ᠥᠪᠥᠷ ᠵᠠᠰᠠᠭ ᠲᠠᠷᠬᠠᠭᠠᠭᠰᠠᠨ ﹇2015﹈ 16 ᠳ᠋ᠤᠭᠠᠷ | ᠲᠤᠭᠠᠳᠤ | 2015 ᠤᠨ ᠤ 1 ᠳ᠋ᠤᠭᠡᠷ ᠰᠠᠷ᠎ᠠ ᠶᠢᠨ 21 ᠤ | ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠪᠦᠬᠦ ᠤᠷᠤᠨ ᠤ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ | ᠬᠤᠷᠠᠯ ᠪᠠ ︽ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠷᠦ ᠲᠠᠷᠬᠠᠭᠠᠭᠰᠠᠨ ﹇2014﹈ | 43 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠵᠢᠴᠢ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ | ᠲᠤᠭᠳᠠᠭᠠᠯ ᠤᠨ ᠲᠤᠭᠳᠠᠭᠠᠯ ᠢ ᠦᠨᠳᠦᠰᠦᠯᠡᠨ᠂ ᠮᠠᠨ ᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ᠂ | ᠡᠳᠦᠭᠡ ᠲᠤᠤᠷᠠᠬᠢ ᠮᠡᠳᠦ ᠬᠡᠷᠡᠭᠵᠢᠬᠦᠯᠬᠦ ᠰᠠᠨᠠᠯ ᠳᠤᠷᠠᠳᠪᠠ᠃ | ᠨᠢᠭᠡ᠂ ᠶᠡᠷᠦᠩᠭᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠳ᠋ᠤᠩ ᠰᠢᠶᠤᠤ ᠫᠢᠩ ᠤᠨ ᠤᠨᠤᠯ᠂ ︽ᠭᠤᠷᠪᠠ ᠶᠢ | ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠭᠦᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ | ᠲᠦᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯ ᠢᠶᠠᠷ᠂ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ | ᠬᠠᠷᠢᠯᠴᠠᠨ ᠨᠢᠭᠡᠳᠦᠭᠰᠡᠨ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢᠨ | ᠬᠠᠮᠢᠶᠠᠷᠤᠯᠲᠠ ᠶᠢᠨ ᠲᠤᠭᠳᠠᠴᠠ ᠶᠢ ᠪᠠᠶᠢᠭᠤᠯᠤᠨ᠂ ᠪᠦᠬᠦ ᠤᠷᠤᠨ ᠤ ᠡᠯ᠎ᠡ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠵᠢᠷᠤᠮᠵᠢᠬᠰᠡᠨ ᠵᠢᠭᠡᠯᠡᠯᠭᠡ ᠶᠢᠨ ᠢᠳᠡᠪᠬᠢ ᠦᠢᠯᠡᠳᠦᠯ ᠢ ᠪᠦᠳᠦᠮᠵᠢᠲᠠᠢ ᠪᠠᠳᠠᠷᠠᠭᠤᠯᠵᠤ᠂ ᠡᠳ᠋ ᠤᠨ | ᠵᠠᠰᠠᠭ ᠤᠨ ᠮᠥᠩᠭᠦᠨ ᠭᠦᠢᠯᠭᠡᠭᠡᠨ ᠤ ᠲᠦᠭᠰᠢᠬᠦᠷᠢ ᠶᠢ ᠦᠨᠡᠨᠬᠦ ᠰᠡᠷᠡᠮᠵᠢᠯᠡᠨ ᠨᠠᠮᠳᠠᠭᠤᠯᠵᠤ᠂ ᠦᠪᠡᠷᠳᠡᠭᠡᠨ ᠵᠠᠰᠠᠬᠤ | ᠤᠷᠤᠨ ᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠭᠦᠭᠵᠢᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | ᠨᠡᠪᠳᠡᠷᠡᠭᠦᠯᠬᠦ ᠪᠠ ᠳᠦᠭᠵᠢᠬᠦ ᠶᠢ ᠤᠶᠠᠯᠳᠤᠭᠤᠯᠬᠤ ᠬᠡᠷᠡᠭᠲᠡᠢ᠃ ᠢᠯᠡ ᠭᠦᠢᠯᠭᠡᠭᠡ ᠶᠢᠨ ᠵᠠᠮ ᠢ ᠵᠠᠰᠠᠵᠤ | ᠂ ᠳᠠᠯᠲᠠ ᠭᠦᠢᠯᠭᠡᠭᠡ ᠵᠠᠮ ᠢ ᠳᠦᠭᠵᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠣᠯᠭᠤᠭᠰᠠᠨ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠤᠯᠢ ᠶᠤᠰᠤᠭᠠᠷ ᠳᠤᠬᠢᠷᠠᠮᠵᠢᠳᠠᠢ ᠵᠢᠭᠡᠯᠡᠯᠭᠡ ᠪᠠᠷ ᠪᠡᠯᠡ | ᠳᠣᠬᠢᠷᠠᠭᠤᠯᠬᠤ ᠡᠷᠬᠡ ᠮᠡᠳᠡᠯ ᠢ ᠦᠨᠡᠨᠬᠦ ᠭᠦᠢᠴᠡᠳᠬᠡᠵᠤ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ | ᠵᠢᠷᠤᠮᠵᠢᠬᠰᠡᠨ ᠵᠢᠭᠡᠯᠡᠯᠭᠡ ᠪᠠᠷ ᠪᠡᠯᠡ ᠲᠣᠬᠢᠷᠠᠭᠤᠯᠬᠤ ᠲᠤᠭᠳᠠᠴᠠ ᠶᠢ ᠲᠦᠷᠭᠡᠳᠬᠡᠨ ᠪᠠᠶᠢᠭᠤᠯᠬᠤ ᠶᠢᠨ ᠬᠠᠮᠲᠤ᠂ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠠᠤᠯᠢ ᠲᠤᠭᠳᠠᠭᠠᠯ ᠠᠴᠠ ᠵᠥᠷᠢᠴᠡᠨ ᠵᠢᠭᠡᠯᠡᠬᠦ ᠶᠢ ᠡᠷᠡᠰ ᠬᠤᠷᠢᠭᠯᠠᠬᠤ | ᠬᠡᠷᠡᠭᠲᠡᠢ᠃ | ᠬᠠᠷᠢᠭᠤᠴᠠᠯᠭ᠎ᠠ ᠪᠠᠨ ᠲᠤᠳᠤᠷᠬᠠᠢ ᠢᠯᠭᠠᠬᠤ ᠬᠡᠷᠡᠭᠲᠡᠢ᠃ ᠵᠠᠰᠠᠭ ᠤᠨ ᠤᠷᠳᠤᠨ ᠪᠠ ᠠᠵᠤ | ᠠᠬᠤᠶᠢᠯᠠᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠵᠤ | ᠠᠬᠤᠶᠢᠯᠠᠯ ᠢᠶᠠᠷ ᠲᠠᠮᠵᠢᠨ ᠵᠢᠭᠡᠯᠡᠵᠦ ᠪᠤᠯᠬᠤ ᠦᠭᠡᠢ᠂ ᠠᠵᠤ ᠠᠬᠤᠶᠢᠯᠠᠯ ᠤᠨ ᠦᠷᠢ ᠦᠭᠴᠡᠭᠡ ᠪᠠᠨ ᠵᠠᠰᠠᠭ ᠤᠨ | ᠤᠷᠳᠤᠨ ᠳᠤ ᠲᠦᠯᠬᠢᠨ ᠦᠭᠴᠤ ᠲᠦᠯᠦᠭᠦᠯᠵᠦ ᠪᠤᠯᠬᠤ ᠦᠭᠡᠢ᠂ ᠬᠡᠨ ᠵᠢᠭᠡᠯᠡᠭᠰᠡᠨ ᠪᠣᠯ ᠲᠡᠷᠡ ᠲᠦᠯᠦᠬᠦ᠂ | ᠲᠦᠭᠰᠢᠭᠦᠷᠢ ᠶᠢ ᠦᠪᠡᠷ ᠢᠶᠠᠨ ᠡᠭᠦᠷᠭᠡᠯᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠵᠠᠰᠠᠭ ᠤᠨ ᠣᠷᠳᠤᠨ ᠨᠢ | ᠨᠡᠶᠢᠭᠡᠮ ᠤᠨ ᠬᠢᠨ ᠯᠦᠭᠡ ᠬᠦᠷᠦᠩᠭᠡ ᠶᠢᠨ ᠬᠤᠷᠰᠢᠯᠴᠠᠭ᠎ᠠ ᠲᠠᠢ ᠪᠣᠯ᠂ ᠪᠤᠯᠵᠤᠭᠰᠠᠨ ᠵᠢᠷᠤᠮ ᠶᠤᠰᠤᠭᠠᠷ ᠬᠠᠮᠢᠶ᠎ᠠ | ᠪᠦᠬᠦᠢ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠬᠡᠷᠡᠭᠲᠡᠢ᠃ | ᠬᠠᠮᠢᠶᠠᠷᠤᠯᠲᠠ ᠪᠠᠨ ᠵᠢᠷᠤᠮᠵᠢᠭᠤᠯᠬᠤ ᠬᠡᠷᠡᠭᠲᠡᠢ᠃ ᠤᠷᠤᠨ ᠨᠤᠳᠤᠭ ᠤᠨ ᠵᠠᠰᠠᠭ ᠤᠨ ᠤᠷᠳᠤᠨ ᠤ | ᠦᠷᠢ ᠦᠭᠴᠡᠭᠡ ᠳᠤ ᠬᠡᠪᠴᠢᠶ᠎ᠡ ᠪᠠᠷ ᠬᠢᠵᠠᠭᠠᠷᠯᠠᠬᠤ ᠶᠢ ᠬᠡᠷᠡᠭᠵᠢᠬᠦᠯᠵᠦ᠂ ᠵᠠᠰᠠᠭ ᠤᠨ ᠤᠷᠳᠤᠨ ᠤ ᠵᠢᠭᠡᠯᠡᠬᠦ ᠳᠡᠰ | ᠲᠠᠷᠠᠭᠠᠯᠠᠯ ᠢ ᠴᠢᠩᠭ᠎ᠠ ᠵᠢᠷᠤᠮᠵᠢᠭᠤᠯᠬᠤ ᠪᠠ ᠪᠡᠯᠡ ᠮᠦᠩᠬᠦ ᠶᠢᠨ ᠬᠡᠷᠡᠭᠯᠡᠯᠲᠡ ᠶᠢ ᠨᠢ ᠬᠢᠵᠠᠭᠠᠷᠯᠠᠨ ᠲᠣᠭᠲᠠᠵᠤ᠂ | ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠲᠦᠷᠦᠯ ᠬᠤᠪᠢᠶᠠᠷᠢᠯᠠᠯ ᠢᠶᠠᠷ ᠠᠩᠬᠢᠯᠠᠨ ᠬᠠᠮ | ᠳᠦᠷᠦᠯᠵᠢᠯ ᠤᠨ ᠲᠦᠰᠦᠪ ᠤᠨ ᠬᠠᠮᠢᠶᠠᠷᠤᠯᠲᠠ ᠳᠤ ᠣᠷᠤᠭᠤᠯᠵᠤ᠂ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ ᠶᠢᠨ | ᠬᠠᠷᠢᠯᠴᠠᠨ ᠨᠢᠭᠡᠳᠬᠦ ᠶᠢ ᠪᠡᠶᠡᠯᠡᠭᠦᠯᠬᠦ ᠬᠡᠷᠡᠭᠲᠡᠢ᠃ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠤᠷᠤᠨ ᠪᠦᠰᠡ ᠶᠢᠨ ᠴᠢᠨᠠᠷᠲᠠᠢ ᠪᠠ ᠰᠢᠰᠲ᠋ᠤᠮ ᠤᠨ | ᠴᠢᠨᠠᠷᠲᠠᠢ ᠲᠦᠭᠰᠢᠭᠦᠷᠢ ᠦᠯᠦ ᠡᠭᠦᠰᠬᠦ ᠨᠠᠭᠠᠳᠤ ᠵᠠᠬ᠎ᠠ ᠶᠢᠨ ᠪᠠᠳᠤᠯᠠᠬᠤ ᠱᠤᠭᠤᠮ ᠢ ᠪᠠᠳᠤ ᠰᠠᠬᠢᠨ᠂ ᠡᠳ᠋ ᠤᠨ | ᠵᠠᠰᠠᠭ ᠤᠨ ᠲᠦᠭᠰᠢᠭᠦᠷᠢ ᠶᠢ ᠦᠨᠡᠨᠬᠦ ᠰᠡᠷᠡᠮᠵᠢᠯᠡᠬᠦ ᠪᠠ ᠨᠠᠮᠳᠠᠭᠤᠯᠵᠤ᠂ ᠠᠵᠤ ᠠᠬᠤᠢ ᠨᠡᠶᠢᠭᠡᠮ ᠤᠨ ᠰᠠᠶᠢᠨ ᠰᠠᠶᠢᠬᠠᠨ | ᠪᠦᠭᠡᠳ ᠡᠷᠡᠭᠦᠯ ᠢᠶᠠᠷ ᠭᠦᠭᠵᠢᠬᠦ ᠶᠢ ᠪᠠᠳᠤᠯᠠᠬᠤ ᠬᠡᠷᠡᠭᠲᠡᠢ᠃ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠦᠷᠢ ᠦᠭᠴᠡᠭᠡᠨ ᠤ ᠬᠠᠮᠢᠶᠠᠷᠤᠯᠲᠠ ᠶᠢ | ᠴᠢᠩᠭᠠᠳᠬᠠᠵᠤ᠂ ᠢᠳᠡᠪᠬᠢᠲᠠᠢ ᠪᠠᠷ ᠲᠦᠯᠬᠢᠨ ᠠᠬᠢᠭᠤᠯᠬᠤ ᠮᠦᠷᠳᠡᠭᠡᠨ ᠪᠠᠰᠠ ᠬᠢᠴᠢᠶᠠᠩᠬᠦᠢ ᠯᠠᠪᠳᠠᠭᠤᠨ ᠪᠠᠶᠢᠬᠤ | ᠬᠡᠷᠡᠭᠲᠡᠢ᠃ ᠬᠠᠮᠢᠶᠠᠷᠤᠯᠲᠠ ᠪᠠᠨ ᠵᠢᠷᠤᠮᠵᠢᠭᠤᠯᠬᠤ ᠶᠢᠨ ᠬᠠᠮᠲᠤ᠂ ᠦᠯᠡᠳᠡᠭᠡᠯ ᠦᠷᠢ ᠦᠭᠴᠡᠭᠡ ᠶᠢ ᠳᠣᠬᠢᠲᠠᠢ | ᠰᠢᠢᠳᠪᠦᠷᠢᠯᠡᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠡᠮᠬᠢ ᠳᠠᠷᠠᠭᠠᠯᠠᠯ ᠲᠠᠢ ᠪᠠᠷ ᠲᠦᠯᠬᠢᠨ | ᠠᠬᠢᠭᠤᠯᠤᠬᠳᠠᠬᠤ ᠶᠢ ᠦᠨᠡᠨᠬᠦ ᠪᠠᠳᠤᠯᠠᠬᠤ ᠬᠡᠷᠡᠭᠲᠡᠢ᠃ | ᠠᠵᠢᠯ ᠤᠨ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠥᠷᠢ ᠥᠭᠴᠡᠭᠡᠨ ᠤ ᠬᠡᠷᠡᠭᠯᠡᠯᠲᠡ ᠶᠢ | ᠮᠦᠷᠳᠡᠨ ᠬᠠᠷᠢᠭᠤᠴᠠᠯᠭ᠎ᠠ ᠠᠰᠠᠭᠤᠬᠤ ᠪᠠ ᠦᠷ᠎ᠡ ᠠᠰᠢᠭ ᠤᠨ ᠦᠨᠡᠯᠡᠯᠲᠡ ᠬᠢᠬᠦ ᠪᠠᠨ ᠴᠢᠩᠭᠠᠳᠬᠠᠵᠤ ᠪᠠᠶᠢᠭᠠᠳ | ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ ᠶᠢ | ᠺᠠᠳ᠋ᠷᠴᠤᠳ ᠤᠨ ᠵᠠᠰᠠᠭ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠪᠠ ᠲᠦᠰᠦᠪ ᠤᠨ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ | ᠬᠤᠶᠠᠷ᠂ ᠵᠢᠷᠤᠮᠵᠢᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠪᠡᠯᠡ | ᠲᠣᠬᠢᠷᠠᠭᠤᠯᠭ᠎ᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ | ︵ᠨᠢᠭᠡ︶ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠠᠤᠯᠢ ᠶᠣᠰᠣᠭᠠᠷ ᠵᠣᠬᠢᠬᠤ | ᠬᠡᠮᠵᠢᠶ᠎ᠡ ᠪᠠᠷ ᠵᠢᠭᠡᠯᠡᠯᠭᠡ ᠵᠢᠭᠡᠯᠡᠬᠦ ᠬᠡᠷᠡᠭᠳᠠᠢ᠃ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠵᠣᠬᠢᠬᠤ ᠬᠡᠮᠵᠢᠶ᠎ᠡ ᠪᠠᠷ ᠥᠷᠢ ᠥᠭᠴᠡᠭᠡ ᠶᠢᠨ | ᠵᠢᠭᠡᠯᠡᠯᠭᠡ ᠵᠢᠭᠡᠯᠡᠵᠦ ᠪᠣᠯᠣᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠦᠨᠡᠨᠬᠦ ᠵᠢᠭᠡᠯᠡᠯᠭᠡ ᠵᠢᠭᠡᠯᠡᠬᠦ ᠴᠢᠬᠤᠯᠠᠲᠠᠢ ᠪᠣᠯ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠣᠷᠣᠯᠠᠨ ᠵᠢᠭᠡᠯᠡᠵᠤ ᠪᠣᠯᠣᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠦᠨᠡᠨᠬᠦ ᠵᠢᠭᠡᠯᠡᠬᠦ ᠴᠢᠬᠤᠯᠠᠲᠠᠢ ᠪᠣᠯ᠂ ᠬᠠᠷᠢᠶ᠎ᠠ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠣᠷᠣᠯᠠᠨ ᠵᠢᠭᠡᠯᠡᠵᠦ ᠪᠣᠯᠣᠨ᠎ᠠ᠃ ᠵᠠᠰᠠᠭ ᠤᠨ ᠣᠷᠳᠣᠨ ᠤ ᠥᠷᠢ | ᠥᠭᠴᠡᠭᠡ ᠶᠢ ᠵᠦᠪᠬᠡᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠦᠴᠢᠷ ᠢᠶᠠᠷ ᠳᠠᠮᠵᠢᠨ ᠵᠢᠭᠡᠯᠡᠵᠤ ᠪᠣᠯᠣᠨ᠎ᠠ᠂ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠷ ᠳᠠᠮᠵᠢᠨ ᠵᠢᠭᠡᠯᠡᠵᠤ ᠪᠣᠯᠬᠤ ᠦᠭᠡᠢ᠃ | ︵ᠬᠤᠶᠠᠷ︶ ᠵᠢᠷᠤᠮᠵᠢᠭᠰᠠᠨ ᠵᠢᠭᠡᠯᠡᠯᠭᠡ ᠪᠠᠷ ᠪᠡᠯᠡ ᠲᠣᠬᠢᠷᠠᠭᠤᠯᠬᠤ ᠲᠣᠭᠲᠠᠴᠠ ᠶᠢ ᠪᠠᠶᠢᠭᠤᠯᠬᠤ | ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠤ ᠵᠢᠭᠡᠯᠡᠯᠭᠡ ᠳᠤ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭ ᠤᠨ ᠠᠷᠭ᠎ᠠ ᠮᠠᠶ᠋ᠢᠭ ᠢ ᠠᠪᠴᠤ ᠬᠡᠷᠡᠭᠯᠡᠵᠦ ᠪᠡᠯᠡ ᠮᠥᠩᠭᠦ ᠴᠤᠭᠯᠠᠭᠤᠯᠬᠤ | ᠬᠡᠷᠡᠭᠲᠡᠢ᠃ ᠠᠰᠢᠭ ᠣᠯᠵᠠᠪᠤᠷᠢ ᠦᠭᠡᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠦᠢᠯᠡᠰ ᠤᠨ | ᠬᠥᠭᠵᠢᠯᠲᠡ ᠳᠤ ᠦᠨᠡᠨᠬᠦ ᠵᠠᠰᠠᠭ ᠤᠨ ᠣᠷᠳᠣᠨ ᠠᠴᠠ ᠡᠩ ᠤᠨ ᠥᠷᠢ ᠥᠭᠴᠡᠭᠡ ᠶᠢᠨ ᠵᠢᠭᠡᠯᠡᠯᠭᠡ ᠵᠢᠬᠡᠯᠡᠬᠦ | ᠴᠢᠬᠤᠯᠠᠲᠠᠢ ᠪᠣᠯ᠂ ᠡᠩ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠪᠠᠷ ᠳᠠᠮᠵᠢᠨ ᠪᠡᠯᠡ ᠲᠣᠬᠢᠷᠠᠭᠤᠯᠵᠤ᠂ | ᠭᠤᠣᠯᠳᠠᠭᠤ ᠡᠩ ᠤᠨ ᠣᠯᠠᠨ ᠨᠡᠶᠢᠲᠡ ᠶᠢᠨ ᠲᠦᠰᠦᠪ ᠤᠨ ᠣᠷᠣᠯᠭ᠎ᠠ ᠪᠠᠷ ᠢᠶᠠᠨ ᠲᠦᠯᠦᠨ᠎ᠡ︔ ᠵᠣᠬᠢᠬᠤ | ᠬᠡᠮᠵᠢᠶᠡᠨ ᠤ ᠠᠰᠢᠭ ᠣᠯᠵᠠᠪᠤᠷᠢ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠦᠢᠯᠡᠰ ᠤᠨ ᠬᠥᠭᠵᠢᠯᠲᠡ ᠳᠤ | ᠵᠠᠰᠠᠭ ᠤᠨ ᠣᠷᠳᠣᠨ ᠤ ᠲᠤᠰᠬᠠᠢ ᠵᠦᠢᠯ ᠤᠨ ᠥᠷᠢ ᠥᠭᠴᠡᠭᠡ ᠶᠢᠨ ᠵᠢᠭᠡᠯᠯᠡᠯᠭᠡ ᠵᠢᠭᠡᠯᠡᠬᠦ ᠴᠢᠬᠤᠯᠠᠲᠠᠢ ᠪᠣᠯ᠂ | ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠲᠠᠷᠬᠠᠭᠠᠬᠤ ᠪᠠᠷ ᠳᠠᠮᠵᠢᠨ ᠪᠡᠯᠡ ᠲᠣᠬᠢᠷᠠᠭᠤᠯᠤᠨ᠂ ᠡᠭᠦᠨ ᠲᠠᠢ | ᠵᠣᠬᠢᠴᠠᠭᠰᠠᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠤᠶᠤ ᠲᠤᠰ ᠲᠦᠷᠦᠯ ᠵᠦᠢᠯ ᠤᠨ ᠲᠤᠰᠬᠠᠢ | ᠵᠦᠢᠯ ᠤᠨ ᠣᠷᠣᠯᠭ᠎ᠠ ᠪᠠᠷ ᠢᠶᠠᠨ ᠲᠦᠯᠦᠬᠦ ᠬᠡᠷᠡᠭᠲᠡᠢ᠃ | ︵ᠭᠤᠷᠪᠠ︶ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠲᠠᠢ ᠬᠤᠷᠰᠢᠯᠴᠠᠬᠤ ᠵᠠᠭᠪᠤᠷ ᠢ | ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠨᠡᠶᠢᠭᠡᠮ ᠤᠨ ᠬᠦᠷᠦᠩᠭᠡ ᠶᠢ ᠵᠣᠷᠢᠬᠵᠢᠭᠤᠯᠤᠨ ᠣᠨᠴᠠ ᠵᠥᠪᠰᠢᠶᠡᠷᠡᠯ ᠤᠨ | ᠡᠵᠡᠩᠨᠡᠯᠲᠡ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠬᠤᠲᠠ ᠶᠢᠨ ᠰᠠᠭᠤᠷᠢ ᠪᠡᠯᠡᠳᠭᠡᠮᠵᠢ ᠵᠡᠷᠭᠡ ᠵᠣᠬᠢᠬᠤ ᠠᠰᠢᠭ | ᠣᠯᠵᠠᠪᠤᠷᠢ ᠲᠠᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠦᠢᠯᠡᠰ ᠤᠨ ᠪᠡᠯᠡ ᠣᠷᠣᠭᠤᠯᠤᠯᠲᠠ ᠪᠠ | ᠡᠵᠡᠩᠨᠡᠯᠲᠡ ᠳᠤ ᠣᠷᠣᠯᠴᠠᠭᠤᠯᠬᠤ ᠬᠡᠷᠡᠭᠲᠡᠢ᠃ ᠬᠤᠲᠠ ᠶᠢᠨ ᠰᠠᠭᠤᠷᠢ ᠪᠡᠯᠡᠳᠭᠡᠮᠵᠢ ᠪᠠ ᠨᠡᠶᠢᠲᠡ ᠶᠢᠨ ᠬᠡᠷᠡᠭᠯᠡᠭᠡᠨ ᠤ | ᠠᠵᠢᠯ ᠦᠢᠯᠡᠰ ᠤᠨ ᠬᠦᠷᠢᠶ᠎ᠡ ᠴᠠᠷᠠᠭ᠎ᠠ ᠶᠢ ᠭᠤᠣᠯᠳᠠᠯᠭ᠎ᠠ ᠲᠠᠢ ᠠᠩᠬᠠᠷᠴᠤ᠂ ᠦᠨ᠎ᠡ ᠲᠣᠭᠲᠠᠭᠠᠬᠤ ᠲᠣᠭᠲᠠᠴᠠ ᠪᠠᠷ | ᠢᠯᠡ ᠲᠣᠳᠣ᠂ ᠲᠣᠭᠲᠠᠪᠤᠷᠢᠲᠠᠢ ᠪᠡᠯᠡᠨ ᠵᠣᠭᠤᠰ ᠤᠨ ᠬᠦᠢᠯᠭᠡᠭᠡ ᠲᠠᠢ ᠲᠦᠷᠦᠯ ᠵᠦᠢᠯ ᠢ ᠤᠷᠢᠳᠠᠪᠡᠷ ᠰᠤᠩᠭᠤᠵᠤ᠂ | ᠲᠣᠬᠠᠶᠢᠯᠠᠪᠠᠯ ᠬᠤᠲᠠ ᠶᠢᠨ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠪᠣᠬᠢᠷ ᠤᠰᠤ ᠪᠠ ᠬᠤᠭ | ᠨᠣᠪᠰᠢ ᠶᠢ ᠰᠢᠢᠳᠪᠦᠷᠢᠯᠡᠬᠦ᠂ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ᠂ ᠭᠠᠵᠠᠷ | ᠳᠣᠣᠷᠠᠬᠢ ᠶᠡᠷᠦᠩᠭᠡᠶᠢᠯᠡᠭᠰᠡᠨ ᠬᠤᠭᠤᠯᠠᠢ ᠭᠤᠤᠷᠰᠤ ᠶᠢᠨ ᠭᠤᠳᠤᠮᠵᠢ᠂ ᠲᠣᠭᠤᠷᠢᠯ ᠵᠠᠮ ᠨᠡᠪᠲᠡᠷᠡᠯᠭᠡ᠂ ᠡᠮ ᠡᠮᠨᠡᠯᠭᠡ | ᠪᠠ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠳᠤ᠂ ᠵᠠᠰᠠᠭ ᠤᠨ ᠣᠷᠳᠣᠨ ᠪᠠ ᠨᠡᠶᠢᠭᠡᠮ ᠤᠨ ᠪᠡᠯᠡ | ᠮᠥᠩᠭᠦ ᠶᠢᠨ ᠬᠤᠷᠰᠢᠯᠴᠠᠬᠤ ᠵᠠᠭᠪᠤᠷ ᠤᠨ ᠲᠣᠷᠰᠢᠯᠲᠠ ᠶᠢᠨ ᠴᠢᠬ ᠤᠨ ᠲᠦᠷᠦᠯ ᠵᠦᠢᠯ ᠢ ᠢᠳᠡᠪᠬᠢᠲᠠᠢ | ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠪᠡᠯᠡ ᠣᠷᠣᠭᠤᠯᠤᠭᠴᠢᠳ ᠵᠠᠬ᠎ᠠ ᠳᠡᠯᠭᠡᠭᠦᠷᠴᠢᠯᠡᠯᠲᠡ ᠶᠢᠨ | ᠵᠠᠷᠴᠢᠮ ᠢᠶᠠᠷ ᠪᠡᠯᠡ ᠭᠠᠷᠭᠠᠵᠤ᠂ ᠪᠣᠯᠵᠣᠭᠰᠠᠨ ᠵᠢᠷᠤᠮ ᠢᠶᠠᠷ ᠲᠤᠰᠠᠭᠠᠷ ᠪᠤᠶᠤ ᠵᠠᠰᠠᠭ ᠤᠨ ᠣᠷᠳᠣᠨ ᠲᠠᠢ ᠬᠠᠮᠲᠤ ᠪᠠᠷ | ᠣᠨᠴᠣᠭᠤᠢ ᠵᠣᠷᠢᠯᠭ᠎ᠠ ᠲᠠᠢ ᠺᠤᠮᠫᠠᠨᠢ ᠯᠤᠭ᠎ᠠ ᠪᠦᠳᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠬᠤᠷᠰᠢᠯᠴᠠᠬᠤ | ᠲᠦᠷᠦᠯ ᠵᠦᠢᠯ ᠢ ᠪᠠᠶᠢᠭᠤᠯᠬᠤ ᠬᠡᠷᠡᠭᠲᠡᠢ᠃ ᠪᠡᠯᠡ ᠣᠷᠣᠭᠤᠯᠤᠭᠴᠢᠳ ᠪᠤᠶᠤ ᠣᠨᠴᠣᠭᠤᠢ ᠵᠤᠷᠢᠯᠭ᠎ᠠ ᠲᠠᠢ | ᠺᠣᠮᠫᠠᠨᠢ ᠠᠴᠠ ᠪᠠᠩᠬᠢ ᠶᠢᠨ ᠵᠢᠭᠡᠯᠡᠯᠭᠡ᠂ ᠠᠵᠤ ᠠᠬᠤᠶᠢᠯᠠᠯ ᠤᠨ ᠥᠷᠢ᠂ ᠲᠦᠷᠦᠯ ᠵᠦᠢᠯ ᠤᠨ ᠠᠰᠢᠭ | ᠣᠯᠵᠠᠪᠤᠷᠢ ᠶᠢᠨ ᠵᠢᠭᠡᠯᠡᠯᠭᠡ ᠶᠢᠨ ᠲᠡᠮᠳᠡᠭ᠂ ᠡᠳ᠋ ᠬᠦᠷᠦᠩᠭᠡ ᠶᠢᠨ ᠲᠡᠮᠳᠡᠭᠵᠢᠯᠡᠬᠦ ᠵᠡᠷᠭᠡ ᠵᠠᠬ᠎ᠠ ᠳᠡᠯᠭᠡᠭᠦᠷᠴᠢᠯᠡᠭᠰᠡᠨ | ᠠᠷᠭ᠎ᠠ ᠮᠠᠶ᠋ᠢᠭ ᠢᠶᠠᠷ ᠳᠠᠮᠵᠢᠨ ᠵᠢᠭᠡᠯᠡᠯᠭᠡ ᠵᠢᠭᠡᠯᠡᠬᠦ ᠶᠢᠨ ᠬᠠᠮᠲᠤ ᠥᠷᠢ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠴᠢᠳ ᠪᠤᠶᠤ ᠣᠨᠴᠣᠭᠤᠢ ᠵᠣᠷᠢᠯᠭ᠎ᠠ ᠲᠠᠢ ᠺᠣᠮᠫᠠᠨᠢ ᠳᠤ | ᠪᠣᠯᠵᠣᠭᠰᠠᠨ ᠵᠢᠷᠤᠮ ᠤᠨ ᠶᠣᠰᠤᠭᠠᠷ ᠣᠨᠴᠠ ᠵᠥᠪᠰᠢᠶᠡᠷᠡᠬᠦ ᠡᠵᠡᠩᠨᠡᠯᠲᠡ ᠶᠢᠨ ᠡᠷᠬᠡ ᠣᠯᠭᠤᠬᠤ᠂ ᠵᠤᠬᠢᠰᠳᠠᠢ ᠦᠨ᠎ᠡ | ᠲᠣᠭᠲᠠᠭᠠᠬᠤ᠂ ᠡᠳ᠋ ᠤᠨ ᠵᠠᠰᠠᠭ ᠤᠨ ᠨᠥᠬᠦᠪᠦᠷᠢ ᠵᠡᠷᠭᠡ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠤᠰᠤᠭᠠᠷ | ᠡᠭᠦᠷᠭᠡᠯᠡᠵᠦ ᠪᠠᠶᠢᠭᠠᠳ ᠪᠡᠯᠡ ᠣᠷᠣᠭᠤᠯᠣᠭᠴᠢᠳ ᠲᠤ ᠤᠷᠳᠤ ᠬᠤᠭᠤᠴᠠᠭᠠᠨ ᠤ ᠲᠣᠭᠲᠠᠪᠤᠷᠢᠲᠠᠢ ᠠᠰᠢᠭ ᠣᠯᠵᠠᠪᠤᠷᠢ | ᠣᠯᠭᠤᠵᠤ᠂ ᠪᠡᠯᠡ ᠣᠷᠣᠭᠤᠯᠤᠭᠴᠢᠳ ᠪᠣᠶᠤ ᠣᠨᠴᠣᠭᠤᠢ ᠵᠣᠷᠢᠯᠭ᠎ᠠ ᠲᠠᠢ ᠺᠤᠮᠫᠠᠨᠢ ᠶᠢᠨ ᠥᠷᠢ ᠲᠦᠯᠦᠬᠦ | ᠬᠠᠷᠢᠭᠤᠴᠠᠯᠭ᠎ᠠ ᠶᠢ ᠡᠭᠦᠷᠭᠡᠯᠡᠭᠦ ᠦᠭᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠤᠨ | ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠤᠷᠰᠢᠯᠴᠠᠬᠤ ᠵᠠᠭᠪᠤᠷ ᠢᠶᠠᠷ ᠳᠠᠮᠵᠢᠨ᠂ ᠬᠤᠯᠪᠤᠭᠳᠠᠯ ᠪᠦᠬᠦᠢ ᠠᠵᠤ | ᠠᠬᠤᠶᠢᠯᠠᠯ ᠢ ᠬᠤᠪᠢᠷᠠᠭᠤᠯᠤᠨ ᠪᠡᠯᠡ ᠲᠣᠬᠢᠷᠠᠭᠤᠯᠬᠤ ᠲᠠᠪᠴᠠᠩ ᠤᠨ ᠺᠣᠮᠫᠠᠨᠢ ᠪᠣᠯᠭᠠᠵᠤ᠂ ᠡᠳ᠋ ᠤᠨ ᠵᠠᠰᠠᠭ ᠤᠨ | ᠨᠦᠬᠦᠪᠦᠷᠢ ᠪᠠᠷ ᠵᠢᠭᠡᠯᠡᠯᠭᠡ ᠶᠢ ᠲᠦᠯᠦᠵᠦ ᠪᠣᠯᠬᠤ ᠦᠭᠡᠢ᠃ | ︵ᠲᠦᠷᠪᠡ︶ ᠵᠠᠰᠠᠭ ᠤᠨ ᠣᠷᠳᠣᠨ ᠪᠤᠶᠤ ᠳᠡᠭᠦᠨ ᠤ ᠥᠷᠢ ᠥᠭᠴᠡᠭᠡ ᠳᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠡᠯᠡ ᠲᠣᠬᠢᠷᠠᠭᠤᠯᠬᠤ ᠲᠠᠪᠴᠠᠩ ᠤᠨ ᠺᠤᠮᠫᠠᠨᠢ ᠶᠢᠨ ᠵᠠᠰᠠᠭ ᠤᠨ | ᠣᠷᠳᠤᠨ ᠤ ᠪᠡᠯᠡ ᠲᠣᠬᠢᠷᠠᠭᠤᠯᠬᠤ ᠡᠭᠦᠷᠭᠡ ᠴᠢᠳᠠᠪᠤᠷᠢ ᠶᠢ ᠰᠠᠯᠭᠠᠵᠤ᠂ ᠪᠡᠯᠡ ᠲᠣᠬᠢᠷᠠᠭᠤᠯᠬᠤ ᠲᠠᠪᠴᠠᠩ ᠤᠨ | ᠺᠤᠮᠫᠠᠨᠢ ᠠᠴᠠ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠃ ᠡᠯ᠎ᠡ | ᠱᠠᠳᠤᠨ ᠤ ᠠᠷᠠᠳ ᠤᠨ ᠵᠠᠰᠠᠭ ᠤᠨ ᠣᠷᠳᠣᠨ ᠤ ᠬᠢᠨ ᠰᠢᠨ᠎ᠡ ᠪᠠᠷ ᠪᠣᠢ ᠪᠣᠯᠤᠬᠰᠠᠨ ᠪᠤᠶᠤ ᠥᠷᠢ ᠥᠭᠴᠡᠭᠡ ᠶᠢ ᠨᠢ᠂ | ᠬᠠᠤᠯᠢ ᠶᠤᠰᠤᠭᠠᠷ ᠳᠠᠭᠠᠭᠠᠯᠳᠠ ᠬᠢᠬᠦ ᠬᠡᠪᠴᠢᠶᠡᠨ ᠲᠤᠳᠤᠷ᠎ᠠ ᠴᠢᠩᠭ᠎ᠠ ᠬᠢᠵᠠᠭᠠᠷᠯᠠᠬᠤ ᠶᠢᠨ ᠬᠠᠮᠲᠤ᠂ | ᠳᠠᠭᠠᠭᠠᠯᠲᠠ ᠶᠢᠨ ᠭᠡᠷ᠎ᠡ ᠶᠢ ᠦᠨᠳᠦᠰᠦᠯᠡᠨ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠤᠨ ᠤ ᠥᠷᠢ ᠥᠭᠴᠡᠭᠡ ᠳᠤᠨᠢ ᠪᠦᠷᠢᠳᠭᠡᠨ ᠵᠠᠳᠠᠯᠬᠤ | ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠯᠪᠤᠭᠳᠠᠯ ᠪᠦᠬᠦᠢ ᠬᠢᠨᠠᠨ ᠬᠠᠮᠢᠶᠠᠷᠬᠤ ᠠᠵᠢᠯ ᠢ | ᠰᠠᠶᠢᠲᠦᠷ ᠬᠢᠬᠦ ᠬᠡᠷᠡᠭᠲᠡᠢ᠃ ᠡᠭᠦᠨ ᠤ ᠬᠠᠮᠲᠤ᠂ ᠪᠡᠯᠡ ᠲᠣᠬᠢᠷᠠᠭᠤᠯᠬᠤ ᠲᠠᠪᠴᠠᠩ ᠤᠨ ᠺᠤᠮᠫᠠᠨᠢ ᠶᠢᠨ ᠦᠯᠡᠳᠡᠭᠡᠯ | ᠥᠷᠢ ᠥᠭᠴᠡᠭᠡ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠄ ᠬᠤᠳᠠᠯᠳᠤᠭᠠᠨ ᠤ ᠭᠡᠷ ᠪᠠᠶᠢᠰᠢᠩ ᠭᠠᠵᠠᠷ ᠬᠦᠷᠦᠩᠭᠡ | ᠵᠡᠷᠭᠡ ᠡᠵᠡᠩᠨᠡᠯᠲᠡ ᠶᠢᠨ ᠴᠢᠨᠠᠷᠲᠠᠢ ᠲᠦᠷᠦᠯ ᠵᠦᠢᠯ ᠳᠤ᠂ ᠵᠠᠰᠠᠭ ᠤᠨ ᠣᠷᠳᠣᠨ ᠲᠠᠢ ᠬᠠᠷᠢᠴᠠᠭ᠎ᠠ ᠬᠤᠯᠪᠤᠭ᠎ᠠ ᠪᠠᠨ | ᠲᠠᠰᠤᠯᠵᠤ᠂ ᠵᠠᠬ᠎ᠠ ᠳᠡᠯᠭᠡᠭᠦᠷ ᠵᠦᠭ ᠪᠦᠷᠢᠮᠦᠰᠦᠨ ᠲᠦᠯᠬᠢᠵᠤ᠂ ᠥᠷᠢ ᠥᠭᠴᠡᠭᠡ ᠶᠢ ᠨᠢ ᠠᠵᠤ ᠠᠬᠤᠶᠢᠯᠠᠯ ᠤᠨ | ᠥᠷᠢ ᠥᠭᠴᠡᠭᠡ ᠪᠣᠯᠭᠠᠨ ᠬᠤᠪᠢᠷᠠᠭᠤᠯᠤᠨ᠎ᠠ︔ ᠤᠰᠤ ᠬᠠᠩᠭᠠᠬᠤ ᠬᠡᠢ ᠬᠠᠩᠭᠠᠬᠤ᠂ ᠬᠤᠭ ᠨᠣᠪᠰᠢ ᠰᠢᠢᠳᠪᠦᠷᠢᠯᠡᠬᠦ | ᠵᠡᠷᠭᠡ ᠨᠡᠶᠢᠭᠡᠮ ᠤᠨ ᠬᠦᠷᠦᠩᠭᠡ ᠮᠦᠡᠭᠬᠦ ᠶᠢ ᠲᠠᠲᠠᠨ ᠣᠷᠣᠯᠴᠠᠭᠤᠯᠤᠬᠰᠠᠨ ᠨᠡᠶᠢᠭᠡᠮ ᠤᠨ ᠠᠰᠠᠷᠠᠮᠵᠢ ᠶᠢᠨ ᠴᠢᠨᠠᠷᠲᠠᠢ | ᠲᠦᠷᠦᠯ ᠵᠦᠢᠯ ᠳᠤ᠂ ᠥᠷᠢ ᠥᠭᠴᠡᠭᠡ ᠶᠢ ᠨᠢ ᠲᠦᠷᠦᠯ ᠵᠦᠢᠯ ᠤᠨ ᠺᠤᠮᠫᠠᠨᠢ ᠠᠴᠠ ᠵᠠᠬ᠎ᠠ ᠳᠡᠯᠭᠡᠭᠦᠷᠴᠢᠯᠡᠯᠲᠡ ᠶᠢᠨ | ᠵᠠᠷᠴᠢᠮ ᠤᠨ ᠶᠤᠰᠤᠭᠠᠷ ᠵᠢᠭᠡᠯᠡᠯᠭᠡ ᠵᠢᠭᠡᠯᠡᠬᠦ ᠪᠠ ᠲᠦᠯᠦᠵᠦ᠂ ᠵᠠᠰᠠᠭ ᠤᠨ ᠣᠷᠳᠤᠨ ᠠᠴᠠ ᠤᠷᠢᠳᠴᠢᠯᠠᠨ | ᠪᠣᠯᠵᠣᠭᠰᠠᠨ ᠶᠤᠰᠤᠭᠠᠷ᠂ ᠣᠨᠴᠠ ᠵᠥᠪᠰᠢᠶᠡᠷᠡᠬᠦ ᠡᠵᠡᠩᠨᠡᠯᠲᠡ ᠶᠢᠨ ᠡᠷᠬᠡ ᠣᠯᠭᠤᠬᠤ᠂ ᠡᠳ᠋ ᠤᠨ ᠵᠠᠰᠠᠭ ᠤᠨ | ᠨᠥᠬᠦᠪᠦᠷᠢ ᠦᠭᠬᠦ᠂ ᠵᠤᠬᠢᠰᠳᠠᠢ ᠦᠨ᠎ᠡ ᠲᠣᠭᠲᠠᠭᠠᠬᠤ ᠵᠡᠷᠭᠡ ᠬᠠᠷᠢᠭᠤᠴᠠᠯᠭ᠎ᠠ ᠡᠭᠦᠷᠭᠡᠯᠡᠵᠦ᠂ ᠥᠷᠢ ᠲᠦᠯᠦᠬᠦ | ᠬᠠᠷᠢᠭᠤᠴᠠᠯᠭ᠎ᠠ ᠶᠢ ᠡᠭᠦᠷᠭᠡᠯᠡᠬᠦ ᠦᠭᠡᠢ︔ ᠨᠡᠶᠢᠭᠡᠮ ᠤᠨ ᠬᠦᠷᠦᠩᠭᠡ ᠮᠦᠡᠭᠬᠦ ᠶᠢᠨ ᠣᠷᠣᠯᠴᠠᠬᠤ ᠶᠢ ᠲᠠᠲᠠᠬᠤ ᠳᠤ | ᠬᠦᠴᠢᠷᠲᠠᠢ᠂ ᠵᠠᠰᠠᠭ ᠤᠨ ᠣᠷᠳᠣᠨ ᠠᠴᠠ ᠵᠢᠭᠡᠯᠡᠯᠭᠡ ᠵᠢᠭᠡᠯᠡᠬᠦ ᠦᠨᠡᠨᠬᠦ ᠴᠢᠬᠤᠯᠠᠲᠠᠢ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠲᠦᠷᠦᠯ ᠵᠦᠢᠯ ᠳᠤ᠂ ᠥᠷᠢ ᠥᠭᠴᠡᠭᠡ ᠶᠢ ᠨᠢ ᠵᠠᠰᠠᠭ ᠤᠨ ᠣᠷᠳᠣᠨ ᠤ ᠥᠷᠢ ᠥᠭᠴᠡᠭᠡ ᠪᠣᠯᠭᠠᠨ | ᠬᠤᠪᠢᠷᠠᠭᠤᠯᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠣᠷᠣᠨ ᠨᠤᠲᠤᠭ ᠤᠨ | ᠵᠢᠭᠡᠯᠡᠯᠭᠡ ᠶᠢᠨ ᠲᠡᠮᠳᠡᠭ ᠲᠠᠷᠬᠠᠭᠠᠨ ᠪᠡᠯᠡ ᠲᠣᠬᠢᠷᠠᠭᠤᠯᠵᠤ ᠰᠤᠯᠢᠬᠤ ᠪᠠᠷ ᠭᠤᠶᠤᠴᠢᠯᠠᠵᠤ ᠪᠤᠯᠤᠨ᠎ᠠ᠃ | ᠭᠤᠷᠪᠠ᠂ ᠪᠦᠬᠦ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠤᠨ ᠤ ᠥᠷᠢ ᠥᠭᠴᠡᠭᠡ ᠳᠤ | ᠬᠡᠪᠴᠢᠶ᠎ᠡ ᠶᠢ ᠨᠢ ᠬᠢᠵᠠᠭᠠᠷᠯᠠᠬᠤ ᠪᠠ ᠲᠥᠰᠥᠪ ᠤᠨ ᠬᠠᠮᠢᠶᠠᠷᠤᠯᠲᠠ ᠬᠢᠬᠦ ᠶᠢ ᠬᠡᠷᠡᠭᠵᠢᠭᠦᠯᠬᠦ ᠬᠡᠷᠡᠭᠲᠡᠢ | ︵ᠨᠢᠭᠡ︶ ᠪᠦᠬᠦ ᠣᠷᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠳᠤ | ᠬᠡᠪᠴᠢᠶ᠎ᠡ ᠶᠢ ᠨᠢ ᠬᠢᠵᠠᠭᠠᠷᠯᠠᠬᠤ ᠶᠢ ᠬᠡᠷᠡᠭᠵᠢᠭᠦᠯᠬᠦ ᠬᠡᠷᠡᠭᠲᠡᠢ᠃ ᠪᠦᠬᠦ ᠣᠷᠣᠨ ᠤ ᠣᠷᠣᠨ ᠨᠤᠲᠤᠭ ᠤᠨ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠡᠪᠴᠢᠶ᠎ᠡ ᠳᠤ ᠬᠢᠵᠠᠭᠠᠷᠯᠠᠬᠤ ᠳᠤᠭ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠥᠷᠢ ᠥᠭᠴᠡᠭᠡ ᠶᠢ ᠵᠦᠪᠰᠢᠶᠡᠷᠡᠭᠰᠡᠨ | ᠬᠢᠵᠠᠭᠠᠷᠯᠠᠬᠤ ᠲᠤᠭ᠎ᠠ ᠠᠴᠠ ᠬᠡᠲᠦᠷᠡᠭᠦᠯᠵᠦ ᠪᠣᠯᠬᠤ ᠦᠭᠡᠢ᠃ ᠪᠦᠬᠦ ᠣᠷᠣᠨ ᠤ ᠣᠷᠣᠨ ᠨᠤᠲᠤᠭ ᠤᠨ ᠵᠠᠰᠠᠭ ᠤᠨ | ᠣᠷᠳᠣᠨ ᠤ ᠡᠩ ᠤᠨ ᠥᠷᠢ ᠥᠭᠴᠡᠭᠡ ᠪᠠ ᠲᠤᠰᠬᠠᠢ ᠵᠦᠢᠯ ᠤᠨ ᠥᠷᠢ ᠥᠭᠴᠡᠭᠡ ᠶᠢᠨ ᠬᠡᠪᠴᠢᠶ᠎ᠡ ᠶᠢ | ᠬᠢᠵᠠᠭᠠᠷᠯᠠᠬᠤ ᠲᠤᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠣᠷᠳᠤᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠭᠰᠡᠨ ᠬᠢᠵᠠᠭᠠᠷᠯᠠᠬᠤ | ᠲᠣᠭᠠᠨ ᠤ ᠲᠤᠳᠤᠷ᠎ᠠ ᠲᠣᠭᠲᠠᠭᠠᠬᠤ ᠬᠡᠷᠡᠭᠲᠡᠢ᠃ | ︵ᠬᠤᠶᠠᠷ︶ ᠵᠠᠰᠠᠭ ᠤᠨ ᠣᠷᠳᠣᠨ ᠤ ᠵᠢᠭᠡᠯᠡᠯᠭᠡ ᠵᠢᠭᠡᠯᠡᠬᠦ ᠳᠡᠰ ᠳᠠᠷᠠᠭᠠᠯᠠᠯ ᠪᠠ ᠪᠡᠯᠡ ᠮᠥᠩᠭᠦ ᠶᠢᠨ | ᠬᠡᠷᠡᠭᠯᠡᠯᠲᠡ ᠶᠢ ᠬᠢᠵᠠᠭᠠᠷᠯᠠᠨ ᠳᠤᠬᠳᠠᠭᠠᠬᠤ ᠶᠢ ᠴᠢᠩᠳᠠᠯᠠᠬᠤ ᠬᠡᠷᠡᠭᠲᠡᠢ᠃ ᠦᠪᠡᠷᠳᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠠᠴᠠ ᠲᠣᠭᠲᠠᠭᠠᠭᠰᠠᠨ ᠬᠢᠵᠠᠭᠠᠷᠯᠠᠬᠤ ᠲᠣᠭᠠᠨ ᠤ ᠲᠤᠳᠤᠷ᠎ᠠ᠂ ᠦᠪᠡᠷᠳᠡᠭᠡᠨ | ᠵᠠᠰᠠᠬᠤ ᠤᠷᠤᠨ ᠠᠴᠠ ᠡᠳ᠋ ᠤᠨ ᠵᠠᠰᠠᠭ ᠤᠨ ᠲᠢᠩᠬᠢᠮ ᠨᠢ ᠪᠦᠬᠦ ᠤᠷᠤᠨ ᠤ ᠥᠷᠢ ᠥᠭᠴᠡᠭᠡ ᠶᠢᠨ ᠲᠦᠭᠰᠢᠭᠦᠷᠢ᠂ | ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠦᠪᠡᠷᠳᠡᠭᠡᠨ ᠵᠠᠰᠠᠬᠤ ᠤᠷᠤᠨ ᠤ ᠲᠤᠰ | ᠱᠠᠲᠤ ᠵᠢᠴᠢ ᠠᠶᠢᠮᠠᠭ ᠬᠤᠲᠠ ᠶᠢᠨ ᠥᠷᠢ ᠥᠭᠴᠡᠭᠡ ᠶᠢᠨ ᠬᠡᠪᠴᠢᠶ᠎ᠡ ᠶᠢ ᠲᠥᠰᠥᠭᠡᠯᠡᠨ ᠪᠣᠳᠣᠵᠤ᠂ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠰᠥᠪ ᠤᠨ | ᠲᠣᠬᠢᠷᠠᠭᠤᠯᠬᠤ ᠲᠦᠰᠦᠯ ᠢᠶᠠᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠲᠥᠰᠥᠪ ᠤᠨ | ᠲᠣᠬᠢᠷᠠᠭᠤᠯᠬᠤ ᠲᠥᠰᠥᠯ ᠢᠶᠠᠨ ᠵᠦᠪᠰᠢᠶᠡᠷᠡᠭᠦᠯᠦᠭᠰᠡᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠨᠢ ᠬᠠᠮᠢᠶ᠎ᠠ ᠪᠦᠬᠦᠢ ᠬᠦᠴᠦᠨ ᠵᠦᠢᠯ ᠢ ᠦᠨᠳᠦᠰᠦᠯᠡᠨ ᠠᠶᠢᠮᠠᠭ ᠬᠤᠲᠠ ᠳᠤ ᠬᠤᠪᠢᠶᠠᠷᠢᠯᠠᠬᠤ | ᠥᠷᠢ ᠥᠭᠴᠡᠭᠡ ᠶᠢᠨ ᠬᠡᠪᠴᠢᠶ᠎ᠡ ᠶᠢ ᠲᠦᠰᠦᠭᠡᠯᠡᠨ ᠪᠣᠳᠣᠵᠤ᠂ ᠦᠪᠡᠷᠳᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠡᠯ᠎ᠡ ᠠᠶᠢᠮᠠᠭ ᠬᠤᠲᠠ ᠳᠤ ᠶᠠᠪᠤᠭᠤᠯᠬᠤ | ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ | ᠵᠠᠰᠠᠬᠤ ᠣᠷᠣᠨ ᠠᠴᠠ ᠵᠦᠪᠰᠢᠶᠡᠷᠡᠭᠰᠡᠨ ᠠᠶᠢᠮᠠᠭ ᠬᠤᠲᠠ ᠳᠤ ᠬᠢᠵᠠᠭᠠᠷᠯᠠᠬᠤ ᠲᠣᠭᠠᠨ ᠤ ᠲᠣᠲᠣᠷ᠎ᠠ ᠥᠷᠢ ᠥᠭᠴᠡᠭᠡ | ᠵᠢᠭᠡᠯᠡᠯᠭᠡ ᠵᠢᠭᠡᠯᠡᠬᠦ ᠳᠤ᠂ ᠡᠷᠬᠡᠪᠰᠢ ᠲᠤᠰ ᠱᠠᠳᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ | ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠬᠦ ᠪᠤᠶᠤ ᠳᠠᠩᠰᠠᠯᠠᠭᠤᠯᠬᠤ ᠬᠡᠷᠡᠭᠲᠡᠢ᠃ | ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷᠯᠠᠬᠤ ᠲᠣᠭᠠᠨ ᠤ ᠲᠤᠲᠤᠷ᠎ᠠ᠂ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠣᠨ ᠤ ᠥᠷᠢ ᠥᠭᠴᠡᠭᠡ ᠶᠢᠨ ᠪᠡᠯᠡ ᠮᠥᠩᠭᠦ ᠬᠡᠷᠡᠭᠯᠡᠬᠦ ᠴᠢᠭᠯᠡᠯ ᠪᠠ ᠭᠤᠣᠯᠳᠠᠯᠭ᠎ᠠ ᠶᠢ | ᠦᠨᠳᠦᠰᠦᠯᠡᠨ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠲᠣᠰ ᠭᠠᠵᠠᠷ ᠣᠷᠣᠨ᠂ ᠲᠣᠰ ᠰᠠᠯᠠᠭ᠎ᠠ ᠮᠦᠴᠢᠷ ᠤᠨ ᠥᠷᠢ ᠥᠭᠴᠡᠭᠡ ᠶᠢᠨ ᠪᠡᠯᠡ ᠮᠥᠩᠭᠦ ᠶᠢᠨ | ᠲᠦᠷᠦᠯ ᠵᠦᠢᠯ ᠤᠨ ᠬᠡᠷᠡᠭᠯᠡᠬᠦ ᠲᠥᠯᠥᠪᠯᠡᠭᠡ ᠪᠠᠨ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠢᠨᠠᠨ ᠬᠠᠷᠭᠤᠭᠤᠯᠵᠤ ᠬᠤᠷᠢᠶᠠᠩᠭᠤᠶᠢᠯᠠᠭᠰᠠᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠷᠣᠨ ᠨᠤᠲᠤᠭ ᠤᠨ ᠵᠠᠰᠠᠭ ᠤᠨ ᠣᠷᠳᠣᠨ ᠢ | ᠵᠣᠬᠢᠶᠠᠨ ᠪᠠᠶᠢᠭᠤᠯᠤᠨ ᠵᠢᠭᠡᠯᠡᠯᠭᠡ ᠶᠢᠨ ᠲᠡᠮᠳᠡᠭ ᠲᠠᠷᠬᠠᠭᠠᠵᠤ ᠥᠷᠢ ᠥᠭᠴᠡᠭᠡ ᠶᠢᠨ ᠪᠡᠯᠡ ᠮᠥᠩᠭᠦ ᠴᠤᠭᠯᠠᠭᠤᠯᠬᠤ | ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠤ ᠬᠢᠨ ᠵᠢᠭᠡᠯᠡᠯᠭᠡ ᠶᠢᠨ ᠥᠷᠢ ᠥᠭᠴᠡᠭᠡ ᠳᠤ ᠵᠠᠬ᠎ᠠ | ᠳᠡᠯᠭᠡᠭᠦᠷᠴᠢᠯᠡᠬᠦ ᠵᠠᠷᠴᠢᠮ ᠢ ᠵᠢᠷᠤᠮᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠬᠢᠨ | ᠵᠠᠰᠠᠭ ᠤᠨ ᠣᠷᠳᠣᠨ ᠤ ᠥᠷᠢ ᠥᠭᠴᠡᠭᠡ ᠶᠢᠨ ᠵᠢᠭᠡᠯᠡᠯᠭᠡ ᠵᠢᠭᠡᠯᠡᠬᠦ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠢᠳᠡᠭᠡᠮᠵᠢ ᠶᠢ ᠬᠠᠮᠠᠭᠠᠯᠠᠬᠤ ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ | ᠣᠷᠳᠣᠨ ᠨᠤᠭᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠪᠠᠷ ᠳᠠᠮᠵᠢᠨ ᠥᠷᠢ ᠥᠭᠴᠡᠭᠡᠨ ᠤ | ᠵᠢᠭᠡᠯᠡᠯᠭᠡ ᠵᠢᠭᠡᠯᠡᠵᠦ ᠪᠣᠯᠬᠤ ᠦᠭᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠣᠷᠳᠣᠨ ᠤ ᠵᠢᠭᠡᠯᠡᠭᠰᠡᠨ ᠥᠷᠢ | ᠥᠭᠴᠡᠭᠡ ᠶᠢ ᠵᠥᠪᠬᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠡᠯᠡ ᠮᠥᠩᠭᠦ ᠶᠢᠨ ᠵᠠᠷᠤᠯᠭ᠎ᠠ ᠪᠠ ᠦᠯᠡᠳᠡᠭᠡᠯ | ᠥᠷᠢ ᠥᠭᠴᠡᠭᠡ ᠶᠢ ᠵᠣᠬᠢᠬᠤ ᠬᠡᠮᠵᠢᠶ᠎ᠡ ᠪᠠᠷ ᠪᠤᠴᠠᠭᠠᠬᠤ ᠳᠤ ᠬᠡᠷᠡᠭᠯᠡᠵᠦ᠂ ᠪᠠᠶᠢᠩᠭᠤ ᠶᠢᠨ ᠴᠢᠨᠠᠷᠲᠠᠢ ᠵᠠᠷᠤᠯᠭ᠎ᠠ ᠳᠤ | ᠬᠡᠷᠡᠭᠯᠡᠵᠦ ᠪᠣᠯᠬᠤ ᠦᠭᠡᠢ᠃ | ︵ᠭᠤᠷᠪᠠ︶ ᠪᠦᠬᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢ ᠵᠦᠢᠯ ᠢᠯᠭᠠᠨ | ᠲᠦᠷᠦᠯ ᠬᠤᠪᠢᠶᠠᠵᠤ ᠬᠠᠮ ᠳᠦᠷᠦᠯᠵᠢᠯ ᠤᠨ ᠲᠥᠰᠥᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠃ | ᠵᠠᠰᠠᠭ ᠤᠨ ᠣᠷᠳᠤᠨ ᠤ ᠥᠷᠢ ᠦᠭᠴᠡᠭᠡ ᠵᠢᠴᠢ ᠬᠤᠯᠪᠤᠭᠳᠠᠯ ᠪᠦᠬᠦᠢ ᠣᠷᠣᠯᠭ᠎ᠠ ᠵᠠᠷᠤᠯᠭ᠎ᠠ ᠶᠢ ᠳᠣᠣᠷᠠᠬᠢ | ᠱᠠᠭᠠᠷᠳᠠᠯᠭ᠎ᠠ ᠶᠢᠨ ᠶᠤᠰᠤᠭᠠᠷ ᠲᠦᠰᠦᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠢ᠄ ᠡᠯ᠎ᠡ ᠱᠠᠳᠤᠨ ᠤ | ᠠᠷᠠᠳ ᠤᠨ ᠵᠠᠰᠠᠭ ᠤᠨ ᠣᠷᠳᠤᠨ ᠠᠴᠠ ᠲᠤᠬᠠᠢ ᠶᠢᠨ ᠵᠢᠯ ᠤᠨ ᠵᠢᠭᠡᠯᠡᠯᠭᠡ ᠵᠢᠭᠡᠯᠡᠭᠰᠡᠨ ᠡᠩ ᠤᠨ ᠥᠷᠢ ᠦᠭᠴᠡᠭᠡ᠂ | ᠲᠤᠰᠬᠠᠢ ᠵᠦᠢᠯ ᠤᠨ ᠥᠷᠢ ᠦᠭᠴᠡᠭᠡ ᠶᠢᠨ ᠣᠷᠣᠯᠭ᠎ᠠ ᠵᠠᠷᠣᠯᠭ᠎ᠠ ᠶᠢ ᠲᠤᠰ ᠳᠤᠰ ᠡᠩ ᠤᠨ ᠤᠯᠠᠨ ᠨᠡᠶᠢᠲᠡ ᠶᠢᠨ | ᠲᠦᠰᠦᠪ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ ᠲᠦᠰᠦᠪ ᠲᠤ ᠣᠷᠣᠭᠤᠯᠬᠤ ᠬᠡᠷᠡᠭᠲᠡᠢ︔ | ᠦᠯᠡᠳᠡᠭᠡᠯ ᠦᠷᠢ ᠦᠭᠴᠡᠭᠡ ᠶᠢ ᠡᠬᠡ ᠬᠦᠦ ᠲᠠᠢ ᠨᠢ ᠪᠤᠴᠠᠭᠠᠬᠤ ᠵᠠᠷᠤᠯᠭ᠎ᠠ ᠳᠤ ᠦᠷᠢ ᠦᠭᠴᠡᠭᠡ ᠳᠤᠨᠢ ᠵᠠᠰᠠᠭ ᠤᠨ | ᠣᠷᠳᠤᠨ ᠪᠤᠶᠤ ᠲᠡᠬᠦᠨ ᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠦᠷᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ | ᠦᠷᠢ ᠲᠦᠯᠦᠬᠦ ᠪᠡᠯᠡ ᠮᠦᠩᠬᠦ ᠴᠢᠬᠤᠯᠠᠲᠠᠢ ᠪᠣᠯ᠂ ᠵᠠᠰᠠᠭ ᠤᠨ ᠤᠷᠳᠤᠨ ᠪᠠ ᠨᠡᠶᠢᠭᠡᠮ ᠤᠨ ᠬᠦᠷᠦᠩᠭᠡ ᠲᠠᠢ | ᠬᠤᠷᠰᠢᠯᠴᠠᠬᠤ ᠵᠠᠭᠪᠣᠷ ᠤᠨ ᠲᠦᠷᠦᠯ ᠵᠦᠢᠯ ᠳᠠᠬᠢ ᠡᠳ᠋ ᠤᠨ ᠵᠠᠰᠠᠭ ᠤᠨ ᠨᠦᠬᠦᠪᠦᠷᠢ᠂ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠲᠦᠷᠦᠯ ᠵᠦᠢᠯ ᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠠᠬᠢ ᠡᠳ᠋ ᠤᠨ | ᠵᠠᠰᠠᠭ ᠤᠨ ᠨᠦᠬᠦᠪᠦᠷᠢ᠂ ᠬᠦᠷᠦᠩᠭᠡ ᠮᠦᠩᠬᠦ ᠤᠷᠤᠭᠤᠯᠬᠤ ᠵᠡᠷᠭᠡ ᠶᠢ ᠨᠢ᠂ ᠪᠡᠯᠡ ᠮᠦᠩᠬᠦ ᠶᠢᠨ ᠰᠢᠨᠵᠢ ᠴᠢᠨᠠᠷ ᠢᠶᠠᠷ | ᠳᠤᠰ ᠳᠤᠰ ᠡᠩ ᠤᠨ ᠤᠯᠠᠨ ᠨᠡᠶᠢᠲᠡ ᠶᠢᠨ ᠲᠦᠰᠦᠪ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠬᠦ ᠶᠢᠨ | ᠲᠦᠰᠦᠪ ᠲᠤ ᠤᠷᠤᠭᠤᠯᠬᠤ ᠬᠡᠷᠡᠭᠲᠡᠢ᠃ ᠵᠠᠰᠠᠭ ᠤᠨ ᠤᠷᠳᠤᠨ ᠤ ᠪᠤᠶᠤ ᠦᠷᠢ ᠦᠭᠴᠡᠭᠡ ᠶᠢ ᠨᠢ ᠲᠦᠰᠦᠪ ᠤᠨ | ᠬᠢᠨᠠᠨ ᠬᠠᠮᠢᠶᠠᠷᠬᠤ ᠬᠡᠪᠴᠢᠶᠡᠨ ᠳᠤ ᠤᠷᠤᠭᠤᠯᠬᠤ ᠳᠤ᠂ ᠲᠦᠰᠦᠪ ᠤᠨ ᠮᠡᠳᠡᠭᠦᠯᠦᠯᠲᠡ ᠶᠢᠨ ᠬᠦᠰᠦᠨᠦᠭ ᠤᠨ | ᠲᠤᠳᠤᠷᠬᠠᠶᠢᠯᠠᠯ ᠪᠤᠶᠤ ᠳᠠᠭᠠᠯᠳᠤᠭᠤᠯᠤᠯ ᠬᠦᠰᠦᠨᠦᠭ ᠤᠨ ᠬᠡᠯᠪᠡᠷᠢ ᠪᠠᠷ ᠠᠳᠠᠯᠢ ᠱᠠᠳᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠬᠦ ᠬᠡᠷᠡᠭᠲᠡᠢ᠃ ᠦᠷᠢ ᠦᠭᠴᠡᠭᠡ ᠶᠢᠨ ᠵᠠᠷᠤᠯᠭ᠎ᠠ ᠶᠢᠨ ᠡᠩ ᠤᠨ | ᠡᠳ᠋ ᠤᠨ ᠵᠠᠰᠠᠭ ᠤᠨ ᠤᠨ ᠠᠯᠤᠰᠯᠠᠭᠰᠠᠨ ᠤᠨᠴᠠᠯᠢᠭ ᠢ ᠦᠨᠳᠦᠰᠦᠯᠡᠨ᠂ ᠭᠤᠷᠪᠠᠨ ᠵᠢᠯ ᠤᠨ ᠦᠷᠢ ᠦᠭᠴᠡᠭᠡ ᠶᠢᠨ | ᠲᠦᠯᠦᠪᠵᠢᠭᠦᠯᠭᠡ ᠵᠣᠬᠢᠶᠠᠬᠤ ᠶᠢ ᠢᠳᠡᠪᠬᠢᠲᠡᠢ ᠪᠠᠷ ᠶᠠᠪᠤᠭᠳᠠᠭᠤᠯᠬᠤ ᠬᠡᠷᠡᠭᠲᠡᠢ᠃ ᠤᠨ ᠤ ᠲᠦᠰᠦᠪ ᠲᠤ | ᠣᠷᠤᠭᠤᠯᠤᠬᠰᠠᠨ ᠦᠭᠡᠢ ᠦᠷᠢ ᠦᠭᠴᠡᠭᠡ ᠶᠢᠨ ᠲᠦᠷᠦᠯ ᠵᠦᠢᠯ ᠳᠤ᠂ ᠲᠦᠷᠦᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠪᠠ ᠪᠠᠷᠢᠯᠭ᠎ᠠ ᠡᠬᠢᠯᠡᠬᠦᠯᠦᠨ ᠪᠦᠲᠦᠭᠡᠨ ᠪᠠᠶᠢᠭᠤᠯᠵᠤ ᠪᠤᠯᠬᠤ ᠦᠭᠡᠢ᠃ | ᠲᠦᠷᠪᠡ᠂ ᠣᠷᠣᠨ ᠨᠣᠲᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠦᠭᠴᠡᠭᠡ ᠶᠢᠨ | ᠲᠦᠭᠰᠢᠬᠦᠷᠢ ᠶᠢ ᠡᠵᠡᠮᠳᠡᠬᠦ ᠪᠠ ᠨᠠᠮᠳᠠᠭᠤᠯᠬᠤ ᠬᠡᠷᠡᠭᠲᠡᠢ | ︵ᠨᠢᠭᠡ︶ ᠣᠷᠤᠨ ᠨᠤᠳᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠦᠭᠴᠡᠭᠡ ᠶᠢᠨ | ᠲᠦᠭᠰᠢᠭᠦᠷᠢ ᠶᠢᠨ ᠤᠷᠢᠳᠴᠢᠯᠡᠨ ᠰᠡᠷᠡᠮᠵᠢᠯᠡᠬᠦ ᠲᠤᠭᠳᠠᠴᠠ ᠶᠢ ᠪᠠᠶᠢᠭᠤᠯᠬᠤ ᠬᠡᠷᠡᠭᠲᠡᠢ᠃ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠬᠢᠨ ᠲᠦᠭᠰᠢᠭᠦᠷᠢ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠦᠷᠢ | ᠲᠠᠯᠪᠢᠨ ᠪᠦᠳᠦᠭᠡᠨ ᠪᠠᠶᠢᠭᠤᠯᠬᠤ ᠪᠠ ᠡᠳ᠋ ᠤᠨ ᠵᠠᠰᠠᠭ ᠤᠨ ᠲᠦᠭᠰᠢᠭᠦᠷᠢ ᠶᠢᠨ ᠲᠡᠩᠴᠡᠭᠦᠷᠢ ᠶᠢᠨ ᠬᠠᠷᠢᠴᠠᠭ᠎ᠠ ᠶᠢ | ᠰᠠᠶᠢᠳᠦᠷ ᠡᠵᠡᠮᠳᠡᠵᠤ᠂ ᠦᠷᠢ ᠦᠭᠴᠡᠭᠡ ᠶᠢᠨ ᠬᠡᠪᠴᠢᠶ᠎ᠡ ᠶᠢ ᠡᠷᠡᠰ ᠴᠢᠩᠭ᠎ᠠ ᠪᠠᠷ ᠬᠢᠵᠠᠭᠠᠷᠯᠠᠬᠤ ᠬᠡᠷᠡᠭᠲᠡᠢ᠃ | ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠠᠴᠠ ᠡᠯ᠎ᠡ ᠭᠠᠵᠠᠷ ᠣᠷᠤᠨ ᠤ ᠡᠩ ᠤᠨ ᠦᠷᠢ | ᠦᠭᠴᠡᠭᠡ᠂ ᠲᠤᠰᠬᠠᠢ ᠵᠦᠢᠯ ᠤᠨ ᠦᠷᠢ ᠦᠭᠴᠡᠭᠡ᠂ ᠪᠠᠶᠢᠭ᠎ᠠ ᠦᠷᠢ ᠦᠭᠴᠡᠭᠡ᠂ ᠦᠷᠢ ᠦᠭᠴᠡᠭᠡ ᠪᠠᠨ ᠲᠦᠯᠦᠬᠦ | ᠂ ᠡᠩ ᠤᠨ ᠤᠯᠠᠨ ᠨᠡᠶᠢᠲᠡ ᠶᠢᠨ ᠲᠦᠰᠦᠪ ᠤᠨ ᠡᠳ᠋ ᠤᠨ ᠬᠦᠴᠦᠨ ᠪᠠ ᠵᠠᠰᠠᠭ ᠤᠨ ᠤᠷᠳᠤᠨ ᠤ ᠴᠢᠨᠠᠷᠲᠠᠢ ᠰᠠᠭᠤᠷᠢ | ᠮᠦᠩᠬᠦ ᠶᠢᠨ ᠲᠦᠰᠦᠪ ᠤᠨ ᠡᠳ᠋ ᠤᠨ ᠬᠦᠴᠦᠨ ᠵᠡᠷᠭᠡ ᠪᠠᠶᠢᠳᠠᠯ ᠢ ᠦᠨᠳᠦᠰᠦᠯᠡᠨ᠂ ᠡᠩ ᠤᠨ ᠦᠷᠢ ᠦᠭᠴᠡᠭᠡᠨ ᠤ | ᠨᠤᠷᠮ᠎ᠠ᠂ ᠲᠤᠰᠬᠠᠢ ᠵᠦᠢᠯ ᠤᠨ ᠦᠷᠢ ᠦᠭᠴᠡᠭᠡᠨ ᠤ ᠨᠤᠷᠮ᠎ᠠ᠂ ᠰᠢᠨ᠎ᠡ ᠪᠠᠷ ᠨᠡᠮᠡᠭᠳᠡᠭᠰᠡᠨ ᠦᠷᠢ ᠦᠭᠴᠡᠭᠡᠨ ᠤ | ᠨᠤᠷᠮ᠎ᠠ᠂ ᠦᠷᠢ ᠲᠦᠯᠦᠬᠦ ᠨᠤᠷᠮ᠎ᠠ᠂ ᠬᠤᠭᠤᠴᠠᠭ᠎ᠠ ᠨᠢ ᠬᠡᠲᠦᠷᠡᠭᠰᠡᠨ ᠦᠷᠢ ᠦᠭᠴᠡᠭᠡᠨ ᠤ ᠨᠤᠷᠮ᠎ᠠ ᠵᠢᠴᠢ | ᠶᠡᠷᠦᠩᠭᠡᠶᠢᠯᠡᠭᠰᠡᠨ ᠦᠷᠢ ᠦᠭᠴᠡᠭᠡᠨ ᠤ ᠨᠤᠷᠮ᠎ᠠ ᠵᠡᠷᠭᠡ ᠭᠦᠢᠴᠡᠳᠬᠡᠯ ᠲᠤᠭ᠎ᠠ ᠶᠢ ᠲᠦᠰᠦᠭᠡᠯᠡᠨ ᠪᠤᠳᠤᠵᠤ᠂ ᠡᠯ᠎ᠡ | ᠭᠠᠵᠠᠷ ᠤᠷᠤᠨ ᠤ ᠦᠷᠢ ᠦᠭᠴᠡᠭᠡ ᠶᠢᠨ ᠲᠦᠭᠰᠢᠭᠦᠷᠢ ᠶᠢᠨ ᠪᠠᠶᠢᠳᠠᠯ ᠢ ᠦᠨᠡᠯᠡᠨ ᠵᠢᠱᠢᠵᠦ᠂ ᠦᠷᠢ ᠦᠭᠴᠡᠭᠡ ᠶᠢᠨ | ᠲᠦᠭᠰᠢᠭᠦᠷᠢ ᠶᠡᠬᠡᠲᠡᠢ ᠭᠠᠵᠠᠷ ᠤᠷᠤᠨ ᠳᠤ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠭᠦᠯᠬᠦ ᠬᠡᠷᠡᠭᠲᠡᠢ᠃ | ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠭᠦᠯᠬᠦ ᠬᠡᠪᠴᠢᠶᠡᠨ ᠳᠤ ᠵᠢᠭᠰᠠᠭᠠᠭᠳᠠᠭᠰᠠᠨ ᠦᠷᠢ ᠦᠭᠴᠡᠭᠡ ᠶᠢᠨ | ᠲᠦᠭᠰᠢᠭᠦᠷᠢ ᠶᠡᠬᠡᠲᠡᠢ ᠭᠠᠵᠠᠷ ᠤᠷᠤᠨ ᠳᠤ᠂ ᠢᠳᠡᠪᠬᠢᠳᠠᠢ ᠪᠠᠷ ᠠᠷᠭ᠎ᠠ ᠬᠡᠮᠵᠢᠶ᠎ᠡ ᠠᠪᠴᠣ᠂ ᠲᠦᠭᠰᠢᠭᠦᠷᠢ ᠶᠢ ᠠᠯᠬᠤᠮ | ᠠᠯᠬᠤᠮ ᠢᠶᠠᠷ ᠪᠠᠭᠤᠷᠠᠭᠤᠯᠬᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠲᠣᠭᠲᠠᠮᠠᠯ ᠬᠤᠭᠤᠴᠠᠭ᠎ᠠ ᠲᠠᠢ ᠲᠤᠰ | ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠳᠡᠭᠡᠳᠦ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠦᠷᠢ ᠦᠭᠴᠡᠭᠡ ᠶᠢᠨ ᠲᠦᠭᠰᠢᠭᠦᠷᠢ ᠶᠢ ᠨᠠᠮᠳᠠᠭᠤᠯᠤᠭᠰᠠᠨ ᠪᠠᠶᠢᠳᠠᠯ ᠢ ᠮᠡᠳᠡᠭᠦᠯᠬᠦ ᠬᠡᠷᠡᠭᠲᠡᠢ᠃ ᠦᠷᠢ ᠦᠭᠴᠡᠭᠡ ᠶᠢᠨ | ᠲᠦᠭᠰᠢᠭᠦᠷᠢ ᠬᠠᠷᠢᠴᠠᠩᠭᠤᠢ ᠪᠠᠷ ᠪᠠᠭ᠎ᠠ ᠭᠠᠵᠠᠷ ᠤᠷᠤᠨ ᠳᠤ᠂ ᠦᠷᠢ ᠦᠭᠴᠡᠭᠡ ᠶᠢᠨ ᠦᠯᠡᠳᠡᠪᠤᠷᠢ ᠲᠤᠭ᠎ᠠ ᠶᠢᠨ | ᠬᠡᠪᠴᠢᠶ᠎ᠡ ᠪᠠ ᠨᠡᠮᠡᠭᠳᠡᠯ ᠤᠨ ᠬᠤᠷᠳᠤᠴᠠ ᠶᠢ ᠵᠤᠬᠢᠰᠳᠠᠢ ᠪᠠᠷ ᠬᠢᠵᠠᠭᠠᠷᠯᠠᠬᠤ ᠬᠡᠷᠡᠭᠲᠡᠢ᠃ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠴᠦ ᠲᠤᠰ ᠭᠠᠵᠠᠷ ᠤᠷᠤᠨ ᠤ ᠡᠩ ᠤᠨ ᠦᠷᠢ ᠦᠭᠴᠡᠭᠡ᠂ ᠲᠤᠰᠬᠠᠢ | ᠵᠦᠢᠯ ᠤᠨ ᠦᠷᠢ ᠦᠭᠴᠡᠭᠡ᠂ ᠪᠠᠶᠢᠭ᠎ᠠ ᠦᠷᠢ ᠦᠭᠴᠡᠭᠡ ᠵᠡᠷᠭᠡ ᠪᠠᠶᠢᠳᠠᠯ ᠢ ᠦᠨᠳᠦᠰᠦᠯᠡᠨ᠂ ᠦᠷᠢ ᠦᠭᠴᠡᠭᠡ ᠶᠢᠨ | ᠲᠦᠭᠰᠢᠭᠦᠷᠢ ᠶᠢᠨ ᠪᠠᠶᠢᠳᠠᠯ ᠢ ᠦᠨᠡᠯᠡᠨ ᠵᠢᠱᠢᠵᠦ᠂ ᠲᠦᠭᠰᠢᠭᠦᠷᠢ ᠶᠢ ᠢᠳᠡᠪᠬᠢᠳᠠᠢ ᠪᠠᠷ ᠤᠬᠠᠮᠰᠠᠷ ᠠᠴᠠ ᠪᠠᠨ | ᠰᠡᠷᠡᠮᠵᠢᠯᠡᠨ ᠡᠵᠡᠮᠳᠡᠬᠦ ᠬᠡᠷᠡᠭᠲᠡᠢ᠃ | ︵ᠬᠤᠶᠠᠷ︶ ᠦᠷᠢ ᠦᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠤᠭᠳᠠᠴᠠ ᠶᠢ ᠪᠠᠶᠢᠭᠤᠯᠬᠤ ᠬᠡᠷᠡᠭᠲᠡᠢ᠃ ᠲᠦᠰᠦᠪ ᠤᠨ ᠬᠢᠵᠠᠭᠠᠷᠯᠠᠯ ᠢ ᠴᠢᠩᠭᠠᠳᠬᠠᠵᠤ᠂ ᠶᠤᠰᠤ ᠮᠤᠷᠠᠯ ᠤᠨ | ᠲᠦᠭᠰᠢᠬᠦᠷᠢ ᠶᠢ ᠰᠡᠷᠡᠮᠵᠢᠯᠡᠨ᠂ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ | ᠵᠢᠭᠡᠯᠡᠯᠭᠡ ᠵᠢᠭᠡᠯᠡᠭᠰᠡᠨ ᠦᠷᠢ ᠦᠭᠴᠡᠭᠡᠨ ᠳᠤ ᠲᠦᠯᠦᠬᠦ ᠬᠠᠷᠢᠭᠤᠴᠠᠯᠭ᠎ᠠ ᠡᠭᠦᠷᠭᠡᠯᠡᠵᠦ᠂ ᠥᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠠᠪᠤᠷᠠᠨ ᠲᠡᠩᠬᠡᠷᠡᠭᠦᠯᠬᠦ ᠦᠭᠡᠢ ᠵᠠᠷᠴᠢᠮ ᠢ ᠬᠡᠷᠡᠭᠵᠢᠭᠦᠯᠬᠦ | ᠬᠡᠷᠡᠭᠲᠡᠢ᠃ ᠡᠯ᠎ᠡ ᠭᠠᠵᠠᠷ ᠤᠷᠤᠨ ᠠᠴᠠ ᠦᠷᠢ ᠦᠭᠴᠡᠭᠡ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠲᠦᠰᠦᠯ ᠲᠤᠭᠲᠠᠭᠠᠵᠤ᠂ ᠬᠠᠷᠢᠭᠤᠴᠠᠯᠭ᠎ᠠ ᠨᠡᠭᠡᠮᠵᠢᠯᠡᠬᠦ ᠲᠤᠭᠳᠠᠴᠠ ᠶᠢ ᠪᠠᠶᠢᠭᠤᠯᠬᠤ ᠬᠡᠷᠡᠭᠲᠡᠢ᠃ | ᠦᠷᠢ ᠪᠠᠨ ᠲᠦᠯᠦᠬᠦ ᠳᠤ ᠬᠦᠴᠢᠷᠳᠠᠯ ᠲᠤᠯᠭᠠᠷᠠᠬᠤ ᠦᠶᠡᠰ᠂ ᠲᠦᠷᠦᠯ ᠵᠦᠢᠯ ᠤᠨ ᠬᠡᠪᠴᠢᠶ᠎ᠡ ᠶᠢ ᠬᠢᠵᠠᠭᠠᠷᠯᠠᠬᠤ᠂ | ᠠᠯᠪᠠᠨ ᠵᠠᠷᠤᠳᠠᠯ ᠤᠨ ᠵᠠᠷᠤᠯᠭ᠎ᠠ ᠶᠢ ᠪᠠᠭᠠᠰᠬᠠᠬᠤ ᠪᠠ ᠦᠯᠡᠳᠡᠭᠡᠯ ᠬᠦᠷᠦᠩᠭᠡ ᠶᠢ ᠰᠢᠢᠳᠪᠦᠷᠢᠯᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ᠂ ᠤᠯᠠᠨ ᠵᠠᠮ ᠮᠥᠷ ᠢᠶᠠᠷ ᠪᠡᠯᠡ ᠮᠦᠩᠬᠦ ᠴᠤᠭᠯᠠᠭᠤᠯᠤᠨ ᠦᠷᠢ ᠦᠭᠴᠡᠭᠡ ᠪᠠᠨ ᠲᠦᠯᠦᠬᠦ | ᠬᠡᠷᠡᠭᠲᠡᠢ᠃ ᠦᠷᠢ ᠦᠭᠴᠡᠭᠡ ᠪᠠᠨ ᠥᠪᠡᠰᠦᠪᠡᠨ ᠲᠦᠯᠦᠵᠦ ᠲᠡᠶᠢᠯᠬᠦ ᠦᠭᠡᠢ ᠦᠶᠡᠰ᠂ ᠴᠠᠭ ᠲᠤᠬᠠᠢ ᠳᠤᠨᠢ | ᠳᠡᠭᠡᠭᠰᠢ ᠮᠡᠳᠡᠬᠦᠯᠦᠨ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠠ ᠳᠡᠭᠡᠳᠦ ᠱᠠᠳᠤᠨ ᠤ ᠠᠷᠠᠳ ᠤᠨ | ᠵᠠᠰᠠᠭ ᠤᠨ ᠤᠷᠳᠤᠨ ᠠᠴᠠ ᠦᠷᠢ ᠦᠭᠴᠡᠭᠡ ᠶᠢᠨ ᠲᠦᠭᠰᠢᠬᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠲᠦᠰᠦᠯ ᠪᠠ ᠬᠠᠷᠢᠭᠤᠴᠠᠯᠭ᠎ᠠ ᠨᠡᠭᠡᠮᠵᠢᠯᠡᠬᠦ ᠲᠤᠭᠳᠠᠴᠠ ᠶᠢ ᠡᠬᠢᠯᠡᠨ ᠠᠵᠢᠯᠯᠠᠭᠤᠯᠵᠤ᠂ ᠦᠷᠢ ᠦᠭᠴᠡᠭᠡ ᠶᠢᠨ | ᠲᠦᠭᠰᠢᠬᠦᠷᠢ ᠶᠢ ᠦᠨᠡᠨᠬᠦ ᠨᠠᠮᠳᠠᠭᠤᠯᠬᠤ ᠶᠢᠨ ᠬᠠᠮᠲᠤ᠂ ᠬᠤᠯᠪᠤᠭᠳᠠᠯ ᠪᠦᠬᠦᠢ ᠬᠦᠮᠦᠰ ᠤᠨ ᠬᠠᠷᠢᠭᠤᠴᠠᠯᠭ᠎ᠠ ᠶᠢ | ᠨᠡᠭᠡᠮᠵᠢᠯᠡᠬᠦ ᠬᠡᠷᠡᠭᠲᠡᠢ᠃ | ︵ᠭᠤᠷᠪᠠ︶ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠳᠤ ᠶᠢ ᠲᠦᠪ ᠴᠢᠩᠭ᠎ᠠ ᠪᠠᠶᠢᠯᠭᠠᠬᠤ | ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠤᠯᠪᠤᠬᠳᠠᠯ ᠪᠦᠬᠦᠢ ᠰᠠᠯᠠᠭ᠎ᠠ | ᠮᠦᠴᠢᠷ ᠤᠳ ᠨᠢ ᠬᠠᠤᠯᠢ ᠪᠠ ᠲᠤᠭᠳᠠᠭᠠᠯ ᠠᠴᠠ ᠵᠦᠷᠢᠴᠡᠨ ᠪᠡᠯᠡ ᠲᠤᠬᠢᠷᠠᠭᠤᠯᠬᠤ᠂ ᠵᠠᠰᠠᠭ ᠤᠨ ᠤᠷᠳᠤᠨ ᠤ ᠦᠷᠢ | ᠦᠭᠴᠡᠭᠡ ᠶᠢᠨ ᠪᠡᠯᠡ ᠮᠦᠩᠬᠦ ᠶᠢ ᠲᠤᠭᠳᠠᠭᠠᠯ ᠠᠴᠠ ᠵᠦᠷᠢᠴᠡᠨ ᠬᠡᠷᠡᠭᠯᠡᠬᠦ ᠪᠠ ᠲᠤᠭᠳᠠᠭᠠᠯ ᠠᠴᠠ ᠵᠦᠷᠢᠴᠡᠨ | ᠳᠠᠭᠠᠭᠠᠯᠳᠠ ᠬᠢᠭᠰᠡᠳ ᠲᠤ ᠲᠤᠷᠭᠠᠬᠤ ᠲᠤᠭᠳᠠᠴᠠ ᠶᠢ ᠪᠠᠶᠢᠭᠤᠯᠤᠨ᠂ ᠤᠷᠤᠨ ᠨᠤᠳᠤᠭ ᠤᠨ ᠵᠠᠰᠠᠭ ᠤᠨ ᠤᠷᠳᠤᠨ ᠤ | ᠴᠢᠨᠠᠷᠲᠠᠢ ᠦᠷᠢ ᠦᠭᠴᠡᠭᠡ ᠶᠢᠨ ᠬᠠᠮᠢᠶᠠᠷᠤᠯᠳᠠ ᠳᠤ ᠬᠢᠨᠠᠯᠲᠠ ᠲᠠᠯᠪᠢᠨ ᠪᠠᠶᠢᠴᠠᠭᠠᠬᠤ ᠡᠷᠴᠢᠮ ᠢ ᠴᠢᠩᠭᠠᠷᠠᠭᠤᠯᠬᠤ | ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠠᠷᠢᠶ᠎ᠠ ᠰᠠᠯᠠᠭ᠎ᠠ ᠮᠦᠴᠢᠷ᠂ | ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠡ ᠨᠢ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠲᠦᠰᠦᠪ ᠤᠨ ᠬᠠᠤᠯᠢ︾ ᠠᠴᠠ ᠵᠦᠷᠢᠴᠡᠨ ᠦᠷᠢ ᠦᠭᠴᠡᠭᠡ ᠶᠢᠨ ᠵᠢᠭᠡᠯᠡᠯᠭᠡ ᠵᠢᠭᠡᠯᠡᠵᠦ ᠪᠣᠯᠬᠤ ᠦᠭᠡᠢ᠂ | ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠠᠵᠢᠯ ᠦᠢᠯᠡᠰ ᠤᠨ ᠬᠦᠭᠵᠢᠯᠲᠡ ᠶᠢ ᠳᠡᠳᠬᠦᠬᠦ ᠨᠡᠷ᠎ᠡ ᠪᠠᠷ ᠦᠷᠢ | ᠦᠭᠴᠡᠭᠡ ᠶᠢᠨ ᠵᠢᠭᠡᠯᠡᠯᠭᠡ ᠵᠢᠭᠡᠯᠡᠵᠦ ᠪᠠᠶᠢᠩᠭᠤ ᠶᠢᠨ ᠴᠢᠨᠠᠷᠲᠠᠢ ᠵᠠᠷᠤᠯᠭ᠎ᠠ ᠪᠤᠶᠤ ᠠᠰᠠᠷ ᠲᠠᠭᠳᠤ ᠲᠢᠩᠬᠢᠮ | ᠪᠠᠭᠤᠳᠠᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠵᠦ ᠪᠤᠯᠬᠤ ᠦᠭᠡᠢ᠂ ᠦᠷᠢ ᠦᠭᠴᠡᠭᠡ ᠶᠢᠨ ᠪᠡᠯᠡ ᠮᠦᠩᠬᠦ ᠶᠢ | ᠰᠢᠯᠵᠢᠬᠦᠯᠦᠨ ᠬᠡᠷᠡᠭᠯᠡᠬᠦ ᠪᠤᠶᠤ ᠨᠢᠭᠡᠨᠲᠡ ᠳᠤᠬᠳᠠᠭᠠᠬᠰᠠᠨ ᠪᠡᠯᠡ ᠮᠦᠩᠬᠦ ᠶᠢᠨ ᠬᠡᠷᠡᠭᠯᠡᠯᠲᠡ ᠶᠢ ᠬᠤᠪᠢᠷᠠᠭᠤᠯᠵᠤ ᠪᠤᠯᠬᠤ | ᠦᠭᠡᠢ︔ ᠠᠵᠤ ᠠᠬᠤᠶᠢᠯᠠᠯ ᠳᠤ ᠣᠷᠣᠭᠤᠯᠤᠭᠰᠠᠨ ᠪᠡᠯᠡ ᠮᠦᠩᠬᠦ᠂ ᠡᠳ᠋ ᠤᠨ ᠵᠠᠰᠠᠭ ᠤᠨ ᠨᠦᠬᠦᠪᠦᠷᠢ ᠵᠡᠷᠭᠡ ᠦᠢᠯᠡ | ᠠᠵᠢᠯᠯᠠᠭ᠎ᠠ ᠨᠢ ᠡᠷᠬᠡᠪᠰᠢ ᠬᠠᠤᠯᠢ ᠶᠤᠰᠤᠭᠠᠷ ᠲᠤᠭᠳᠠᠭᠠᠯ ᠳᠤ ᠨᠡᠶᠢᠴᠡᠭᠰᠡᠨ ᠪᠠᠶᠢᠵᠤ᠂ ᠶᠠᠮᠠᠷᠪᠠ ᠨᠢᠭᠡᠴᠡ ᠪᠠ ᠬᠤᠪᠢ | ᠬᠦᠮᠦᠨ ᠳᠤ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠠᠭᠠᠭᠠᠯᠲᠠ ᠶᠢᠨ ᠬᠠᠤᠯᠢ︾ ᠠᠴᠠ | ᠵᠦᠷᠢᠴᠡᠨ ᠶᠠᠮᠠᠷ ᠨᠢᠭᠡᠨ ᠠᠷᠭ᠎ᠠ ᠮᠠᠶ᠋ᠢᠭ ᠢᠶᠠᠷ ᠳᠠᠭᠠᠭᠠᠯᠲᠠ ᠬᠠᠩᠭᠠᠵᠤ ᠪᠤᠯᠬᠤ ᠦᠭᠡᠢ︔ ᠮᠦᠩᠬᠦᠨ ᠬᠦᠢᠯᠭᠡᠭᠡᠨ ᠤ | ᠪᠠᠶᠢᠭᠤᠯᠤᠮᠵᠢ ᠵᠡᠷᠭᠡ ᠶᠢᠨ ᠬᠡᠪ ᠤᠨ ᠡᠵᠡᠩᠨᠡᠯᠲᠡ ᠶᠢᠨ ᠠᠵᠢᠯᠯᠠᠭ᠎ᠠ ᠶᠢ ᠲᠤᠭᠳᠠᠭᠠᠯ ᠠᠴᠠ ᠵᠦᠷᠢᠴᠡᠨ ᠬᠠᠷᠰᠢᠯᠠᠵᠤ | ᠪᠤᠯᠬᠤ ᠦᠭᠡᠢ᠂ ᠮᠦᠩᠬᠦᠨ ᠬᠦᠢᠯᠭᠡᠭᠡᠨ ᠤ ᠪᠠᠶᠢᠭᠤᠯᠤᠮᠵᠢ ᠵᠡᠷᠭᠡ ᠶᠢ ᠠᠯᠪᠠᠳᠠᠵᠤ ᠵᠠᠰᠠᠭ ᠤᠨ ᠤᠷᠳᠤᠨ ᠤ ᠴᠢᠨᠠᠷᠳᠠᠢ | ᠪᠡᠯᠡ ᠲᠤᠬᠢᠷᠠᠭᠤᠯᠭ᠎ᠠ ᠬᠠᠩᠭᠠᠵᠤ ᠪᠤᠯᠬᠤ ᠦᠭᠡᠢ᠃ ᠡᠯ᠎ᠡ ᠭᠠᠵᠠᠷ ᠤᠷᠤᠨ ᠤ ᠬᠢᠨ ᠭᠠᠵᠠᠷ ᠰᠢᠷᠤᠢ ᠶᠢ ᠬᠢᠮᠳᠠ | ᠦᠨ᠎ᠡ ᠪᠠᠷ ᠬᠤᠳᠠᠯᠳᠤᠬᠤ ᠶᠢᠨ ᠬᠠᠮᠢᠶᠠᠷᠤᠯᠳᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠪᠠ | ᠲᠤᠭᠳᠠᠭᠠᠯ ᠠᠴᠠ ᠵᠦᠷᠢᠴᠡᠨ ᠬᠢᠮᠳᠡ ᠦᠨ᠎ᠡ ᠪᠠᠷ ᠭᠠᠵᠠᠷ ᠰᠢᠷᠤᠢ ᠪᠠᠨ ᠬᠤᠳᠠᠯᠳᠤᠬᠤ ᠵᠢᠴᠢ ᠪᠡᠯᠡ ᠲᠤᠬᠢᠷᠠᠭᠤᠯᠬᠤ | ᠠᠵᠢᠯᠯᠠᠭ᠎ᠠ ᠬᠢᠬᠦ ᠶᠢ ᠡᠷᠡᠰ ᠬᠤᠷᠢᠭᠯᠠᠬᠤ ᠬᠡᠷᠡᠭᠲᠡᠢ᠃ | ᠲᠠᠪᠤ᠂ ᠳᠦᠬᠦᠷᠵᠢᠭᠰᠡᠨ ᠲᠦᠷᠢᠮ ᠢ ᠲᠡᠭᠦᠯᠳᠡᠷᠵᠢᠬᠦᠯᠬᠦ ᠬᠡᠷᠡᠭᠲᠡᠢ | ︵ᠨᠢᠭᠡ︶ ᠦᠷᠢ ᠦᠭᠴᠡᠭᠡ ᠶᠢᠨ ᠮᠡᠳᠡᠭᠦᠯᠦᠯᠲᠡ ᠪᠠ ᠢᠯᠡ ᠪᠣᠯᠭᠠᠬᠤ ᠲᠦᠷᠢᠮ ᠢ ᠳᠡᠭᠦᠯᠳᠡᠷᠵᠢᠬᠦᠯᠬᠦ | ᠬᠡᠷᠡᠭᠲᠡᠢ᠃ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢᠨ ᠪᠦᠷᠢᠳᠭᠡᠨ ᠮᠡᠳᠡᠭᠦᠯᠬᠦ ᠲᠦᠷᠢᠮ ᠢ | ᠳᠡᠭᠦᠯᠳᠡᠷᠵᠢᠬᠦᠯᠦᠨ᠂ ᠡᠯ᠎ᠡ ᠰᠠᠯᠠᠭ᠎ᠠ ᠮᠦᠴᠢᠷ ᠨᠢ ᠲᠤᠭᠳᠠᠭᠠᠯ ᠶᠤᠰᠤᠭᠠᠷ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ | ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠦᠷᠢ ᠦᠭᠴᠡᠭᠡ ᠶᠢᠨ ᠮᠡᠳᠡᠭᠡ ᠵᠠᠩᠬᠢ ᠶᠢ ᠮᠡᠳᠡᠬᠦᠯᠦᠨ | ᠬᠦᠷᠭᠡᠵᠦ᠂ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠲᠠᠢ ᠪᠡᠯᠡ ᠲᠤᠬᠢᠷᠠᠭᠤᠯᠬᠤ ᠲᠠᠪᠴᠠᠩ ᠤᠨ | ᠺᠤᠮᠫᠠᠨᠢ ᠨᠢ ᠲᠣᠭᠲᠠᠮᠠᠯ ᠬᠤᠭᠤᠴᠠᠭ᠎ᠠ ᠲᠠᠢ ᠪᠠᠷ ᠠᠳᠠᠯᠢ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠨᠢᠭᠲᠠᠯᠠᠨ ᠪᠤᠳᠤᠯᠳᠠ᠂ ᠦᠷᠢ ᠦᠭᠴᠡᠭᠡ ᠮᠡᠳᠡᠭᠦᠯᠬᠦ ᠬᠦᠰᠦᠨᠦᠭ ᠢ ᠮᠡᠳᠡᠭᠦᠯᠦᠨ ᠬᠦᠷᠭᠡᠬᠦ ᠬᠡᠷᠡᠭᠲᠡᠢ᠃ ᠡᠯ᠎ᠡ | ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠦᠷᠢ ᠦᠭᠴᠡᠭᠡ ᠶᠢᠨ ᠲᠤᠭ᠎ᠠ ᠪᠠᠷᠢᠮᠲᠠ ᠶᠢ ᠬᠢᠨᠠᠮᠠᠭᠠᠢ | ᠬᠢᠨᠠᠨ ᠪᠠᠶᠢᠴᠠᠭᠠᠵᠤ᠂ ᠬᠦᠳᠡᠯᠦᠩᠭᠦᠢ ᠪᠠᠶᠢᠳᠠᠯ ᠢᠶᠠᠷ ᠬᠢᠨᠠᠨ ᠡᠵᠡᠮᠰᠢᠬᠦ ᠪᠠᠨ ᠴᠢᠩᠭᠠᠳᠬᠠᠵᠤ᠂ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ ᠪᠠ ᠳᠡᠭᠡᠳᠦ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ | ᠬᠤᠷᠢᠶᠠᠩᠭᠤᠶᠢᠯᠠᠭᠰᠠᠨ ᠮᠡᠳᠡᠭᠡ ᠵᠠᠩᠬᠢ ᠵᠢᠴᠢ ᠤᠯᠵᠤ ᠮᠡᠳᠡᠭᠰᠡᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢᠶᠠᠨ ᠴᠠᠭ | ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ ᠡᠷᠬᠡ ᠬᠠᠷᠢᠭᠤᠴᠠᠯᠭ᠎ᠠ ᠡᠭᠦᠰᠬᠦ ᠲᠦᠷᠢᠮᠳᠤ ᠵᠠᠰᠠᠭ ᠤᠨ ᠤᠷᠳᠤᠨ ᠤ | ᠶᠡᠷᠦᠩᠭᠡᠶᠢᠯᠡᠭᠰᠡᠨ ᠡᠳ᠋ ᠤᠨ ᠶᠠᠪᠤᠳᠠᠯ ᠢᠶᠠᠨ ᠮᠡᠳᠡᠭᠦᠯᠬᠦ ᠲᠦᠷᠢᠮ ᠢ ᠲᠦᠷᠭᠡᠳᠬᠡᠨ ᠪᠠᠶᠢᠭᠤᠯᠵᠤ᠂ ᠵᠠᠰᠠᠭ ᠤᠨ | ᠤᠷᠳᠤᠨ ᠤ ᠡᠳ᠋ ᠬᠦᠷᠦᠩᠭᠡ ᠶᠢᠨ ᠦᠷᠢᠳᠦᠵᠦ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠲᠤᠰᠬᠠᠬᠤ ᠬᠡᠷᠡᠭᠲᠡᠢ᠃ | ᠲᠦᠪ ᠠᠴᠠ ᠭᠠᠷᠭᠠᠭᠰᠠᠨ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠲᠣᠬᠠᠶᠢᠯᠠᠪᠠᠯ ᠳᠥᠭᠦᠮ | ᠪᠦᠳᠦᠬᠦᠯᠢᠭ ᠣᠷᠣᠨ ᠰᠠᠭᠤᠴᠠ ᠶᠢ ᠵᠠᠰᠠᠨ ᠦᠭᠡᠷᠡᠴᠢᠯᠡᠬᠦ ᠵᠡᠷᠭᠡ ᠠᠴᠠ ᠪᠣᠢ ᠪᠤᠯᠤᠭᠰᠠᠨ ᠵᠠᠰᠠᠭ ᠤᠨ ᠣᠷᠳᠤᠨ ᠤ | ᠴᠢᠨᠠᠷᠲᠠᠢ ᠦᠷᠢ ᠦᠭᠴᠡᠭᠡ ᠶᠢ ᠪᠣᠯ᠂ ᠲᠤᠰᠠᠭᠠᠷ ᠪᠦᠷᠢᠳᠭᠡᠵᠦ᠂ ᠲᠤᠰᠠᠭᠠᠷ ᠬᠢᠨᠠᠨ ᠪᠤᠳᠤᠵᠤ᠂ ᠲᠤᠰᠠᠭᠠᠷ | ᠪᠠᠶᠢᠴᠠᠭᠠᠵᠤ᠂ ᠲᠤᠰᠠᠭᠠᠷ ᠰᠢᠯᠭᠠᠨ ᠬᠢᠨᠠᠬᠤ ᠬᠡᠷᠡᠭᠳᠡᠢ᠃ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢ | ᠢᠯᠡ ᠪᠣᠯᠭᠠᠬᠤ ᠲᠦᠷᠢᠮ ᠢ ᠪᠠᠶᠢᠭᠤᠯᠵᠤ᠂ ᠵᠠᠰᠠᠭ ᠤᠨ ᠤᠷᠳᠤᠨ ᠤ ᠢᠳᠡᠭᠡᠮᠵᠢᠳᠦ ᠰᠢᠰᠲ᠋ᠤᠮᠵᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠲᠤᠰ ᠭᠠᠵᠠᠷ ᠣᠷᠣᠨ ᠤ ᠪᠠᠨ ᠵᠠᠰᠠᠭ ᠤᠨ ᠤᠷᠳᠤᠨ ᠤ ᠰᠦᠯᠵᠢᠶᠡᠨ ᠳᠡᠭᠡᠷ᠎ᠡ ᠵᠠᠰᠠᠭ ᠤᠨ ᠤᠷᠳᠤᠨ ᠤ | ᠴᠢᠨᠠᠷᠲᠠᠢ ᠦᠷᠢ ᠦᠭᠴᠡᠭᠡ ᠶᠢᠨ ᠶᠡᠷᠦᠩᠭᠡᠢ ᠪᠠᠶᠢᠳᠠᠯ ᠢ ᠢᠯᠡ ᠪᠣᠯᠭᠠᠵᠤ᠂ ᠡᠯ᠎ᠡ ᠰᠠᠯᠠᠭ᠎ᠠ ᠮᠦᠴᠢᠷ ᠤᠳ ᠲᠤᠰ | ᠰᠠᠯᠠᠭ᠎ᠠ ᠮᠦᠴᠢᠷ ᠤᠨ ᠦᠷᠢ ᠦᠭᠴᠡᠭᠡ ᠶᠢᠨ ᠪᠠᠶᠢᠳᠠᠯ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠢ ᠢᠯᠡ ᠪᠣᠯᠭᠠᠵᠤ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ︵ᠬᠤᠶᠠᠷ︶ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠲᠤᠭᠳᠠᠴᠠ ᠶᠢ ᠪᠠᠶᠢᠭᠤᠯᠬᠤ ᠬᠡᠷᠡᠭᠲᠡᠢ᠃ | ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡ ᠶᠢ ᠨᠢᠭᠡᠨ ᠴᠢᠩᠭ᠎ᠠ ᠬᠦᠢᠴᠡᠳᠭᠡᠯ ᠲᠤᠭ᠎ᠠ ᠪᠠᠷ ᠵᠠᠰᠠᠭ ᠤᠨ | ᠠᠵᠢᠯ ᠤᠨ ᠪᠦᠳᠦᠮᠵᠢ ᠶᠢ ᠬᠢᠨᠠᠨ ᠰᠢᠯᠭᠠᠬᠤ ᠳᠤ ᠤᠷᠤᠭᠤᠯᠬᠤ ᠬᠡᠷᠡᠭᠲᠡᠢ᠃ ᠤᠷᠤᠨ ᠨᠤᠳᠤᠭ ᠤᠨ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠨᠤᠭᠤᠳ ᠲᠤᠰ ᠭᠠᠵᠠᠷ ᠤᠷᠤᠨ ᠤ ᠵᠠᠰᠠᠭ ᠤᠨ ᠤᠷᠳᠤᠨ ᠤ ᠴᠢᠨᠠᠷᠲᠠᠢ ᠦᠷᠢ | ᠦᠭᠴᠡᠭᠡ ᠳᠤ ᠬᠠᠷᠢᠭᠤᠴᠠᠬᠤ ᠬᠡᠷᠡᠭᠲᠡᠢ᠃ ᠦᠷᠢ ᠦᠭᠴᠡᠭᠡ ᠶᠢᠨ ᠦᠵᠡᠯᠳᠡ ᠪᠠᠨ ᠬᠤᠪᠢᠷᠠᠭᠤᠯᠵᠤ᠂ | ᠬᠠᠷᠢᠭᠤᠴᠠᠯᠭ᠎ᠠ ᠶᠢᠨ ᠦᠵᠡᠯ ᠤᠬᠠᠮᠰᠠᠷ᠂ ᠲᠦᠭᠰᠢᠭᠦᠷᠢ ᠶᠢᠨ ᠦᠵᠡᠯ ᠤᠬᠠᠮᠰᠠᠷ᠂ ᠦᠪᠡᠷ ᠤᠨ ᠦᠷᠳᠡᠭ ᠤᠨ ᠠᠰᠢᠭ | ᠤᠯᠵᠠᠪᠤᠷᠢ ᠶᠢᠨ ᠦᠵᠡᠯ ᠤᠬᠠᠮᠰᠠᠷ ᠢ ᠪᠠᠳᠤ ᠪᠠᠬᠢ ᠪᠣᠢ ᠪᠣᠯᠭᠠᠵᠤ᠂ ᠤᠷᠤᠨ ᠪᠦᠰᠡ ᠶᠢᠨ ᠴᠢᠨᠠᠷᠲᠠᠢ ᠪᠠ | ᠰᠢᠰᠲ᠋ᠤᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠶᠢᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠱᠤᠭᠤᠮ ᠢ | ᠰᠠᠶᠢᠳᠤᠷ ᠬᠠᠮᠠᠭᠠᠯᠠᠬᠤ ᠬᠡᠷᠡᠭᠲᠡᠢ᠃ ᠦᠪᠡᠷᠳᠡᠭᠡᠨ ᠵᠠᠰᠠᠬᠤ ᠤᠷᠤᠨ ᠠᠴᠠ ᠡᠯ᠎ᠡ ᠭᠠᠵᠠᠷ ᠤᠷᠤᠨ ᠤ ᠠᠵᠤ ᠠᠬᠤᠢ ᠶᠢᠨ | ᠬᠦᠭᠵᠢᠯᠲᠡ᠂ ᠡᠳ᠋ ᠬᠦᠷᠦᠩᠭᠡ ᠶᠢᠨ ᠦᠷᠢᠳᠦᠵᠦ ᠪᠠᠶᠢᠭ᠎ᠠ ᠵᠡᠷᠭᠡ ᠪᠠᠶᠢᠳᠠᠯ ᠢ ᠶᠡᠷᠦᠩᠭᠡᠶᠢᠯᠡᠨ ᠪᠤᠳᠤᠯᠬᠢᠯᠠᠵᠤ᠂ ᠦᠷᠢ | ᠦᠭᠴᠡᠭᠡ ᠶᠢᠨ ᠶᠡᠷᠦᠩᠭᠡᠢ ᠲᠦᠪᠰᠢᠨ᠂ ᠦᠷᠢ ᠦᠭᠴᠡᠭᠡ ᠶᠢᠨ ᠬᠠᠮᠢᠶᠠᠷᠤᠯᠲᠠ ᠶᠢᠨ ᠲᠦᠷᠢᠮ ᠤᠨ ᠪᠦᠳᠦᠭᠡᠨ | ᠪᠠᠶᠢᠭᠤᠯᠤᠯᠲᠠ ᠪᠠ ᠦᠷᠢ ᠦᠭᠴᠡᠭᠡ ᠶᠢᠨ ᠢᠳᠡᠭᠡᠮᠵᠢ ᠵᠡᠷᠭᠡ ᠲᠠᠯ᠎ᠠ ᠪᠠᠷ ᠦᠷᠢ ᠦᠭᠴᠡᠭᠡ ᠶᠢᠨ ᠬᠠᠮᠢᠶᠠᠷᠤᠯᠳᠠ ᠶᠢᠨ | ᠠᠵᠢᠯ ᠤᠨ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ ᠤᠯᠠᠮ ᠨᠢᠭᠡ ᠠᠯᠬᠤᠮ ᠨᠠᠷᠢᠯᠢᠬᠵᠢᠭᠤᠯᠬᠤ ᠬᠡᠷᠡᠭᠲᠡᠢ᠃ | ᠪᠣᠳᠠᠳᠠᠢ ᠠᠴᠠ ᠠᠩᠬᠢᠵᠢᠷᠠᠨ ᠬᠡᠳᠦᠷᠡᠳᠦᠯ᠎ᠡ ᠵᠢᠭᠡᠯᠡᠯᠭᠡ ᠵᠢᠭᠡᠯᠡᠬᠦ᠂ ᠬᠠᠤᠯᠢ ᠪᠠ ᠲᠤᠭᠳᠠᠭᠠᠯ ᠠᠴᠠ ᠵᠦᠷᠢᠴᠡᠨ | ᠵᠢᠭᠡᠯᠡᠯᠭᠡ ᠵᠢᠭᠡᠯᠡᠬᠦ ᠪᠤᠶᠤ ᠳᠠᠭᠠᠭᠠᠯᠲᠠ ᠬᠢᠬᠦ᠂ ᠲᠤᠭᠳᠠᠭᠠᠯ ᠠᠴᠠ ᠵᠦᠷᠢᠴᠡᠨ ᠦᠷᠢ ᠦᠭᠴᠡᠭᠡ ᠶᠢᠨ ᠪᠡᠯᠡ | ᠮᠦᠩᠬᠦ ᠶᠢ ᠬᠡᠷᠡᠭᠯᠡᠬᠦ᠂ ᠮᠠᠭᠤ ᠰᠠᠨᠠᠭᠠᠯᠠᠵᠤ ᠦᠷᠢ ᠦᠭᠴᠡᠭᠡ ᠠᠴᠠ ᠵᠠᠶᠢᠯᠠᠬᠤ ᠵᠡᠷᠭᠡ ᠦᠢᠯᠡ ᠠᠵᠢᠯᠯᠠᠭ᠎ᠠ ᠳᠤ᠂ | ᠬᠤᠯᠪᠤᠭᠳᠠᠯ ᠪᠦᠬᠦᠢ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠡᠬᠦᠨ ᠤ ᠬᠠᠮᠲᠤ᠂ ᠡᠯ᠎ᠡ ᠭᠠᠵᠠᠷ | ᠤᠷᠤᠨ᠂ ᠡᠯ᠎ᠡ ᠰᠠᠯᠠᠭ᠎ᠠ ᠮᠦᠴᠢᠷ ᠤᠳ ᠦᠷᠢ ᠦᠭᠴᠡᠭᠡ ᠶᠢᠨ ᠲᠦᠷᠦᠯ ᠵᠦᠢᠯ ᠤᠨ ᠠᠮᠵᠢᠯᠲᠠ ᠪᠦᠳᠦᠮᠵᠢ ᠶᠢᠨ | ᠦᠨᠡᠯᠡᠯᠲᠡ ᠶᠢ ᠡᠳ᠋ ᠤᠨ ᠵᠠᠰᠠᠭ ᠤᠨ ᠠᠮᠵᠢᠯᠲᠠ ᠪᠦᠳᠦᠮᠵᠢ ᠶᠢᠨ ᠦᠨᠡᠯᠡᠯᠲᠡ ᠶᠢᠨ ᠴᠢᠬᠤᠯᠠ ᠠᠭᠤᠯᠭ᠎ᠠ ᠪᠣᠯᠭᠠᠵᠤ᠂ | ᠤᠷᠢᠳᠠᠪᠡᠷ ᠲᠦᠷᠭᠡᠳᠭᠡᠨ ᠠᠬᠢᠭᠤᠯᠬᠤ ᠬᠡᠷᠡᠭᠲᠡᠢ᠃ ᠪᠡᠯᠡ ᠮᠦᠩᠬᠦ ᠶᠢᠨ ᠤᠷᠤᠭᠤᠯᠬᠤ ᠬᠠᠨᠳᠤᠯᠭ᠎ᠠ᠂ ᠵᠢᠷᠤᠮᠵᠢᠯ ᠲᠠᠢ | ᠬᠡᠷᠡᠭᠯᠡᠬᠦ᠂ ᠰᠠᠭᠤᠷᠢ ᠨᠦᠬᠦᠴᠡᠯ ᠢ ᠰᠠᠶᠢᠵᠢᠷᠠᠭᠤᠯᠬᠤ᠂ ᠨᠡᠶᠢᠭᠡᠮ ᠤᠨ ᠦᠷ᠎ᠡ ᠠᠰᠢᠭ᠂ ᠦᠷᠢ ᠲᠦᠯᠦᠬᠦ ᠢᠳᠡᠭᠡᠮᠵᠢ | ᠵᠡᠷᠭᠡ ᠲᠠᠯ᠎ᠠ ᠠᠴᠠ ᠬᠦᠢᠴᠡᠳᠭᠡᠯ ᠲᠤᠭ᠎ᠠ ᠪᠠᠨ ᠵᠤᠬᠢᠰᠲᠠᠢ ᠲᠣᠭᠲᠠᠭᠠᠵᠤ᠂ ᠠᠮᠵᠢᠯᠲᠠ ᠪᠦᠳᠦᠮᠵᠢ ᠶᠢᠨ | ᠦᠨᠡᠯᠡᠯᠲᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠡᠷᠬᠡ ᠰᠦᠷᠲᠦ ᠴᠢᠨᠠᠷ ᠢ ᠳᠡᠭᠡᠭᠰᠢᠯᠡᠭᠦᠯᠦᠨ᠂ ᠲᠦᠷᠦᠯ | ᠵᠦᠢᠯ ᠤᠨ ᠠᠮᠵᠢᠯᠲᠠ ᠪᠦᠳᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠰᠠᠯᠠᠭ᠎ᠠ ᠮᠦᠴᠢᠷ ᠵᠢᠴᠢ ᠲᠡᠬᠦᠨ ᠤ | ᠬᠠᠷᠢᠶ᠎ᠠ ᠭᠠᠵᠠᠷ ᠤᠷᠤᠨ ᠤ ᠳᠠᠷᠠᠭᠠᠴᠢ ᠶᠢᠨ ᠵᠢᠭᠡᠯᠡᠯᠭᠡ ᠶᠢᠨ ᠲᠡᠮᠳᠡᠭ ᠤᠨ ᠲᠤᠬᠢᠷᠠᠭᠤᠯᠭ᠎ᠠ ᠲᠠᠢ ᠬᠤᠯᠪᠤᠭᠳᠠᠭᠤᠯᠬᠤ | ᠲᠤᠭᠳᠠᠴᠠ ᠶᠢ ᠪᠠᠶᠢᠭᠤᠯᠬᠤ ᠬᠡᠷᠡᠭᠲᠡᠢ᠃ ᠲᠦᠷᠦᠯ ᠵᠦᠢᠯ ᠤᠨ ᠠᠮᠵᠢᠯᠳᠠ ᠪᠦᠳᠦᠮᠵᠢ ᠶᠢᠨ ᠦᠨᠡᠯᠡᠯᠲᠡ ᠶᠢᠨ ᠬᠠᠮᠢᠶ᠎ᠠ | ᠪᠦᠬᠦᠢ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | ︵ᠭᠤᠷᠪᠠ︶ ᠠᠪᠴᠠᠭᠠᠨ ᠤ ᠬᠦᠮᠦᠨ ᠤ ᠰᠠᠬᠢᠮᠵᠢ ᠶᠢ ᠴᠢᠩᠭᠠᠳᠬᠠᠬᠤ ᠬᠡᠷᠡᠭᠲᠡᠢ᠃ ᠮᠦᠩᠬᠦᠨ | ᠬᠦᠢᠯᠭᠡᠭᠡᠨ ᠤ ᠪᠠᠶᠢᠭᠤᠯᠤᠮᠵᠢ ᠵᠡᠷᠭᠡ ᠨᠢ ᠬᠠᠤᠯᠢ ᠪᠠ ᠲᠤᠭᠲᠠᠭᠠᠯ ᠠᠴᠠ ᠵᠦᠷᠢᠴᠡᠨ ᠡᠯ᠎ᠡ ᠱᠠᠳᠤᠨ ᠤ ᠠᠷᠠᠳ ᠤᠨ | ᠵᠠᠰᠠᠭ ᠤᠨ ᠤᠷᠳᠤᠨ ᠵᠢᠴᠢ ᠲᠡᠬᠦᠨ ᠤ ᠬᠠᠷᠢᠶ᠎ᠠ ᠰᠠᠯᠠᠭ᠎ᠠ ᠮᠦᠴᠢᠷ᠂ ᠨᠢᠭᠡᠴᠡ ᠳᠤ ᠪᠡᠯᠡ ᠲᠤᠬᠢᠷᠠᠭᠤᠯᠬᠤ ᠶᠢ | ᠬᠠᠩᠭᠠᠵᠤ ᠪᠤᠯᠬᠤ ᠦᠭᠡᠢ᠂ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠠᠷᠢᠶ᠎ᠠ ᠰᠠᠯᠠᠭ᠎ᠠ | ᠮᠦᠴᠢᠷ᠂ ᠨᠢᠭᠡᠴᠡ ᠶᠢ ᠱᠠᠭᠠᠷᠳᠠᠨ ᠲᠤᠭᠳᠠᠭᠠᠯ ᠠᠴᠠ ᠵᠦᠷᠢᠴᠡᠵᠤ ᠳᠠᠭᠠᠭᠠᠯᠳᠠ ᠬᠢᠯᠭᠡᠵᠦ ᠪᠤᠯᠬᠤ ᠦᠭᠡᠢ᠃ | ᠮᠦᠩᠬᠦᠨ ᠬᠦᠢᠯᠭᠡᠭᠡᠨ ᠤ ᠪᠠᠶᠢᠭᠤᠯᠤᠮᠵᠢ ᠵᠡᠷᠭᠡ ᠨᠢ ᠤᠷᠤᠨ ᠨᠤᠳᠤᠭ ᠤᠨ ᠵᠠᠰᠠᠭ ᠤᠨ ᠤᠷᠳᠤᠨ ᠤ ᠵᠢᠭᠡᠯᠡᠯᠭᠡ ᠶᠢᠨ | ᠲᠡᠮᠳᠡᠭ ᠢ ᠬᠤᠳᠠᠯᠳᠤᠨ ᠠᠪᠬᠤ ᠳᠠᠭᠠᠨ ᠬᠢᠨᠠᠨ ᠬᠠᠮᠢᠶᠠᠷᠬᠤ ᠲᠤᠭᠳᠠᠭᠠᠯ ᠳᠤ ᠨᠡᠶᠢᠴᠡᠵᠦ᠂ ᠵᠠᠰᠠᠭ ᠤᠨ ᠤᠷᠳᠤᠨ ᠳᠤ | ᠬᠠᠷᠢᠶᠠᠯᠠᠭᠳᠠᠬᠤ ᠪᠤᠶᠤ ᠦᠷᠢ ᠦᠭᠴᠡᠭᠡ ᠶᠢᠨ ᠵᠢᠭᠡᠯᠡᠯᠭᠡ ᠵᠢᠭᠡᠯᠡᠭᠰᠡᠨ ᠭᠤᠤᠯ ᠴᠤᠭᠴᠠ ᠶᠢᠨ ᠠᠵᠤ ᠠᠬᠤᠶᠢᠯᠠᠯ ᠤᠨ | ᠬᠠᠤᠯᠢ ᠶᠢᠨ ᠡᠷᠬᠡᠳᠡᠨ ᠵᠡᠷᠭᠡ ᠳᠤ ᠪᠡᠯᠡ ᠮᠦᠩᠬᠦ ᠳᠣᠬᠢᠷᠠᠭᠤᠯᠭ᠎ᠠ ᠬᠠᠩᠭᠠᠬᠤ ᠳᠠᠭᠠᠨ ᠢᠳᠡᠭᠡᠮᠵᠢᠳᠤ ᠵᠢᠭᠡᠯᠡᠯᠭᠡ ᠶᠢᠨ | ᠬᠠᠮᠢᠶᠠᠷᠤᠯᠳᠠ ᠶᠢ ᠴᠢᠩᠭ᠎ᠠ ᠵᠢᠷᠤᠮᠵᠢᠭᠤᠯᠤᠨ᠂ ᠲᠦᠭᠰᠢᠭᠦᠷᠢ ᠶᠢ ᠢᠯᠭᠠᠨ ᠲᠤᠳᠤᠯᠠᠬᠤ ᠪᠠ ᠲᠦᠭᠰᠢᠭᠦᠷᠢ ᠶᠢᠨ | ᠬᠠᠮᠢᠶᠠᠷᠤᠯᠳᠠ ᠶᠢ ᠦᠨᠡᠨᠬᠦ ᠴᠢᠩᠭᠠᠳᠬᠠᠬᠤ ᠬᠡᠷᠡᠭᠲᠡᠢ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠬᠠᠤᠯᠢ | ᠪᠠ ᠲᠤᠭᠳᠠᠭᠠᠯ ᠠᠴᠠ ᠵᠦᠷᠢᠴᠡᠨ ᠵᠠᠰᠠᠭ ᠤᠨ ᠤᠷᠳᠤᠨ ᠤ ᠴᠢᠨᠠᠷᠲᠠᠢ ᠪᠡᠯᠡ ᠲᠤᠬᠢᠷᠠᠭᠤᠯᠭ᠎ᠠ ᠬᠠᠩᠭᠠᠭᠰᠠᠨ ᠪᠣᠯ᠂ | ᠵᠤᠬᠢᠬᠤ ᠬᠤᠬᠢᠷᠠᠯ ᠢᠶᠠᠨ ᠦᠪᠡᠷᠳᠡᠭᠡᠨ ᠬᠠᠷᠢᠭᠤᠴᠠᠬᠤ ᠶᠢᠨ ᠬᠠᠮᠲᠤ᠂ ᠬᠤᠳᠠᠯᠳᠤᠭᠠᠨ ᠤ ᠪᠠᠩᠬᠢ ᠶᠢᠨ ᠬᠠᠤᠯᠢ᠂ | ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠳᠠ ᠶᠢᠨ ᠬᠠᠤᠯᠢ ᠵᠡᠷᠭᠡ ᠬᠠᠤᠯᠢ ᠴᠠᠭᠠᠵᠠ ᠬᠠᠤᠯᠢ ᠪᠠ ᠲᠤᠭᠳᠠᠭᠠᠯ | ᠶᠤᠰᠤᠭᠠᠷ ᠬᠤᠯᠪᠤᠭᠳᠠᠯ ᠪᠦᠬᠦᠢ ᠪᠠᠶᠢᠭᠤᠯᠤᠮᠵᠢ ᠪᠠ ᠬᠦᠮᠦᠰ ᠤᠨ ᠬᠠᠷᠢᠭᠤᠴᠠᠯᠭ᠎ᠠ ᠶᠢ ᠨᠡᠭᠡᠮᠵᠢᠯᠡᠬᠦ ᠬᠡᠷᠡᠭᠲᠡᠢ᠃ | ᠵᠢᠷᠭᠤᠭ᠎ᠠ᠂ ᠦᠯᠡᠳᠡᠭᠡᠯ ᠦᠷᠢ ᠦᠭᠴᠡᠭᠡ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠤᠨ | ᠳᠠᠷᠠᠭᠠᠴᠢ ᠶᠢᠨ ᠪᠡᠯᠡ ᠲᠤᠬᠢᠷᠠᠭᠤᠯᠭ᠎ᠠ ᠶᠢ ᠳᠤᠬᠢᠷᠠᠮᠵᠢᠳᠠᠢ ᠰᠢᠢᠳᠪᠦᠷᠢᠯᠡᠬᠦ ᠬᠡᠷᠡᠭᠲᠡᠢ | ︵ᠨᠢᠭᠡ︶ ᠦᠯᠡᠳᠡᠭᠡᠯ ᠦᠷᠢ ᠦᠭᠴᠡᠭᠡ ᠪᠠᠨ ᠲᠦᠰᠦᠪ ᠤᠨ ᠬᠠᠮᠢᠶᠠᠷᠤᠯᠳᠠ ᠳᠤ ᠤᠷᠤᠭᠤᠯᠬᠤ ᠶᠢ | ᠱᠠᠯᠠᠪᠳᠠᠬᠤ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠲᠤᠭᠳᠠᠭᠠᠯ ᠶᠤᠰᠤᠭᠠᠷ ᠤᠳᠤᠬᠠᠨ ᠤ | ᠦᠯᠡᠳᠡᠭᠡᠯ ᠦᠷᠢ ᠦᠭᠴᠡᠭᠡ ᠶᠢ ᠬᠢᠨᠠᠨ ᠲᠤᠳᠤᠯᠠᠵᠤ᠂ ᠲᠤᠬᠠᠶᠢᠯᠠᠪᠠᠯ 2013 ᠤᠨ ᠤ ᠵᠠᠰᠠᠭ ᠤᠨ ᠤᠷᠳᠤᠨ ᠤ | ᠴᠢᠨᠠᠷᠲᠠᠢ ᠦᠷᠢ ᠦᠭᠴᠡᠭᠡ ᠶᠢ ᠬᠢᠨᠠᠨ ᠪᠣᠳᠣᠬᠤ ᠳᠦᠷᠦᠯᠵᠢᠯ ᠪᠠ ᠬᠢᠨᠠᠨ ᠪᠣᠳᠣᠭᠰᠠᠨ ᠦᠷ᠎ᠡ ᠳ᠋ᠦᠩ ᠤᠨ ᠰᠠᠭᠤᠷᠢᠨ | ᠳᠡᠭᠡᠷ᠎ᠡ᠂ ᠬᠢᠨᠠᠨ ᠪᠤᠳᠤᠭᠰᠠᠨ ᠤ ᠳᠠᠷᠠᠭᠠᠬᠢ ᠦᠷᠢ ᠦᠭᠴᠡᠭᠡ ᠶᠢᠨ ᠨᠡᠮᠡᠭᠳᠡᠵᠦ ᠬᠠᠰᠤᠭᠳᠠᠬᠰᠠᠨ ᠬᠤᠪᠢᠷᠠᠯᠳᠠ ᠶᠢᠨ | ᠪᠠᠶᠢᠳᠠᠯ ᠲᠠᠢ ᠤᠶᠠᠯᠳᠤᠭᠤᠯᠤᠨ᠂ ᠠᠪᠴᠠᠭᠠᠨ ᠤ ᠬᠦᠮᠦᠨ ᠪᠠ ᠦᠭᠴᠡᠭᠡᠨ ᠤ ᠬᠦᠮᠦᠨ ᠲᠠᠢ ᠬᠠᠮᠳᠤᠪᠡᠷ ᠵᠦᠪᠳᠡᠯᠴᠡᠨ | ᠲᠤᠭᠲᠠᠬᠤ ᠪᠠᠷ ᠳᠠᠮᠵᠢᠨ᠂ ᠵᠠᠰᠠᠭ ᠤᠨ ᠤᠷᠳᠤᠨ ᠤ ᠴᠢᠨᠠᠷᠲᠠᠢ ᠦᠯᠡᠳᠡᠭᠡᠯ ᠦᠷᠢ ᠦᠭᠴᠡᠭᠡ ᠶᠢ ᠨᠢᠭᠡ ᠨᠢᠭᠡ ᠪᠠᠷ | ᠲᠦᠷᠦᠯ ᠳᠠᠷᠠᠭᠠᠯᠠᠨ ᠬᠢᠨᠠᠨ ᠲᠣᠳᠣᠯᠠᠬᠤ ᠬᠡᠷᠡᠭᠲᠡᠢ᠃ ᠵᠠᠰᠠᠭ ᠤᠨ ᠤᠷᠳᠤᠨ ᠵᠢᠴᠢ ᠲᠡᠬᠦᠨ ᠤ ᠰᠠᠯᠠᠭ᠎ᠠ ᠮᠦᠴᠢᠷ ᠤᠨ | ᠵᠢᠭᠡᠯᠡᠯᠭᠡ ᠵᠢᠭᠡᠯᠡᠭᠰᠡᠨ ᠦᠷᠢ ᠦᠭᠴᠡᠭᠡ ᠶᠢ ᠡᠩ ᠤᠨ ᠦᠷᠢ ᠦᠭᠴᠡᠭᠡ ᠪᠠ ᠲᠤᠰᠬᠠᠢ ᠲᠦᠷᠦᠯ ᠤᠨ ᠦᠷᠢ | ᠦᠭᠴᠡᠭᠡ ᠳᠤ ᠵᠤᠬᠢᠴᠠᠭᠤᠯᠤᠨ ᠤᠷᠤᠭᠤᠯᠬᠤ ᠬᠡᠷᠡᠭᠲᠡᠢ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠵᠢᠭᠡᠯᠡᠯᠭᠡ ᠵᠢᠭᠡᠯᠡᠭᠰᠡᠨ ᠦᠷᠢ ᠦᠭᠴᠡᠭᠡ ᠶᠢ ᠪᠤᠯ᠂ ᠵᠠᠰᠠᠭ ᠤᠨ ᠤᠷᠳᠤᠨ ᠤ ᠲᠦᠯᠦᠬᠦ ᠶᠤᠰᠤᠳᠠᠢ ᠦᠷᠢ ᠦᠭᠴᠡᠭᠡ | ᠪᠦᠬᠦᠨ ᠳᠤ ᠬᠠᠷᠢᠶᠠᠯᠠᠭᠳᠠᠬᠤ ᠶᠢ ᠨᠢ ᠡᠩ ᠤᠨ ᠦᠷᠢ ᠦᠭᠴᠡᠭᠡ ᠪᠠ ᠲᠤᠰᠬᠠᠢ ᠲᠦᠷᠦᠯ ᠤᠨ ᠦᠷᠢ ᠦᠭᠴᠡᠭᠡ ᠳᠤ | ᠵᠤᠬᠢᠴᠠᠭᠤᠯᠤᠨ ᠪᠠᠷ ᠤᠷᠤᠭᠤᠯᠬᠤ ᠬᠡᠷᠡᠭᠲᠡᠢ᠃ ᠵᠠᠰᠠᠭ ᠤᠨ ᠤᠷᠳᠤᠨ ᠠᠴᠠ ᠳᠠᠭᠠᠭᠠᠯᠲᠠ ᠶᠢᠨ ᠬᠠᠷᠢᠭᠤᠴᠠᠯᠭ᠎ᠠ ᠲᠠᠢ | ᠪᠤᠶᠤ ᠠᠪᠤᠷᠠᠨ ᠲᠡᠩᠬᠡᠷᠡᠭᠦᠯᠬᠦ ᠬᠠᠷᠢᠭᠤᠴᠠᠯᠭ᠎ᠠ ᠶᠢ ᠡᠭᠦᠷᠭᠡᠯᠡᠬᠦ ᠦᠷᠢ ᠦᠭᠴᠡᠭᠡ ᠶᠢ ᠪᠤᠯ᠂ ᠡᠯ᠎ᠡ ᠱᠠᠳᠤᠨ ᠤ | ᠠᠷᠠᠳ ᠤᠨ ᠵᠠᠰᠠᠭ ᠤᠨ ᠣᠷᠳᠣᠨ ᠨᠤᠭᠤᠳ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠳᠠᠭᠠᠭᠠᠯᠲᠠ ᠶᠢᠨ ᠬᠠᠤᠯᠢ︾ ᠪᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠲᠦᠰᠦᠪ ᠤᠨ ᠬᠠᠤᠯᠢ︾ | ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ᠂ ᠬᠦᠴᠦᠨ ᠪᠦᠬᠦᠢ ᠳᠠᠭᠠᠭᠠᠯᠲᠠ ᠪᠠ ᠬᠦᠴᠦᠨ ᠦᠭᠡᠢ | ᠳᠠᠭᠠᠭᠠᠯᠲᠠ ᠶᠢ ᠲᠤᠳᠤᠷᠬᠠᠢ ᠢᠯᠭᠠᠵᠤ᠂ ᠬᠠᠤᠯᠢ ᠲᠤᠭᠳᠠᠭᠠᠯ ᠳᠤ ᠨᠡᠶᠢᠴᠡᠭᠰᠡᠨ ᠳᠠᠭᠠᠭᠠᠯᠲᠠ ᠶᠢᠨ ᠦᠷᠢ | ᠦᠭᠴᠡᠭᠡ ᠶᠢ ᠦᠷᠢ ᠦᠭᠴᠡᠭᠡ ᠪᠠᠶᠢᠬᠤ ᠬᠢᠨᠠᠯᠲᠠ ᠶᠢᠨ ᠬᠡᠪᠴᠢᠶᠡᠨ ᠳᠤ ᠤᠷᠤᠭᠤᠯᠬᠤ ᠬᠡᠷᠡᠭᠲᠡᠢ︔ | ᠬᠤᠭᠤᠴᠠᠭ᠎ᠠ ᠠᠴᠠ ᠪᠠᠨ ᠬᠡᠳᠦᠷᠡᠭᠰᠡᠨ ᠳᠠᠭᠠᠭᠠᠯᠲᠠ ᠪᠠ ᠬᠦᠴᠦᠨ ᠦᠭᠡᠢ ᠳᠠᠭᠠᠭᠠᠯᠲᠠ ᠶᠢ ᠪᠣᠯ᠂ ᠴᠠᠭ | ᠲᠤᠬᠠᠢ ᠳᠤᠨᠢ ᠢᠯᠭᠠᠷᠠᠭᠤᠯᠵᠤ᠂ ᠳᠣᠬᠢᠲᠠᠢ ᠰᠢᠢᠳᠪᠦᠷᠢᠯᠡᠬᠦ ᠬᠡᠷᠡᠭᠲᠡᠢ︔ ᠵᠠᠰᠠᠭ ᠤᠨ ᠤᠷᠳᠤᠨ ᠠᠴᠠ ᠦᠨᠡᠨᠬᠦ | ᠲᠦᠯᠦᠬᠦ ᠬᠠᠷᠢᠭᠤᠴᠠᠯᠭ᠎ᠠ ᠡᠭᠦᠷᠭᠡᠯᠡᠬᠦ ᠴᠢᠬᠤᠯᠠᠳᠠᠢ ᠪᠤᠯ᠂ ᠠᠳᠠᠯᠢ ᠱᠠᠳᠤᠨ ᠤ ᠬᠢᠨᠠᠨ ᠪᠤᠳᠤᠬᠤ ᠰᠠᠯᠠᠭ᠎ᠠ | ᠮᠦᠴᠢᠷ ᠠᠴᠠ ᠬᠢᠨᠠᠨ ᠪᠤᠳᠤᠭᠰᠠᠨ ᠰᠠᠨᠠᠯ ᠭᠠᠷᠭᠠᠵᠤ ᠦᠭᠬᠦ ᠶᠢᠨ ᠬᠠᠮᠲᠤ᠂ ᠵᠣᠬᠢᠬᠤ ᠬᠦᠷᠦᠩᠭᠡ ᠪᠤᠶᠤ ᠲᠦᠷᠦᠯ | ᠵᠦᠢᠯ ᠤᠨ ᠠᠰᠢᠭ ᠤᠯᠵᠠᠪᠤᠷᠢ ᠶᠢ ᠵᠡᠷᠭᠡ ᠳᠤᠨᠢ ᠬᠤᠪᠢᠶᠠᠷᠢᠯᠠᠨ ᠰᠢᠯᠵᠢᠬᠦᠯᠬᠦ ᠬᠡᠷᠡᠭᠲᠡᠢ᠃ ᠡᠯ᠎ᠡ ᠠᠶᠢᠮᠠᠭ ᠤᠨ | ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠭᠠᠵᠠᠷ ᠤᠷᠤᠨ ᠤ ᠬᠢᠨᠠᠨ | ᠲᠣᠳᠣᠯᠠᠭᠰᠠᠨ ᠤ ᠳᠠᠷᠠᠭᠠᠬᠢ ᠦᠯᠡᠳᠡᠭᠡᠯ ᠦᠷᠢ ᠦᠭᠴᠡᠭᠡ ᠪᠠᠨ ᠦᠪᠡᠷᠳᠡᠭᠡᠨ ᠵᠠᠰᠠᠬᠤ ᠤᠷᠤᠨ ᠤ ᠡᠳ᠋ ᠤᠨ | ᠵᠠᠰᠠᠭ ᠤᠨ ᠲᠢᠩᠬᠢᠮ ᠳᠤ ᠬᠤᠷᠢᠶᠠᠩᠭᠤᠶᠢᠯᠠᠨ ᠮᠡᠳᠡᠭᠦᠯᠵᠦ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ | ᠲᠢᠩᠬᠢᠮ ᠠᠴᠠ ᠬᠤᠷᠢᠶᠠᠩᠭᠤᠶᠢᠯᠠᠬᠤ ᠶᠢᠨ ᠬᠠᠮᠲᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ᠂ ᠵᠦᠢᠯ ᠢᠯᠭᠠᠨ ᠲᠦᠷᠦᠯ ᠬᠤᠪᠢᠶᠠᠵᠤ ᠲᠦᠰᠦᠪ ᠤᠨ | ᠬᠠᠮᠢᠶᠠᠷᠤᠯᠳᠠ ᠳᠤ ᠤᠷᠤᠭᠤᠯᠬᠤ ᠬᠡᠷᠡᠭᠲᠡᠢ᠃ ᠲᠦᠰᠦᠪ ᠤᠨ ᠬᠠᠮᠢᠶᠠᠷᠤᠯᠲᠠ ᠳᠤ ᠤᠷᠤᠭᠤᠯᠤᠭᠰᠠᠨ ᠦᠷᠢ | ᠦᠭᠴᠡᠭᠡ ᠶᠢᠨ ᠬᠢᠨᠢ ᠤᠤᠯ ᠤᠨ ᠠᠪᠴᠠᠭᠠᠨ ᠤ ᠡᠷᠭᠡ ᠲᠠᠢ ᠦᠷᠢ ᠦᠭᠴᠡᠭᠡ ᠶᠢᠨ ᠬᠠᠷᠢᠴᠠᠭ᠎ᠠ ᠶᠢ ᠨᠢ | ᠬᠤᠪᠢᠷᠠᠭᠤᠯᠬᠤ ᠦᠭᠡᠢ᠂ ᠦᠷᠢ ᠲᠦᠯᠦᠬᠦ ᠪᠡᠯᠡ ᠮᠦᠩᠬᠦ ᠶᠢ ᠲᠦᠰᠦᠪ ᠤᠨ ᠬᠠᠮᠢᠶᠠᠷᠤᠯᠲᠠ ᠶᠢᠨ ᠱᠠᠭᠠᠷᠳᠠᠯᠭ᠎ᠠ | ᠶᠤᠰᠤᠭᠠᠷ ᠵᠢᠷᠤᠮᠵᠢᠭᠤᠯᠤᠨ ᠬᠠᠮᠢᠶᠠᠷᠬᠤ ᠬᠡᠷᠡᠭᠲᠡᠢ᠃ | ︵ᠬᠤᠶᠠᠷ︶ ᠦᠯᠡᠳᠡᠭᠡᠯ ᠦᠷᠢ ᠦᠭᠴᠡᠭᠡ ᠶᠢᠨ ᠬᠦᠦ ᠮᠦᠩᠬᠦ ᠶᠢᠨ ᠳᠠᠷᠤᠭᠠᠰᠤ ᠶᠢ ᠢᠳᠡᠪᠬᠢᠳᠠᠢ ᠪᠠᠷ | ᠪᠠᠭᠤᠷᠠᠭᠤᠯᠬᠤ ᠬᠡᠷᠡᠭᠲᠡᠢ᠃ ᠬᠢᠨᠠᠨ ᠲᠣᠳᠣᠯᠠᠬᠤ ᠶᠢᠨ ᠬᠠᠮᠲᠤ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠲᠦᠰᠦᠪ ᠤᠨ ᠬᠠᠮᠢᠶᠠᠷᠤᠯᠳᠠ ᠳᠤ ᠤᠷᠤᠭᠤᠯᠬᠤ ᠵᠠᠰᠠᠭ ᠤᠨ | ᠤᠷᠳᠤᠨ ᠤ ᠦᠯᠡᠳᠡᠭᠡᠯ ᠦᠷᠢ ᠦᠭᠴᠡᠭᠡ ᠶᠢ ᠡᠯ᠎ᠡ ᠭᠠᠵᠠᠷ ᠤᠷᠤᠨ ᠨᠢ ᠬᠢᠨᠠᠨ ᠲᠤᠭᠳᠠᠭᠠᠭᠰᠠᠨ ᠦᠷᠢ | ᠦᠭᠴᠡᠭᠡ ᠶᠢᠨ ᠬᠡᠪᠴᠢᠶᠡᠨ ᠤ ᠬᠢᠵᠠᠭᠠᠷᠯᠠᠬᠤ ᠲᠤᠭᠠᠨ ᠤ ᠲᠤᠳᠤᠷ᠎ᠠ᠂ ᠤᠷᠤᠨ ᠨᠤᠳᠤᠭ ᠤᠨ ᠵᠠᠰᠠᠭ ᠤᠨ ᠤᠷᠳᠤᠨ | ᠵᠢᠭᠡᠯᠡᠯᠭᠡ ᠶᠢᠨ ᠲᠡᠮᠳᠡᠭ ᠢ ᠳᠠᠷᠬᠠᠭᠠᠵᠤ ᠰᠤᠯᠢᠬᠤ ᠪᠠᠷ ᠭᠤᠶᠤᠴᠢᠯᠠᠵᠤ᠂ ᠬᠦᠦ ᠮᠦᠩᠬᠦ ᠶᠢᠨ ᠳᠠᠷᠤᠭᠠᠰᠤ ᠶᠢ | ᠪᠠᠭᠤᠷᠠᠭᠤᠯᠬᠤ ᠪᠠᠷ ᠬᠤᠭᠤᠴᠠᠭ᠎ᠠ ᠬᠢᠵᠠᠭᠠᠷ ᠤᠨ ᠪᠦᠳᠦᠴᠡ ᠶᠢ ᠰᠢᠯᠢᠳᠡᠭᠵᠢᠬᠦᠯᠦᠨ᠂ ᠨᠡᠩ ᠤᠯᠠᠨ ᠪᠡᠯᠡ ᠮᠦᠩᠬᠦ | ᠰᠤᠯᠠᠯᠠᠵᠤ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ | ᠰᠤᠯᠢᠭᠰᠠᠨ ᠵᠢᠭᠡᠯᠡᠯᠭᠡ ᠶᠢᠨ ᠲᠡᠮᠳᠡᠭ ᠤᠨ ᠤᠷᠤᠯᠭ᠎ᠠ ᠶᠢ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠨᠢᠭᠡᠳᠦᠯᠳᠡᠢ | ᠬᠠᠮᠢᠶᠠᠷᠴᠤ᠂ ᠠᠪᠴᠠᠭᠠᠨ ᠤ ᠬᠦᠮᠦᠨ ᠳᠤ ᠰᠢᠭᠤᠳ ᠦᠭᠬᠦ ᠬᠡᠷᠡᠭᠲᠡᠢ᠃ | ︵ᠭᠤᠷᠪᠠ︶ ᠦᠯᠡᠳᠡᠭᠡᠯ ᠦᠷᠢ ᠦᠭᠴᠡᠭᠡ ᠶᠢ ᠳᠣᠬᠢᠷᠠᠮᠵᠢᠳᠠᠢ ᠪᠠᠷ ᠲᠦᠯᠦᠬᠦ ᠬᠡᠷᠡᠭᠲᠡᠢ᠃ | ᠬᠤᠭᠤᠴᠠᠭ᠎ᠠ ᠨᠢ ᠲᠤᠯᠤᠭᠰᠠᠨ ᠦᠯᠡᠳᠡᠭᠡᠯ ᠦᠷᠢ ᠦᠭᠴᠡᠭᠡ ᠶᠢ ᠰᠢᠢᠳᠪᠦᠷᠢᠯᠡᠬᠦ ᠳᠤ ᠵᠠᠬ᠎ᠠ ᠲᠡᠯᠭᠡᠬᠦᠷ ᠤᠨ | ᠵᠢᠷᠤᠮᠯᠠᠯ ᠢ ᠵᠢᠷᠤᠮᠯᠠᠵᠤ᠂ ᠵᠠᠰᠠᠭ ᠵᠠᠬᠢᠷᠭᠠᠨ ᠤ ᠨᠦᠯᠦᠭᠡᠯᠡᠬᠦ ᠶᠢ ᠪᠠᠭᠠᠰᠬᠠᠬᠤ ᠬᠡᠷᠡᠭᠲᠡᠢ᠃ ᠲᠦᠷᠦᠯ ᠵᠦᠢᠯ ᠤᠨ ᠲᠤᠰ | ᠪᠡᠶ᠎ᠡ ᠶᠢᠨ ᠡᠵᠡᠩᠨᠡᠯᠲᠡ ᠶᠢᠨ ᠤᠷᠤᠯᠭ᠎ᠠ ᠪᠠᠷ ᠴᠠᠭ ᠲᠠᠭᠠᠨ ᠡᠬᠡ ᠬᠦᠦ ᠲᠠᠢ ᠨᠢ ᠪᠤᠴᠠᠭᠠᠵᠤ ᠲᠡᠶᠢᠯᠬᠦ ᠦᠷᠢ | ᠦᠭᠴᠡᠭᠡ ᠶᠢ ᠦᠷᠬᠦᠯᠵᠢᠯᠡᠨ ᠲᠦᠷᠦᠯ ᠵᠦᠢᠯ ᠤᠨ ᠤᠷᠤᠯᠭ᠎ᠠ ᠪᠠᠷ ᠳᠠᠮᠵᠢᠨ ᠪᠤᠴᠠᠭᠠᠬᠤ ᠬᠡᠷᠡᠭᠲᠡᠢ᠃ ᠲᠦᠷᠦᠯ | ᠵᠦᠢᠯ ᠤᠨ ᠲᠤᠰ ᠪᠡᠶ᠎ᠡ ᠶᠢᠨ ᠡᠵᠡᠩᠨᠡᠯᠲᠡ ᠶᠢᠨ ᠤᠷᠤᠯᠭ᠎ᠠ ᠪᠠᠷ ᠡᠬᠡ ᠬᠦᠦ ᠲᠠᠢ ᠨᠢ ᠪᠤᠴᠠᠭᠠᠵᠤ ᠬᠦᠢᠴᠡᠬᠦ ᠦᠭᠡᠢ | ᠦᠷᠢ ᠦᠭᠴᠡᠭᠡ ᠶᠢ ᠪᠣᠯ ᠬᠠᠤᠯᠢ ᠶᠤᠰᠤᠭᠠᠷ ᠰᠢᠯᠢᠳᠡᠭ ᠴᠢᠨᠠᠷ ᠤᠨ ᠡᠳ᠋ ᠬᠦᠷᠦᠩᠭᠡ ᠤᠷᠤᠭᠤᠯᠬᠤ᠂ | ᠡᠵᠡᠩᠨᠡᠯᠲᠡ ᠶᠢᠨ ᠬᠠᠮᠢᠶᠠᠷᠤᠯᠲᠠ ᠪᠠᠨ ᠴᠢᠩᠭᠠᠳᠬᠠᠬᠤ᠂ ᠦᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠬᠤ ᠵᠡᠷᠭᠡ | ᠠᠷᠭ᠎ᠠ ᠬᠡᠮᠵᠢᠶ᠎ᠡ ᠪᠠᠷ ᠲᠠᠮᠵᠢᠨ᠂ ᠲᠦᠷᠦᠯ ᠵᠦᠢᠯ ᠤᠨ ᠠᠰᠢᠭ ᠣᠯᠵᠠᠪᠤᠷᠢ ᠶᠢᠨ ᠴᠢᠳᠠᠪᠤᠷᠢ ᠶᠢ ᠳᠡᠭᠡᠭᠰᠢᠯᠡᠬᠦᠯᠵᠤ᠂ | ᠦᠷᠢ ᠲᠦᠯᠦᠬᠦ ᠴᠢᠳᠠᠪᠤᠷᠢ ᠶᠢ ᠨᠢ ᠨᠡᠮᠡᠭᠳᠡᠬᠦᠯᠬᠦ ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ | ᠤᠷᠳᠤᠨ ᠠᠴᠠ ᠬᠤᠯᠪᠤᠭᠳᠠᠯ ᠪᠦᠬᠦᠢ ᠦᠷᠢ ᠦᠭᠴᠡᠭᠡ ᠶᠢᠨ ᠵᠢᠭᠡᠯᠡᠯᠭᠡ ᠵᠢᠭᠡᠯᠡᠭᠰᠡᠨ ᠨᠢᠭᠡᠴᠡ ᠶᠢ ᠵᠢᠯᠣᠭᠤᠳᠤᠨ | ᠰᠢᠮᠳᠠᠭᠤᠯᠵᠤ ᠪᠠᠶᠢᠭᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠦᠷᠢ ᠲᠦᠯᠦᠬᠦ ᠪᠡᠯᠡ | ᠮᠥᠩᠭᠦ ᠶᠢᠨ ᠠᠷᠭ᠎ᠠ ᠵᠠᠮ ᠢ ᠦᠷᠭᠡᠳᠭᠡᠵᠤ᠂ ᠦᠷᠢ ᠲᠦᠯᠦᠬᠦ ᠪᠡᠯᠡ ᠮᠦᠩᠬᠦ ᠶᠢ ᠨᠢᠭᠡᠳᠦᠯᠳᠡᠢ ᠲᠦᠯᠦᠪᠯᠡᠨ | ᠲᠤᠬᠢᠷᠠᠭᠤᠯᠬᠤ ᠬᠡᠷᠡᠭᠲᠡᠢ᠃ ᠦᠨᠡᠨᠬᠦ ᠵᠠᠰᠠᠭ ᠤᠨ ᠤᠷᠳᠤᠨ ᠠᠴᠠ ᠲᠦᠯᠦᠬᠦ ᠴᠢᠬᠤᠯᠠᠳᠠᠢ ᠦᠷᠢ ᠦᠭᠴᠡᠭᠡ ᠶᠢ | ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠠᠴᠠ ᠦᠷᠢ ᠲᠦᠯᠦᠬᠦ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠦ | ᠂ ᠴᠢᠬᠤᠯᠠᠲᠠᠢ ᠦᠶᠡᠰ ᠲᠤ ᠵᠠᠰᠠᠭ ᠤᠨ ᠤᠷᠳᠤᠨ ᠤ ᠡᠳ᠋ ᠬᠦᠷᠦᠩᠭᠡ ᠶᠢ ᠲᠤᠬᠢᠷᠠᠭᠤᠯᠤᠨ ᠦᠷᠢ ᠦᠭᠴᠡᠭᠡ ᠪᠠᠨ | ᠲᠦᠯᠦᠬᠦ ᠬᠡᠷᠡᠭᠲᠡᠢ᠃ ᠵᠠᠰᠠᠭ ᠤᠨ ᠤᠷᠳᠤᠨ ᠠᠴᠠ ᠦᠨᠡᠨᠬᠦ ᠳᠠᠭᠠᠭᠠᠯᠲᠠ ᠪᠤᠶᠤ ᠠᠪᠤᠷᠠᠨ ᠲᠡᠩᠬᠡᠷᠡᠭᠦᠯᠬᠦ | ᠬᠠᠷᠢᠭᠤᠴᠠᠯᠭ᠎ᠠ ᠪᠠᠨ ᠬᠦᠢᠴᠡᠳᠬᠡᠬᠦ ᠴᠢᠬᠤᠯᠠᠲᠠᠢ ᠦᠷᠢ ᠦᠭᠴᠡᠭᠡ ᠳᠤ ᠪᠤᠯ᠂ ᠲᠤᠬᠠᠢ ᠶᠢᠨ ᠭᠠᠵᠠᠷ ᠤᠨ ᠵᠠᠰᠠᠭ ᠤᠨ | ᠤᠷᠳᠤᠨ ᠠᠴᠠ ᠬᠠᠤᠯᠢ ᠶᠤᠰᠤᠭᠠᠷ ᠵᠦᠪᠳᠡᠯᠴᠡᠭᠡᠷ ᠤᠨ ᠪᠤᠯᠵᠤᠭ᠎ᠠ ᠪᠠᠨ ᠦᠨᠡᠨᠬᠦ ᠭᠦᠢᠴᠡᠳᠭᠡᠵᠦ᠂ ᠳᠣᠬᠢᠷᠠᠮᠵᠢᠳᠠᠢ | ᠲᠤᠬᠢᠷᠠᠭᠤᠯᠬᠤ ᠬᠡᠷᠡᠭᠲᠡᠢ᠃ ᠬᠠᠮᠢᠶ᠎ᠠ ᠪᠦᠬᠦᠢ ᠦᠷᠢ ᠦᠭᠴᠡᠭᠡ ᠶᠢᠨ ᠵᠢᠭᠡᠯᠡᠯᠭᠡ ᠵᠢᠭᠡᠯᠡᠭᠰᠡᠨ ᠨᠢᠭᠡᠴᠡ ᠪᠠ | ᠬᠤᠯᠪᠤᠭᠳᠠᠭᠰᠠᠨ ᠬᠠᠷᠢᠭᠤᠴᠠᠯᠭ᠎ᠠ ᠲᠠᠢ ᠬᠦᠮᠦᠨ ᠨᠢ ᠵᠥᠪᠳᠡᠯᠴᠡᠭᠡᠷ ᠶᠤᠰᠤᠭᠠᠷ ᠦᠷᠢ ᠲᠦᠯᠦᠬᠦ ᠬᠠᠷᠢᠭᠤᠴᠠᠯᠭ᠎ᠠ ᠪᠠᠨ | ᠬᠢᠨᠠᠮᠠᠭᠠᠢ ᠨᠠᠶᠢᠳᠠᠪᠤᠷᠢᠵᠢᠭᠤᠯᠵᠤ᠂ ᠦᠷᠢ ᠲᠦᠯᠦᠬᠦ ᠬᠤᠭᠤᠴᠠᠭ᠎ᠠ ᠬᠢᠵᠠᠭᠠᠷ ᠢᠶᠠᠨ ᠲᠤᠳᠤᠷᠬᠠᠶᠢᠯᠠᠵᠤ᠂ ᠴᠠᠭ ᠲᠠᠭᠠᠨ | ᠡᠬᠡ ᠬᠦᠦ ᠲᠠᠢ ᠨᠢ ᠪᠤᠴᠠᠭᠠᠵᠤ᠂ ᠭᠠᠭᠴᠠ ᠲᠠᠯ᠎ᠠ ᠠᠴᠠ ᠤᠤᠯ ᠤᠨ ᠪᠠᠶᠢᠭ᠎ᠠ ᠠᠪᠴᠠᠭᠠᠨ ᠤ ᠡᠷᠬᠡ ᠦᠷᠢ | ᠦᠭᠴᠡᠭᠡ ᠶᠢᠨ ᠬᠠᠷᠢᠴᠠᠭ᠎ᠠ ᠶᠢ ᠬᠤᠪᠢᠷᠠᠭᠤᠯᠵᠤ ᠪᠤᠯᠬᠤ ᠦᠭᠡᠢ᠂ ᠦᠷᠢ ᠲᠦᠯᠦᠬᠦ ᠬᠠᠷᠢᠭᠤᠴᠠᠯᠭ᠎ᠠ ᠪᠠᠨ ᠰᠢᠯᠵᠢᠬᠦᠯᠬᠦ | ᠪᠤᠶᠤ ᠦᠷᠢ ᠦᠭᠴᠡᠭᠡ ᠠᠴᠠ ᠵᠠᠶᠢᠯᠠᠵᠤ ᠬᠦᠴᠦᠨ ᠦᠭᠡᠢ ᠪᠤᠯᠭᠠᠵᠤ ᠪᠤᠯᠬᠤ ᠦᠭᠡᠢ᠃ ᠨᠢᠭᠡᠨᠲᠡ ᠬᠤᠬᠢᠷᠠᠯ ᠲᠠᠢ | ᠪᠤᠯᠤᠭᠰᠠᠨ ᠦᠯᠡᠳᠡᠭᠡᠯ ᠦᠷᠢ ᠦᠭᠴᠡᠭᠡ ᠶᠢ ᠪᠤᠯ᠂ ᠠᠪᠴᠠᠭᠠᠨ ᠤ ᠬᠦᠮᠦᠨ ᠨᠢ ᠬᠤᠳᠠᠯᠳᠤᠭᠠᠴᠢᠯᠠᠬᠤ ᠵᠠᠷᠴᠢᠮ ᠤᠨ | ᠶᠤᠰᠤᠭᠠᠷ ᠵᠣᠬᠢᠬᠤ ᠬᠠᠷᠢᠭᠤᠴᠠᠯᠭ᠎ᠠ ᠪᠠ ᠬᠤᠬᠢᠷᠠᠯ ᠢ ᠡᠭᠦᠷᠭᠡᠯᠡᠬᠦ ᠬᠡᠷᠡᠭᠲᠡᠢ᠃ | ︵ᠲᠦᠷᠪᠡ︶ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠳᠠᠷᠠᠭᠠᠴᠢ ᠶᠢᠨ ᠪᠡᠯᠡ ᠲᠤᠬᠢᠷᠠᠭᠤᠯᠭ᠎ᠠ ᠶᠢ | ᠦᠨᠡᠡᠬᠦ ᠪᠠᠳᠤᠯᠠᠬᠤ ᠬᠡᠷᠡᠭᠲᠡᠢ᠃ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠢᠨ ᠡᠯ᠎ᠡ ᠲᠦᠷᠦᠯ ᠤᠨ | ᠪᠡᠯᠡ ᠮᠦᠩᠬᠦ ᠶᠢ ᠨᠢᠭᠡᠳᠦᠯᠳᠡᠢ ᠲᠦᠯᠦᠪᠯᠡᠵᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠵᠠᠯᠭᠠᠭᠠᠳ ᠪᠠᠶᠢᠭᠤᠯᠬᠤ | ᠪᠠ ᠰᠡᠬᠦᠯ ᠬᠤᠷᠢᠶᠠᠬᠤ ᠶᠢ ᠤᠷᠢᠳᠠᠪᠡᠷ ᠪᠠᠳᠤᠯᠠᠬᠤ ᠬᠡᠷᠡᠭᠲᠡᠢ᠃ ᠦᠷᠢ ᠦᠭᠴᠡᠭᠡ ᠶᠢᠨ ᠪᠡᠯᠡ ᠮᠦᠩᠬᠦ ᠬᠡᠷᠡᠭᠯᠡᠨ | ᠪᠠᠶᠢᠭᠤᠯᠵᠤ ᠪᠠᠶᠢᠭ᠎ᠠ ᠲᠦᠷᠦᠯ ᠵᠦᠢᠯ ᠢ ᠤᠤᠯ ᠤᠨ ᠵᠢᠭᠡᠯᠡᠯᠭᠡ ᠶᠢᠨ ᠪᠠᠩᠬᠢ ᠵᠡᠷᠭᠡ ᠠᠴᠠ ᠲᠠᠬᠢᠵᠤ ᠬᠢᠨᠠᠨ | ᠬᠠᠷᠭᠤᠭᠤᠯᠵᠤ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠭᠰᠡᠨ ᠠᠯᠢᠪᠠ ᠲᠦᠷᠦᠯ ᠵᠦᠢᠯ ᠢ ᠪᠤᠯ᠂ | ᠰᠢᠯᠵᠢᠯᠲᠠ ᠶᠢᠨ ᠬᠤᠭᠤᠴᠠᠭᠠᠨ ᠳᠤ᠂ ᠤᠤᠯ ᠤᠨ ᠵᠢᠭᠡᠯᠡᠯᠭᠡ ᠶᠢᠨ ᠪᠠᠩᠬᠢ ᠠᠴᠠ ᠦᠷᠬᠦᠯᠵᠢᠯᠡᠨ ᠵᠦᠪᠳᠡᠯᠴᠡᠭᠡᠷ | ᠶᠤᠰᠤᠭᠠᠷ ᠵᠢᠭᠡᠯᠡᠯᠭᠡ ᠬᠠᠩᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠠᠢ ᠪᠠᠷ ᠲᠦᠯᠬᠢᠨ | ᠠᠬᠢᠭᠤᠯᠬᠤ ᠬᠡᠷᠡᠭᠲᠡᠢ︔ ᠦᠨᠡᠨᠬᠦ ᠪᠤᠰᠤᠳ ᠪᠡᠯᠡ ᠮᠦᠩᠬᠦ ᠶᠢᠨ ᠢᠷᠡᠯᠲᠡ ᠦᠭᠡᠢ ᠪᠤᠯ᠂ ᠭᠤᠤᠯᠳᠠᠭᠤ ᠵᠠᠰᠠᠭ ᠤᠨ | ᠤᠷᠳᠤᠨ ᠪᠠ ᠨᠡᠶᠢᠭᠡᠮ ᠤᠨ ᠬᠦᠷᠦᠩᠭᠡ ᠮᠦᠡᠭᠬᠦ ᠶᠢᠨ ᠬᠤᠷᠰᠢᠯᠴᠠᠭᠰᠠᠨ ᠵᠠᠭᠪᠤᠷ ᠪᠠ ᠤᠷᠤᠨ ᠨᠤᠳᠤᠭ ᠤᠨ ᠵᠠᠰᠠᠭ ᠤᠨ | ᠤᠷᠳᠤᠨ ᠤ ᠵᠢᠭᠡᠯᠡᠯᠭᠡ ᠶᠢᠨ ᠲᠡᠮᠳᠡᠭ ᠳᠠᠷᠬᠠᠭᠠᠬᠤ ᠪᠠᠷ ᠲᠠᠮᠵᠢᠨ ᠳᠠᠷᠠᠭᠠᠴᠢ ᠶᠢᠨ ᠪᠡᠯᠡ ᠲᠤᠬᠢᠷᠠᠭᠤᠯᠭ᠎ᠠ ᠪᠠᠨ | ᠰᠢᠢᠳᠪᠦᠷᠢᠯᠡᠬᠦ ᠬᠡᠷᠡᠭᠲᠡᠢ᠃ | ᠲᠤᠯᠤᠭ᠎ᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ | ᠲᠦᠪ ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠲᠠ ᠯᠤᠭ᠎ᠠ ᠦᠨᠡᠨᠬᠦ | ᠨᠢᠭᠡᠳᠭᠡᠵᠦ᠂ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠬᠠᠮᠢᠶᠠᠷᠤᠯᠳᠠ ᠶᠢ | ᠴᠢᠩᠭᠠᠳᠬᠠᠵᠤ᠂ ᠪᠤᠳᠠᠳᠠᠢ ᠲᠠᠢ ᠤᠶᠠᠯᠳᠤᠭᠤᠯᠤᠨ ᠪᠤᠳᠠᠳᠠᠢ ᠲᠦᠰᠦᠯ ᠲᠤᠭᠳᠠᠭᠠᠵᠤ᠂ ᠡᠯ᠎ᠡ ᠲᠦᠷᠦᠯ ᠤᠨ | ᠠᠵᠢᠯ ᠤᠨ ᠤᠷᠤᠭᠰᠢᠳᠠᠢ ᠦᠷᠨᠢᠬᠦ ᠶᠢ ᠦᠨᠡᠨᠬᠦ ᠪᠠᠳᠤᠯᠠᠬᠤ ᠬᠡᠷᠡᠭᠲᠡᠢ᠃ | ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠡᠯ᠎ᠡ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠢᠨ ᠤᠷᠤᠨ ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ | ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠬᠤ ᠪᠠ ᠡᠳ᠋ ᠤᠨ ᠵᠠᠰᠠᠭ ᠤᠨ ᠮᠦᠩᠬᠦᠨ ᠬᠦᠢᠯᠭᠡᠭᠡᠨ ᠤ | ᠳᠦᠭᠰᠢᠭᠦᠷᠢ ᠶᠢ ᠰᠡᠷᠡᠮᠵᠢᠯᠡᠨ ᠨᠠᠮᠳᠠᠭᠤᠯᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠵᠠᠰᠠᠭ ᠤᠨ ᠤᠷᠳᠤᠨ ᠤ | ᠭᠤᠤᠯ ᠬᠠᠷᠢᠭᠤᠴᠠᠯᠭᠠᠳᠠᠨ ᠨᠢ ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ ᠪᠤᠯᠤᠭᠰᠠᠨ ᠤ ᠬᠤᠪᠢ ᠳᠤ᠂ ᠲᠦᠷᠦ ᠶᠢᠨ | ᠪᠤᠳᠤᠯᠭ᠎ᠠ ᠶᠢᠨ ᠨᠡᠶᠢᠳᠠᠪᠤᠷᠢᠵᠢᠭᠤᠯᠤᠯᠳᠠ ᠶᠢ ᠬᠢᠨᠠᠮᠠᠭᠠᠢ ᠰᠠᠶᠢᠲᠤᠷ ᠠᠳᠬᠤᠨ᠂ ᠦᠷᠢ ᠦᠭᠴᠡᠭᠡ ᠶᠢᠨ | ᠬᠠᠮᠢᠶᠠᠷᠤᠯᠳᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ᠂ ᠦᠷᠢ ᠦᠭᠴᠡᠭᠡ ᠶᠢᠨ | ᠬᠠᠮᠢᠶᠠᠷᠤᠯᠳᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ︵ᠬᠤᠶᠠᠷ︶ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠬᠠᠮᠢᠶᠠᠷᠤᠯᠳᠠ ᠳᠠᠬᠢ | ᠵᠤᠬᠢᠴᠠᠭᠤᠯᠬᠤ ᠲᠤᠭᠳᠠᠴᠠ ᠶᠢ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠤᠷᠤᠨ | ᠨᠤᠳᠤᠭ ᠤᠨ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ᠰᠢᠰᠲ᠋ᠤᠮᠵᠢᠬᠦᠯᠦᠨ ᠬᠠᠮᠢᠶᠠᠷᠬᠤ ᠰᠠᠯᠠᠭ᠎ᠠ | ᠮᠦᠴᠢᠷ ᠪᠤᠯᠤᠬᠰᠠᠨ ᠤ ᠬᠤᠪᠢ ᠳᠤ᠂ ᠦᠷᠢ ᠦᠭᠴᠡᠭᠡ ᠶᠢᠨ ᠬᠠᠮᠢᠶᠠᠷᠤᠯᠳᠠ ᠶᠢᠨ ᠳᠦᠷᠢᠮ ᠢ ᠳᠡᠭᠦᠯᠳᠡᠷᠵᠢᠬᠦᠯᠦᠨ᠂ | ᠦᠷᠢ ᠦᠭᠴᠡᠭᠡ ᠶᠢᠨ ᠬᠠᠮᠢᠶᠠᠷᠤᠯᠳᠠ ᠶᠢᠨ ᠬᠦᠴᠦᠨ ᠢ ᠳᠡᠭᠦᠯᠳᠡᠷᠵᠢᠬᠦᠯᠵᠤ᠂ ᠦᠷᠢ ᠦᠭᠴᠡᠭᠡ ᠶᠢᠨ ᠬᠡᠪᠴᠢᠶ᠎ᠡ ᠶᠢ | ᠡᠵᠡᠮᠳᠡᠬᠦ᠂ ᠵᠢᠭᠡᠯᠡᠯᠭᠡ ᠶᠢᠨ ᠲᠡᠮᠳᠡᠭ ᠲᠠᠷᠬᠠᠭᠠᠬᠤ᠂ ᠲᠦᠰᠦᠪ ᠢ ᠬᠠᠮᠢᠶᠠᠷᠬᠤ᠂ ᠪᠦᠷᠢᠳᠭᠡᠨ ᠵᠠᠳᠠᠯᠬᠤ ᠪᠠ | ᠲᠦᠭᠰᠢᠭᠦᠷᠢ ᠶᠢ ᠬᠢᠨᠠᠨ ᠡᠵᠡᠮᠳᠡᠬᠦ ᠵᠡᠷᠭᠡ ᠠᠵᠢᠯ ᠢ ᠰᠠᠶᠢᠳᠦᠷ ᠬᠢᠬᠦ ᠬᠡᠷᠡᠭᠲᠡᠢ᠃ ᠭᠦᠭᠵᠢᠬᠦᠯᠦᠯᠲᠡ | ᠦᠭᠡᠷᠡᠴᠢᠯᠡᠯᠲᠡ ᠶᠢᠨ ᠰᠠᠯᠠᠭ᠎ᠠ ᠮᠦᠴᠢᠷ ᠤᠳ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠯᠦᠪᠯᠡᠭᠡ ᠶᠢᠨ | ᠬᠠᠮᠢᠶᠠᠷᠤᠯᠳᠠ ᠪᠠ ᠲᠦᠷᠦᠯ ᠵᠦᠢᠯ ᠤᠨ ᠬᠢᠨᠠᠨ ᠵᠦᠪᠰᠢᠶᠡᠷᠡᠬᠦ ᠶᠢ ᠴᠢᠩᠭᠠᠳᠬᠠᠵᠤ᠂ ᠦᠷᠢ ᠦᠭᠴᠡᠭᠡ ᠶᠢᠨ | ᠲᠦᠭᠰᠢᠭᠦᠷᠢ ᠨᠡᠯᠢᠶᠡᠳ ᠦᠨᠳᠦᠷ ᠪᠠᠶᠢᠭ᠎ᠠ ᠭᠠᠵᠠᠷ ᠤᠷᠳ ᠤ ᠰᠢᠨ᠎ᠡ ᠪᠠᠷ ᠪᠠᠷᠢᠯᠭ᠎ᠠ ᠡᠬᠢᠯᠡᠬᠦᠯᠦᠭᠰᠡᠨ ᠲᠦᠷᠦᠯ | ᠵᠦᠢᠯ ᠢ ᠬᠢᠨᠠᠨ ᠵᠦᠪᠰᠢᠶᠡᠷᠡᠬᠦ ᠪᠠᠨ ᠴᠢᠩᠭᠠᠷᠠᠭᠤᠯᠬᠤ ᠬᠡᠷᠡᠭᠲᠡᠢ᠃ ᠵᠠᠰᠠᠭ ᠤᠨ ᠤᠷᠳᠤᠨ ᠤ ᠴᠢᠨᠠᠷᠳᠠᠢ ᠦᠷᠢ | ᠦᠭᠴᠡᠭᠡ ᠶᠢᠨ ᠵᠢᠭᠡᠯᠡᠯᠭᠡ ᠵᠢᠭᠡᠯᠡᠵᠦ ᠪᠡᠯᠡ ᠤᠷᠤᠭᠤᠯᠤᠬᠰᠠᠨ ᠲᠦᠷᠦᠯ ᠵᠦᠢᠯ ᠪᠦᠬᠦᠨ ᠢ ᠠᠳᠠᠯᠢ ᠱᠠᠳᠤᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠵᠢᠭᠡᠯᠡᠭᠰᠡᠨ ᠵᠢᠭᠡᠯᠡᠯᠭᠡ ᠳᠤ᠂ ᠬᠢᠨᠠᠨ ᠬᠠᠷᠭᠤᠭᠤᠯᠤᠭᠰᠠᠨ ᠰᠠᠨᠠᠯ | ᠭᠠᠷᠭᠠᠬᠤ ᠬᠡᠷᠡᠭᠲᠡᠢ᠂ ᠳᠡᠶᠢᠮᠦ ᠪᠢᠰᠢ ᠪᠤᠯ᠂ ᠭᠦᠭᠵᠢᠬᠦᠯᠦᠯᠲᠡ ᠦᠭᠡᠷᠡᠴᠢᠯᠡᠯᠳᠡ ᠶᠢᠨ ᠰᠠᠯᠠᠭ᠎ᠠ ᠮᠦᠴᠢᠷ ᠠᠴᠠ ᠬᠢᠨᠠᠨ | ᠵᠦᠪᠰᠢᠶᠡᠷᠡᠵᠦ ᠪᠣᠯᠬᠤ ᠦᠭᠡᠢ᠃ ᠮᠦᠩᠬᠦᠨ ᠬᠦᠢᠯᠭᠡᠭᠡᠨ ᠤ ᠬᠢᠨᠠᠨ ᠬᠠᠮᠢᠶᠠᠷᠬᠤ ᠰᠠᠯᠠᠭ᠎ᠠ ᠮᠦᠴᠢᠷ ᠤᠳ ᠬᠢᠨᠠᠯᠳᠠ | ᠬᠠᠮᠢᠶᠠᠷᠤᠯᠳᠠ ᠪᠠᠨ ᠴᠢᠩᠭᠠᠳᠬᠠᠵᠤ᠂ ᠵᠦᠪ ᠣᠨᠣᠪᠴᠢᠲᠠᠢ ᠪᠠᠷ ᠬᠦᠳᠦᠯᠦᠨ ᠵᠢᠯᠣᠭᠤᠳᠴᠣ᠂ ᠮᠦᠩᠬᠦᠨ | ᠬᠦᠢᠯᠭᠡᠭᠡᠨ ᠤ ᠪᠠᠶᠢᠭᠤᠯᠤᠮᠵᠢ ᠶᠢᠨ ᠬᠠᠤᠯᠢ ᠪᠠ ᠲᠤᠭᠳᠠᠭᠠᠯ ᠠᠴᠠ ᠵᠦᠷᠢᠴᠡᠨ ᠪᠡᠯᠡ ᠲᠤᠬᠢᠷᠠᠭᠤᠯᠭ᠎ᠠ ᠬᠠᠩᠭᠠᠬᠤ ᠶᠢ | ᠬᠤᠷᠢᠭᠯᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠦᠴᠢᠷ ᠤᠳ ᠤᠷᠳ ᠨᠤᠳᠤᠭ ᠤᠨ ᠵᠠᠰᠠᠭ ᠤᠨ ᠤᠷᠳᠤᠨ ᠤ | ᠴᠢᠨᠠᠷᠳᠠᠢ ᠦᠷᠢ ᠦᠭᠴᠡᠭᠡ ᠳᠠᠬᠢ ᠬᠢᠨᠠᠨ ᠪᠤᠳᠤᠯᠳᠠ ᠬᠢᠨᠠᠯᠳᠠ ᠲᠠᠯᠪᠢᠯᠲᠠ ᠪᠠᠨ ᠬᠠᠤᠯᠢ ᠶᠤᠰᠤᠭᠠᠷ ᠴᠢᠩᠭᠠᠳᠬᠠᠵᠤ᠂ | ᠦᠷᠢ ᠦᠭᠴᠡᠭᠡ ᠶᠢᠨ ᠬᠠᠮᠢᠶᠠᠷᠤᠯᠳᠠ ᠶᠢᠨ ᠳᠦᠷᠢᠮ ᠤᠨ ᠳᠡᠭᠦᠯᠳᠡᠷᠵᠢᠬᠦ ᠶᠢ ᠠᠬᠢᠭᠤᠯᠤᠨ᠂ ᠲᠦᠭᠰᠢᠭᠦᠷᠢ ᠶᠢ | ᠰᠡᠷᠡᠮᠵᠢᠯᠡᠨ᠂ ᠬᠠᠮᠢᠶᠠᠷᠤᠯᠳᠠ ᠶᠢ ᠵᠢᠷᠤᠮᠵᠢᠭᠤᠯᠵᠤ᠂ ᠪᠡᠯᠡ ᠮᠦᠩᠬᠦ ᠶᠢᠨ ᠬᠡᠷᠡᠭᠯᠡᠯᠳᠡ ᠶᠢᠨ ᠦᠷ᠎ᠡ ᠠᠰᠢᠭ ᠢ | ᠳᠡᠭᠡᠭᠰᠢᠯᠡᠬᠦᠯᠬᠦ ᠬᠡᠷᠡᠭᠲᠡᠢ᠃ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠤ ᠬᠢᠨᠠᠨ ᠪᠠᠶᠢᠴᠠᠭᠠᠬᠤ | ᠡᠭᠦᠷᠭᠡ ᠴᠢᠳᠠᠪᠤᠷᠢ ᠪᠠᠨ ᠬᠦᠢᠴᠡᠳ ᠪᠠᠳᠠᠷᠠᠭᠤᠯᠵᠤ᠂ ᠲᠤᠭᠳᠠᠭᠠᠯ ᠪᠠ ᠬᠠᠤᠯᠢ ᠠᠴᠠ ᠵᠦᠷᠢᠴᠡᠭᠰᠡᠨ ᠵᠢᠭᠡᠯᠡᠯᠭᠡ | ᠵᠢᠭᠡᠯᠡᠭᠰᠡᠨ᠂ ᠵᠢᠭᠡᠯᠡᠯᠭᠡ ᠬᠡᠷᠡᠭᠯᠡᠭᠰᠡᠨ ᠪᠠ ᠳᠠᠭᠠᠭᠠᠯᠳᠠ ᠬᠢᠭᠰᠡᠨ ᠦᠢᠯᠡ ᠠᠵᠢᠯᠯᠠᠭ᠎ᠠ ᠳᠤ ᠰᠢᠳᠬᠡᠨ ᠲᠤᠷᠭᠠᠬᠤ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ︵ᠭᠤᠷᠪᠠ︶ ᠦᠷᠢ ᠦᠭᠴᠡᠭᠡ ᠶᠢᠨ ᠬᠠᠮᠢᠶᠠᠷᠤᠯᠳᠠ ᠶᠢᠨ ᠬᠠᠷᠠᠯᠳᠠ ᠪᠠ ᠠᠷᠭ᠎ᠠ ᠬᠡᠮᠵᠢᠶ᠎ᠡ ᠶᠢ | ᠲᠤᠳᠤᠷᠬᠠᠶᠢᠯᠠᠬᠤ ᠬᠡᠷᠡᠭᠲᠡᠢ᠃ ᠡᠯ᠎ᠡ ᠭᠠᠵᠠᠷ ᠤᠷᠤᠨ ᠨᠤᠭᠤᠳ ᠲᠤᠰ ᠭᠠᠵᠠᠷ ᠤᠷᠤᠨ ᠤ ᠵᠠᠰᠠᠭ ᠤᠨ ᠤᠷᠳᠤᠨ ᠤ | ᠴᠢᠨᠠᠷᠳᠠᠢ ᠦᠷᠢ ᠦᠭᠴᠡᠭᠡ ᠶᠢᠨ ᠬᠠᠮᠢᠶᠠᠷᠤᠯᠳᠠ ᠶᠢᠨ ᠪᠠᠶᠢᠳᠠᠯ ᠢ ᠬᠢᠨᠠᠮᠠᠭᠠᠢ ᠵᠠᠳᠠᠯᠤᠨ ᠰᠤᠳᠤᠯᠵᠤ᠂ ᠠᠰᠠᠭᠤᠳᠠᠯ ᠤᠨ | ᠵᠢᠯᠣᠭᠤᠳᠤᠮᠵᠢ ᠶᠢ ᠪᠠᠷᠢᠮᠳᠠᠯᠠᠨ᠂ ᠬᠠᠮᠢᠶᠠᠷᠤᠯᠳᠠ ᠶᠢᠨ ᠬᠠᠷᠠᠯᠳᠠ ᠪᠠᠨ ᠲᠣᠳᠤᠷᠬᠠᠶᠢᠯᠠᠨ ᠴᠢᠩᠭᠠᠳᠬᠠᠬᠤ ᠪᠠ | ᠰᠠᠶᠢᠵᠢᠷᠠᠭᠤᠯᠵᠤ᠂ ᠪᠤᠳᠠᠳᠠᠢ ᠠᠵᠢᠯ ᠤᠨ ᠲᠦᠰᠦᠯ ᠲᠤᠭᠳᠠᠭᠠᠬᠤ ᠶᠢᠨ ᠬᠠᠮᠲᠤ ᠦᠨᠡᠨᠬᠦ ᠪᠦᠳᠦᠮᠵᠢᠳᠠᠢ ᠠᠷᠭ᠎ᠠ | ᠬᠡᠮᠵᠢᠶ᠎ᠡ ᠠᠪᠴᠤ᠂ ᠵᠠᠰᠠᠭ ᠤᠨ ᠤᠷᠳᠤᠨ ᠤ ᠴᠢᠨᠠᠷᠳᠠᠢ ᠦᠷᠢ ᠦᠭᠴᠡᠭᠡ ᠶᠢᠨ ︽ᠵᠢᠭᠡᠯᠡᠬᠦ᠂ ᠬᠡᠷᠡᠭᠯᠡᠬᠦ᠂ ᠪᠤᠴᠠᠭᠠᠬᠤ︾ | ᠶᠢᠨ ᠰᠠᠶᠢᠨ ᠠᠵᠢᠯᠯᠠᠭᠠᠨ ᠢ ᠦᠨᠡᠨᠬᠦ ᠪᠠᠳᠤᠯᠠᠵᠤ᠂ ᠭᠠᠵᠠᠷ ᠤᠷᠤᠨ ᠤ ᠡᠳ᠋ ᠤᠨ ᠵᠠᠰᠠᠭ ᠤᠨ ᠯᠠᠪᠳᠠᠭᠤᠨ | ᠡᠷᠡᠬᠦᠯ ᠢᠶᠠᠷ ᠬᠦᠭᠵᠢᠬᠦ ᠶᠢ ᠦᠨᠡᠨᠬᠦ ᠪᠠᠳᠤᠯᠠᠵᠤ᠂ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ᠂ ᠡᠬᠡ ᠤᠯᠤᠰ ᠤᠨ ᠤᠮᠠᠷᠠᠳᠤ ᠬᠢᠯᠢ ᠶᠢᠨ ᠥᠩᠭᠡ ᠢᠯᠭᠠᠷᠠᠭᠰᠠᠨ ᠦᠵᠡᠮᠵᠢᠲᠦ ᠣᠷᠣᠨ ᠢ | ᠴᠣᠭᠴᠠᠯᠠᠬᠤ ᠳᠤ ᠪᠠᠳᠤ ᠪᠠᠬᠢ ᠨᠠᠶᠢᠳᠠᠪᠤᠷᠢᠳᠠᠢ ᠪᠠᠳᠤᠯᠠᠭ᠎ᠠ ᠬᠠᠩᠭᠠᠬᠤ ᠬᠡᠷᠡᠭᠲᠡᠢ᠃ |