᠭ ᠲᠤ ᠣᠷᠣᠭᠤᠯᠬᠤ ᠪᠠᠷ | ᠢᠳᠡᠪᠬᠢᠯᠡᠨ ᠴᠢᠷᠮᠠᠶᠢᠬᠤ ᠬᠡᠷᠡᠭᠲᠡᠢ᠃ ᠡᠮᠲᠦ ᠢᠲᠡᠭᠡᠨ ᠤ ᠢᠵᠢᠯ ᠭᠠᠷᠤᠯ ᠲᠠᠢ ᠮᠣᠩᠭᠤᠯ ᠬᠢᠲᠠᠳ ᠡᠮ ᠤᠨ ᠡᠮ ᠳᠤ | ᠣᠷᠣᠬᠤ ᠮᠠᠲ᠋ᠤᠷᠢᠶᠠᠯ ᠢᠶᠠᠷ ᠰᠠᠭᠤᠷᠢ ᠪᠣᠯᠭᠠᠭᠰᠠᠨ ᠮᠣᠩᠭᠤᠯ ᠬᠢᠲᠠᠳ ᠡᠮ ᠤᠨ ᠲᠦᠷᠦᠯ ᠤᠨ ᠤᠮᠳᠠᠭᠠᠨ ᠤ | ᠡᠷᠡᠭᠦᠯᠵᠢᠯ ᠤᠨ ᠡᠳ᠋᠂ ᠡᠳᠦᠷ ᠲᠤᠳᠤᠮ ᠤᠨ ᠬᠡᠷᠡᠭᠯᠡᠭᠡᠨ ᠤ ᠵᠦᠢᠯ ᠵᠡᠷᠭᠡ ᠪᠤᠬᠢᠷᠳᠤᠯ ᠦᠭᠡᠢ ᠦᠢᠯᠡᠳᠭᠦᠨ ᠢ | ᠰᠤᠳᠤᠯᠤᠨ ᠨᠡᠭᠡᠭᠡᠵᠦ᠂ ᠡᠮ ᠳᠤ ᠣᠷᠣᠬᠤ ᠬᠡᠭᠡᠷ᠎ᠡ ᠶᠢᠨ ᠠᠮᠢᠲᠠᠨ ᠣᠷᠭᠤᠮᠠᠯ ᠤᠨ ᠡᠬᠢ ᠪᠠᠶᠠᠯᠢᠬ ᠢ ᠬᠠᠮᠠᠭᠠᠯᠠᠨ᠂ | ᠴᠠᠭᠠᠨ ᠭᠤᠶᠤᠤ᠂ ᠤᠯᠠᠭᠠᠨ ᠭᠤᠶᠤᠤ᠂ ᠰᠢᠬᠢᠷ ᠡᠪᠡᠰᠦ᠂ ᠴᠢᠨ᠋ᠸ᠎ᠠ ᠶᠢᠨ ᠬᠠᠷᠮᠠᠭ ᠵᠡᠷᠭᠡ ᠵᠢᠩᠬᠢᠨᠢ ᠮᠣᠩᠭᠤᠯ ᠬᠢᠲᠠᠳ | ᠡᠮ ᠳᠤ ᠣᠷᠤᠬᠤ ᠮᠠᠲ᠋ᠤᠷᠢᠶᠠᠯ ᠤᠨ ᠵᠢᠷᠤᠮᠵᠢᠭᠤᠯᠤᠭᠰᠠᠨ᠂ ᠬᠡᠪᠴᠢᠶᠡᠵᠢᠭᠦᠯᠦᠭᠰᠡᠨ ᠲᠠᠷᠢᠵᠤ ᠦᠢᠯᠡᠳᠪᠦᠷᠢᠯᠡᠬᠦ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠮᠤᠩᠭᠤᠯ ᠡᠮ ᠨᠠᠶᠢᠷᠠᠭᠤᠯᠬᠤ ᠲᠥᠪ᠂ | ᠮᠣᠩᠭᠤᠯ ᠬᠢᠲᠠᠳ ᠡᠮ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮ ᠨᠠᠶᠢᠷᠠᠭᠤᠯᠬᠤ ᠲᠠᠰᠤᠭ ᠤᠨ ᠬᠢᠨ ᠮᠣᠩᠭᠤᠯ | ᠬᠢᠲᠠᠳ ᠡᠮ ᠤᠨ ᠡᠮᠴᠢᠯᠡᠭᠡᠨ ᠤ ᠳᠤᠲᠤᠷᠠᠬᠢ ᠡᠮ ᠨᠠᠶᠢᠷᠠᠭᠤᠯᠬᠤ ᠡᠷᠳᠡᠮ ᠰᠢᠨᠵᠢᠯᠡᠭᠡᠨ ᠤ ᠵᠣᠷ᠂ ᠲᠣᠷᠰᠢᠯᠭ᠎ᠠ ᠶᠢᠨ | ᠵᠣᠷ᠂ ᠵᠦᠪᠳᠡᠯᠴᠡᠭᠡᠷ ᠤᠨ ᠵᠣᠷ ᠢ ᠰᠤᠳᠤᠯᠵᠤ ᠭᠠᠷᠭᠠᠬᠤ ᠪᠠ ᠬᠡᠷᠡᠭᠯᠡᠬᠦ ᠶᠢ ᠳᠡᠮᠵᠢᠨ᠂ ᠮᠤᠩᠭᠤᠯ ᠡᠮ ᠤᠨ | ᠡᠮᠴᠢᠯᠡᠭᠡᠨ ᠤ ᠳᠤᠲᠤᠷᠠᠬᠢ ᠡᠮ ᠨᠠᠶᠢᠷᠠᠯᠠᠭ᠎ᠠ ᠶᠢ ᠡᠮᠴᠢᠯᠡᠭᠡᠨ ᠤ ᠪᠠᠶᠢᠭᠤᠯᠤᠮᠵᠢ ᠳᠤ ᠲᠣᠬᠢᠷᠠᠭᠤᠯᠤᠨ ᠬᠡᠷᠡᠭᠯᠡᠬᠦ ᠶᠢ | ᠳᠡᠮᠵᠢᠬᠦ ᠬᠡᠷᠡᠭᠲᠡᠢ᠃ | 2. ᠡᠮᠴᠢᠯᠡᠭᠡᠨ ᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠭᠠᠵᠢ ᠬᠡᠷᠡᠭᠰᠡᠯ ᠤᠨ ᠠᠵᠤ ᠠᠬᠤᠶᠢᠯᠠᠯ ᠤᠨ | ᠬᠥᠭᠵᠢᠯᠲᠡ ᠪᠠᠨ ᠲᠦᠷᠭᠡᠳᠭᠡᠬᠦ ᠶᠢ ᠳᠡᠮᠵᠢᠵᠦ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠦᠭᠰᠡᠨ ᠦᠢᠯᠡᠳᠭᠦᠨ ᠤ ᠨᠡᠭᠡᠭᠡᠨ ᠬᠥᠭᠵᠢᠭᠦᠯᠬᠦ ᠶᠢ ᠵᠤᠷᠢᠬᠵᠢᠭᠤᠯᠤᠨ᠂ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠲᠠᠲᠠᠨ ᠣᠷᠣᠭᠤᠯᠬᠤ ᠪᠠ ᠬᠠᠮᠲᠤᠷᠠᠨ ᠠᠵᠢᠯᠯᠠᠵᠤ ᠰᠤᠳᠤᠯᠤᠨ ᠨᠡᠬᠡᠬᠡᠬᠦ | ᠬᠥᠭᠵᠢᠯᠲᠡ ᠶᠢᠨ ᠵᠠᠭᠪᠤᠷ ᠢ ᠳᠡᠮᠵᠢᠬᠦ ᠬᠡᠷᠡᠭᠲᠡᠢ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠬᠦ ᠡᠷᠬᠡ ᠲᠠᠢ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ ᠪᠠᠴᠢᠮ | ᠬᠡᠷᠡᠭᠰᠡᠬᠦ ᠲᠦᠭᠡᠮᠡᠯ ᠮᠠᠶ᠋ᠢᠭ ᠤᠨ ᠲᠡᠷᠢᠭᠦᠨ ᠤ ᠪᠤᠳᠠᠳᠤ ᠬᠡᠷᠡᠭᠴᠡᠭᠡᠲᠡᠢ ᠦᠢᠯᠡᠳᠭᠦᠨ᠂ ᠡᠮᠴᠢᠯᠡᠭᠡ ᠡᠮᠨᠡᠯᠭᠡ ᠳᠤ | ᠴᠢᠬᠤᠯᠠ ᠬᠡᠷᠡᠭᠴᠡᠭᠡᠲᠡᠢ᠂ ᠭᠠᠳᠠᠭᠠᠲᠤ ᠠᠴᠠ ᠣᠷᠤᠭᠤᠯᠬᠤ ᠳᠤ ᠯᠡ ᠲᠦᠰᠢᠭᠯᠡᠳᠡᠭ ᠳᠤᠮᠳᠠ ᠳᠡᠭᠡᠳᠦ ᠳᠡᠰ ᠤᠨ | ᠡᠮᠴᠢᠯᠡᠭᠡᠨ ᠤ ᠪᠠᠭᠠᠵᠢ ᠬᠡᠷᠡᠭᠰᠡᠯ ᠵᠢᠴᠢ ᠮᠤᠩᠭᠤᠯ ᠬᠢᠲᠠᠳ ᠡᠮᠨᠡᠯᠭᠡ ᠶᠢᠨ ᠣᠨᠴᠠᠯᠢᠭ ᠪᠦᠬᠦᠢ ᠪᠠᠶ᠎ᠠ ᠴᠢᠩᠭᠠᠷᠠᠭᠤᠯᠵᠤ | ᠡᠷᠡᠭᠦᠯᠵᠢᠭᠦᠯᠬᠦ ᠲᠥᠭᠦᠭᠡᠷᠦᠮᠵᠢ᠂ ᠪᠠᠭᠠᠵᠢ ᠬᠡᠷᠡᠭᠰᠡᠯ ᠰᠤᠳᠤᠯᠤᠨ ᠨᠡᠬᠡᠬᠡᠬᠦ ᠶᠢ ᠭᠤᠣᠯᠳᠠᠯᠭ᠎ᠠ ᠲᠠᠢ ᠲᠡᠳᠭᠦᠬᠦ ᠬᠡᠷᠡᠭᠲᠡᠢ | ᠃ ᠬᠡᠷᠡᠭᠯᠡᠯᠲᠡ ᠶᠢᠨ ᠰᠤᠳᠤᠯᠭᠠᠨ ᠪᠣᠯᠣᠨ ᠠᠵᠤ ᠦᠢᠯᠡᠰ᠂ ᠳᠡᠭᠡᠳᠦ ᠰᠤᠷᠭᠠᠭᠤᠯᠢ᠂ ᠰᠤᠳᠤᠯᠭᠠᠨ ᠤ | ᠪᠠᠶᠢᠭᠤᠯᠤᠮᠵᠢ ᠶᠢᠨ ᠬᠠᠷᠢᠯᠴᠠᠨ ᠤᠶᠠᠯᠳᠤᠭᠰᠠᠨ ᠲᠤᠰᠠᠯᠠᠮᠵᠢ ᠪᠣᠯᠣᠨ ᠣᠷᠤᠭᠤᠯᠤᠯᠲᠠ ᠶᠢ ᠨᠡᠮᠡᠭᠳᠡᠭᠦᠯᠵᠦ᠂ | ᠪᠦᠲᠦᠮᠵᠢᠲᠡᠢ ᠣᠯᠠᠨ ᠨᠡᠶᠢᠲᠡ ᠶᠢᠨ ᠰᠤᠳᠤᠯᠤᠨ ᠨᠡᠭᠡᠭᠡᠬᠦ ᠶᠢᠨ ᠲᠤᠯᠭᠠᠭᠤᠷᠢᠯᠠᠬᠤ ᠲᠡᠪᠴᠡᠩ ᠢ ᠴᠤᠭᠴᠠᠯᠠᠨ | ᠪᠠᠶᠢᠭᠤᠯᠵᠤ᠂ ᠦᠢᠯᠡᠳᠪᠦᠷᠢᠯᠡᠬᠦ᠂ ᠵᠢᠭᠠᠬᠤ᠂ ᠰᠤᠳᠤᠯᠬᠤ᠂ ᠬᠡᠷᠡᠭᠯᠡᠬᠦ ᠶᠢᠨ ᠬᠤᠭᠤᠷᠤᠨᠳᠤᠬᠢ ᠨᠢᠭᠲᠠ ᠬᠠᠮᠵᠢᠯᠴᠠᠯ ᠢ | ᠠᠬᠢᠭᠤᠯᠬᠤ ᠬᠡᠷᠡᠭᠲᠡᠢ᠃ | 3. ᠡᠷᠡᠭᠦᠯ ᠮᠡᠨᠳᠦ ᠶᠢᠨ ᠭᠤᠷᠪᠠᠳᠠᠬᠢ ᠡᠲᠡᠭᠡᠳ ᠤᠨ ᠦᠢᠯᠡᠴᠢᠯᠡᠭᠡ ᠶᠢ ᠬᠥᠭᠵᠢᠭᠦᠯᠬᠦ ᠬᠡᠷᠡᠭᠲᠡᠢ᠃ | ᠲᠤᠰᠬᠠᠢ ᠮᠡᠷᠭᠡᠵᠢᠯ ᠤᠨ ᠡᠮᠴᠢᠯᠡᠭᠡᠨ ᠤ ᠪᠠᠶᠢᠴᠠᠭᠠᠨ ᠰᠢᠯᠭᠠᠬᠤ ᠲᠥᠪ ᠪᠣᠯᠣᠨ ᠰᠡᠭᠦᠳᠡᠷ ᠳᠥᠷᠰᠦ ᠶᠢᠨ | ᠲᠥᠪ ᠢ ᠬᠦᠲᠦᠯᠦᠨ ᠵᠢᠯᠤᠭᠤᠳᠴᠤ ᠬᠥᠭᠵᠢᠭᠦᠯᠦᠨ᠂ ᠭᠤᠷᠪᠠᠳᠡᠬᠢ ᠡᠲᠡᠭᠡᠳ ᠤᠨ ᠡᠮᠴᠢᠯᠡᠭᠡ ᠶᠢᠨ ᠦᠢᠯᠡᠴᠢᠯᠡᠭᠡᠨ ᠤ | ᠦᠨᠡᠯᠡᠯᠲᠡ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠦᠨᠡᠯᠡᠯᠲᠡ ᠵᠢᠴᠢ ᠡᠷᠡᠭᠦᠯ ᠮᠡᠨᠳᠦ ᠶᠢᠨ | ᠵᠠᠬ᠎ᠠ ᠳᠡᠯᠭᠡᠭᠦᠷ ᠤᠨ ᠪᠠᠶᠢᠴᠠᠭᠠᠯᠲᠠ ᠪᠣᠯᠣᠨ ᠯᠠᠪᠯᠠᠯᠭ᠎ᠠ ᠶᠢᠨ ᠦᠢᠯᠡᠴᠢᠯᠡᠭᠡ ᠶᠢ ᠳᠡᠮᠵᠢᠵᠦ ᠬᠥᠭᠵᠢᠭᠦᠯᠬᠦ ᠬᠡᠷᠡᠭᠲᠡᠢ᠃ | ᠨᠡᠶᠢᠭᠡᠮ ᠤᠨ ᠬᠦᠴᠦᠨ ᠤ ᠬᠢᠨ ᠤ ᠬᠠᠩᠭᠠᠭᠰᠠᠨ ᠢᠳᠡᠭᠡᠨ ᠪᠠ ᠡᠮ ᠤᠨ ᠵᠦᠢᠯ ᠢ ᠪᠠᠶᠢᠴᠠᠭᠠᠨ ᠰᠢᠯᠭᠠᠬᠤ | ᠦᠢᠯᠡᠴᠢᠯᠡᠭᠡ ᠳᠤ ᠭᠤᠣᠯᠴᠢ ᠪᠠᠷ ᠬᠠᠨᠳᠤᠵᠤ᠂ ᠡᠮ ᠤᠨ ᠰᠤᠳᠤᠯᠭᠠᠨ᠂ ᠡᠮᠴᠢᠯᠡᠭᠡᠨ ᠤ ᠲᠣᠷᠰᠢᠯᠲᠠ ᠵᠡᠷᠭᠡ ᠠᠮᠢᠳᠤ | ᠪᠤᠳᠠᠰ ᠤᠨ ᠡᠮ ᠡᠮᠨᠡᠯᠭᠡ᠂ ᠮᠤᠩᠭᠤᠯ ᠬᠢᠲᠠᠳ ᠡᠮ ᠡᠮᠨᠡᠯᠭᠡ ᠶᠢ ᠰᠤᠳᠤᠯᠤᠨ ᠨᠡᠬᠡᠭᠡᠬᠦ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠶᠢ ᠵᠤᠷᠢᠬᠵᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠦᠢᠯᠡᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠰᠠᠭᠤᠭᠠᠯᠢ ᠠᠷᠠᠳ ᠲᠤ ᠨᠡᠩ | ᠣᠯᠠᠨ ᠨᠡᠩ ᠳᠦᠭᠦᠮ ᠳᠦᠳᠡ ᠦᠢᠯᠡᠴᠢᠯᠡᠭᠡᠨ ᠤ ᠰᠤᠩᠭᠤᠯᠲᠠ ᠶᠢ ᠬᠠᠩᠭᠠᠬᠤ ᠬᠡᠷᠡᠭᠲᠡᠢ᠃ | ︵ᠨᠠᠢᠮᠠ︶ ᠡᠷᠡᠭᠦᠯ ᠮᠡᠨᠳᠦ ᠶᠢᠨ ᠦᠢᠯᠡᠴᠢᠯᠡᠭᠡᠨ ᠤ ᠮᠡᠳᠡᠭᠡ ᠵᠠᠩᠬᠢᠵᠢᠯᠠᠯᠲᠠ ᠶᠢ ᠦᠨᠡᠨᠬᠦ ᠲᠦᠯᠬᠢᠨ | ᠠᠬᠢᠭᠤᠯᠬᠤ ᠬᠡᠷᠡᠭᠲᠡᠢ᠃ | ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠪᠠᠷᠢᠮᠵᠢᠶ᠎ᠠ ᠲᠣᠭᠲᠠᠭᠠᠵᠤ᠂ ᠡᠮᠨᠡᠯᠭᠡ ᠶᠢᠨ ᠬᠤᠷᠢᠶ᠎ᠠ᠂ | ᠡᠮᠴᠢᠯᠡᠭᠡᠨ ᠤ ᠪᠠᠲᠤᠯᠠᠭ᠎ᠠ ᠵᠡᠷᠭᠡ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠤᠳᠤ ᠪᠠᠶᠢᠭ᠎ᠠ ᠮᠡᠳᠡᠭᠡ ᠵᠠᠩᠭᠢ ᠪᠣᠯᠣᠨ ᠰᠦᠯᠵᠢᠶᠡᠨ ᠤ ᠪᠡᠯᠡᠳᠭᠡᠮᠵᠢ ᠶᠢ | ᠭᠦᠢᠴᠡᠳ ᠠᠰᠢᠭᠯᠠᠵᠤ᠂ ᠡᠮᠴᠢᠯᠡᠭᠡᠨ ᠤ ᠪᠠᠲᠤᠯᠠᠭ᠎ᠠ᠂ ᠡᠮᠴᠢᠯᠡᠭᠡᠨ ᠤ ᠦᠢᠯᠡᠴᠢᠯᠡᠭᠡ᠂ ᠡᠷᠡᠭᠦᠯ ᠮᠡᠨᠳᠦ ᠶᠢᠨ | ᠬᠠᠮᠢᠶᠠᠷᠤᠯᠲᠠ᠂ ᠡᠮ ᠤᠨ ᠵᠦᠢᠯ ᠤᠨ ᠦᠢᠯᠡᠴᠢᠯᠡᠭᠡ ᠵᠡᠷᠭᠡ ᠮᠡᠳᠡᠭᠡ ᠵᠠᠩᠬᠢ ᠶᠢ ᠬᠠᠮᠲᠤ ᠳᠠᠭᠠᠨ ᠡᠳ᠋ᠯᠠᠬᠦ ᠶᠢ | ᠳᠠᠷᠦ᠋ᠢᠬᠠᠨ ᠪᠡᠶᠡᠯᠡᠭᠦᠯᠬᠦ ᠬᠡᠷᠡᠭᠲᠡᠢ᠃ ᠰᠦᠯᠵᠢᠶᠡᠨ ᠳᠡᠭᠡᠷ᠎ᠡ ᠤᠷᠢᠳᠴᠢᠯᠠᠨ ᠪᠤᠯᠵᠤᠵᠤ ᠳ᠋ᠤᠭᠠᠷᠯᠠᠬᠤ᠂ ᠰᠦᠯᠵᠢᠶᠡᠨ | ᠳᠡᠭᠡᠷ᠎ᠡ ᠯᠠᠪᠯᠠᠯᠭ᠎ᠠ ᠠᠪᠬᠤ᠂ ᠣᠶᠢᠯᠠᠭᠠᠯᠴᠠᠨ ᠦᠢᠯᠡᠳᠦᠯᠴᠡᠬᠦ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠶᠢ | ᠢᠳᠡᠪᠬᠢᠲᠡᠢ ᠬᠥᠭᠵᠢᠭᠦᠯᠬᠦ ᠬᠡᠷᠡᠭᠲᠡᠢ᠃ ᠦᠨᠳᠦᠰᠦᠨ ᠱᠠᠲᠤ᠂ ᠪᠤᠶᠢᠲᠠ ᠪᠦᠭᠯᠡᠭᠦᠦ ᠪᠣᠯᠣᠨ ᠬᠥᠭᠵᠢᠭᠡᠳᠦᠢ ᠭᠠᠵᠠᠷ | ᠣᠷᠣᠨ ᠳᠤ ᠬᠠᠨᠳᠤᠭᠤᠯᠤᠭᠰᠠᠨ ᠠᠯᠤᠰ ᠠᠴᠠ ᠰᠡᠭᠦᠳᠡᠷ ᠳᠥᠷᠰᠦ ᠪᠠᠷ ᠣᠨᠣᠰᠢᠯᠠᠬᠤ᠂ ᠠᠯᠤᠰ ᠠᠴᠠ ᠵᠦᠪᠯᠡᠨ | ᠣᠨᠣᠰᠢᠯᠠᠬᠤ᠂ ᠠᠯᠤᠰ ᠠᠴᠠ ᠬᠢᠨᠠᠨ ᠠᠵᠢᠭᠯᠠᠵᠦ ᠵᠢᠯᠤᠭᠤᠳᠬᠤ᠂ ᠠᠯᠤᠰ ᠠᠴᠠ ᠮᠡᠰᠡ ᠵᠠᠰᠠᠯ ᠵᠢᠯᠤᠭᠤᠳᠬᠤ᠂ | ᠠᠯᠤᠰ ᠠᠴᠠ ᠵᠢᠭᠠᠨ ᠰᠤᠷᠭᠠᠬᠤ ᠵᠡᠷᠭᠡ ᠪᠠᠷ ᠭᠤᠣᠯ ᠠᠭᠤᠯᠭ᠎ᠠ ᠪᠣᠯᠭᠠᠨ᠂ ᠠᠯᠤᠰ ᠡᠮᠴᠢᠯᠡᠭᠡ ᠶᠢ ᠬᠥᠭᠵᠢᠭᠦᠯᠬᠦ | ᠬᠡᠷᠡᠭᠲᠡᠢ᠃ ᠤᠯᠤᠰ ᠪᠠ ᠮᠣᠵᠢ ᠶᠢᠨ ᠲᠡᠰ ᠤᠨ ᠡᠮᠨᠡᠯᠭᠡ ᠶᠢᠨ ᠬᠤᠷᠢᠶ᠎ᠠ ᠬᠤᠷᠰᠢᠵᠤ ᠠᠯᠤᠰ ᠡᠮᠴᠢᠯᠡᠭᠡ ᠬᠢᠬᠦ | ᠲᠥᠷᠥ ᠶᠢᠨ ᠪᠣᠳᠣᠯᠭ᠎ᠠ ᠶᠢᠨ ᠲᠣᠷᠰᠢᠯᠲᠠ ᠶᠢᠨ ᠵᠢᠱᠢᠶ᠎ᠡ ᠦᠵᠡᠭᠦᠯᠬᠦ ᠵᠡᠷᠭᠡ ᠲᠦᠷᠦᠯ ᠵᠦᠢᠯ ᠢ ᠣᠯᠬᠤ ᠪᠠᠷ | ᠢᠳᠡᠪᠬᠢᠯᠡᠨ ᠴᠢᠷᠮᠠᠶᠢᠵᠤ᠂ ᠮᠠᠨ ᠤ ᠣᠷᠣᠨ ᠤ ᠠᠯᠤᠰ ᠡᠮᠴᠢᠯᠡᠭᠡ ᠶᠢᠨ ᠲᠣᠷᠰᠢᠯᠲᠠ ᠶᠢᠨ ᠠᠵᠢᠯ ᠢ ᠲᠦᠷᠭᠡᠳᠭᠡᠨ | ᠠᠬᠢᠭᠤᠯᠬᠤ ᠬᠡᠷᠡᠭᠲᠡᠢ᠃ ᠡᠮ ᠤᠨ ᠵᠦᠢᠯ ᠪᠣᠯᠣᠨ ᠡᠮᠴᠢᠯᠡᠭᠡᠨ ᠤ ᠪᠠᠭᠠᠵᠢ ᠬᠡᠷᠡᠭᠰᠡᠯ ᠤᠨ ᠢᠯᠡ ᠲᠤᠳᠤ᠂ | ᠵᠢᠷᠤᠮᠵᠢᠭᠰᠠᠨ ᠠᠵᠢᠯᠯᠠᠭᠠᠨ᠂ ᠡᠷᠬᠡ ᠲᠡᠭᠰᠢ ᠪᠠᠷ ᠦᠷᠢᠰᠦᠯᠳᠦᠬᠦ ᠢᠨᠲ᠋ᠧᠷᠨᠧᠲ ᠰᠦᠯᠵᠢᠶ᠎ᠠ ᠶᠢᠨ ᠦᠢᠯᠡᠴᠢᠯᠡᠭᠡ | ᠪᠣᠯᠣᠨ ᠰᠤᠯᠢᠯᠴᠠᠭᠠᠨ ᠤ ᠲᠡᠪᠴᠡᠩ ᠢ ᠰᠦᠪᠡᠭᠴᠢᠯᠡᠨ ᠬᠥᠭᠵᠢᠭᠦᠯᠬᠦ ᠬᠡᠷᠡᠭᠲᠡᠢ᠃ ᠥᠷᠭᠡᠨ ᠠᠭᠤᠳᠠᠮ ᠮᠠᠯᠵᠢᠬᠤ | ᠲᠠᠷᠢᠶᠠᠯᠠᠬᠤ ᠣᠷᠣᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠥᠪᠡᠷ ᠤᠨ ᠥᠷᠲᠡᠭ ᠢᠶᠠᠷ ᠲᠤᠤᠷ᠎ᠠ ᠪᠠᠶᠢᠳᠠᠭ | ᠲᠣᠭᠠᠴᠢᠯᠠᠭᠰᠠᠨ ᠡᠷᠡᠭᠦᠯ ᠮᠡᠨᠳᠦ ᠶᠢᠨ ᠲᠥᠭᠦᠭᠡᠷᠦᠮᠵᠢ ᠬᠢᠭᠡᠳ ᠮᠡᠳᠡᠭᠡ ᠵᠠᠩᠭᠢ ᠶᠢᠨ ᠰᠢᠰᠲ᠋ᠧᠮ ᠢ ᠰᠤᠳᠤᠯᠵᠤ | ᠭᠠᠷᠭᠠᠬᠤ ᠪᠠ ᠳᠡᠯᠭᠡᠷᠡᠭᠦᠯᠬᠦ ᠪᠠᠨ ᠳᠡᠮᠵᠢᠵᠦ᠂ ᠲᠣᠭᠠᠴᠢᠯᠠᠭᠰᠠᠨ ᠡᠮᠴᠢᠯᠡᠭᠡᠨ ᠤ ᠲᠥᠭᠦᠭᠡᠷᠦᠮᠵᠢ ᠶᠢ | ᠲᠣᠬᠢᠷᠠᠭᠤᠯᠬᠤ ᠶᠢ ᠠᠯᠬᠤᠮ ᠠᠯᠬᠤᠮ ᠢᠶᠠᠷ ᠥᠷᠭᠡᠳᠭᠡᠨ᠂ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢ ᠴᠤᠭᠯᠠᠭᠤᠯᠬᠤ | ᠳᠦᠭᠦᠮ ᠳᠦᠲᠡ ᠲᠥᠭᠦᠭᠡᠷᠦᠮᠵᠢ ᠶᠢ ᠰᠦᠪᠡᠭᠴᠢᠯᠡᠨ ᠬᠥᠭᠵᠢᠭᠦᠯᠵᠦ᠂ ᠪᠤᠳᠠᠰ ᠢᠶᠠᠷ ᠬᠤᠯᠪᠤᠭᠠᠯᠠᠬᠤ ᠰᠦᠯᠵᠢᠶ᠎ᠡ᠂ | ᠨᠡᠭᠦᠳᠡᠯ ᠢᠨᠲ᠋ᠧᠷᠨᠧᠲ ᠰᠦᠯᠵᠢᠶ᠎ᠡ ᠯᠦᠭᠡ ᠨᠡᠶᠢᠯᠡᠭᠦᠯᠵᠦ᠂ ᠡᠷᠡᠭᠦᠯ ᠮᠡᠨᠳᠦ ᠶᠢᠨ ᠠᠦ᠋ᠲ᠋ᠤᠴᠢᠯᠠᠭᠰᠠᠨ᠂ | ᠤᠶᠤᠨᠴᠢᠯᠠᠭᠰᠠᠨ ᠮᠡᠳᠡᠭᠡ ᠵᠠᠩᠬᠢ ᠶᠢᠨ ᠦᠢᠯᠡᠴᠢᠯᠡᠭᠡᠨ ᠤ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢᠶᠠᠷ ᠰᠠᠭᠤᠷᠢ ᠪᠣᠯᠭᠠᠭᠰᠠᠨ ᠡᠷᠡᠭᠦᠯ | ᠬᠠᠮᠠᠭᠠᠯᠠᠯ ᠤᠨ ᠮᠡᠳᠡᠭᠡ ᠵᠠᠩᠭᠢ ᠶᠢᠨ ᠡᠭᠦᠯᠡᠨ ᠲᠡᠪᠴᠡᠩ ᠢ ᠪᠦᠲᠦᠭᠡᠨ ᠪᠠᠶᠢᠭᠤᠯᠵᠤ᠂ ᠡᠮᠴᠢᠯᠡᠭᠡᠨ ᠤ ᠨᠢᠭᠡᠴᠡ ᠶᠢᠨ | ᠳᠤᠲᠤᠭᠠᠲᠤ ᠳᠠᠬᠢ ᠮᠡᠳᠡᠭᠡ ᠵᠠᠩᠬᠢ ᠪᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ︽ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ︾ ᠢ ᠬᠡᠷᠡᠭᠵᠢᠭᠦᠯᠵᠦ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠬᠢ ᠶᠢ ᠬᠠᠮᠲᠤ ᠳᠠᠭᠠᠨ ᠡᠳ᠋ᠯᠠᠬᠦ ᠶᠢ ᠪᠡᠶᠡᠯᠡᠭᠦᠯᠬᠦ ᠬᠡᠷᠡᠭᠲᠡᠢ᠃ | | ︵ᠶᠢᠰᠦ︶ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠬᠤ ᠬᠡᠷᠡᠭᠲᠡᠢ᠃ | ᠴᠢᠳᠠᠪᠤᠷᠢᠲᠠᠨ ᠤ ᠰᠢᠯᠵᠢᠯᠲᠠ ᠶᠢᠨ ᠰᠠᠭᠠᠳ ᠬᠠᠷᠰᠢ ᠶᠢ ᠠᠷᠢᠯᠭᠠᠵᠤ᠂ ᠠᠯᠪᠠᠨ ᠠᠴᠠ ᠪᠠᠶᠢᠭᠤᠯᠤᠭᠰᠠᠨ | ᠪᠠ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠤᠨᠳᠤ ᠡᠮᠨᠡᠯᠭᠡ ᠶᠢᠨ ᠠᠵᠢᠯᠲᠠᠨ ᠤ | ᠡᠮᠬᠢ ᠵᠢᠷᠤᠮ ᠲᠠᠢ ᠰᠢᠯᠵᠢᠬᠦ ᠶᠢ ᠲᠦᠯᠬᠢᠨ ᠠᠬᠢᠭᠤᠯᠵᠤ᠂ ᠣᠯᠠᠨ ᠭᠠᠵᠠᠷ ᠲᠤ ᠶᠡᠭᠡ ᠡᠮᠴᠢ ᠶᠢᠨ ᠠᠵᠢᠯ ᠡᠷᠬᠢᠯᠡᠬᠦ | ᠳᠦᠷᠢᠮ ᠢ ᠲᠡᠭᠦᠯᠳᠡᠷᠵᠢᠭᠦᠯᠦᠨ᠂ ᠣᠯᠠᠨ ᠭᠠᠵᠠᠷ ᠲᠤ ᠨᠦᠬᠦᠴᠡᠯ ᠳᠤ ᠨᠡᠶᠢᠴᠡᠬᠦ ᠠᠵᠢᠯᠲᠠᠳ ᠤᠨ ᠠᠵᠢᠯ ᠡᠷᠬᠢᠯᠡᠬᠦ ᠶᠢ | ᠳᠡᠮᠵᠢᠬᠦ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠲᠠᠨ ᠤ ᠶᠠᠪᠤᠳᠠᠯ ᠤᠨ | ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠡᠮᠨᠡᠯᠭᠡ ᠶᠢᠨ ᠠᠵᠢᠯᠲᠠᠨ ᠤ | ᠪᠠᠲᠤᠯᠠᠭ᠎ᠠ ᠶᠢᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠲᠦᠯᠬᠢᠨ ᠠᠬᠢᠭᠤᠯᠵᠤ᠂ ᠠᠯᠬᠤᠮ ᠠᠯᠬᠤᠮ ᠢᠶᠠᠷ ᠬᠤᠪᠢ | ᠪᠡᠶ᠎ᠡ ᠶᠢᠨ ᠬᠢᠷᠢ ᠬᠡᠮ ᠤᠨ ᠬᠠᠮᠢᠶᠠᠷᠤᠯᠲᠠ ᠶᠢ ᠠᠵᠢᠯ ᠤᠨ ᠪᠠᠶᠢᠷᠢ ᠶᠢᠨ ᠬᠠᠮᠢᠶᠠᠷᠤᠯᠲᠠ ᠪᠣᠯᠭᠠᠨ ᠬᠤᠪᠢᠷᠠᠭᠤᠯᠬᠤ | ᠬᠡᠷᠡᠭᠲᠡᠢ᠃ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠦᠮᠦᠵᠢᠭᠦᠯᠬᠦ ᠲᠠᠯ᠎ᠠ ᠪᠠᠷ ᠬᠢ | ᠣᠷᠤᠭᠤᠯᠤᠯᠲᠠ ᠪᠠᠨ ᠨᠡᠮᠡᠭᠳᠡᠭᠦᠯᠦᠨ᠂ ᠳᠡᠭᠡᠳᠦ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠣᠯᠣᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠡᠷᠡᠭᠦᠯ ᠮᠡᠨᠳᠦ ᠶᠢᠨ ᠦᠢᠯᠡᠴᠢᠯᠡᠭᠡᠨ ᠤ | ᠦᠢᠯᠡᠰ ᠤᠨ ᠬᠠᠮᠢᠶ᠎ᠠ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ ᠤᠨ ᠬᠢᠴᠢᠶᠡᠯ ᠨᠡᠭᠡᠭᠡᠬᠦ ᠶᠢ ᠳᠡᠮᠵᠢᠵᠦ᠂ | ᠬᠤᠯᠪᠤᠭᠳᠠᠯ ᠪᠦᠬᠦᠢ ᠳᠡᠭᠡᠳᠦ ᠰᠤᠷᠭᠠᠭᠤᠯᠢ ᠶᠢ ᠬᠦᠲᠦᠯᠦᠨ ᠵᠢᠯᠤᠭᠤᠳᠴᠤ ᠪᠠᠶᠢᠭᠠᠳ ᠬᠠᠮᠢᠶ᠎ᠠ ᠪᠦᠬᠦᠢ ᠲᠤᠰᠬᠠᠢ | ᠮᠡᠷᠭᠡᠵᠢᠯ ᠤᠨ ᠴᠢᠳᠠᠪᠤᠷᠢᠲᠠᠨ ᠬᠦᠮᠦᠵᠢᠭᠦᠯᠬᠦ ᠬᠡᠪᠴᠢᠶ᠎ᠡ ᠶᠢ ᠵᠣᠬᠢᠰᠲᠠᠢ ᠲᠣᠭᠲᠠᠭᠠᠯᠭᠠᠵᠤ᠂ ᠨᠡᠶᠢᠭᠡᠮ ᠤᠨ ᠬᠦᠷᠦᠩᠭᠡ | ᠮᠦᠡᠭᠬᠦ ᠪᠠᠷ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠡᠷᠬᠢᠯᠡᠬᠦ ᠶᠢ ᠵᠤᠷᠢᠬᠵᠢᠭᠤᠯᠬᠤ ᠬᠡᠷᠡᠭᠲᠡᠢ᠃ ᠲᠤᠰᠬᠠᠢ | ᠮᠡᠷᠭᠡᠵᠢᠯ ᠤᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠤᠪᠢᠯᠠᠭᠴᠢ᠂ | ᠨᠠᠰᠤᠲᠠᠨ ᠤ ᠠᠰᠠᠷᠠᠭᠴᠢ᠂ ᠡᠮ ᠪᠠᠷᠢᠬᠴᠢ᠂ ᠰᠢᠮ᠎ᠡ ᠲᠡᠵᠢᠭᠡᠯ ᠵᠢᠭᠠᠭᠴᠢ᠂ ᠨᠢᠯᠬ᠎ᠠ ᠬᠡᠤᠬᠡᠳ ᠤᠨ ᠠᠰᠠᠷᠠᠭᠴᠢ᠂ | ᠢᠯᠢᠭᠡᠴᠢ᠂ ᠡᠷᠡᠭᠦᠯᠵᠢᠭᠦᠯᠬᠦ ᠡᠮᠴᠢᠯᠡᠬᠡᠴᠢ᠂ ᠡᠷᠡᠭᠦᠯ ᠮᠡᠨᠳᠦ ᠶᠢᠨ ᠬᠠᠮᠢᠶᠠᠷᠤᠭᠴᠢ᠂ ᠪᠡᠶ᠎ᠡ ᠴᠢᠬᠢᠷᠠᠭᠵᠢᠭᠤᠯᠬᠤ | ᠰᠤᠷᠭᠠᠭᠴᠢ᠂ ᠨᠡᠶᠢᠭᠡᠮ ᠳᠡᠭᠡᠷᠡᠬᠢ ᠪᠡᠶ᠎ᠡ ᠶᠢᠨ ᠲᠠᠮᠢᠷ ᠤᠨ ᠵᠢᠯᠤᠭᠤᠳᠤᠭᠴᠢ ᠵᠡᠷᠭᠡ ᠠᠵᠢᠯ ᠡᠷᠬᠢᠯᠡᠵᠦ ᠪᠠᠶᠢᠭ᠎ᠠ | ᠬᠦᠮᠦᠰ ᠢ ᠵᠢᠷᠤᠮᠵᠢᠭᠤᠯᠬᠤ ᠪᠦᠭᠡᠳ ᠲᠦᠷᠭᠡᠳᠭᠡᠨ ᠬᠦᠮᠦᠵᠢᠭᠦᠯᠬᠦ ᠬᠡᠷᠡᠭᠲᠡᠢ᠃ ᠵᠣᠬᠢᠴᠠᠩᠭᠤᠢ ᠠᠵᠢᠯ ᠲᠦᠷᠦᠯ ᠤᠨ | ᠪᠣᠯᠪᠠᠰᠤᠷᠠᠭᠤᠯᠤᠯ ᠪᠣᠯᠣᠨ ᠠᠵᠢᠯ ᠲᠦᠷᠦᠯ ᠤᠨ ᠮᠡᠷᠭᠡᠵᠢᠯ ᠴᠢᠳᠠᠪᠤᠷᠢ ᠶᠢ ᠬᠢᠨᠠᠨ ᠲᠣᠭᠲᠠᠭᠠᠬᠤ ᠳᠤ ᠣᠷᠤᠯᠴᠠᠭᠰᠠᠨ | ᠬᠦᠮᠦᠰ ᠲᠤ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠣᠯᠭᠤᠵᠣ᠂ ᠨᠦᠬᠦᠴᠡᠯ ᠳᠤ ᠨᠡᠶᠢᠴᠡᠭᠰᠡᠨ ᠪᠠᠶᠢᠪᠠᠯ | ᠲᠣᠭᠲᠠᠭᠠᠯ ᠶᠤᠰᠤᠭᠠᠷ ᠨᠦᠬᠦᠪᠦᠷᠢ ᠣᠯᠭᠤᠬᠤ ᠬᠡᠷᠡᠭᠲᠡᠢ᠃ ᠮᠡᠷᠭᠡᠵᠢᠯ ᠪᠣᠯᠣᠨ ᠴᠢᠳᠠᠪᠤᠷᠢᠲᠠᠨ ᠵᠡᠷᠭᠡ ᠲᠠᠯ᠎ᠠ ᠪᠠᠷ ᠬᠢ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠬᠢᠭᠡᠳ ᠠᠯᠪᠠᠨ ᠤ ᠪᠤᠰᠤ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠬᠤᠷᠰᠢᠯᠴᠠᠬᠤ ᠲᠣᠭᠲᠠᠴᠠ ᠶᠢ ᠰᠦᠪᠡᠭᠴᠢᠯᠡᠵᠦ᠂ ᠬᠠᠷᠢᠶ᠎ᠠ ᠭᠠᠵᠠᠷ ᠤᠨ | ᠵᠠᠷᠴᠢᠮ ᠤᠨ ᠶᠤᠰᠤᠭᠠᠷ᠂ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠠᠵᠢᠯᠲᠠᠨ ᠢ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠦᠷᠭᠦᠯᠵᠢᠯᠡᠭᠰᠡᠨ ᠬᠦᠮᠦᠵᠢᠯ᠂ | ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠤ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠤᠯᠪᠠᠰᠤᠷᠠᠭᠤᠯᠤᠯ᠂ | ᠡᠮᠨᠡᠯᠭᠡ ᠳᠤ ᠰᠠᠭᠤᠬᠤ ᠶᠡᠭᠡ ᠡᠮᠴᠢ ᠪᠣᠯᠣᠨ ᠶᠡᠷᠦᠩᠬᠡᠢ ᠰᠠᠯᠠᠭᠠᠨ ᠤ ᠡᠮᠴᠢ ᠶᠢᠨ ᠪᠣᠯᠪᠠᠰᠤᠷᠠᠭᠤᠯᠤᠯ ᠤᠨ | ᠬᠡᠪᠴᠢᠶᠡᠨ ᠳᠤ ᠣᠷᠣᠭᠤᠯᠤᠨ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠪᠤᠷᠢᠲᠠᠨ | ᠬᠦᠮᠦᠵᠢᠭᠦᠯᠬᠦ ᠪᠠ ᠠᠵᠢᠯᠲᠠᠨ ᠢᠶᠠᠨ ᠪᠣᠯᠪᠠᠰᠤᠷᠠᠭᠤᠯᠬᠤ ᠯᠤᠭ᠎ᠠ ᠠᠳᠠᠯᠢᠬᠠᠨ ᠨᠦᠬᠦᠪᠦᠷᠢ ᠣᠯᠭᠤᠬᠤ ᠲᠥᠷᠥ ᠶᠢᠨ | ᠪᠣᠳᠣᠯᠭ᠎ᠠ ᠶᠢ ᠬᠦᠷᠲᠡᠭᠡᠬᠦ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠦᠢᠯᠡᠴᠢᠯᠡᠳᠡᠭ ᠠᠵᠢᠯ | ᠡᠷᠬᠢᠯᠡᠬᠦ ᠬᠢᠷᠢ ᠭᠡᠮ ᠲᠠᠢ ᠡᠮᠴᠢ ᠰᠤᠪᠢᠯᠠᠭᠴᠢᠳ ᠲᠤ ᠮᠡᠷᠭᠡᠵᠢᠯ ᠤᠨ ᠴᠣᠯᠠ ᠶᠢᠨ ᠦᠨᠡᠯᠡᠨ ᠲᠣᠭᠲᠠᠭᠠᠯᠲᠠ᠂ | ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠠᠨᠠᠭᠠᠬᠤ ᠤᠬᠠᠭᠠᠨ ᠤ ᠬᠦᠮᠦᠵᠢᠯ ᠵᠡᠷᠭᠡ | ᠲᠠᠯ᠎ᠠ ᠪᠠᠷ ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠰᠤᠪᠢᠯᠠᠭᠴᠢᠳ ᠲᠠᠢ ᠠᠳᠠᠯᠢᠬᠠᠨ ᠬᠠᠷᠠᠭᠠᠯᠵᠠᠯ ᠬᠦᠷᠲᠡᠭᠡᠨ᠎ᠡ᠃ | ᠣᠷᠣᠨ ᠤ ᠳᠤᠲᠤᠷᠠᠬᠢ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠳᠤ ᠲᠦᠰᠢᠭᠯᠡᠵᠦ᠂ ᠵᠢᠩᠬᠢᠨᠢ ᠠᠩᠬᠢ ᠶᠢᠨ | ᠳᠦᠷᠪᠡᠨ ᠵᠢᠯ ᠤᠨ ᠳᠦᠷᠢᠮᠲᠦ ᠡᠷᠡᠭᠦᠯ ᠬᠠᠮᠠᠭᠠᠯᠠᠯ ᠤᠨ ᠵᠢᠭᠠᠨ ᠰᠤᠷᠭᠠᠬᠤ ᠲᠤᠰᠬᠠᠢ ᠮᠡᠷᠭᠡᠵᠢᠯ ᠢ ᠪᠠᠶᠢᠭᠤᠯᠤᠨ᠂ | ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠵᠢᠭᠠᠨ ᠰᠤᠷᠭᠠᠯᠲᠠ ᠪᠣᠯᠣᠨ ᠡᠷᠡᠭᠦᠯ ᠬᠠᠮᠠᠭᠠᠯᠠᠯ ᠡᠷᠡᠭᠦᠯᠵᠢᠯ ᠤᠨ | ᠦᠢᠯᠡᠴᠢᠯᠡᠭᠡᠨ ᠤ ᠦᠨᠳᠦᠰᠦᠨ ᠮᠡᠷᠭᠡᠵᠢᠯ ᠴᠢᠳᠠᠪᠤᠷᠢ ᠲᠠᠢ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠢᠨ᠎ᠡ | ᠮᠠᠶ᠋ᠢᠭ ᠤᠨ ᠡᠷᠡᠭᠦᠯ ᠬᠠᠮᠠᠭᠠᠯᠠᠯ ᠡᠷᠡᠭᠦᠯᠵᠢᠯ ᠤᠨ ᠴᠢᠳᠠᠪᠤᠷᠢᠲᠠᠨ ᠢ ᠬᠦᠮᠦᠵᠢᠭᠦᠯᠵᠦ᠂ ᠰᠤᠷᠭᠠᠭᠤᠯᠢ ᠶᠢᠨ ᠡᠷᠡᠭᠦᠯ | ᠬᠠᠮᠠᠭᠠᠯᠠᠯ ᠡᠷᠡᠭᠦᠯᠵᠢᠯ ᠤᠨ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠤ ᠠᠨᠠᠭᠠᠬᠤ ᠤᠬᠠᠭᠠᠨ ᠤ ᠲᠦᠷᠦᠯ ᠤᠨ ᠡᠯ᠎ᠡ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠭᠡᠨ ᠤ | ᠵᠣᠬᠢᠶᠠᠨ ᠪᠠᠶᠢᠭᠤᠯᠤᠯᠲᠠ ᠪᠣᠯᠣᠨ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠲᠣᠭᠲᠠᠭᠠᠬᠤ ᠵᠦᠪᠯᠡᠯ ᠨᠢ ᠠᠯᠪᠠᠨ ᠤ | ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠣᠷᠤᠯᠴᠠᠬᠤ ᠶᠢ ᠡᠷᠬᠡ ᠲᠡᠭᠰᠢ ᠪᠠᠷ ᠬᠦᠯᠢᠶᠡᠨ ᠠᠪᠴᠤ᠂ | ᠡᠮᠴᠢᠯᠡᠬᠡᠨ ᠤ ᠦᠢᠯᠡᠴᠢᠯᠡᠬᠡᠨ ᠤ ᠰᠢᠰᠲ᠋ᠧᠮᠵᠢ ᠳᠠᠬᠢ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠬᠡᠨ ᠤ | ᠪᠠᠶᠢᠭᠤᠯᠤᠮᠵᠢ ᠨᠤᠭᠤᠳ ᠤᠨ ᠡᠵᠡᠯᠡᠬᠦ ᠪᠠᠶᠢᠷᠢ ᠰᠠᠭᠤᠷᠢ ᠯᠤᠭ᠎ᠠ ᠲᠤᠬᠢᠷᠠᠯᠴᠠᠬᠤ ᠬᠠᠷᠢᠴᠠᠯ ᠢ ᠪᠠᠳᠤᠯᠠᠨ᠂ ᠠᠯᠪᠠᠨ ᠤ | ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠳ ᠲᠤ ᠦᠪᠡᠷ ᠤᠨ ᠬᠢᠨᠢ ᠡᠷᠳᠡᠮ | ᠰᠢᠨᠵᠢᠯᠡᠭᠡᠨ ᠤ ᠬᠢᠷᠢ ᠲᠥᠪᠰᠢᠨ ᠪᠣᠯᠣᠨ ᠲᠤᠰᠬᠠᠢ ᠮᠡᠷᠭᠡᠵᠢᠯ ᠤᠨ ᠴᠢᠳᠠᠪᠤᠷᠢ ᠯᠤᠭ᠎ᠠ ᠪᠠᠨ ᠲᠣᠬᠢᠷᠠᠯᠴᠠᠭᠰᠠᠨ | ᠤᠳᠤᠷᠢᠳᠤᠯᠭ᠎ᠠ ᠶᠢᠨ ᠡᠭᠦᠷᠭᠡ ᠲᠤᠰᠢᠶᠠᠯ ᠡᠭᠦᠷᠭᠡᠯᠡᠬᠦ ᠳᠤᠬᠢᠶᠠᠯ ᠣᠯᠭᠤᠬᠤ ᠶᠢ ᠪᠠᠲᠤᠯᠠᠬᠤ ᠬᠡᠷᠡᠭᠲᠡᠢ᠃ | ᠳᠥᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠠ | ︵ᠨᠢᠭᠡ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠶᠢ ᠠᠭᠤᠵᠢᠭᠤ ᠲᠠᠯᠪᠢᠬᠤ ᠬᠡᠷᠡᠭᠲᠡᠢ᠃ | ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠢᠯᠡ ᠳᠤᠲᠤ᠂ ᠡᠷᠬᠡ ᠲᠡᠭᠰᠢ᠂ ᠵᠢᠷᠤᠮᠵᠢᠯ ᠲᠠᠢ | ᠵᠥᠪᠰᠢᠶᠡᠷᠡᠨ ᠣᠷᠤᠭᠤᠯᠬᠤ ᠳᠦᠷᠢᠮ ᠢ ᠪᠠᠶᠢᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠳᠤᠷᠬᠠᠢ | ᠵᠠᠷᠯᠢᠭᠳᠠᠨ ᠴᠠᠭᠠᠵᠠᠯᠠᠭᠰᠠᠨ ᠦᠭᠡᠢ ᠬᠦᠷᠢᠶ᠎ᠡ ᠶᠢ ᠴᠦᠮ ᠨᠡᠶᠢᠭᠡᠮ ᠤᠨ ᠬᠦᠷᠦᠩᠭᠡ ᠮᠦᠡᠭᠬᠦ ᠲᠡᠰᠢ ᠴᠢᠯᠦᠭᠡᠲᠡᠢ | ᠲᠠᠯᠪᠢᠬᠤ ᠶᠢᠨ ᠬᠠᠮᠲᠤ᠂ ᠴᠢᠯᠦᠭᠡᠲᠡᠢ ᠲᠠᠯᠪᠢᠬᠤ ᠬᠦᠷᠢᠶ᠎ᠡ ᠶᠢ ᠲᠠᠰᠤᠷᠠᠯᠲᠠ ᠦᠭᠡᠢ ᠥᠷᠭᠡᠳᠭᠡᠵᠦ᠂ ᠲᠤᠰ | ᠭᠠᠵᠠᠷ ᠤᠨ ᠬᠦᠷᠦᠩᠭᠡ ᠮᠦᠡᠭᠬᠦ ᠳᠤ ᠴᠢᠯᠦᠭᠡᠲᠡᠢ ᠲᠠᠯᠪᠢᠭᠰᠠᠨ ᠬᠦᠷᠢᠶ᠎ᠡ ᠶᠢ ᠭᠠᠳᠠᠷ ᠤᠷᠤᠨ ᠤ ᠬᠦᠷᠦᠩᠭᠡ | ᠮᠦᠡᠭᠬᠦ ᠳᠤ ᠴᠢᠯᠦᠭᠡᠲᠡᠢ ᠲᠠᠯᠪᠢᠬᠤ ᠬᠡᠷᠡᠭᠲᠡᠢ᠃ ᠠᠷᠠᠳ ᠠᠴᠠ ᠡᠷᠬᠢᠯᠡᠭᠰᠡᠨ ᠠᠰᠢᠭ ᠣᠯᠵᠠᠪᠤᠷᠢ ᠶᠢᠨ ᠪᠤᠰᠤ | ᠴᠢᠨᠠᠷᠲᠠᠢ ᠪᠠᠶᠢᠭᠤᠯᠤᠮᠵᠢ ᠳᠤ ᠠᠳᠠᠯᠢ ᠠᠵᠢᠯ ᠲᠦᠷᠦᠯ ᠤᠨ ᠠᠯᠪᠠᠨ ᠠᠴᠠ ᠡᠷᠬᠢᠯᠡᠭᠰᠡᠨ ᠪᠠᠶᠢᠭᠤᠯᠤᠮᠵᠢ ᠯᠤᠭ᠎ᠠ | ᠠᠳᠠᠯᠢᠬᠠᠨ ᠬᠠᠷᠠᠭᠠᠯᠵᠠᠯ ᠬᠦᠷᠲᠡᠭᠡᠬᠦ ᠬᠡᠷᠡᠭᠲᠡᠢ᠃ ᠬᠡᠯᠬᠢᠶᠡᠯᠡᠨ ᠡᠵᠡᠩᠨᠡᠭᠰᠡᠨ ᠡᠷᠡᠭᠦᠯ ᠮᠡᠨᠳᠦ ᠶᠢᠨ ᠦᠢᠯᠡᠴᠢᠯᠡᠭᠡᠨ ᠤ | ᠠᠵᠤ ᠠᠬᠤᠶᠢᠯᠠᠯ ᠳᠤ ᠠᠵᠤ ᠠᠬᠤᠶᠢᠯᠠᠯ ᠤᠨ ᠶᠡᠷᠦᠩᠬᠡᠢ ᠭᠡᠯᠲᠡᠰ ᠤᠨ ᠬᠢᠨ ᠦᠢᠯᠡᠳᠪᠦᠷᠢ ᠬᠤᠳᠠᠯᠳᠤᠭᠠᠨ ᠤ | ᠳᠠᠩᠰᠠᠯᠠᠭᠤᠯᠤᠨ ᠪᠦᠷᠢᠳᠭᠡᠬᠦ ᠭᠠᠷᠳᠠᠮ ᠢ ᠨᠢᠭᠡᠲᠦᠯᠲᠡᠢ ᠭᠦᠢᠴᠡᠳᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ | ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠭᠰᠠᠨ ᠪᠠᠷᠢᠮᠵᠢᠶ᠎ᠠ ᠶᠢ ᠤᠯᠠᠮ ᠨᠢᠭᠡ ᠠᠯᠬᠤᠮ ᠢᠯᠡ | ᠪᠣᠯᠭᠠᠵᠤ᠂ ᠬᠢᠨᠠᠨ ᠵᠥᠪᠰᠢᠶᠡᠷᠡᠬᠦ ᠳᠡᠰ ᠲᠠᠷᠠᠭᠠᠯᠠᠯ ᠢ ᠲᠣᠪᠴᠢᠯᠠᠨ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠴᠠᠭ | ᠬᠤᠭᠤᠴᠠᠭ᠎ᠠ ᠶᠢ ᠴᠢᠩᠭ᠎ᠠ ᠬᠢᠵᠠᠭᠠᠷᠯᠠᠨ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢ | ᠪᠠᠶᠢᠷᠢᠯᠠᠭᠤᠯᠬᠤ ᠶᠢᠨ ᠬᠢᠨᠠᠨ ᠵᠥᠪᠰᠢᠶᠡᠷᠡᠬᠦ ᠡᠷᠬᠡ ᠮᠡᠳᠡᠯ ᠢ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠪᠠᠭᠤᠯᠭᠠᠵᠤ᠂ ᠬᠤᠶᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠶᠢ ᠪᠠᠶᠢᠷᠢᠯᠠᠭᠤᠯᠬᠤ ᠶᠢᠨ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ ᠬᠤᠲᠠ ᠶᠢᠨ | ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠪᠠᠭᠤᠯᠭᠠᠨ | ᠂ ᠤᠷᠤᠨ ᠤ ᠲᠤᠳᠤᠷ᠎ᠠ ᠰᠢᠶᠠᠩᠭᠠᠩ᠂ ᠣᠣᠮᠧᠨ᠂ ᠲᠠᠶᠢᠸᠠᠨ ᠤ ᠪᠡᠯᠡ ᠣᠷᠤᠭᠤᠯᠤᠭᠴᠢᠳ ᠲᠤᠰᠠᠭᠠᠷ ᠪᠡᠯᠡ | ᠤᠷᠤᠭᠤᠯᠤᠭᠰᠠᠨ ᠡᠮᠨᠡᠯᠭᠡ ᠶᠢᠨ ᠬᠤᠷᠢᠶ᠎ᠠ ᠪᠠᠶᠢᠷᠢᠯᠠᠭᠤᠯᠬᠤ ᠶᠢᠨ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ | ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠲᠤ ᠪᠠᠭᠤᠯᠭᠠᠵᠤ᠂ ᠳᠤᠮᠳᠠᠳᠤ ᠭᠠᠳᠠᠭᠠᠲᠤ ᠶᠢᠨ ᠪᠡᠯᠡ ᠨᠡᠶᠢᠯᠡᠭᠦᠯᠵᠦ ᠬᠤᠷᠰᠢᠭᠰᠠᠨ ᠡᠮᠴᠢᠯᠡᠭᠡᠨ ᠤ | ᠪᠠᠶᠢᠭᠤᠯᠤᠮᠵᠢ ᠶᠢ ᠪᠠᠶᠢᠷᠢᠯᠠᠭᠤᠯᠬᠤ ᠶᠢᠨ ᠬᠢᠨᠠᠨ ᠵᠥᠪᠰᠢᠶᠡᠷᠡᠬᠦ ᠡᠷᠬᠡ ᠮᠡᠳᠡᠯ ᠢ ᠠᠶᠢᠮᠠᠭ ᠬᠤᠲᠠ ᠶᠢᠨ ᠱᠠᠲᠤᠨ ᠤ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠪᠠᠭᠤᠯᠭᠠᠬᠤ ᠬᠡᠷᠡᠭᠲᠡᠢ | ᠃ ᠡᠮᠴᠢᠯᠡᠭᠡᠨ ᠤ ᠪᠠᠶᠢᠭᠤᠯᠤᠮᠵᠢ ᠶᠢ ᠪᠠᠶᠢᠷᠢᠯᠠᠭᠤᠯᠬᠤ ᠪᠠ ᠲᠦᠯᠦᠪᠵᠢᠭᠦᠯᠬᠦ ᠪᠠᠶᠢᠷᠢᠰᠢᠭᠤᠯᠬᠤ ᠲᠣᠬᠢᠷᠠᠭᠤᠯᠬᠤ ᠵᠡᠷᠭᠡ | ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠵᠦ᠂ ᠨᠦᠬᠦᠴᠡᠯ ᠲᠠᠢ ᠭᠠᠵᠠᠷ ᠣᠷᠣᠨ ᠤ ᠬᠢᠨ ᠳᠠᠭᠠᠭᠠᠴᠢᠯᠠᠯᠲᠠ | ᠵᠠᠷᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠡᠷᠬᠢᠯᠡᠬᠦ ᠪᠣᠶᠣ ᠠᠵᠢᠯᠯᠠᠭᠤᠯᠬᠤ ᠭᠤᠣᠯ ᠴᠤᠭᠴᠠ ᠪᠠᠨ | ᠲᠣᠭᠲᠠᠭᠠᠬᠤ ᠶᠢ ᠵᠤᠷᠢᠬᠵᠢᠭᠤᠯᠬᠤ ᠬᠡᠷᠡᠭᠲᠡᠢ᠃ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ᠂ ᠨᠠᠰᠤᠲᠠᠶᠢᠴᠤᠤᠯ ᠤᠨ | ᠡᠪᠡᠳᠴᠢᠨ ᠤ ᠡᠮᠨᠡᠯᠭᠡ ᠶᠢᠨ ᠬᠤᠷᠢᠶ᠎ᠠ᠂ ᠬᠡᠤᠬᠡᠳ ᠤᠨ ᠡᠮᠨᠡᠯᠭᠡ ᠶᠢᠨ ᠬᠤᠷᠢᠶ᠎ᠠ᠂ ᠰᠤᠪᠢᠯᠠᠬᠤ ᠬᠦᠷᠢᠶᠡᠯᠡᠩ ᠵᠡᠷᠭᠡ | ᠲᠤᠳᠠᠭᠳᠠᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠯ ᠵᠦᠢᠯ ᠲᠣᠭᠲᠠᠭᠠᠬᠤ᠂ ᠨᠡᠭᠡᠭᠡᠨ ᠡᠷᠬᠢᠯᠡᠬᠦ᠂ | ᠠᠵᠢᠯ ᠡᠷᠬᠢᠯᠡᠬᠦ ᠬᠢᠷᠢ ᠭᠡᠮ᠂ ᠡᠮ ᠡᠮᠨᠡᠯᠭᠡ ᠶᠢᠨ ᠳᠠᠭᠠᠳᠬᠠᠯ ᠤᠨ ᠴᠢᠬ ᠲᠣᠭᠲᠠᠭᠠᠬᠤ ᠵᠡᠷᠭᠡ ᠬᠢᠨᠠᠨ ᠵᠥᠪᠰᠢᠶᠡᠷᠡᠬᠦ | ᠭᠠᠷᠳᠠᠮ ᠢ ᠲᠣᠪᠴᠢᠯᠠᠬᠤ ᠬᠡᠷᠡᠭᠲᠡᠢ᠃ ᠠᠰᠢᠭ ᠣᠯᠵᠠᠪᠤᠷᠢ ᠶᠢᠨ ᠴᠢᠨᠠᠷᠲᠠᠢ ᠡᠮᠨᠡᠯᠭᠡ ᠶᠢᠨ ᠬᠤᠷᠢᠶᠠᠨ ᠤ ᠲᠤᠭ᠎ᠠ | ᠬᠡᠮᠵᠢᠶ᠎ᠠ᠂ ᠬᠡᠪᠴᠢᠶ᠎ᠡ᠂ ᠪᠠᠶᠢᠷᠢᠰᠢᠭᠤᠯᠤᠯ ᠳᠠᠬᠢ ᠬᠢᠵᠠᠭᠠᠷᠯᠠᠯ ᠢ ᠠᠭᠤᠵᠢᠭᠤ ᠲᠠᠯᠪᠢᠵᠤ᠂ ᠲᠦᠯᠦᠪᠵᠢᠭᠦᠯᠭᠡ ᠶᠢᠨ | ᠬᠢᠵᠠᠭᠠᠷᠯᠠᠯ ᠳᠣᠲᠤᠷ᠎ᠠ᠂ ᠵᠦᠢ ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ᠂ ᠡᠮᠴᠢᠯᠡᠭᠡᠨ ᠤ ᠶᠠᠰᠤ | ᠴᠢᠨᠠᠷ ᠤᠨ ᠠᠮᠤᠷ ᠲᠦᠪᠰᠢᠨ ᠢ ᠪᠠᠲᠤᠯᠠᠬᠤ ᠵᠠᠷᠴᠢᠮ ᠤᠨ ᠶᠤᠰᠤᠭᠠᠷ᠂ ᠨᠡᠶᠢᠭᠡᠮ ᠠᠴᠠ ᠡᠷᠬᠢᠯᠡᠭᠰᠡᠨ ᠠᠰᠢᠭ | ᠣᠯᠵᠠᠪᠤᠷᠢ ᠶᠢᠨ ᠪᠤᠰᠤ ᠴᠢᠨᠠᠷᠲᠠᠢ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠳᠤ ᠬᠡᠷᠡᠭᠯᠡᠬᠦ ᠲᠤᠮᠤ ᠬᠡᠯᠪᠡᠷᠢ ᠶᠢᠨ | ᠲᠥᠭᠦᠭᠡᠷᠦᠮᠵᠢ ᠶᠢᠨ ᠲᠣᠬᠢᠷᠠᠭᠤᠯᠤᠯᠲᠠ ᠶᠢ ᠤᠷᠢᠳᠠᠪᠠᠷ ᠲᠣᠬᠢᠷᠠᠭᠤᠯᠬᠤ ᠬᠡᠷᠡᠭᠲᠡᠢ᠃ | ︵ᠬᠤᠶᠠᠷ︶ ᠲᠦᠯᠦᠪᠵᠢᠭᠦᠯᠭᠡ ᠶᠢᠨ ᠪᠠᠶᠢᠷᠢᠰᠢᠭᠤᠯᠤᠯ ᠪᠣᠯᠣᠨ ᠭᠠᠵᠠᠷ ᠬᠡᠷᠡᠭᠯᠡᠬᠦ ᠶᠢᠨ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠬᠢᠨ ᠭᠠᠵᠠᠷ ᠰᠢᠷᠤᠢ ᠶᠢ ᠠᠰᠢᠭᠯᠠᠬᠤ ᠶᠡᠷᠦᠩᠬᠡᠢ | ᠲᠦᠯᠦᠪᠵᠢᠭᠦᠯᠭᠡ ᠪᠣᠯᠣᠨ ᠬᠤᠲᠠ ᠬᠦᠳᠡᠭᠡ ᠶᠢᠨ ᠲᠦᠯᠦᠪᠵᠢᠭᠦᠯᠭᠡ ᠳᠠᠬᠢ ᠡᠷᠡᠭᠦᠯ ᠮᠡᠨᠳᠦ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ ᠡᠷᠡᠭᠦᠯ | ᠮᠠᠨᠳᠦ ᠶᠢᠨ ᠦᠢᠯᠡᠴᠢᠯᠡᠭᠡᠨ ᠤ ᠦᠢᠯᠡᠰ ᠲᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠥᠷᠭᠡᠳᠭᠡᠵᠦ᠂ ᠠᠰᠢᠭ | ᠣᠯᠵᠠᠪᠤᠷᠢ ᠶᠢᠨ ᠪᠤᠰᠤ ᠴᠢᠨᠠᠷᠲᠠᠢ ᠪᠠᠶᠢᠭᠤᠯᠤᠮᠵᠢ ᠶᠢᠨ ᠬᠡᠷᠡᠭᠯᠡᠬᠦ ᠭᠠᠵᠠᠷ ᠢ ᠤᠷᠢᠳ ᠢᠶᠠᠷ ᠪᠠᠲᠤᠯᠠᠬᠤ ᠬᠡᠷᠡᠭᠲᠡᠢ᠃ | ᠨᠡᠶᠢᠭᠡᠮ ᠤᠨ ᠬᠦᠷᠦᠩᠭᠡ ᠮᠦᠡᠭᠬᠦ ᠠᠴᠠ ᠡᠷᠬᠢᠯᠡᠨ ᠪᠠᠶᠢᠭᠤᠯᠤᠭᠰᠠᠨ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠡᠮᠴᠢᠯᠡᠭᠡᠨ ᠤ ᠪᠠᠶᠢᠭᠤᠯᠤᠮᠵᠢ ᠨᠤᠭᠤᠳ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠲᠠᠢ | ᠠᠳᠠᠯᠢᠬᠠᠨ ᠭᠠᠵᠠᠷ ᠰᠢᠷᠤᠢ ᠬᠡᠷᠡᠭᠯᠡᠬᠦ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠠᠷᠠᠳ ᠤᠨ | ᠲᠤᠮᠳᠠᠬᠢ ᠬᠦᠷᠦᠩᠭᠡ ᠮᠦᠡᠭᠬᠦ ᠠᠴᠠ ᠡᠷᠬᠢᠯᠡᠨ ᠪᠠᠶᠢᠭᠤᠯᠤᠭᠰᠠᠨ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠣᠨ ᠵᠠᠰᠠᠭ ᠤᠨ ᠣᠷᠳᠤᠨ ᠠᠴᠠ ᠡᠷᠬᠢᠯᠡᠨ ᠪᠠᠶᠢᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠤᠯᠤᠰ ᠤᠨ ᠦᠮᠴᠢᠯᠡᠯ ᠤᠨ ᠬᠤᠪᠢᠶᠠᠷᠢᠯᠠᠨ | ᠰᠢᠯᠵᠢᠬᠦᠯᠦᠭᠰᠡᠨ ᠭᠠᠵᠠᠷ ᠰᠢᠷᠤᠢ ᠪᠣᠶᠣ ᠲᠠᠷᠢᠶᠠᠴᠢᠳ ᠤᠨ ᠬᠠᠮᠲᠤ ᠶᠢᠨ ᠦᠮᠴᠢᠯᠡᠯ ᠤᠨ ᠭᠠᠵᠠᠷ ᠰᠢᠷᠤᠢ ᠶᠢ ᠬᠠᠤᠯᠢ | ᠶᠤᠰᠤᠭᠠᠷ ᠬᠡᠷᠡᠭᠯᠡᠵᠦ ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠤᠭᠤᠷᠢᠭ ᠪᠣᠯᠣᠨ ᠨᠡᠶᠢᠭᠡᠮ | ᠲᠣᠭᠤᠷᠢᠭ ᠤᠳ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠭᠡᠮᠵᠢ ᠳᠠᠬᠢ ᠡᠮᠴᠢᠯᠡᠭᠡ ᠡᠷᠡᠭᠦᠯ ᠬᠠᠮᠠᠭᠠᠯᠠᠯ᠂ ᠰᠤᠶᠤᠯ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠵᠢᠴᠢ | ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ | ᠪᠡᠯᠡᠳᠭᠡᠮᠵᠢ ᠳᠦᠬᠦᠷᠵᠢᠭᠦᠯᠬᠦ ᠶᠢ ᠪᠠᠲᠤᠯᠠᠬᠤ ᠬᠡᠷᠡᠭᠲᠡᠢ᠃ ᠬᠤᠪᠢᠶᠠᠷᠢᠯᠠᠨ ᠰᠢᠯᠵᠢᠬᠦᠯᠬᠦ ᠠᠷᠭ᠎ᠠ ᠮᠠᠶ᠋ᠢᠭ ᠢ ᠠᠰᠢᠭᠯᠠᠨ | ᠤᠯᠤᠭᠰᠠᠨ ᠦᠯᠡᠳᠡᠬᠡᠯ ᠭᠡᠷ ᠬᠦᠷᠦᠩᠭᠡ ᠪᠣᠯᠣᠨ ᠤᠤᠯ ᠤᠨ ᠪᠠᠶᠢᠭ᠎ᠠ ᠭᠠᠵᠠᠷ ᠳᠡᠭᠡᠷ᠎ᠡ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠡᠷᠬᠢᠯᠡᠬᠦ ᠶᠢ ᠳᠡᠮᠵᠢᠵᠦ᠂ ᠭᠠᠵᠠᠷ ᠰᠢᠷᠤᠢ ᠶᠢ ᠬᠡᠷᠡᠭᠯᠡᠬᠦ ᠪᠠ ᠬᠡᠷᠡᠭᠯᠡᠬᠦ ᠡᠷᠬᠡᠲᠦ ᠬᠦᠮᠦᠨ ᠢ | ᠲᠥᠷ ᠬᠤᠪᠢᠷᠠᠭᠤᠯᠬᠤ ᠦᠭᠡᠢ᠂ 1 ᠵᠢᠯ ᠠᠴᠠ ᠳᠡᠭᠡᠭᠰᠢ ᠦᠷᠭᠦᠯᠵᠢᠯᠡᠨ ᠡᠵᠡᠩᠨᠡᠭᠰᠡᠨ᠂ ᠬᠤᠪᠢᠶᠠᠷᠢᠯᠠᠨ ᠰᠢᠯᠵᠢᠬᠦᠯᠦᠨ | ᠬᠡᠷᠡᠭᠯᠡᠬᠦ ᠭᠠᠵᠠᠷ ᠤᠨ ᠭᠠᠷᠴᠠᠭ ᠲᠤ ᠨᠡᠶᠢᠴᠡᠬᠦ ᠡᠷᠡᠭᠦᠯ ᠮᠡᠨᠳᠦ ᠶᠢᠨ ᠦᠢᠯᠡᠴᠢᠯᠡᠭᠡᠨ ᠤ ᠲᠦᠷᠦᠯ ᠵᠦᠢᠯ ᠢ | ᠬᠤᠪᠢᠶᠠᠷᠢᠯᠠᠨ ᠰᠢᠯᠵᠢᠬᠦᠯᠦᠭᠰᠡᠨ ᠭᠠᠵᠠᠷ ᠰᠢᠷᠤᠢ ᠶᠤᠰᠤᠭᠠᠷ ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠵᠦ ᠪᠣᠯᠣᠨ᠎ᠠ︔ | ᠬᠤᠪᠢᠶᠠᠷᠢᠯᠠᠨ ᠰᠢᠯᠵᠢᠬᠦᠯᠦᠨ ᠬᠡᠷᠡᠭᠯᠡᠬᠦ ᠭᠠᠵᠠᠷ ᠤᠨ ᠭᠠᠷᠴᠠᠭ ᠲᠤ ᠨᠡᠶᠢᠴᠡᠬᠦ ᠦᠭᠡᠢ ᠪᠣᠯ᠂ ᠵᠦᠪᠳᠡᠯᠴᠡᠵᠦ ᠬᠢᠮᠳᠠ | ᠦᠨ᠎ᠠ ᠪᠠᠷ ᠬᠤᠳᠠᠯᠳᠤᠬᠤ ᠠᠷᠭ᠎ᠠ ᠮᠠᠶ᠋ᠢᠭ ᠢ ᠠᠪᠴᠤ ᠭᠠᠵᠠᠷ ᠬᠡᠷᠡᠭᠯᠡᠬᠦ ᠭᠠᠷᠳᠠᠮ ᠢ ᠭᠦᠢᠴᠡᠳᠭᠡᠵᠦ ᠪᠣᠯᠣᠨ᠎ᠠ᠃ | ︵ᠭᠤᠷᠪᠠ︶ ᠭᠠᠶᠢᠯᠢ ᠰᠦᠢᠳᠭᠡᠯ ᠤᠨ ᠦᠨ᠎ᠡ ᠬᠠᠩᠰᠢ ᠪᠣᠯᠣᠨ ᠮᠦᠩᠭᠦᠨ ᠭᠦᠢᠯᠭᠡᠭᠡᠨ ᠤ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠬᠡᠮᠡᠨ ᠮᠠᠭᠠᠳᠯᠠᠭᠤᠯᠤᠭᠰᠠᠨ ᠡᠮ ᠡᠮᠨᠡᠯᠭᠡ ᠶᠢᠨ | ᠠᠵᠤ ᠠᠬᠤᠶᠢᠯᠠᠯ ᠤᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ | ᠲᠠᠯ᠎ᠠ ᠪᠠᠷ ᠬᠢ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠬᠠᠤᠯᠢ ᠶᠤᠰᠤᠭᠠᠷ ᠬᠦᠷᠲᠡᠬᠡᠨᠡ᠃ ᠠᠵᠤ ᠠᠬᠤᠶᠢᠯᠠᠯ᠂ | ᠬᠤᠪᠢ ᠬᠦᠮᠦᠨ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠦᠯᠬᠦᠮ ᠪᠣᠶᠣ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠲᠡᠭᠦᠨ ᠤ ᠰᠠᠯᠠᠭ᠎ᠠ ᠮᠦᠴᠢᠷ ᠢᠶᠠᠷ ᠳᠠᠮᠵᠢᠨ | ᠠᠰᠢᠭ ᠣᠯᠵᠠᠪᠤᠷᠢ ᠶᠢᠨ ᠪᠤᠰᠤ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢ ᠲᠤᠰᠠᠯᠠᠵᠦ ᠲᠠᠮᠵᠢᠭ᠍ᠰᠡᠨ ᠬᠠᠨᠳᠢᠪ ᠤᠨ | ᠵᠦᠢᠯ ᠳᠤ ᠭᠠᠶᠢᠯᠢ ᠶᠢᠨ ᠬᠠᠤᠯᠢ ᠵᠢᠴᠢ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠶᠤᠰᠤᠭᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠬᠠᠰᠤᠬᠤ ᠶᠢ ᠬᠡᠷᠡᠭᠵᠢᠬᠦᠯᠬᠦ ᠬᠡᠷᠡᠭᠲᠡᠢ᠃ | ᠠᠰᠢᠭ ᠣᠯᠵᠠᠪᠤᠷᠢ ᠶᠢᠨ ᠪᠤᠰᠤ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠯᠡᠬᠦ ᠤᠰᠤ᠂ ᠬᠡᠷᠡᠭᠯᠡᠬᠦ ᠴᠠᠬᠢᠯᠭᠠᠨ | ᠂ ᠬᠡᠷᠡᠭᠯᠡᠬᠦ ᠰᠢᠳᠠᠮᠠᠬᠠᠢ ᠬᠡᠢ᠂ ᠬᠡᠷᠡᠭᠯᠡᠬᠦ ᠢᠯᠴᠢ ᠳᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠲᠠᠢ ᠠᠳᠠᠯᠢᠬᠠᠨ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠶᠢ ᠬᠡᠷᠡᠭᠵᠢᠭᠦᠯᠵᠦ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠬᠡᠷᠡᠭᠯᠡᠬᠦ ᠤᠰᠤ᠂ ᠬᠡᠷᠡᠭᠯᠡᠬᠦ ᠴᠠᠬᠢᠯᠭᠠᠨ᠂ ᠬᠡᠷᠡᠭᠯᠡᠬᠦ ᠰᠢᠳᠠᠮᠠᠬᠠᠢ ᠬᠡᠢ᠂ ᠬᠡᠷᠡᠭᠯᠡᠬᠦ | ᠢᠯᠴᠢ ᠶᠢ ᠰᠠᠭᠤᠭᠠᠯᠢ ᠠᠷᠠᠳ ᠤᠨ ᠠᠮᠢᠳᠤᠷᠠᠯ ᠤᠨ ᠲᠦᠷᠦᠯ ᠤᠨ ᠦᠨ᠎ᠡ ᠬᠠᠨᠭ᠍ᠰᠢ ᠶᠢᠨ ᠶᠤᠰᠤᠭᠠᠷ ᠬᠡᠷᠡᠭᠵᠢᠭᠦᠯᠬᠦ | ᠬᠡᠷᠡᠭᠲᠡᠢ᠃ ᠠᠰᠢᠭ ᠣᠯᠵᠠᠪᠤᠷᠢ ᠶᠢᠨ ᠪᠤᠰᠤ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠪᠣᠯᠣᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢ ᠬᠤᠯᠪᠤᠭᠳᠠᠯ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ | ᠰᠦᠢᠳᠭᠡᠯ ᠲᠠᠲᠠᠪᠤᠷᠢᠯᠠᠬᠤ ᠠᠴᠠ ᠬᠡᠯᠲᠦᠷᠢᠭᠦᠯᠵᠦ᠂ ᠠᠰᠢᠭ ᠣᠯᠵᠠᠪᠤᠷᠢ ᠶᠢᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ | ᠪᠣᠯᠣᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠤᠯᠪᠤᠭᠳᠠᠯ ᠪᠦᠬᠦᠢ | ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠢ ᠬᠠᠭᠠᠰ ᠢᠶᠠᠷ ᠪᠠᠭᠤᠷᠠᠭᠤᠯᠵᠤ ᠲᠠᠲᠠᠪᠤᠷᠢᠯᠠᠬᠤ | ᠬᠡᠷᠡᠭᠲᠡᠢ᠃ ᠠᠵᠤ ᠠᠬᠤᠶᠢᠯᠠᠯ ᠤᠳ ᠤᠯᠤᠰ ᠤᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠦᠨᠳᠦᠰᠦᠯᠡᠵᠦ᠂ ᠲᠤᠰ ᠠᠵᠤ ᠠᠬᠤᠶᠢᠯᠠᠯ ᠳᠤ ᠲᠤᠰᠢᠶᠠᠯ ᠬᠠᠷᠢᠭᠤᠴᠠᠵᠤ ᠪᠠᠶᠢᠭ᠎ᠠ ᠪᠣᠶᠣ ᠬᠦᠯᠦᠰᠦᠯᠡᠭᠳᠡᠵᠦ ᠪᠠᠶᠢᠭ᠎ᠠ | ᠪᠦᠬᠦ ᠠᠵᠢᠯᠲᠠᠨ ᠠᠵᠢᠯᠴᠢᠨ ᠳᠠᠭᠠᠨ ᠤᠯᠭᠤᠬᠤ ᠨᠠᠰᠤᠵᠢᠯ ᠤᠨ ᠳᠠᠭᠠᠳᠬᠠᠯ ᠤᠨ ᠨᠦᠬᠦᠪᠦᠷᠢ ᠰᠦᠢᠳᠭᠡᠯ᠂ | ᠡᠮᠴᠢᠯᠡᠭᠡᠨ ᠤ ᠳᠠᠭᠠᠳᠬᠠᠯ ᠤᠨ ᠨᠦᠬᠦᠪᠦᠷᠢ ᠰᠦᠢᠳᠭᠡᠯ ᠢ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠢ | ᠲᠣᠭᠠᠨ ᠤ 5% ᠠᠴᠠ ᠬᠡᠲᠦᠷᠡᠬᠦ ᠦᠭᠡᠢ ᠬᠡᠰᠡᠭ ᠲᠤ ᠲᠤᠰᠢᠶᠠᠪᠰᠤ ᠵᠣᠬᠢᠬᠤ ᠭᠠᠶᠢᠯᠢ ᠶᠢᠨ ᠠᠰᠢᠭ ᠣᠯᠵᠠᠪᠤᠷᠢ ᠶᠢᠨ | ᠲᠤᠭ᠎ᠠ ᠶᠢ ᠪᠤᠳᠤᠬᠤ ᠳᠠᠭᠠᠨ ᠰᠠᠭᠤᠳᠬᠠᠨ ᠠᠪᠬᠤ ᠶᠢ ᠵᠥᠪᠰᠢᠶᠡᠷᠡᠨ᠎ᠡ᠃ ᠦᠪᠡᠷᠲᠡᠭᠡᠨ ᠵᠠᠰᠠᠬᠤ ᠣᠷᠣᠨ ᠤ | ᠲᠤᠳᠤᠷᠠᠬᠢ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ︵ᠠᠰᠢᠭ ᠣᠯᠵᠠᠪᠤᠷᠢ ᠶᠢᠨ ᠴᠢᠨᠠᠷᠲᠠᠢ | ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ︶ ᠨᠤᠭᠤᠳ ᠠᠵᠢᠯ ᠡᠷᠬᠢᠯᠡᠬᠦ ᠪᠠᠷ ᠳᠠᠩᠰᠠᠯᠠᠭᠤᠯᠤᠭᠰᠠᠨ ᠦᠨᠡᠮᠯᠡᠯ ᠢ | ᠤᠯᠤᠭᠰᠠᠨ ᠡᠳᠦᠷ ᠠᠴᠠ ᠪᠠᠨ ᠡᠬᠢᠯᠡᠨ᠂ ᠲᠡᠳᠡᠬᠡᠷ ᠤᠨ ᠦᠪᠡᠷ ᠢᠶᠠᠨ ᠬᠡᠷᠡᠭᠯᠡᠬᠦ ᠭᠡᠷ ᠬᠦᠷᠦᠩᠭᠡ᠂ ᠭᠠᠵᠠᠷ | ᠰᠢᠷᠤᠢ ᠳᠠᠭᠠᠨ ᠭᠡᠷ ᠬᠦᠷᠦᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠯᠲᠡ ᠶᠢᠨ | ᠭᠠᠶᠢᠯᠢ ᠶᠢ ᠲᠤᠰᠢᠶᠠᠬᠤ ᠳᠤ ᠦᠨᠡᠨᠬᠦ ᠬᠦᠴᠢᠷᠳᠡᠯᠲᠡᠢ ᠪᠣᠯ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ︵ᠭᠡᠷ ᠬᠦᠷᠦᠩᠭᠡ ᠶᠢᠨ ᠭᠠᠶᠢᠯᠢ︶᠂ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠪᠠᠶᠢᠭᠤᠯᠭ᠎ᠠ ︵ᠬᠤᠲᠠ ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠯᠲᠡ ᠶᠢᠨ ᠭᠠᠶᠢᠯᠢ︶ ᠪᠠᠷ | ᠵᠥᠪᠰᠢᠶᠡᠷᠡᠭᠦᠯᠦᠭᠡᠳ᠂ ᠭᠡᠷ ᠬᠦᠷᠦᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠤᠢ ᠶᠢᠨ | ᠬᠡᠷᠡᠭᠯᠡᠯᠲᠡ ᠶᠢᠨ ᠭᠠᠶᠢᠯᠢ ᠶᠢ ᠬᠠᠰᠤᠵᠤ ᠲᠠᠲᠠᠪᠤᠷᠢᠯᠠᠬᠤ ᠪᠣᠶᠣ ᠲᠠᠲᠠᠪᠤᠷᠢᠯᠠᠬᠤ ᠠᠴᠠ ᠬᠡᠯᠲᠦᠷᠢᠭᠦᠯᠵᠦ ᠪᠣᠯᠣᠨ᠎ᠠ᠃ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ | ᠦᠢᠯᠡᠴᠢᠯᠡᠭᠡᠨ ᠤ ᠥᠪᠡᠷ ᠤᠨ ᠥᠷᠲᠡᠭ ᠪᠣᠯᠣᠨ ᠡᠮᠴᠢ᠂ ᠰᠤᠪᠢᠯᠠᠭᠴᠢ ᠵᠡᠷᠭᠡ ᠡᠮᠴᠢᠯᠡᠭᠡᠨ ᠤ ᠠᠵᠢᠯᠲᠠᠳ ᠤᠨ | ᠮᠡᠷᠭᠡᠵᠢᠯ ᠬᠦᠳᠡᠯᠮᠦᠷᠢ ᠶᠢᠨ ᠥᠷᠲᠡᠭ ᠢ ᠨᠡᠩ ᠰᠠᠶᠢᠬᠠᠨ ᠢᠯᠡᠷᠡᠭᠦᠯᠬᠦ ᠬᠡᠷᠡᠭᠲᠡᠢ᠃ ᠨᠡᠶᠢᠭᠡᠮ ᠤᠨ ᠬᠦᠷᠦᠩᠭᠡ | ᠮᠦᠡᠭᠬᠦ ᠠᠴᠠ ᠡᠷᠬᠢᠯᠡᠨ ᠪᠠᠶᠢᠭᠤᠯᠤᠭᠰᠠᠨ ᠠᠰᠢᠭ ᠣᠯᠵᠠᠪᠤᠷᠢ ᠶᠢᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠨᠤᠭᠤᠳ | ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠤᠯᠤᠰ ᠤᠨ ᠲᠣᠭᠲᠠᠭᠠᠯ ᠶᠤᠰᠤᠭᠠᠷ ᠲᠤᠰᠢᠶᠠᠵᠤ᠂ | ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠬᠦ ᠬᠡᠷᠡᠭᠲᠡᠢ᠃ ᠠᠯᠪᠠᠨ ᠤ ᠪᠤᠰᠤ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠬᠠᠩᠭᠠᠭᠰᠠᠨ ᠡᠮᠴᠢᠯᠡᠭᠡᠨ ᠤ ᠦᠢᠯᠡᠴᠢᠯᠡᠭᠡ ᠶᠢᠨ ᠪᠦᠬᠦ ᠦᠨ᠎ᠡ ᠬᠠᠩᠰᠢ ᠳᠤ ᠵᠠᠬ᠎ᠠ | ᠳᠡᠯᠭᠡᠭᠦᠷ ᠤᠨ ᠲᠣᠬᠢᠷᠠᠭᠤᠯᠤᠯᠲᠠ ᠶᠢ ᠬᠡᠷᠡᠭᠵᠢᠭᠦᠯᠬᠦ ᠬᠡᠷᠡᠭᠲᠡᠢ᠃ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠪᠡᠷ ᠢᠶᠠᠨ ᠬᠡᠷᠡᠭᠯᠡᠬᠦ ᠭᠡᠷ ᠬᠦᠷᠦᠩᠭᠡ᠂ ᠭᠠᠵᠠᠷ ᠰᠢᠷᠤᠢ ᠠᠴᠠ | ᠭᠡᠷ ᠬᠦᠷᠦᠩᠭᠡ ᠶᠢᠨ ᠭᠠᠶᠢᠯᠢ᠂ ᠬᠤᠲᠠ ᠪᠠᠯᠭᠠᠰᠤ ᠶᠢᠨ ᠭᠠᠵᠠᠷ ᠰᠢᠷᠤᠢ ᠶᠢᠨ ᠬᠡᠷᠡᠭᠯᠡᠯᠲᠡ ᠶᠢᠨ ᠭᠠᠶᠢᠯᠢ | ᠲᠠᠲᠠᠪᠤᠷᠢᠯᠠᠬᠤ ᠠᠴᠠ ᠬᠡᠯᠲᠦᠷᠢᠭᠦᠯᠵᠦ᠂ ᠨᠦᠬᠦᠴᠡᠯ ᠳᠤ ᠨᠡᠶᠢᠴᠡᠬᠦ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠤᠭᠤᠳ ᠠᠴᠠ ᠲᠣᠭᠲᠠᠭᠠᠯ ᠶᠤᠰᠤᠭᠠᠷ ᠠᠵᠤ ᠠᠬᠤᠶᠢᠯᠠᠯ ᠤᠨ ᠠᠰᠢᠭ | ᠣᠯᠵᠠᠪᠤᠷᠢ ᠶᠢᠨ ᠭᠠᠶᠢᠯᠢ ᠲᠠᠲᠠᠪᠤᠷᠢᠯᠠᠬᠤ ᠶᠢ ᠨᠢ ᠬᠡᠯᠲᠦᠷᠢᠭᠦᠯᠬᠦ ᠬᠡᠷᠡᠭᠲᠡᠢ᠃ ᠰᠢᠨ᠎ᠡ ᠪᠠᠷ ᠡᠷᠬᠢᠯᠡᠭᠰᠡᠨ ᠡᠷᠡᠭᠦᠯ | ᠬᠠᠮᠠᠭᠠᠯᠠᠯ ᠡᠷᠡᠭᠦᠯᠵᠢᠯ᠂ ᠡᠪᠡᠳᠴᠢᠲᠠᠨ ᠤ ᠰᠣᠪᠢᠯᠠᠯᠲᠠ ᠵᠡᠷᠭᠡ ᠠᠵᠢᠯ ᠬᠢᠳᠡᠭ ᠭᠡᠷ ᠪᠦᠯᠢ ᠶᠢᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠵᠤ ᠠᠬᠤᠶᠢᠯᠠᠯ ᠠᠴᠠ 3 ᠵᠢᠯ ᠤᠨ ᠳᠣᠲᠤᠷ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ | ᠭᠠᠶᠢᠯᠢ ᠶᠢᠨ ᠣᠷᠣᠨ ᠨᠤᠲᠤᠭ ᠤᠨ ᠡᠳ᠋ᠯᠠᠬᠦ ᠬᠡᠰᠡᠭ ᠲᠤ ᠲᠠᠲᠠᠪᠤᠷᠢᠯᠠᠬᠤ ᠶᠢ ᠨᠢ ᠬᠡᠯᠲᠦᠷᠢᠭᠦᠯᠬᠦ ᠬᠡᠷᠡᠭᠲᠡᠢ᠃ ᠪᠡᠯᠡ | ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠᠲᠤ ᠪᠠᠶᠢᠭᠤᠯᠤᠮᠵᠢ ᠵᠡᠷᠭᠡ ᠶᠢ ᠵᠤᠷᠢᠬᠵᠢᠭᠤᠯᠬᠤ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠬᠡᠷᠡᠭᠲᠡᠢ᠃ ᠨᠦᠬᠦᠴᠡᠯ ᠳᠤ ᠨᠡᠶᠢᠴᠡᠬᠦ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠶᠢᠨ | ᠲᠡᠮᠲᠡᠭᠲᠦ ᠲᠠᠷᠬᠠᠭᠠᠬᠤ ᠶᠢ ᠢᠳᠡᠪᠬᠢᠲᠡᠢ ᠳᠡᠮᠵᠢᠬᠦ ᠬᠡᠷᠡᠭᠲᠡᠢ᠃ ᠮᠦᠩᠭᠦᠨ ᠭᠦᠢᠯᠭᠡᠭᠡ ᠪᠣᠯᠣᠨ ᠠᠵᠤ ᠦᠢᠯᠡᠰ ᠤᠨ | ᠬᠦᠷᠦᠩᠭᠡ ᠬᠠᠮᠲᠤᠪᠠᠷ ᠪᠡᠯᠡ ᠴᠤᠭᠯᠠᠭᠤᠯᠤᠭᠰᠠᠨ ᠡᠷᠡᠭᠦᠯ ᠮᠡᠨᠳᠦ ᠶᠢᠨ ᠠᠵᠤ ᠦᠢᠯᠡᠰ ᠤᠨ ᠪᠡᠯᠡ | ᠣᠷᠤᠭᠤᠯᠤᠯᠲᠠ ᠶᠢᠨ ᠰᠠᠭᠤᠷᠢ ᠮᠦᠩᠭᠦ ᠪᠠᠶᠢᠭᠤᠯᠬᠤ ᠶᠢ ᠬᠦᠲᠦᠯᠦᠨ ᠵᠢᠯᠤᠭᠤᠳᠬᠤ ᠪᠠ ᠲᠦᠯᠬᠢᠨ ᠠᠬᠢᠭᠤᠯᠵᠤ᠂ | ᠬᠢᠯᠢ ᠶᠢᠨ ᠭᠠᠳᠠᠨᠠᠬᠢ ᠰᠢᠭᠤᠳ ᠪᠡᠯᠡ ᠣᠷᠤᠭᠤᠯᠤᠯᠲᠠ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ | ᠭᠠᠳᠠᠭᠠᠲᠤ ᠤᠯᠤᠰ ᠤᠨ ᠵᠠᠰᠠᠭ ᠤᠨ ᠣᠷᠳᠤᠨ ᠤ ᠬᠠᠷᠠᠭᠠᠯᠵᠠᠯᠲᠤ ᠵᠢᠭᠡᠯᠡᠯᠭᠡ᠂ ᠣᠯᠠᠨ ᠤᠯᠤᠰ ᠤᠨ ᠠᠷᠠᠯᠵᠢᠶᠠᠨ ᠤ | ᠵᠢᠭᠡᠯᠡᠯᠭᠡ ᠶᠢ ᠪᠦᠲᠦᠮᠵᠢᠲᠡᠢ ᠠᠰᠢᠭᠯᠠᠬᠤ ᠬᠡᠷᠡᠭᠲᠡᠢ᠃ | ︵ᠳᠥᠷᠪᠠ︶ ᠡᠷᠡᠭᠦᠯ ᠮᠠᠨᠳᠦ ᠶᠢᠨ ᠦᠢᠯᠡᠴᠢᠯᠡᠭᠡᠨ ᠤ ᠦᠢᠯᠡᠰ ᠲᠠᠬᠢ ᠡᠳ᠋ ᠤᠨ ᠵᠠᠰᠠᠭ ᠤᠨ | ᠣᠷᠣᠭᠤᠯᠤᠯᠲᠠ ᠶᠢ ᠨᠡᠮᠡᠭᠳᠡᠭᠦᠯᠬᠦ ᠬᠡᠷᠡᠭᠲᠡᠢ᠃ | ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠢᠶᠡᠨ ᠳᠠᠬᠢ ᠣᠷᠤᠭᠤᠯᠤᠯᠲᠠ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠵᠠᠰᠠᠭ ᠤᠨ ᠣᠷᠳᠤᠨ ᠠᠴᠠ ᠨᠡᠶᠢᠭᠡᠮ ᠤᠨ ᠦᠢᠯᠡᠴᠢᠯᠡᠭᠡ ᠶᠢ ᠬᠤᠳᠠᠯᠳᠤᠨ ᠠᠪᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠠᠴᠠ ᠬᠠᠷᠢᠭᠤᠴᠠᠵᠤ ᠪᠠᠲᠤᠯᠠᠭ᠎ᠠ ᠬᠠᠩᠭᠠᠬᠤ ᠡᠷᠡᠭᠦᠯ | ᠮᠡᠨᠳᠦ ᠶᠢᠨ ᠦᠢᠯᠡᠴᠢᠯᠡᠭᠡᠨ ᠤ ᠲᠦᠷᠦᠯ ᠤᠨ ᠣᠯᠠᠨ ᠨᠡᠶᠢᠲᠡ ᠶᠢᠨ ᠨᠡᠷᠡᠮᠵᠢᠬᠦᠨ ᠳᠤ ᠦᠢᠯᠡᠴᠢᠯᠡᠭᠡ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠬᠤ ᠬᠠᠩᠭᠠᠨ ᠦᠭᠴᠦ ᠪᠣᠯᠣᠨ᠎ᠠ᠂ ᠵᠠᠰᠠᠭ ᠤᠨ ᠣᠷᠳᠤᠨ ᠤ ᠬᠤᠳᠠᠯᠳᠤᠨ | ᠠᠪᠬᠤ ᠲᠦᠷᠦᠯ ᠢᠯᠭᠠᠯ ᠪᠣᠯᠣᠨ ᠲᠤᠭ᠎ᠠ ᠬᠡᠮᠵᠢᠶ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠂ ᠠᠯᠪᠠᠨ ᠠᠴᠠ | ᠡᠷᠬᠢᠯᠡᠵᠦ ᠠᠷᠠᠳ ᠠᠴᠠ ᠡᠵᠡᠩᠨᠡᠬᠦ᠂ ᠠᠷᠠᠳ ᠠᠴᠠ ᠡᠷᠬᠢᠯᠡᠵᠦ ᠠᠯᠪᠠᠨ ᠠᠴᠠ ᠲᠤᠰᠠᠯᠠᠬᠤ ᠵᠡᠷᠭᠡ ᠠᠷᠭ᠎ᠠ ᠮᠠᠶ᠋ᠢᠭ ᠢᠶᠠᠷ | ᠨᠡᠶᠢᠭᠡᠮ ᠤᠨ ᠬᠦᠷᠦᠩᠭᠡ ᠮᠦᠡᠭᠬᠦ ᠪᠠᠷ ᠠᠰᠢᠭ ᠣᠯᠵᠠᠪᠤᠷᠢ ᠶᠢᠨ ᠪᠤᠰᠤ ᠴᠢᠨᠠᠷᠲᠠᠢ ᠡᠷᠡᠭᠦᠯ ᠮᠡᠨᠳᠦ ᠶᠢᠨ | ᠦᠢᠯᠡᠴᠢᠯᠡᠭᠡᠨ ᠤ ᠪᠠᠶᠢᠭᠤᠯᠤᠮᠵᠢ ᠡᠷᠬᠢᠯᠠᠨ ᠪᠠᠶᠢᠭᠤᠯᠬᠤ ᠶᠢ ᠳᠡᠮᠵᠢᠬᠦ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠠᠴᠠ ᠦᠢᠯᠡᠴᠢᠯᠡᠭᠡᠨ ᠤ ᠦᠢᠯᠡᠰ ᠢ ᠦᠷᠬᠡᠳᠬᠡᠬᠦ ᠪᠠᠷ ᠪᠡᠯᠡ ᠮᠦᠩᠭᠦ ᠶᠢᠨ ᠬᠡᠪᠴᠢᠶ᠎ᠡ ᠶᠢ ᠬᠦᠳᠦᠯᠦᠨ | ᠵᠢᠯᠤᠭᠤᠳᠴᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠢ ᠦᠢᠯᠡᠴᠢᠯᠡᠭᠡᠨ ᠤ ᠦᠢᠯᠡᠰ ᠢᠶᠠᠷ ᠪᠡᠯᠡ | ᠮᠦᠩᠭᠦ ᠶᠢ ᠬᠦᠲᠦᠯᠦᠨ ᠵᠢᠯᠤᠭᠤᠳᠬᠤ ᠶᠢᠨ ᠳᠡᠮᠵᠢᠬᠦ ᠬᠡᠪᠴᠢᠶᠡᠨ ᠳᠤ ᠣᠷᠤᠭᠤᠯᠬᠤ ᠶᠢᠨ ᠬᠠᠮᠲᠤ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠦᠬᠦᠴᠡᠯ ᠳᠤ ᠨᠡᠶᠢᠴᠡᠬᠦ᠂ ᠡᠮᠴᠢᠯᠡᠭᠡᠨ ᠤ ᠦᠨᠳᠦᠰᠦᠨ ᠦᠢᠯᠡᠴᠢᠯᠡᠭᠡ | ᠬᠠᠩᠭᠠᠳᠠᠭ ᠠᠯᠪᠠᠨ ᠤ ᠪᠤᠰᠤ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠮᠡᠷᠭᠡᠵᠢᠯ ᠤᠨ | ᠪᠦᠲᠦᠭᠡᠨ ᠪᠠᠶᠢᠭᠤᠯᠤᠯᠲᠠ᠂ ᠡᠮᠨᠡᠯᠭᠡ ᠶᠢᠨ ᠬᠡᠷᠡᠭᠴᠡᠭᠡᠨ ᠤ ᠲᠥᠭᠦᠭᠡᠷᠦᠮᠵᠢ ᠶᠢᠨ ᠬᠤᠳᠠᠯᠳᠤᠨ ᠠᠪᠴᠤ | ᠲᠤᠬᠢᠷᠠᠭᠤᠯᠬᠤ᠂ ᠴᠢᠳᠠᠪᠤᠷᠢᠲᠠᠨ ᠤ ᠡᠩᠨᠡᠭᠡᠨ ᠤ ᠴᠤᠭᠴᠠᠯᠠᠯᠳᠠ ᠶᠢ ᠡᠳ᠋ ᠤᠨ ᠵᠠᠰᠠᠭ ᠤᠨ ᠲᠤᠰᠬᠠᠢ ᠵᠦᠢᠯ ᠤᠨ ᠪᠡᠯᠡ | ᠮᠦᠩᠭᠦ ᠪᠠᠷ ᠳᠡᠮᠵᠢᠬᠦ ᠬᠡᠪᠴᠢᠶᠡᠨ ᠳᠤ ᠣᠷᠤᠭᠤᠯᠵᠤ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠦᠰᠦᠪ ᠲᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ | ᠪᠡᠯᠡ ᠣᠷᠤᠭᠤᠯᠬᠤ ᠶᠢ ᠳᠡᠮᠵᠢᠬᠦ ᠬᠡᠪᠴᠢᠶᠡᠨ ᠳᠤ ᠣᠷᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠳᠤ ᠵᠠᠰᠠᠭ ᠤᠨ ᠣᠷᠳᠤᠨ ᠠᠴᠠ ᠨᠦᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠨᠳᠦᠰᠦᠨ ᠪᠠᠲᠤᠯᠠᠭ᠎ᠠ ᠳᠠᠬᠢ ᠵᠠᠰᠠᠭ ᠤᠨ ᠣᠷᠳᠤᠨ ᠤ ᠣᠷᠤᠭᠤᠯᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠤᠨ ᠤ ᠡᠷᠡᠭᠦᠯ ᠬᠠᠮᠠᠭᠠᠯᠠᠯ ᠳᠠᠬᠢ ᠣᠷᠣᠭᠤᠯᠤᠯᠲᠠ ᠶᠢ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ᠂ ᠬᠤᠲᠠ ᠶᠢᠨ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠪᠣᠯᠣᠨ ᠦᠨᠳᠦᠰᠦᠨ ᠡᠮᠴᠢᠯᠡᠭᠡᠨ ᠤ ᠪᠠᠲᠤᠯᠠᠭ᠎ᠠ ᠳᠤ ᠭᠤᠣᠯᠳᠠᠯᠭ᠎ᠠ ᠲᠠᠢ | ᠳᠡᠮᠵᠢᠭᠦᠯᠬᠦ ᠶᠢᠨ ᠬᠠᠮᠲᠤ ᠣᠷᠤᠯᠭ᠎ᠠ ᠪᠠᠭᠠᠲᠠᠢ ᠬᠦᠮᠤᠰ ᠲᠡᠰᠢ ᠬᠡᠯᠪᠠᠶᠢᠯᠭᠡᠬᠦ ᠬᠡᠷᠡᠭᠲᠡᠢ᠃ ᠠᠵᠢᠯ ᠠᠴᠠ ᠪᠤᠯᠤᠭᠰᠠᠨ | ᠭᠡᠮᠲᠦᠯ ᠢ ᠰᠡᠷᠭᠡᠶᠢᠯᠡᠬᠦ᠂ ᠨᠦᠬᠦᠪᠦᠷᠢᠯᠡᠬᠦ᠂ ᠡᠷᠡᠭᠦᠯᠵᠢᠭᠦᠯᠬᠦ ᠶᠢ ᠬᠠᠷᠢᠯᠴᠠᠨ ᠤᠶᠠᠯᠳᠤᠭᠤᠯᠤᠭᠰᠠᠨ ᠠᠵᠢᠯ ᠠᠴᠠ | ᠪᠤᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮᠲᠦ ᠰᠢᠰᠲ᠋ᠧᠮᠵᠢ ᠶᠢ ᠬᠦᠴᠦᠯᠡᠨ ᠪᠠᠶᠢᠭᠤᠯᠵᠤ ᠪᠦᠷᠢᠨᠰᠢᠭᠦᠯᠬᠦ | ᠬᠡᠷᠡᠭᠲᠡᠢ᠃ ᠣᠷᠣᠨ ᠨᠤᠲᠤᠭ ᠤᠨ ᠬᠢᠨ ᠢ ᠠᠵᠤ ᠠᠬᠤᠢ ᠶᠢᠨ ᠲᠠᠯ᠎ᠠ ᠪᠠᠷ ᠬᠦᠴᠢᠷᠲᠡᠢ ᠦᠨᠳᠦᠷ ᠨᠠᠰᠤᠯᠠᠭᠰᠠᠨ᠂ | ᠭᠠᠭᠴᠠᠭᠠᠷ ᠰᠠᠭᠤᠭ᠎ᠠ᠂ ᠠᠮᠢᠳᠤᠷᠠᠯ ᠢᠶᠠᠨ ᠦᠪᠡᠰᠦᠪᠡᠨ ᠠᠷᠭᠠᠴᠠᠬᠤ ᠴᠢᠳᠠᠪᠤᠷᠢ ᠪᠠᠨ ᠠᠯᠳᠠᠭᠰᠠᠨ ᠨᠠᠰᠤᠲᠠᠳ ᠲᠤ | ᠨᠦᠬᠦᠪᠦᠷᠢ ᠣᠯᠭᠤᠬᠤ ᠵᠡᠷᠭᠡ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠯᠡᠭᠡ ᠳᠤ ᠰᠢᠭᠤᠳ ᠨᠦᠬᠦᠪᠦᠷᠢᠯᠡᠳᠡᠭ | ᠪᠤᠳᠠᠲᠠᠢ ᠠᠷᠭ᠎ᠠ ᠮᠠᠶ᠋ᠢᠭ ᠢ ᠪᠤᠲᠠᠲᠠᠢ ᠲᠠᠢ ᠪᠠᠨ ᠤᠶᠠᠯᠳᠤᠭᠤᠯᠤᠨ ᠰᠦᠪᠡᠭᠴᠢᠯᠡᠬᠦ ᠶᠢ ᠵᠤᠷᠢᠬᠵᠢᠭᠤᠯᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ | ᠵᠠᠰᠠᠭ ᠠᠴᠠ ᠨᠠᠰᠤᠲᠠᠶᠢᠴᠤᠤᠯ ᠤᠨ ᠲᠤᠭ᠎ᠠ ᠶᠣᠰᠤᠭᠠᠷ ᠵᠢᠯ ᠪᠦᠷᠢ ᠲᠤᠰᠬᠠᠢ ᠲᠦᠷᠦᠯ ᠤᠨ ᠪᠡᠯᠡ ᠮᠦᠩᠭᠦ | ᠲᠣᠬᠢᠷᠠᠭᠤᠯᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ ᠠᠯᠬᠤᠮ ᠠᠯᠬᠤᠮ ᠢᠶᠠᠷ | ᠳᠡᠭᠡᠭᠰᠢᠯᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠠᠴᠠ ᠨᠡᠶᠢᠭᠡᠮ ᠤᠨ | ᠠᠰᠠᠷᠠᠮᠵᠢ ᠶᠢᠨ ᠦᠢᠯᠡᠰ ᠤᠨ ᠱᠠᠩᠨᠠᠯᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ ᠶᠢᠨ ᠶᠡᠷᠦᠩᠬᠡᠢ | ᠲᠣᠭᠠᠨ ᠤ 50% ᠠᠴᠠ ᠳᠡᠭᠡᠭᠰᠢᠬᠢ ᠶᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠶᠢᠨ ᠬᠠᠮᠲᠤ᠂ ᠨᠠᠰᠤᠲᠠᠶᠢᠴᠤᠳ ᠤᠨ ᠬᠦᠮᠦᠨ ᠠᠮᠠ ᠨᠡᠮᠡᠭᠳᠡᠬᠦ ᠶᠢ ᠳᠠᠭᠠᠯᠳᠤᠨ | ᠣᠷᠣᠭᠤᠯᠤᠯᠲᠠ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠨᠡᠶᠢᠭᠡᠮ ᠤᠨ ᠬᠦᠴᠦᠨ ᠤ ᠬᠢᠨ ᠤ ᠡᠷᠬᠢᠯᠡᠭᠰᠡᠨ ᠠᠰᠢᠭ ᠣᠯᠵᠠᠪᠤᠷᠢ ᠶᠢᠨ ᠪᠤᠰᠤ | ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠣᠷᠣ ᠪᠦᠷᠢ ᠳᠤ ︵ᠣᠯᠠᠨ ᠨᠡᠶᠢᠲᠡ ᠶᠢᠨ | ᠪᠡᠯᠡᠳᠭᠡᠮᠵᠢ ᠶᠢᠨ 30 ᠲᠡᠭᠰᠢ ᠲᠦᠷᠪᠡᠯᠵᠢᠨ ᠮᠧᠲᠷ ᠢ ᠪᠠᠭᠲᠠᠭᠠᠨ᠎ᠠ︶ 6000 ᠲᠦᠭᠦᠷᠢᠭ ᠤᠨ ᠨᠢᠭᠡ ᠯᠡ | ᠤᠳᠠᠭᠠᠨ ᠤ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠨᠦᠬᠦᠪᠦᠷᠢ ᠣᠯᠭᠤᠨ᠎ᠠ︔ ᠨᠡᠶᠢᠭᠡᠮ ᠤᠨ ᠬᠦᠴᠦᠨ ᠤ ᠬᠢᠨ ᠤ | ᠰᠤᠯᠠ ᠪᠠᠶᠢᠬᠤ ᠦᠢᠯᠡᠳᠪᠦᠷᠢ ᠶᠢᠨ ᠪᠠᠶᠢᠰᠢᠩ᠂ ᠬᠤᠭᠤᠰᠤᠨ ᠲᠠᠯᠪᠢᠵᠤ ᠪᠠᠶᠢᠬᠤ ᠰᠤᠷᠭᠠᠭᠤᠯᠢ᠂ ᠬᠤᠪᠢ ᠬᠦᠮᠦᠨ ᠤ | ᠭᠡᠷ ᠪᠠᠶᠢᠰᠢᠩ ᠢ ᠰᠢᠨᠡᠳᠭᠡᠨ ᠵᠠᠰᠠᠯᠲᠠ ᠣᠷᠤᠭᠤᠯᠵᠤ ᠦᠬᠡᠷᠡᠴᠢᠯᠡᠬᠡᠳ ᠠᠰᠢᠭ ᠤᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠪᠠᠶᠢᠭᠤᠯᠤᠮᠵᠢ ᠨᠡᠭᠡᠭᠡᠨ ᠡᠷᠬᠢᠯᠡᠭᠰᠡᠨ ᠪᠤᠯ ᠣᠷᠣ ᠪᠦᠷᠢ ᠳᠤ ︵ᠣᠯᠠᠨ ᠨᠡᠶᠢᠲᠡ ᠶᠢᠨ ᠪᠡᠯᠡᠳᠭᠡᠮᠵᠢ ᠶᠢᠨ | 30 ᠲᠡᠭᠰᠢ ᠲᠦᠷᠪᠡᠯᠵᠢᠨ ᠮᠧᠲᠷ ᠢ ᠪᠠᠭᠲᠠᠭᠠᠨ᠎ᠠ︶ 4000 ᠲᠦᠭᠦᠷᠢᠭ ᠤᠨ ᠨᠢᠭᠡ ᠯᠡ ᠤᠳᠠᠭᠠᠨ ᠤ ᠴᠢᠨᠠᠷᠲᠠᠢ | ᠵᠠᠰᠠᠨ ᠰᠠᠶᠢᠵᠢᠷᠠᠭᠤᠯᠬᠤ ᠨᠦᠬᠦᠪᠦᠷᠢ ᠣᠯᠭᠤᠨ᠎ᠠ︔ ᠭᠡᠷ ᠪᠠᠶᠢᠰᠢᠩ ᠳᠦᠷᠢᠶᠡᠰᠦᠯᠡᠵᠦ ᠠᠰᠢᠭ ᠣᠯᠵᠠᠪᠤᠷᠢ ᠶᠢᠨ ᠪᠤᠰᠤ | ᠴᠢᠨᠠᠷᠲᠠᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠡᠭᠡᠭᠡᠨ ᠡᠷᠬᠢᠯᠡᠬᠡᠳ ᠭᠡᠷ᠎ᠡ ᠳᠤ ᠲᠣᠭᠲᠠᠭᠠᠭᠰᠠᠨ | ᠳᠦᠷᠢᠶᠡᠰᠦᠯᠡᠬᠦ ᠬᠤᠭᠤᠴᠠᠭ᠎ᠠ ᠨᠢ 5 ᠵᠢᠯ ᠠᠴᠠ ᠳᠡᠭᠡᠭᠰᠢ ᠪᠤᠯ ᠣᠷᠣ ᠪᠦᠷᠢ ᠳᠤ ︵ᠣᠯᠠᠨ ᠨᠡᠶᠢᠲᠡ ᠶᠢᠨ | ᠪᠡᠯᠡᠳᠭᠡᠮᠵᠢ ᠶᠢᠨ 30 ᠲᠡᠭᠰᠢ ᠲᠦᠷᠪᠡᠯᠵᠢᠨ ᠮᠧᠲᠷ ᠢ ᠪᠠᠭᠲᠠᠭᠠᠨ᠎ᠠ︶ 2000 ᠲᠦᠭᠦᠷᠢᠭ ᠤᠨ ᠨᠢᠭᠡ ᠯᠡ | ᠤᠳᠠᠭᠠᠨ ᠤ ᠴᠢᠨᠠᠷᠲᠠᠢ ᠰᠡᠯᠪᠢᠨ ᠵᠠᠰᠠᠬᠤ ᠨᠦᠬᠦᠪᠦᠷᠢ ᠣᠯᠭᠤᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ ᠨᠡᠶᠢᠭᠡᠮ ᠤᠨ ᠬᠦᠴᠦᠨ ᠤ ᠬᠢᠨ ᠤ ᠡᠷᠬᠢᠯᠡᠭᠰᠡᠨ ᠠᠰᠢᠭ ᠣᠯᠵᠠᠪᠤᠷᠢ ᠶᠢᠨ ᠪᠤᠰᠤ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠶᠢᠭᠤᠯᠤᠮᠵᠢ ᠶᠢᠨ ᠱᠠᠲᠤ ᠳᠡᠰ ᠪᠣᠯᠣᠨ ᠪᠤᠳᠠᠳᠠᠢ ᠣᠷᠣᠵᠣ | ᠰᠠᠭᠤᠭᠰᠠᠨ ᠬᠦᠮᠦᠨ ᠤ ᠲᠤᠭ᠎ᠠ ᠶᠤᠰᠤᠭᠠᠷ᠂ ᠣᠷᠣ ᠪᠦᠷᠢ ᠳᠤ ᠰᠠᠷ᠎ᠠ ᠪᠣᠯᠭᠠᠨ 100 ᠠᠴᠠ 300 ᠲᠦᠭᠦᠷᠢᠭ ᠤᠨ | ᠡᠵᠡᠩᠨᠡᠯᠲᠡ ᠶᠢᠨ ᠨᠦᠬᠦᠪᠦᠷᠢ ᠣᠯᠭᠤᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠬᠢᠨ | ᠠᠯᠪᠠᠨ ᠠᠴᠠ ᠪᠠᠶᠢᠭᠤᠯᠤᠭᠰᠠᠨ ᠵᠢᠴᠢ ᠠᠰᠢᠭ ᠣᠯᠵᠠᠪᠤᠷᠢ ᠶᠢᠨ ᠪᠤᠰᠤ ᠴᠢᠨᠠᠷᠲᠠᠢ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠳᠤ 50% ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠤ | ᠳᠠᠭᠠᠳᠬᠠᠯ ᠤᠨ ᠳᠠᠭᠠᠳᠬᠠᠯ ᠳᠤ ᠣᠷᠤᠯᠴᠠᠭᠰᠠᠨ ᠨᠦᠬᠦᠪᠦᠷᠢ ᠣᠯᠭᠤᠵᠣ᠂ ᠦᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠠᠴᠠ ᠨᠦᠬᠦᠪᠦᠷᠢ ᠶᠢᠨ ᠪᠡᠯᠡ ᠮᠦᠩᠭᠦ ᠶᠢ 5:3:2 ᠤᠨ | ᠬᠠᠷᠢᠴᠠᠯ ᠢᠶᠠᠷ ᠡᠭᠦᠷᠭᠡᠯᠡᠨ᠎ᠡ︔ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠴᠠ ᠨᠠᠰᠤᠲᠠᠨ ᠢ ᠠᠰᠠᠷᠠᠬᠤ | ᠰᠤᠪᠢᠯᠠᠭᠴᠢ ᠳᠤ 60% ᠶᠢᠨ ᠭᠡᠨᠡᠳᠲᠡ ᠶᠢᠨ ᠬᠡᠮᠳᠤᠯ ᠤᠨ ᠳᠠᠭᠠᠳᠬᠠᠠᠯ ᠤᠨ ᠳᠠᠭᠠᠳᠬᠠᠯ ᠳᠤ ᠣᠷᠣᠯᠴᠠᠭᠰᠠᠨ | ᠨᠦᠬᠦᠪᠦᠷᠢ ᠣᠯᠭᠤᠵᠣ᠂ ᠬᠡᠷᠡᠭᠰᠡᠬᠦ ᠪᠡᠯᠡ ᠮᠦᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠤᠨ᠎ᠠ᠃ | ᠦᠪᠡᠷᠲᠡᠭᠡᠨ ᠵᠠᠰᠠᠬᠤ ᠣᠷᠣᠨ ᠪᠤᠯᠤᠨ ᠠᠶᠢᠮᠠᠭ ᠬᠤᠲᠠ ᠶᠢᠨ ᠪᠡᠶ᠎ᠡ ᠶᠢᠨ ᠲᠠᠮᠢᠷ ᠤᠨ ᠦᠢᠯᠡᠰ ᠤᠨ ᠱᠠᠩᠨᠠᠯᠳᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠦᠩᠭᠦ ᠶᠢᠨ ᠶᠡᠷᠦᠩᠬᠡᠢ ᠲᠣᠭᠠᠨ ᠤ 60% ᠠᠴᠠ ᠳᠡᠭᠡᠭᠰᠢᠬᠢ ᠶᠢ | ᠣᠯᠠᠨ ᠲᠦᠮᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠬᠦ ᠬᠡᠷᠡᠭᠲᠡᠢ᠃ | ︵ᠲᠠᠪᠤ︶ ᠬᠠᠤᠯᠢ ᠲᠣᠭᠲᠠᠭᠠᠯ ᠤᠨ ᠪᠠᠷᠢᠮᠵᠢᠶ᠎ᠠ ᠪᠠᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠬᠤ | ᠬᠡᠷᠡᠭᠲᠡᠢ᠃ | ᠡᠷᠡᠭᠦᠯ ᠮᠡᠨᠳᠦ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ | ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠯᠬᠢᠨ ᠠᠬᠢᠭᠤᠯᠬᠤ | ᠬᠡᠷᠡᠭᠲᠡᠢ᠃ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠬᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠪᠠ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ | ᠦᠢᠯᠡᠴᠢᠯᠡᠭᠡᠨ ᠤ ᠪᠠᠷᠢᠮᠵᠢᠶᠠᠲᠤ ᠰᠢᠰᠲ᠋ᠧᠮᠵᠢ ᠶᠢ ᠪᠦᠷᠢᠨᠰᠢᠭᠦᠯᠦᠨ᠂ ᠪᠠᠷᠢᠮᠵᠢᠶ᠎ᠠ ᠶᠢᠨ ᠬᠡᠷᠡᠭᠵᠢᠭᠦᠯᠦᠯᠲᠡ ᠶᠢ | ᠴᠢᠩᠭᠠᠳᠬᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠬᠢᠷᠢ ᠬᠡᠮᠵᠢᠶ᠎ᠠ ᠶᠢ ᠳᠡᠭᠡᠭᠰᠢᠯᠡᠭᠦᠯᠬᠦ | ᠬᠡᠷᠡᠭᠲᠡᠢ᠃ ᠰᠢᠨ᠎ᠡ ᠪᠠᠷ ᠪᠣᠢ ᠪᠤᠯᠤᠭᠰᠠᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠢᠶᠡᠨ ᠳᠤ ᠬᠦᠲᠦᠴᠢ ᠠᠵᠤ | ᠠᠬᠤᠶᠢᠯᠠᠯ᠂ ᠣᠷᠣᠨ ᠨᠤᠲᠤᠭ ᠤᠨ ᠪᠠ ᠠᠵᠢᠯ ᠲᠦᠷᠦᠯ ᠤᠨ ᠨᠡᠶᠢᠭᠡᠮᠯᠢᠭ ᠤᠨ ᠬᠢᠨ ᠦᠢᠯᠡᠴᠢᠯᠡᠭᠡᠨ ᠤ ᠪᠠᠷᠢᠮᠵᠢᠶ᠎ᠠ ᠶᠢ | ᠲᠣᠭᠲᠠᠭᠠᠬᠤ ᠪᠠ ᠲᠡᠭᠦᠯᠳᠡᠷᠵᠢᠭᠦᠯᠬᠦ ᠳᠤ ᠣᠷᠤᠯᠴᠠᠬᠤ ᠶᠢ ᠵᠤᠷᠢᠬᠵᠢᠭᠤᠯᠬᠤ ᠬᠡᠷᠡᠭᠲᠡᠢ᠃ ᠪᠠᠷᠢᠮᠵᠢᠶᠠᠵᠢᠭᠤᠯᠬᠤ ᠶᠢ | ᠲᠥᠷ ᠬᠡᠷᠡᠭᠵᠢᠭᠦᠯᠵᠦ ᠳᠡᠶᠢᠯᠬᠦ ᠦᠭᠡᠢ ᠡᠷᠡᠭᠦᠯ ᠮᠡᠨᠳᠦ ᠶᠢᠨ ᠦᠢᠯᠡᠴᠢᠯᠡᠭᠡᠨ ᠤ ᠠᠵᠢᠯ ᠲᠦᠷᠦᠯ ᠤᠨ ᠬᠢᠨ ᠳᠤ | ᠦᠢᠯᠡᠴᠢᠯᠡᠭᠡᠨ ᠤ ᠠᠮᠠᠯᠠᠯᠲᠠ᠂ ᠦᠢᠯᠡᠴᠢᠯᠡᠭᠡᠨ ᠤ ᠨᠡᠶᠢᠲᠡ ᠶᠢᠨ ᠭᠡᠷ᠎ᠡ᠂ ᠦᠢᠯᠡᠴᠢᠯᠡᠭᠡᠨ ᠤ ᠵᠢᠷᠤᠮᠵᠢᠯ ᠵᠡᠷᠭᠡ | ᠳᠦᠷᠢᠮ ᠢ ᠥᠷᠭᠡᠨ ᠳᠡᠯᠭᠡᠷᠡᠩᠭᠦᠢ ᠪᠠᠷ ᠬᠡᠷᠡᠭᠵᠢᠭᠦᠯᠬᠦ ᠬᠡᠷᠡᠭᠲᠡᠢ᠃ | ︵ᠵᠢᠷᠭᠤᠭ᠎ᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠣᠯᠣᠨ ᠬᠢᠨᠠᠨ ᠰᠢᠯᠭᠠᠯᠲᠠ ᠶᠢ | ᠴᠢᠩᠭᠠᠳᠬᠠᠬᠤ ᠬᠡᠷᠡᠭᠲᠡᠢ᠃ | ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠬᠠᠤᠯᠢ | ᠶᠤᠰᠤᠭᠠᠷ ᠵᠢᠷᠤᠮᠵᠢᠭᠤᠯᠵᠤ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ | ᠴᠢᠳᠠᠪᠤᠷᠢ ᠶᠢ ᠴᠢᠩᠭᠠᠳᠬᠠᠨ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ᠂ ᠡᠮᠴᠢᠯᠡᠭᠡᠨ ᠤ ᠪᠠᠶᠢᠭᠤᠯᠤᠮᠵᠢ ᠶᠢ | ᠬᠠᠷᠭᠤᠭᠤᠯᠤᠨ ᠰᠢᠯᠭᠠᠬᠤ᠂ ᠡᠮᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠵᠢᠴᠢ ᠡᠮᠨᠡᠯᠭᠡ ᠶᠢᠨ | ᠬᠤᠷᠢᠶ᠎ᠠ ᠶᠢ ᠦᠨᠡᠯᠡᠬᠦ᠂ ᠠᠳᠠᠯᠢᠳᠬᠠᠨ ᠰᠢᠯᠭᠠᠷᠠᠭᠤᠯᠬᠤ ᠠᠷᠭ᠎ᠠ ᠪᠠᠷᠢᠯ ᠢᠶᠠᠷ ᠳᠠᠮᠵᠢᠭᠤᠯᠵᠤ᠂ ᠡᠮᠴᠢᠯᠡᠭᠡᠨ ᠤ | ᠪᠠᠶᠢᠭᠤᠯᠤᠮᠵᠢ᠂ ᠡᠮ ᠤᠨ ᠵᠦᠢᠯ ᠵᠢᠴᠢ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠪᠦᠷᠢᠯᠡᠯ ᠤᠨ ᠪᠠᠶᠢᠭᠤᠯᠤᠮᠵᠢ | ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ᠲᠤᠯᠭᠠᠭᠤᠷᠢᠯᠠᠬᠤ ᠴᠢᠨᠠᠷᠲᠠᠢ ᠠᠵᠤ | ᠦᠢᠯᠡᠰ ᠤᠨ ᠵᠢᠷᠤᠮᠵᠢᠭᠤᠯᠤᠭᠰᠠᠨ ᠬᠠᠮᠢᠶᠠᠷᠤᠯᠲᠠ ᠪᠣᠯᠣᠨ ᠶᠠᠰᠤ ᠴᠢᠨᠠᠷ ᠤᠨ ᠠᠮᠤᠷ ᠲᠦᠪᠰᠢᠨ ᠤ ᠡᠵᠡᠮᠳᠡᠯ ᠢ | ᠴᠢᠩᠭᠠᠳᠬᠠᠨ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠡᠪᠴᠢᠶ᠎ᠡ ᠠᠴᠠ ᠪᠠᠨ ᠬᠡᠲᠦᠷᠡᠭᠦᠯᠦᠨ ᠦᠢᠯᠡᠴᠢᠯᠡᠬᠦ ᠶᠢ ᠡᠷᠡᠰ | ᠴᠠᠭᠠᠵᠠᠯᠠᠨ᠂ ᠡᠮᠴᠢᠯᠡᠭᠡᠨ ᠤ ᠶᠠᠰᠤ ᠴᠢᠨᠠᠷ ᠤᠨ ᠠᠮᠦᠷ ᠲᠥᠪᠰᠢᠨ ᠢ ᠪᠠᠲᠤᠯᠠᠵᠤ᠂ ᠬᠠᠤᠯᠢ ᠪᠤᠰᠤ ᠪᠠᠷ ᠡᠮᠴᠢᠯᠡᠬᠦ | ᠠᠵᠢᠯᠯᠠᠭ᠎ᠠ ᠪᠣᠯᠣᠨ ᠡᠮᠴᠢᠯᠡᠭᠡᠨ᠂ ᠡᠮᠴᠢᠯᠡᠭᠡᠨ ᠤ ᠳᠠᠭᠠᠳᠬᠠᠯ ᠤᠨ ᠮᠡᠬᠡᠯᠡᠯ ᠵᠡᠷᠭᠡ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠬᠡᠷᠡᠭᠲᠡᠢ᠃ ᠠᠵᠤ ᠠᠬᠤᠶᠢᠯᠠᠯ ᠪᠠ ᠬᠠᠮᠢᠶ᠎ᠠ ᠪᠦᠬᠦᠢ ᠠᠵᠢᠯ | ᠡᠷᠬᠢᠯᠡᠭᠰᠡᠳ ᠢ ᠬᠦᠲᠦᠯᠦᠨ ᠵᠢᠯᠤᠭᠤᠳᠴᠤ ᠪᠠᠶᠢᠭᠠᠳ ᠢᠲᠡᠭᠡᠮᠵᠢᠲᠦ ᠶᠢᠨ ᠤᠬᠠᠮᠰᠠᠷ ᠢ ᠨᠢ ᠴᠢᠩᠭᠠᠷᠠᠭᠤᠯᠵᠦ᠂ | ᠢᠲᠡᠭᠡᠮᠵᠢᠲᠦ ᠦᠢᠯᠡᠴᠢᠯᠡᠭᠡ ᠶᠢ ᠤᠬᠠᠮᠰᠠᠷ ᠠᠴᠠ ᠪᠠᠨ ᠦᠷᠨᠢᠭᠦᠯᠦᠨ᠂ ᠠᠵᠢᠯ ᠲᠦᠷᠦᠯ ᠤᠨ ᠦᠪᠡᠷ ᠢ ᠪᠠᠨ ᠡᠵᠡᠮᠳᠡᠬᠦ | ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠢᠲᠡᠭᠡᠮᠵᠢᠲᠦ ᠦᠢᠯᠡᠴᠢᠯᠡᠭᠡᠨ ᠤ ᠳᠦᠷᠢᠮ ᠢ | ᠲᠦᠷᠭᠡᠳᠭᠡᠨ ᠪᠠᠶᠢᠭᠤᠯᠬᠤ ᠬᠡᠷᠡᠭᠲᠡᠢ᠃ ᠠᠵᠢᠯ ᠲᠦᠷᠦᠯ ᠤᠨ ᠨᠡᠶᠢᠭᠡᠮᠯᠢᠭ᠂ ᠡᠷᠳᠡᠮ ᠰᠢᠨᠵᠢᠯᠡᠬᠡᠨ ᠤ | ᠨᠡᠶᠢᠬᠡᠮᠯᠢᠭ ᠤᠨ ᠬᠢᠨ ᠤ ᠠᠵᠢᠯ ᠲᠦᠷᠦᠯ ᠤᠨ ᠳᠤᠲᠤᠷ᠎ᠠ ᠪᠠᠨ ᠵᠣᠬᠢᠴᠠᠭᠤᠯᠬᠤ᠂ ᠠᠵᠢᠯ ᠲᠦᠷᠦᠯ ᠢ ᠬᠥᠭᠵᠢᠭᠦᠯᠬᠦ᠂ | ᠬᠢᠨᠠᠨ ᠰᠢᠯᠭᠠᠯᠲᠠ ᠶᠢ ᠰᠤᠳᠤᠯᠬᠤ ᠵᠢᠴᠢ ᠪᠠᠷᠢᠮᠵᠢᠶ᠎ᠠ ᠲᠣᠭᠲᠠᠭᠠᠬᠤ᠂ ᠠᠵᠢᠯ ᠡᠷᠬᠢᠯᠡᠭᠰᠡᠳ ᠤᠨ ᠠᠵᠢᠯ ᠡᠷᠬᠢᠯᠡᠬᠦ | ᠠᠵᠢᠯᠯᠠᠭ᠎ᠠ ᠶᠢ ᠵᠢᠷᠤᠮᠵᠢᠭᠤᠯᠬᠤ᠂ ᠠᠵᠢᠯ ᠲᠦᠷᠦᠯ ᠤᠨ ᠢᠷᠠᠭᠤ ᠠᠯᠳᠠᠷ ᠢᠶᠠᠨ ᠬᠠᠮᠠᠭᠠᠯᠠᠬᠤ ᠵᠡᠷᠭᠡ ᠲᠠᠯ᠎ᠠ ᠶᠢᠨ | ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠨᠠᠶᠢᠳᠠᠪᠤᠷᠢ ᠮᠠᠭᠤᠲᠠᠢ ᠠᠵᠢᠯ ᠡᠷᠬᠢᠯᠡᠭᠰᠡᠳ ᠢ ᠲᠡᠮᠲᠡᠭᠯᠡᠬᠦ | ᠳᠦᠷᠢᠮ᠂ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠭᠠᠬᠠᠨ ᠴᠡᠭᠡᠷᠯᠡᠭᠦᠯᠬᠦ ᠵᠢᠴᠢ ᠠᠯᠪᠠᠳᠠᠯᠭ᠎ᠠ ᠪᠠᠷ ᠪᠤᠴᠠᠭᠠᠵᠦ | ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ | ᠵᠢᠴᠢ ᠠᠵᠢᠯ ᠡᠷᠬᠢᠯᠡᠭᠰᠡᠳ ᠤᠨ ᠢᠲᠡᠭᠡᠮᠵᠢᠲᠦ ᠡᠵᠡᠩᠨᠡᠯᠲᠡ ᠪᠣᠯᠣᠨ ᠠᠵᠢᠯ ᠡᠷᠬᠢᠯᠡᠭᠰᠡᠨ ᠪᠠᠶᠢᠳᠠᠯ ᠢ ᠨᠢᠭᠡᠲᠦᠯᠲᠡᠢ | ᠢᠲᠡᠭᠡᠮᠵᠢ ᠶᠢᠨ ᠮᠡᠳᠡᠭᠡ ᠵᠠᠩᠭᠢ ᠶᠢᠨ ᠲᠡᠪᠴᠡᠩ ᠳᠤ ᠣᠷᠤᠭᠤᠯᠬᠤ ᠬᠡᠷᠡᠭᠲᠡᠢ᠃ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠤᠨ ᠬᠢᠨ ᠤ ᠰᠢᠨᠵᠢᠯᠡᠬᠦ ᠤᠬᠠᠭᠠᠨᠴᠢ ᠪᠦᠬᠡᠳ ᠵᠦᠢ ᠵᠣᠬᠢᠰᠲᠠᠢ ᠪᠠᠷ ᠪᠦᠷᠢᠳᠭᠡᠬᠦ | ᠭᠦᠢᠴᠡᠳᠭᠡᠯ ᠲᠣᠭᠠᠨ ᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ | ᠦᠢᠯᠡᠰ ᠤᠨ ᠬᠢᠨ ᠤ ᠰᠢᠨᠵᠢᠯᠡᠬᠦ ᠤᠬᠠᠭᠠᠨᠴᠢ ᠪᠦᠬᠡᠳ ᠵᠢᠷᠤᠮᠵᠢᠯ ᠲᠠᠢ ᠪᠦᠷᠢᠳᠭᠡᠯ ᠪᠠᠶᠢᠴᠠᠭᠠᠯᠲᠠ ᠶᠢᠨ ᠳᠦᠷᠢᠮ | ᠪᠣᠯᠣᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ ᠰᠠᠯᠠᠭ᠎ᠠ ᠮᠦᠴᠢᠷ ᠤᠨ ᠬᠢᠨ ᠤ | ᠪᠦᠷᠢᠳᠭᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠠᠯᠠᠭ᠎ᠠ ᠮᠦᠴᠢᠷ ᠤᠨ ᠬᠢᠨ ᠤ ᠪᠦᠷᠢᠳᠭᠡᠬᠦ ᠳᠦᠷᠢᠮ ᠢ | ᠲᠡᠭᠦᠯᠳᠡᠷᠵᠢᠭᠦᠯᠦᠨ᠂ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠢᠶᠠᠷ ᠲᠦᠷᠦᠭᠦᠯᠡᠭᠰᠡᠨ᠂ ᠬᠠᠮᠢᠶ᠎ᠠ ᠪᠦᠬᠦᠢ ᠰᠠᠯᠠᠭ᠎ᠠ | ᠮᠦᠴᠢᠷ ᠣᠷᠣᠯᠴᠠᠭᠰᠠᠨ ᠬᠢᠨᠠᠨ ᠰᠢᠯᠭᠠᠵᠤ ᠪᠦᠷᠢᠳᠭᠡᠬᠦ ᠳᠤᠭᠤᠶᠢᠯᠠᠩ ᠢ ᠪᠠᠶᠢᠭᠤᠯᠵᠤ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠦᠳᠡᠯᠦᠯ ᠪᠠᠶᠢᠳᠠᠯ ᠢ ᠴᠠᠭ ᠲᠤᠬᠠᠢ ᠳᠤᠨᠢ ᠬᠢᠨᠠᠨ ᠪᠠᠶᠢᠴᠠᠭᠠᠬᠤ | ᠬᠡᠷᠡᠭᠲᠡᠢ᠃ | ︵ᠳᠤᠯᠤᠭ᠎ᠠ︶ ᠰᠠᠶᠢᠨ ᠰᠠᠶᠢᠬᠠᠨ ᠨᠡᠶᠢᠭᠡᠮ ᠤᠨ ᠤᠷᠴᠢᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ | ᠷᠠᠳᠢᠤ᠋ ᠲᠧᠯᠸᠢᠰ᠂ ᠬᠠᠪᠲᠠᠭᠠᠢ ᠵᠠᠭᠤᠴᠢᠯᠠᠭᠤᠷ ᠵᠢᠴᠢ ᠢᠨᠲ᠋ᠧᠷᠨᠧᠲ ᠰᠦᠯᠵᠢᠶ᠎ᠡ ᠵᠡᠷᠭᠡ ᠰᠢᠨ᠎ᠡ ᠪᠠᠷ | ᠪᠣᠢ ᠪᠣᠯᠤᠭᠰᠠᠨ ᠵᠠᠭᠤᠴᠢᠯᠠᠭᠤᠷ ᠢ ᠭᠦᠢᠴᠡᠳ ᠠᠰᠢᠭᠯᠠᠨ ᠡᠷᠡᠭᠦᠯ ᠮᠡᠨᠳᠦ᠂ ᠪᠡᠶ᠎ᠡ ᠰᠤᠪᠢᠯᠠᠬᠤ ᠮᠡᠳᠡᠯᠭᠡ ᠶᠢ ᠭᠦᠨᠵᠡᠭᠡᠢ | ᠤᠬᠠᠭᠤᠯᠵᠤ᠂ ᠲᠤᠰᠬᠠᠢ ᠡᠷᠡᠭᠦᠯ ᠮᠡᠨᠳᠦ ᠶᠢᠨ ᠨᠡᠪᠲᠡᠷᠡᠭᠦᠯᠭᠡ ᠶᠢᠨ ᠰᠤᠪᠠᠭ ᠪᠣᠶᠣ ᠫᠷᠦᠭᠷᠡᠮ ᠢ ᠨᠡᠭᠡᠭᠡᠨ ᠡᠷᠬᠢᠯᠡᠬᠦ ᠶᠢ | ᠵᠤᠷᠢᠬᠵᠢᠭᠤᠯᠵᠤ᠂ ᠮᠤᠩᠭᠤᠯ ᠬᠢᠲᠠᠳ ᠡᠮ ᠡᠮᠨᠡᠯᠭᠡ᠂ ᠪᠡᠶ᠎ᠡ ᠰᠤᠪᠢᠯᠠᠬᠤ ᠡᠷᠡᠭᠦᠯᠵᠢᠯ ᠤᠨ ᠮᠡᠳᠡᠯᠭᠡ ᠶᠢ | ᠳᠡᠯᠭᠡᠷᠡᠭᠦᠯᠦᠨ᠂ ᠰᠡᠳᠬᠢᠴᠡ ᠶᠢᠨ ᠡᠷᠡᠭᠦᠯ ᠰᠠᠷᠠᠭᠤᠯ ᠤᠨ ᠯᠠᠪᠯᠠᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠷᠡᠭᠦᠯ | ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠷᠠᠳ ᠢᠷᠭᠡᠨ ᠤ ᠡᠷᠡᠭᠦᠯ ᠮᠡᠨᠳᠦ ᠶᠢᠨ ᠦᠵᠡᠯ | ᠤᠬᠠᠮᠰᠠᠷ ᠪᠣᠯᠣᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠡᠷᠡᠭᠦᠯ | ᠮᠡᠨᠳᠦ ᠶᠢ ᠴᠢᠬᠤᠯᠠᠴᠢᠯᠠᠬᠤ ᠪᠠ ᠠᠬᠢᠭᠤᠯᠬᠤ ᠨᠡᠶᠢᠭᠡᠮ ᠤᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ᠃ ᠥᠷᠭᠡᠨ | ᠳᠡᠯᠭᠡᠷᠡᠩᠭᠦᠢ ᠤᠬᠠᠭᠤᠯᠭ᠎ᠠ ᠪᠣᠯᠣᠨ ᠨᠡᠶᠢᠲᠡᠯᠢᠭ ᠮᠡᠳᠡᠭᠡᠯᠡᠯ ᠢᠶᠠᠷ ᠳᠠᠮᠵᠢᠭᠤᠯᠵᠤ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠰᠡᠳ ᠤᠨ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠬᠦ | ᠬᠡᠷᠡᠭᠲᠡᠢ᠃ ᠡᠮ ᠤᠨ ᠵᠦᠢᠯ᠂ ᠡᠷᠡᠭᠦᠯᠵᠢᠯ ᠤᠨ ᠢᠳᠡᠭᠡᠨ ᠤ ᠵᠦᠢᠯ᠂ ᠡᠮᠴᠢᠯᠡᠭᠡᠨ ᠤ ᠪᠠᠶᠢᠭᠤᠯᠤᠮᠵᠢ ᠵᠡᠷᠭᠡ | ᠲᠠᠯ᠎ᠠ ᠶᠢᠨ ᠵᠠᠷ ᠮᠡᠳᠡᠭᠡ ᠪᠣᠯᠣᠨ ᠬᠠᠮᠢᠶ᠎ᠠ ᠪᠦᠬᠦᠢ ᠮᠡᠳᠡᠭᠡ ᠵᠠᠩᠭᠢ ᠨᠡᠶᠢᠲᠡᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠬᠤᠳᠠᠯ ᠬᠠᠭᠤᠷᠮᠠᠭ ᠤᠬᠠᠭᠤᠯᠭ᠎ᠠ ᠪᠣᠯᠣᠨ ᠦᠨᠡᠨ ᠪᠤᠳᠠᠳᠠᠢ ᠪᠤᠰᠤ ᠮᠡᠳᠡᠭᠡᠯᠡᠯ ᠳᠤ ᠴᠢᠩᠭ᠎ᠠ ᠴᠤᠬᠢᠯᠲᠠ ᠥᠭᠭᠦᠨ᠂ | ᠰᠠᠶᠢᠨ ᠰᠠᠶᠢᠬᠠᠨ ᠡᠷᠡᠭᠦᠯ ᠮᠡᠨᠳᠦ ᠶᠢᠨ ᠬᠡᠷᠡᠭᠯᠡᠭᠡᠨ ᠤ ᠤᠷᠴᠢᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠴᠢᠬᠤᠯᠠ ᠪᠠᠶᠢᠷᠢᠨ ᠳᠤ ᠲᠠᠯᠪᠢᠵᠤ᠂ ᠣᠶᠢᠯᠠᠭᠠᠯᠴᠠᠵᠤ | ᠵᠣᠬᠢᠴᠠᠭᠤᠯᠬᠤ ᠪᠠᠨ ᠴᠢᠩᠭᠠᠳᠬᠠᠨ᠂ ᠨᠢᠭᠲᠠ ᠬᠠᠮᠵᠢᠯᠴᠠᠨ ᠬᠠᠪᠰᠤᠷᠤᠯᠴᠠᠵᠤ᠂ ᠠᠵᠢᠯ ᠤᠨ ᠨᠡᠶᠢᠯᠡᠯ ᠬᠦᠴᠦᠨ ᠢ ᠪᠣᠢ | ᠪᠣᠯᠭᠠᠬᠤ ᠬᠡᠷᠡᠭᠲᠡᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠰᠠᠨᠠᠯ ᠤᠨ ᠱᠠᠭᠠᠷᠳᠠᠯᠭ᠎ᠠ | ᠶᠤᠰᠤᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠡᠯ᠎ᠡ ᠵᠦᠢᠯ ᠤᠨ ᠡᠭᠦᠷᠭᠡ ᠶᠢᠨ ᠠᠷᠭ᠎ᠠ | ᠬᠡᠮᠵᠢᠶ᠎ᠠ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠪᠠᠨ ᠦᠨᠡᠨᠬᠦ ᠪᠠᠲᠤᠯᠠᠬᠤ ᠬᠡᠷᠡᠭᠲᠡᠢ᠃ ᠦᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠦᠴᠢᠷ ᠲᠠᠢ | ᠬᠠᠮᠲᠤᠷᠠᠯᠴᠠᠨ ᠲᠤᠰ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠬᠤ ᠪᠠ | ᠮᠦᠷᠳᠡᠨ ᠵᠠᠳᠠᠯᠵᠤ᠂ ᠴᠢᠬᠤᠯᠠ ᠶᠡᠭᠡ ᠪᠠᠶᠢᠳᠠᠯ ᠪᠣᠯᠣᠨ ᠠᠰᠠᠭᠤᠳᠠᠯ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠳᠤ ᠴᠠᠭ ᠲᠣᠬᠠᠢ ᠳᠤᠨᠢ ᠮᠡᠳᠡᠭᠦᠯᠬᠦ ᠬᠡᠷᠡᠭᠲᠡᠢ᠃ | |